ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠵᠠᠰᠠᠭ᠎ᠤᠨ ᠳᠠᠭᠤᠨ
ᠬᠦᠴᠢᠷ ᠠᠰᠠᠭᠤᠳᠠᠯ᠎ᠢ ᠰᠢᠢᠳᠪᠦᠷᠢᠯᠡᠨ ᠳᠠᠪᠠᠭᠤᠯᠢᠭ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠵᠤᠵᠠᠭ᠋ᠠᠳᠬᠠᠵᠤ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ
ᠨᠡᠶ᠋ᠢᠲᠡᠯᠡᠭᠰᠡᠨ ᠴᠠᠭ᠄ 2021-09-01

      ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠡᠬᠢ ᠪᠠᠶᠠᠯᠢᠭ᠎ᠤᠨ ᠳᠠᠪᠠᠭᠤᠯᠢᠭ ᠥᠪᠡᠷᠮᠢᠴᠡ ᠳᠠᠪᠠᠭᠤᠯᠢᠭ᠎ᠲᠠᠢ᠂ ᠲᠠᠷᠢᠶᠠᠯᠠᠩ ᠮᠠᠯ ᠠᠵᠤ ᠠᠬᠤᠶ ᠵᠢᠨ ᠦᠢᠯᠡᠳᠪᠦᠷᠢᠯᠡᠯ᠎ᠨᠢ ᠨᠠᠩ ᠴᠤ᠌ ᠮᠠᠨ᠎ᠤ ᠤᠯᠤᠰ᠎ᠲᠤ ᠴᠢᠬᠤᠯᠠ ᠪᠠᠢ᠌ᠷᠢ ᠰᠠᠭᠤᠷᠢ ᠪᠠ ᠢᠯᠡᠳᠲᠡ ᠦᠷ᠎ᠡ ᠪᠦᠲᠦᠮᠵᠢ᠎ᠲᠠᠢ ᠶᠤᠮ  ᠃ ᠬᠡᠷᠬᠢᠨ ᠳᠠᠪᠠᠭᠤᠯᠢᠭ ᠠᠵᠤ ᠦᠢᠯᠡᠰ᠎ᠲᠤ ᠰᠠᠭᠤᠷᠢᠯᠠᠵᠤ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ ᠪᠣᠶ? ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠲᠦᠰᠢᠭᠯᠡᠬᠦ  ᠃ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠠᠵᠤ ᠦᠢ᠍ᠯᠡᠰ᠎ᠤᠨ ᠬᠡᠯᠬᠢᠢ᠎ᠡ ᠬᠠᠩᠭ᠋ᠠᠯᠭ᠎ᠠ ᠵᠢᠨ ᠬᠡᠯᠬᠢᠢ᠎ᠡ ᠵᠢ ᠴᠢᠩᠭ᠎ᠠ ᠡᠵᠡᠮᠳᠡᠨ ᠰᠢᠨ᠎ᠡ ᠵᠢ ᠡᠭᠦᠳᠬᠦ ᠬᠡᠯᠬᠢᠢ᠎ᠡ ᠵᠢ ᠪᠠᠢ᠌ᠷᠢᠯᠠᠭᠤᠯᠵᠤ᠂ ᠠᠵᠤ ᠦᠢ᠍ᠯᠡᠰ᠎ᠤᠨ ᠳᠡᠭᠡᠳᠦ ᠲᠡᠰᠵᠢᠯᠳᠡ᠂ ᠤᠶᠤᠨᠴᠢᠯᠠᠯᠳᠠ᠂ ᠪᠣᠬᠢᠷᠲᠤᠯ ᠦᠬᠡᠢ ᠲᠡᠢ᠌ᠰᠢ ᠤᠷᠤᠭᠰᠢᠯᠠᠬᠤ ᠵᠢ ᠠᠬᠢᠭᠤᠯᠬᠤ ᠬᠡᠷᠡᠭᠲᠡᠢ ᠭᠡᠵᠦ ᠵᠠᠬᠢᠪᠠ  ᠃

      ᠶᠡᠷᠦᠩᠬᠡᠶ ᠱᠦᠵᠢ ᠵᠢᠨ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠥᠪᠡᠷᠲᠡᠭᠡᠨ ᠵᠠᠰᠠᠬᠤ ᠣᠷᠣᠨ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠥᠨᠳᠥᠷ ᠲᠦᠪᠰᠢᠨ ᠪᠥᠬᠥᠶ ᠰᠢᠨ᠎ᠡ ᠵᠢ ᠡᠭᠦᠳᠬᠦ ᠲᠠᠪᠴᠠᠩ᠎ᠤᠨ ᠠᠴᠢᠶᠠᠯᠠᠪᠤᠷᠢ ᠵᠢ ᠪᠠᠢ᠌ᠷᠢᠯᠠᠭᠤᠯᠤᠨ ᠪᠠᠢ᠌ᠭᠤᠯᠵᠤ᠂ ᠵᠠᠩᠭᠢᠯᠠᠭ᠎ᠠ ᠵᠢᠨ ᠨᠡᠢ᠌ᠲᠡᠯᠢᠭ ᠴᠢᠨᠠᠷᠲᠠᠶ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠵᠣᠬᠢᠶᠠᠨ ᠪᠠᠢ᠌ᠭᠤᠯᠵᠤ᠂ ᠨᠡᠭᠡᠭᠡᠯᠲᠡ ᠬᠢᠵᠦ ᠬᠠᠮᠲᠤᠷᠠᠯᠴᠠᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠨ᠎ᠳᠠᠬᠢ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ᠎ᠳᠤ ᠡᠨᠧᠷᠭᠢ ᠨᠡᠮᠡᠷᠢᠯᠡᠪᠡ  ᠃

    《ᠳᠠᠪᠠᠭᠤᠯᠢᠭ》᠎ᠢ ᠳᠠᠪᠲᠠᠨ ᠪᠣᠯᠪᠠᠰᠤᠷᠠᠭᠤᠯᠵᠤ᠂ 《ᠳᠤᠲᠠᠭᠤᠳᠠᠯ》᠎ᠢ ᠨᠥᠬᠥᠪᠥᠷᠢᠯᠡᠬᠦ ᠪᠣᠯ ᠰᠡᠳᠦᠪ᠎ᠤᠨ ᠳᠣᠲᠣᠷᠠᠬᠢ ᠤᠳᠬ᠎ᠠ ᠪᠣᠯᠤᠨ᠎ᠠ  ᠃

    《ᠲᠩᠷᠢ ᠵᠢᠨ ᠬᠡᠰᠢᠭᠲᠦ ᠪᠣᠷᠣᠲᠣᠬᠣᠶ》 ᠪᠠᠶᠠᠨᠨᠠᠭᠤᠷ ᠬᠣᠲᠠ᠎ᠳᠤ᠂ 《ᠪᠣᠷᠣᠲᠣᠬᠣᠶ ᠵᠢᠨ ᠤᠰᠤᠯᠠᠯᠲᠠ ᠵᠢᠨ ᠣᠷᠣᠨ᠎ᠤ ᠠᠮᠢ ᠠᠬᠤᠶ ᠵᠢᠨ ᠲᠠᠷᠢᠶᠠᠯᠠᠩ ᠮᠠᠯ ᠠᠵᠤ ᠠᠬᠤᠶ》᠎ᠪᠠᠷ ᠭᠣᠤᠯ ᠰᠡᠳᠦᠪ ᠪᠣᠯᠭ᠋ᠠᠭᠰᠠᠨ ᠤᠯᠤᠰ᠎ᠤᠨ ᠲᠠᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠣᠷᠣᠨ᠎ᠢ ᠶᠠᠭ ᠶᠠᠭ᠋ᠠᠷᠠᠯᠲᠠᠶ ᠡᠭᠦᠳᠦᠨ ᠪᠠᠢ᠌ᠭᠤᠯᠵᠤ ᠪᠣᠶ  ᠃ 2019 ᠣᠨ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠨᠢ ᠪᠠᠶᠠᠨᠨᠠᠭᠤᠷ ᠬᠣᠲᠠ ᠵᠢᠨ ᠵᠠᠰᠠᠭ᠎ᠤᠨ ᠣᠷᠳᠣᠨ᠎ᠲᠠᠢ ᠬᠠᠮᠲᠤᠷᠠᠨ᠂ 《ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠤᠨ ᠪᠥᠲᠥᠭᠡᠨ ᠪᠠᠢ᠌ᠭᠤᠯᠤᠯᠲᠠ ᠵᠢᠨ ᠠᠵᠢᠯ᠎ᠤᠨ ᠵᠢᠯᠣᠭᠣᠳᠤᠮᠵᠢ》 ᠵᠢᠨ ᠱᠠᠭ᠋ᠠᠷᠳᠠᠯᠭ᠎ᠠ ᠶᠣᠰᠣᠭ᠋ᠠᠷ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠬᠤᠷᠠᠮᠳᠤᠭᠤᠯᠬᠤ᠂ ᠤᠯᠠᠷᠢᠭᠤᠯᠬᠤ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠢ ᠪᠣᠢ᠌ᠵᠢᠭᠤᠯᠬᠤ ᠵᠢ ᠠᠬᠢᠭᠤᠯᠬᠤ᠂ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠢ ᠬᠥᠭᠵᠢᠭᠦᠯᠬᠦ᠎ᠪᠠᠷ ᠬᠠᠷᠠᠯᠲᠠ ᠪᠣᠯᠭ᠋ᠠᠵᠤ᠂ ᠬᠠᠲᠠᠭᠤ ᠴᠢᠨᠠᠷᠲᠤ ᠪᠣᠭᠣᠳᠠᠶ ᠪᠠ ᠠᠯᠠᠰᠢᠨ ᠬᠣᠨᠢ᠎ᠪᠠᠷ ᠭᠣᠤᠯᠯᠠᠬᠤ ᠠᠵᠤ ᠦᠢᠯᠡᠰ ᠪᠣᠯᠭ᠋ᠠᠵᠤ᠂ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠢ ᠪᠥᠬᠥ ᠬᠦᠴᠦᠨ ᠵᠶ᠋ᠡᠷ ᠵᠶ᠋ᠡᠨ ᠪᠠᠢ᠌ᠭᠤᠯᠵᠤ᠂ 1 ᠳ᠋ᠦᠩᠰᠢᠭᠤᠷ ᠲᠥᠭᠥᠷᠢᠭ᠎ᠤᠨ ᠲᠤᠰᠬᠠᠶ ᠪᠠᠯᠠ ᠮᠥᠩᠭᠥ ᠣᠷᠣᠭᠤᠯᠵᠤ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠳᠤᠲᠠᠭᠤᠳᠠᠯ ᠵᠶ᠋ᠠᠨ ᠨᠥᠬᠥᠪᠥᠷᠢᠯᠡᠬᠦ᠂ ᠪᠠᠭᠤᠷᠠᠶ ᠲᠠᠯ᠎ᠠ᠎ᠪᠠᠨ ᠬᠦᠴᠦᠷᠬᠡᠭᠵᠢᠭᠦᠯᠬᠦ ᠵᠢ ᠳᠡᠮᠵᠢᠵᠦ᠂ ᠣᠳᠣᠬᠠᠨ᠎ᠳᠤ ᠨᠢᠭᠡᠨᠲᠡ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠦᠨ ᠴᠣᠬᠤᠯᠠᠪᠤᠷᠢᠯᠠᠭᠤᠯᠤᠭᠰᠠᠨ ᠪᠠᠢ᠌ᠨ᠎ᠠ  ᠃

        ᠡᠢ᠌ᠮᠦᠷᠬᠦᠦ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠣᠮᠣ ᠪᠣᠯᠪᠠᠴᠤ ᠬᠦᠴᠦᠷᠬᠡᠭ ᠪᠤᠰᠤ ᠪᠣᠳᠠᠲᠤ ᠪᠠᠢ᠌ᠳᠠᠯ᠎ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠲᠠᠷᠢᠶᠠᠯᠠᠩ ᠮᠠᠯ ᠠᠵᠤ ᠠᠬᠤᠶ ᠵᠢᠨ ᠳᠠᠪᠠᠭᠤᠯᠢᠭ ᠲᠣᠪᠣᠢ᠌ᠮ᠎ᠠ ᠭᠠᠵᠠᠷ ᠣᠷᠣᠨ᠂ ᠬᠦᠷᠢᠶ᠎ᠡ ᠴᠠᠷᠠᠭ᠎ᠠ᠎ᠳᠤ ᠭᠣᠤᠯᠳᠠᠯᠭ᠎ᠠ᠎ᠲᠠᠢ᠎ᠪᠠᠷ᠂ ᠰᠢᠨ᠎ᠡ ᠵᠢ ᠡᠭᠦᠳᠬᠦ ᠥᠨᠳᠥᠷ ᠬᠢᠷᠢ ᠲᠦᠪᠰᠢᠨ ᠪᠥᠬᠥᠶ ᠲᠠᠪᠴᠠᠩ᠎ᠤᠨ ᠠᠴᠢᠶᠠᠯᠠᠪᠤᠷᠢ ᠵᠢ ᠪᠠᠢ᠌ᠷᠢᠰᠢᠭᠤᠯᠵᠤ᠂ ᠵᠢᠱ᠌ᠢᠶ᠎ᠡ ᠦᠵᠡᠭᠦᠯᠦᠨ ᠳᠠᠢ᠌ᠴᠢᠯᠠᠬᠤ ᠦᠢᠯᠡᠳᠦᠯ᠎ᠢ ᠪᠦᠷᠢᠯᠳᠦᠭᠦᠯᠬᠦ ᠬᠡᠷᠡᠭᠲᠡᠶ  ᠃ 《ᠳᠤᠮᠳᠠᠳᠤ ᠤᠯᠤᠰ᠎ᠤᠨ ᠰᠦ ᠵᠢᠨ ᠬᠣᠲᠠ》 ᠵᠢᠨ ᠬᠥᠬᠡᠬᠣᠲᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠰᠦ ᠵᠢᠨ ᠦᠢᠯᠡᠰ᠎ᠤᠨ ᠬᠥᠭᠵᠢᠯᠲᠡ ᠵᠢᠨ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠲᠥᠯᠥᠨ ᠵᠢᠯᠣᠭᠣᠳᠬᠤ ᠪᠠᠯᠠ ᠮᠥᠩᠭᠥ 9600 ᠲᠦᠮᠡᠨ ᠲᠥᠭᠥᠷᠢᠭ ᠣᠷᠣᠭᠤᠯᠵᠤ᠂ ᠬᠥᠬᠡᠬᠣᠲᠠ ᠵᠢᠨ ᠵᠠᠰᠠᠭ᠎ᠤᠨ ᠣᠷᠳᠣᠨ᠎ᠤ ᠥᠪᠥᠷ ᠮᠣᠩᠭᠣᠯ᠎ᠤᠨ ᠰᠦ ᠵᠢᠨ ᠦᠢᠯᠡᠰ᠎ᠤᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠂ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠳᠣᠲᠣᠭ᠋ᠠᠳᠤ ᠦᠢᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠤ ᠡᠯ᠎ᠡ ᠲᠠᠯ᠎ᠠ ᠵᠢᠨ ᠬᠦᠴᠦᠨ᠎ᠳᠤ ᠲᠦᠰᠢᠭᠯᠡᠨ᠂ ᠤᠯᠤᠰ᠎ᠤᠨ ᠰᠦ ᠵᠢᠨ ᠦᠢᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠡᠭᠦᠳᠦᠨ ᠪᠠᠢ᠌ᠭᠤᠯᠬᠤ ᠵᠢ ᠠᠬᠢᠭᠤᠯᠪᠠ  ᠃ ᠲᠦᠩᠯᠢᠶᠣᠤ ᠬᠣᠲᠠ᠂ ᠤᠯᠠᠭ᠋ᠠᠨᠴᠠᠪ ᠬᠣᠲᠠ᠂ ᠬᠥᠬᠡᠬᠣᠲᠠ᠂ ᠤᠯᠠᠭ᠋ᠠᠨᠬᠠᠳᠠ ᠬᠣᠲᠠ᠎ᠳᠤ ᠡᠷᠳᠡᠨᠢ ᠰᠢᠰᠢ᠂ ᠠᠯᠠᠰᠢᠨ ᠦᠬᠡᠷ᠂ ᠲᠥᠮᠥᠰᠥ᠂ ᠡᠪᠡᠰᠦᠨ᠎ᠤ ᠦᠢᠯᠡᠰ᠎ᠤᠨ ᠦᠷ᠎ᠡ ᠵᠢᠨ ᠦᠢᠯᠡᠰ᠂ ᠪᠡᠯᠡᠳᠬᠡᠮᠵᠢᠲᠦ ᠢᠳᠡᠰᠢᠨ ᠨᠣᠭᠣᠭ᠎ᠠ ᠵᠡᠷᠭᠡ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠵᠠᠯᠭ᠋ᠠᠭ᠋ᠠᠪᠠᠷ ᠡᠬᠢᠯᠡᠭᠦᠯᠦᠨ ᠪᠠᠢ᠌ᠭᠤᠯᠵᠤ᠂ ᠲᠥᠪ ᠨᠢᠭᠡᠪᠦᠷᠢ ᠵᠢᠨ ᠳᠡᠮᠵᠢᠬᠦ ᠵᠠᠷᠤᠳᠠᠯ᠎ᠨᠢ 1000 ᠲᠦᠮᠡᠨ ᠲᠥᠭᠥᠷᠢᠭ ᠪᠣᠯᠤᠨ᠎ᠠ  ᠃ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ ᠰᠤᠳᠤᠯᠬᠤ ᠭᠠᠵᠠᠷ᠎ᠲᠤ ᠲᠦᠰᠢᠭᠯᠡᠨ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ 《ᠥᠪᠥᠷ ᠮᠣᠩᠭᠣᠯ᠎ᠤᠨ ᠡᠪᠡᠰᠦᠨ᠎ᠤ ᠦᠢᠯᠡᠰ ᠬᠢᠭᠡᠳ ᠨᠤᠲᠤᠭ ᠪᠡᠯᠴᠢᠭᠡᠷ ᠰᠤᠳᠤᠯᠬᠤ ᠬᠦᠷᠢᠶᠡᠯᠡᠩ》᠎ᠢ ᠵᠣᠬᠢᠶᠠᠨ ᠪᠠᠢ᠌ᠭᠤᠯᠵᠤ᠂ ᠵᠠᠬ᠎ᠠ ᠳᠡᠯᠭᠡᠭᠦᠷᠴᠢᠯᠡᠭᠰᠡᠨ ᠠᠵᠢᠯᠯᠠᠭ᠋ᠠᠨ᠎ᠤ ᠲᠣᠭᠲᠠᠴᠠ᠎ᠪᠠᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠤ ᠦᠢᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠵᠢ ᠠᠬᠢᠭᠤᠯᠤᠨ᠎ᠠ  ᠃ 193 《ᠲᠦᠭᠡᠮᠡᠯ ᠡᠭᠦᠳᠦᠯᠲᠡ ᠵᠢᠨ ᠣᠷᠣᠨ ᠵᠠᠶ》 ᠵᠢ ᠮᠠᠭ᠋ᠠᠳᠯᠠᠨ ᠳᠠᠩᠰᠠᠯᠠᠭᠤᠯᠵᠤ᠂ 400 ᠭᠠᠷᠤᠶ ᠠᠵᠤ ᠠᠬᠤᠢ᠌ᠯᠠᠯ᠎ᠢ ᠠᠮᠵᠢᠯᠲᠠᠲᠠᠶ ᠨᠡᠪᠴᠢᠭᠦᠯᠵᠦ᠂ 2700 ᠭᠠᠷᠤᠶ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ᠎ᠤ ᠪᠦᠯᠬᠦᠮ᠎ᠤᠨ ᠬᠥᠮᠦᠨ᠎ᠤ ᠲᠣᠭ᠎ᠠ᠎ᠳᠤ ᠬᠦᠷᠴᠡᠶ  ᠃

      ᠣᠳᠣᠬᠠᠨ᠎ᠳᠤ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠬᠤᠪᠢ ᠨᠡᠮᠡᠷᠢ ᠵᠢᠨ ᠨᠣᠷᠮ᠎ᠠ 57 %᠎ᠳᠤ ᠬᠦᠷᠴᠡᠶ᠃ ᠠᠵᠤ ᠦᠢ᠍ᠯᠡᠰ᠎ᠤᠨ ᠮᠡᠷᠭᠡᠵᠢᠯ᠎ᠤᠨ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠲᠠᠷᠢᠶᠠᠯᠠᠩ ᠮᠠᠯ ᠠᠵᠤ ᠠᠬᠤᠶ ᠵᠢᠨ ᠵᠠᠩᠭᠢᠯᠠᠭ᠎ᠠ ᠵᠢᠨ ᠨᠡᠢ᠌ᠲᠡᠯᠢᠭ ᠴᠢᠨᠠᠷᠲᠠᠶ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃

  《ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠣᠤᠯᠳᠠᠯᠭ᠎ᠠ ᠪᠣᠯ ᠭᠣᠤᠯᠯᠠᠬᠤ ᠮᠡᠷᠭᠡᠵᠢᠯ᠂ ᠵᠠᠩᠭᠢᠯᠠᠭ᠎ᠠ ᠵᠢᠨ ᠮᠡᠷᠭᠡᠵᠢᠯ᠎ᠤᠨ ᠰᠢᠪᠲᠤᠯᠤᠯᠲᠠ ᠪᠣᠯᠤᠨ᠎ᠠ᠂ ᠭᠠᠭᠴᠠ ᠬᠦ᠌ ᠭᠣᠤᠯᠯᠠᠬᠤ ᠮᠡᠷᠭᠡᠵᠢᠯ᠎ᠢ ᠡᠵᠡᠮᠰᠢᠪᠡᠯ ᠰᠠᠶᠢ ᠢᠯᠠᠭᠳᠠᠰᠢ ᠥᠬᠡᠶ ᠪᠠᠢ᠌ᠷᠢᠨ᠎ᠳᠤ ᠪᠠᠢ᠌ᠵᠤ ᠴᠢᠳᠠᠨ᠎ᠠ᠃》 ᠭᠡᠵᠦ ᠳᠤᠮᠳᠠᠳᠤ ᠤᠯᠤᠰ᠎ᠤᠨ ᠲᠠᠷᠢᠶᠠᠯᠠᠩ᠎ᠤᠨ ᠮᠠᠰᠢᠨᠴᠢᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠬᠥᠬᠡᠬᠣᠲᠠ ᠵᠢᠨ ᠬᠤᠪᠢᠶᠠᠷᠢ ᠬᠦᠷᠢᠶᠡᠯᠡᠩ᠎ᠤᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠤᠨ ᠳᠠᠷᠤᠭ᠎ᠠ ᠸᠠᠩ ᠵᠧᠨ ᠬᠤᠸᠠ ᠬᠡᠯᠡᠪᠡ᠃  

       2020 ᠣᠨ᠎ᠳᠤ᠂ ᠬᠥᠬᠡᠬᠣᠲᠠ ᠵᠢᠨ ᠬᠤᠪᠢᠶᠠᠷᠢ ᠬᠦᠷᠢᠶᠡᠯᠡᠩ᠎ᠨᠢ ᠥᠪᠥᠷ ᠮᠣᠩᠭᠣᠯ᠎ᠤᠨ ᠬᠤᠸᠠ ᠳ᠋ᠧ ᠲᠡᠵᠢᠭᠡᠯ ᠡᠪᠡᠰᠦᠨ᠎ᠤ ᠮᠠᠰᠢᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠲᠠᠢ ᠬᠠᠮᠲᠤᠷᠠᠨ ᠦᠢᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠢ ᠨᠢᠭᠲᠠ ᠤᠶᠠᠯᠳᠤᠭᠤᠯᠤᠭᠰᠠᠨ ᠰᠤᠳᠤᠯᠭ᠋ᠠᠨ᠎ᠤ ᠪᠦᠯᠬᠦᠮ ᠨᠡᠢ᠌ᠲᠡ ᠵᠢ ᠪᠦᠷᠢᠯᠳᠦᠭᠦᠯᠵᠦ᠂ ᠮᠠᠨ᠎ᠤ ᠣᠷᠣᠨ᠎ᠤ ᠡᠪᠡᠰᠦ ᠪᠡᠯᠴᠢᠭᠡᠷ᠎ᠤᠨ ᠮᠠᠯ ᠠᠵᠤ ᠠᠬᠤᠶ ᠵᠢᠨ ᠦᠢᠯᠡᠳᠪᠦᠷᠢᠯᠡᠯ᠎ᠤᠨ ᠠᠵᠤ ᠦᠢᠯᠡᠰ᠎ᠤᠨ ᠬᠡᠯᠬᠢᠶ᠎ᠡ᠎ᠳᠤ ᠣᠷᠣᠰᠢᠵᠤ ᠪᠠᠢ᠌ᠭ᠎ᠠ ᠪᠠᠢ᠌ᠭ᠋ᠠᠯᠢ ᠵᠢᠨ ᠨᠤᠲᠤᠭ ᠪᠡᠯᠴᠢᠭᠡᠷ᠎ᠤᠨ ᠲᠡᠵᠢᠭᠡᠯ ᠡᠪᠡᠰᠦ ᠵᠢᠨ ᠥᠪᠡᠰᠦᠪᠡᠨ ᠦᠷᠡᠵᠢᠬᠦ ᠴᠢᠳᠠᠪᠤᠷᠢ ᠪᠠᠭᠤᠷᠠᠭᠰᠠᠨ᠂ ᠥᠩ ᠰᠢᠮ᠎ᠡ᠎ᠪᠠᠷ ᠳᠣᠤᠷ᠎ᠠ᠂ ᠨᠤᠲᠤᠭ᠎ᠤᠨ ᠡᠪᠡᠰᠦᠨ ᠦᠷ᠎ᠡ ᠵᠢ ᠬᠤᠷᠢᠶᠠᠬᠤ᠎ᠳᠤ ᠬᠦᠴᠢᠷᠲᠡᠶ᠂ ᠬᠠᠩᠭ᠋ᠠᠯᠭ᠎ᠠ ᠬᠦᠷᠦᠯᠴᠡᠬᠦ ᠥᠬᠡᠶ ᠪᠠ ᠬᠠᠷᠭ᠋ᠠᠨ᠎ᠠ ᠵᠢᠨ ᠪᠣᠳᠠ ᠮᠣᠳᠣ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠲᠡᠭᠰᠢᠯᠡᠨ ᠤᠷᠭᠤᠭᠤᠯᠵᠤ ᠤᠷᠭᠤᠮᠠᠯ᠎ᠤᠨ ᠠᠮᠢ ᠨᠠᠰᠤ ᠵᠢ ᠤᠷᠲᠤᠳᠬᠠᠬᠤ ᠵᠡᠷᠭᠡ ᠠᠰᠠᠭᠤᠳᠠᠯ᠎ᠳᠤ ᠴᠢᠭᠯᠡᠭᠦᠯᠦᠨ᠂ 《ᠨᠤᠲᠤᠭ ᠪᠡᠯᠴᠢᠭᠡᠷ᠎ᠤᠨ ᠠᠮᠢ ᠠᠬᠤᠶ ᠵᠢ ᠰᠡᠷᠭᠦᠭᠡᠬᠦ ᠪᠠ ᠦᠢᠯᠡᠳᠪᠦᠷᠢᠯᠡᠯ᠎ᠤᠨ ᠬᠦᠴᠦᠨ᠎ᠢ ᠳᠡᠭᠡᠭᠰᠢᠯᠡᠭᠦᠯᠬᠦ ᠵᠠᠩᠭᠢᠯᠠᠭ᠎ᠠ ᠵᠢᠨ ᠮᠡᠷᠭᠡᠵᠢᠯ ᠪᠠ ᠲᠥᠬᠥᠭᠡᠷᠦᠮᠵᠢ ᠵᠢ ᠰᠤᠳᠤᠯᠤᠨ ᠨᠡᠭᠡᠭᠡᠬᠦ》 ᠰᠤᠳᠤᠯᠭ᠋ᠠᠨ᠎ᠤ ᠲᠥᠷᠥᠯ ᠵᠦᠢᠯ᠎ᠢ ᠡᠬᠢᠯᠡᠭᠦᠯᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠤᠰᠬᠠᠶ ᠳᠡᠮᠵᠢᠯᠭᠡ ᠵᠢ ᠣᠯᠤᠭᠰᠠᠨ ᠪᠠᠢ᠌ᠨ᠎ᠠ᠃

      ᠣᠳᠣᠬᠠᠨ᠎ᠳᠤ᠂ ᠰᠤᠳᠤᠯᠭ᠋ᠠᠨ᠎ᠤ ᠪᠦᠯᠬᠦᠮ ᠬᠡᠶ ᠰᠣᠷᠣᠬᠤ ᠬᠡᠯᠪᠡᠷᠢ᠎ᠪᠠᠷ ᠬᠠᠳᠤᠬᠤ᠎ᠠᠴᠠ ᠡᠮᠦᠨ᠎ᠡ ᠰᠠᠮᠨᠠᠬᠤ᠂ ᠰᠡᠷᠭᠦᠭᠡᠬᠦ ᠪᠠ ᠰᠠᠢ᠌ᠵᠢᠷᠠᠭᠤᠯᠬᠤ᠎ᠪᠠᠷ ᠳᠡᠮᠵᠢᠨ ᠪᠣᠷᠲᠣᠭᠣᠷ ᠣᠷᠣᠭᠤᠯᠬᠤ ᠵᠢ ᠠᠬᠢᠭᠤᠯᠬᠤ᠂ ᠣᠯᠠᠨ ᠵᠦᠢᠯ᠎ᠤᠨ ᠲᠡᠵᠢᠭᠡᠯ ᠡᠪᠡᠰᠦᠨ᠎ᠤ ᠦᠷ᠎ᠡ ᠵᠢ ᠬᠣᠯᠢᠵᠤ ᠳᠠᠷᠢᠬᠤ᠂ ᠥᠨᠳᠥᠷ ᠦᠷ᠎ᠡ ᠪᠦᠲᠦᠮᠵᠢᠲᠡᠶ᠎ᠪᠠᠷ ᠬᠡᠷᠴᠢᠬᠦ᠂ ᠪᠣᠳᠠᠰ ᠪᠣᠳᠠᠰ᠎ᠢ ᠪᠣᠭᠣᠵᠢᠯᠠᠬᠤ ᠵᠡᠷᠭᠡ ᠵᠠᠩᠭᠢᠯᠠᠭ᠎ᠠ ᠵᠢᠨ ᠮᠡᠷᠭᠡᠵᠢᠯ᠎ᠢ ᠭᠣᠤᠯᠳᠠᠯᠭ᠎ᠠ᠎ᠲᠠᠢ ᠰᠢᠪᠲᠤᠯᠵᠤ᠂ ᠦᠶᠡᠲᠦ ᠤᠷᠭᠤᠮᠠᠯ᠎ᠤᠨ ᠢᠵᠠᠭᠤᠷ᠎ᠤᠨ ᠪᠤᠷᠴᠠᠭ᠎ᠤᠨ ᠢᠵᠠᠭᠤᠷ᠎ᠤᠨ ᠲᠡᠵᠢᠭᠡᠯ ᠡᠪᠡᠰᠦᠨ᠎ᠤ ᠦᠷ᠎ᠡ ᠵᠢᠨ ᠲᠤᠰᠬᠠᠶ ᠬᠡᠷᠡᠭᠯᠡᠬᠦ ᠬᠠᠳᠤᠵᠤ ᠬᠤᠷᠢᠶᠠᠬᠤ ᠮᠠᠰᠢᠨ᠂ ᠨᠤᠲᠤᠭ ᠪᠡᠯᠴᠢᠭᠡᠷ᠎ᠲᠤ ᠪᠣᠷᠲᠣᠭᠣᠷ ᠣᠷᠣᠭᠤᠯᠬᠤ ᠦᠨᠳᠦᠰᠦ ᠵᠢ ᠬᠡᠷᠴᠢᠵᠦ ᠰᠠᠢ᠌ᠵᠢᠷᠠᠭᠤᠯᠬᠤ ᠮᠠᠰᠢᠨ᠂ ᠲᠠᠴᠢᠷᠳᠠᠭᠰᠠᠨ ᠨᠤᠲᠤᠭ ᠪᠡᠯᠴᠢᠭᠡᠷ᠎ᠲᠤ ᠬᠠᠭ᠋ᠠᠯᠪᠤᠷᠢᠯᠠᠬᠤ ᠥᠬᠡᠶ ᠣᠯᠠᠨ ᠵᠦᠢᠯ᠎ᠤᠨ ᠬᠣᠯᠢᠵᠤ ᠨᠥᠬᠥᠨ ᠳᠠᠷᠢᠬᠤ ᠪᠣᠷᠲᠣᠭᠣᠷ ᠣᠷᠣᠭᠤᠯᠬᠤ ᠮᠠᠰᠢᠨ ᠪᠠ ᠨᠠᠢ᠌ᠯᠵᠠᠭᠤᠷ ᠪᠤᠲᠠᠯᠢᠭ ᠮᠣᠳᠣ ᠵᠢ ᠬᠠᠳᠤᠵᠤ ᠬᠡᠮᠬᠡᠯᠦᠨ ᠪᠣᠭᠣᠳᠠᠯᠯᠠᠬᠤ ᠨᠢᠭᠡ ᠴᠣᠭᠴᠠ ᠮᠠᠰᠢᠨ᠎ᠢ ᠰᠤᠳᠤᠯᠤᠨ ᠦᠢᠯᠡᠳᠴᠦ᠂ ᠲᠤᠷᠰᠢᠨ ᠲᠤᠷᠰᠢᠬᠤ᠎ᠪᠠᠷ ᠳᠡᠮᠵᠢᠨ ᠰᠢᠯᠢᠳᠡᠭᠵᠢᠭᠦᠯᠦᠨ ᠰᠠᠢ᠌ᠵᠢᠷᠠᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠰᠡᠷᠭᠦᠯᠲᠡ ᠪᠠ ᠦᠢᠯᠡᠳᠪᠦᠷᠢᠯᠡᠯ᠎ᠤᠨ ᠬᠦᠴᠦᠨ᠎ᠤ ᠳᠡᠭᠡᠭᠰᠢᠯᠡᠯᠲᠡ᠎ᠳᠤ ᠵᠠᠩᠭᠢᠯᠠᠭ᠎ᠠ ᠵᠢᠨ ᠲᠥᠬᠥᠭᠡᠷᠦᠮᠵᠢ ᠬᠠᠩᠭ᠋ᠠᠪᠠ᠃

  《ᠥᠩᠭᠡᠷᠡᠭᠰᠡᠨ᠎ᠤ ᠮᠠᠰᠢᠨ ᠠᠮᠠᠷᠬᠠᠨ ᠪᠥᠭᠯᠡᠷᠡᠵᠦ᠂ ᠬᠡᠮᠬᠡᠷᠡᠬᠦ ᠨᠣᠷᠮ᠎ᠠ᠎ᠨᠢ ᠳᠣᠤᠷ᠎ᠠ᠂ ᠡᠪᠡᠰᠦᠨ᠎ᠤ ᠪᠣᠭᠣᠵᠢ ᠵᠢᠨ ᠰᠢᠷᠣᠶ ᠠᠭᠤᠯᠬᠤ ᠬᠡᠮᠵᠢᠶ᠎ᠡ᠎ᠨᠢ ᠶᠡᠬᠡ᠂ ᠪᠣᠭᠣᠵᠢᠯᠠᠬᠤ ᠦᠷ᠎ᠡ ᠪᠦᠲᠦᠮᠵᠢ᠎ᠨᠢ ᠳᠣᠤᠷ᠎ᠠ ᠪᠠᠢ᠌ᠳᠠᠭ᠂ ᠡᠨᠡ ᠬᠦ᠌ ᠰᠢᠨ᠎ᠡ ᠮᠠᠰᠢᠨ᠎ᠤ ᠬᠤᠷᠳᠤᠴᠠ᠎ᠨᠢ ᠲᠦᠷᠭᠡᠨ ᠮᠥᠷᠲᠡᠭᠡᠨ ᠡᠰᠢ ᠰᠦᠷᠡᠯ᠎ᠢ ᠴᠦ᠍ ᠴᠡᠪᠡᠷᠬᠡᠨ ᠴᠡᠪᠡᠷᠯᠡᠵᠦ᠂ ᠴᠠᠭ᠎ᠲᠤ ᠠᠷᠪᠢᠲᠠᠶ ᠦᠷ᠎ᠡ ᠪᠦᠲᠦᠮᠵᠢ᠎ᠨᠢ ᠰᠠᠢ᠌ᠨ ᠪᠠᠢ᠌ᠳᠠᠭ!》 ᠭᠡᠵᠦ ᠪᠠᠶᠠᠨᠨᠠᠭᠤᠷ ᠬᠣᠲᠠ ᠵᠢᠨ ᠦᠶᠤᠸᠠᠨ ᠰᠢᠶᠠᠨ᠎ᠤ ᠲᠣᠰᠬᠣᠨ᠎ᠤ ᠠᠷᠠᠳ ᠯᠢ ᠱᠤᠸᠠᠨ ᠵᠦ᠍ ᠬᠡᠯᠡᠪᠡ᠃

      ᠡᠨᠡ ᠵᠢᠯ᠎ᠤᠨ 4 ᠰᠠᠷ᠎ᠠ᠎ᠳᠤ᠂ ᠰᠤᠳᠤᠯᠭ᠋ᠠᠨ᠎ᠤ ᠳᠤᠭᠤᠢ᠌ᠯᠠᠩ ᠬᠥᠬᠡᠨᠠᠭᠤᠷ ᠲᠥᠪᠡᠳ᠎ᠤᠨ ᠥᠨᠳᠥᠷᠯᠢᠭ᠎ᠲᠤ ᠭᠦᠨᠵᠡᠭᠡᠢ᠌ᠷᠡᠨ᠂ ᠲᠠᠴᠢᠷᠳᠠᠭᠰᠠᠨ ᠲᠠᠯ᠎ᠠ ᠨᠤᠲᠤᠭ᠎ᠲᠤ ᠬᠦᠷᠴᠦ ᠣᠯᠠᠨ ᠲᠥᠷᠥᠯ ᠵᠦᠢᠯ᠎ᠤᠨ ᠬᠣᠯᠢᠮᠠᠭ ᠨᠥᠬᠥᠪᠥᠷᠢ᠎ᠪᠠᠷ ᠳᠠᠷᠢᠵᠤ ᠪᠣᠷᠲᠣᠭᠣᠷ ᠣᠷᠣᠭᠤᠯᠬᠤ ᠮᠠᠰᠢᠨ᠎ᠤ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠪᠠ ᠪᠣᠯᠪᠠᠰᠤᠷᠠᠭᠤᠯᠤᠯ᠎ᠤᠨ ᠦᠢᠯᠡᠴᠢᠯᠡᠭᠡ ᠥᠷᠨᠢᠭᠦᠯᠵᠦ᠂ ᠪᠠᠷᠠᠭᠤᠨ ᠡᠮᠦᠨᠡᠲᠦ ᠵᠢᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠫᠷᠤᠹᠧᠰᠰᠤᠷ᠂ ᠯᠠᠨᠵᠧᠦ ᠶᠡᠬᠡ ᠰᠤᠷᠭ᠋ᠠᠭᠤᠯᠢ ᠵᠢᠨ ᠫᠷᠤᠹᠧᠰᠰᠤᠷ᠎ᠲᠠᠢ ᠬᠠᠮᠲᠤ᠎ᠪᠠᠷ ᠰᠧᠴᠤᠸᠠᠨ ᠮᠤᠵᠢ ᠵᠢᠨ ᠠᠪᠠ ᠵᠧᠦ ᠵᠢᠨ ᠵᠣᠷᠭ᠋ᠠᠶ ᠰᠢᠶᠠᠨ᠎ᠤ ᠮᠠᠶ ᠰᠢ ᠰᠢᠶᠠᠩ᠎ᠤᠨ ᠾᠸᠢ ᠲᠥ᠋ ᠲᠠᠨ᠂ ᠬᠥᠬᠡᠨᠠᠭᠤᠷ ᠮᠤᠵᠢ ᠵᠢᠨ ᠬᠠᠢ᠌ᠨᠠᠨ ᠵᠧᠦ ᠵᠢᠨ ᠬᠦᠶ ᠨᠠᠨ ᠰᠢᠶᠠᠨ᠎ᠤ ᠰᠢ ᠭ᠋ᠸ ᠡᠯ ᠲᠣᠰᠬᠣᠨ᠎ᠤ ᠲᠠᠴᠢᠷᠳᠠᠭᠰᠠᠨ ᠪᠡᠯᠴᠢᠭᠡᠷ᠎ᠲᠤ ᠲᠤᠷᠰᠢᠯᠲᠠ ᠬᠢᠵᠦ ᠵᠢᠱ᠌ᠢᠶ᠎ᠡ ᠦᠵᠡᠭᠦᠯᠦᠨ ᠪᠣᠯᠪᠠᠰᠤᠷᠠᠭᠤᠯᠤᠯ ᠬᠢᠵᠦ ᠦᠢᠯᠡᠴᠢᠯᠡᠪᠡ  ᠃ 1700 ᠰᠢᠬᠠᠮ ᠮᠦ᠍ ᠵᠢᠨ ᠨᠥᠬᠥᠵᠦ ᠲᠠᠷᠢᠬᠤ ᠲᠤᠷᠰᠢᠯᠲᠠ ᠵᠢᠨ ᠵᠢᠱ᠌ᠢᠢ᠎ᠡ ᠦᠵᠡᠭᠦᠯᠵᠦ᠂ ᠲᠤᠬᠠᠢ ᠵᠢᠨ ᠭᠠᠵᠠᠷ᠎ᠤᠨ 100 ᠭᠠᠷᠤᠢ ᠮᠠᠯᠴᠢᠨ᠎ᠢ ᠪᠣᠯᠪᠠᠰᠤᠷᠠᠭᠤᠯᠪᠠ  ᠃
      ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠠᠵᠤ ᠦᠢᠯᠡᠰ᠎ᠤᠨ ᠬᠡᠯᠬᠢᠶ᠎ᠡ ᠵᠢᠨ ᠲᠣᠭᠣᠷᠢᠨ᠎ᠳᠤ ᠰᠢᠨ᠎ᠡ ᠵᠢ ᠡᠭᠦᠳᠬᠦ ᠬᠡᠯᠬᠢᠶ᠎ᠡ ᠵᠢ ᠪᠠᠢ᠌ᠷᠢᠯᠠᠭᠤᠯᠤᠭᠰᠠᠨ ᠠᠮᠢᠳᠤᠯᠢᠭ ᠪᠣᠳᠠᠲᠠᠶ ᠵᠢᠱ᠌ᠢᠶ᠎ᠡ ᠪᠣᠯᠤᠨ᠎ᠠ  ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠡᠷᠳᠡᠨᠢ ᠰᠢᠰᠢ᠎ᠳᠤ ᠭᠣᠤᠯᠳᠠᠯᠭ᠎ᠠ᠎ᠲᠠᠢ ᠠᠩᠬᠠᠷᠤᠯ ᠵᠶ᠋ᠠᠨ ᠲᠥᠪᠯᠡᠷᠡᠭᠦᠯᠪᠡ᠂ ᠲᠥᠮᠥᠰᠥ᠂ ᠠᠯᠠᠰᠢᠨ ᠬᠣᠨᠢ᠂ ᠠᠯᠠᠰᠢᠨ ᠦᠬᠡᠷ᠂ ᠰᠠᠭ᠋ᠠᠯᠢ ᠵᠢᠨ ᠦᠨᠢᠶ᠎ᠡ ᠵᠡᠷᠭᠡ ᠥᠪᠡᠷᠲᠡᠭᠡᠨ ᠵᠠᠰᠠᠬᠤ ᠣᠷᠣᠨ᠎ᠤ ᠣᠨᠴᠠᠯᠢᠭᠲᠤ ᠳᠠᠪᠠᠭᠤᠯᠢᠭ ᠠᠵᠤ ᠦᠢᠯᠡᠰ᠂ ᠰᠠᠢ᠌ᠨ ᠡᠭᠦᠯᠳᠡᠷ ᠦᠷᠡᠵᠢᠭᠦᠯᠦᠨ ᠪᠣᠢ᠌ᠵᠢᠭᠤᠯᠬᠤ᠂ ᠪᠣᠬᠢᠷᠲᠤᠯ ᠦᠭᠡᠢ ᠲᠠᠷᠢᠵᠤ ᠲᠡᠵᠢᠭᠡᠬᠦ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠵᠡᠷᠭᠡ ᠲᠠᠯ᠎ᠠ᠎ᠪᠠᠷ᠂ ᠰᠢᠰᠲ᠋ᠧᠮᠲᠦ ᠤᠬᠠᠭ᠋ᠠᠯᠠᠭ᠎ᠠ᠂ ᠨᠢᠭᠡ ᠪᠦᠯᠦᠭ ᠮᠡᠷᠭᠡᠵᠢᠯ᠎ᠤᠨ ᠪᠣᠭᠣᠮᠲᠠ ᠰᠢᠪᠲᠤᠯᠬᠤ ᠲᠥᠷᠥᠯ ᠵᠦᠢ᠍ᠯ᠎ᠢ ᠭᠣᠣᠯᠳᠠᠯᠭ᠎ᠠ᠎ᠲᠠᠢ ᠪᠠᠢ᠌ᠷᠢᠯᠠᠭᠤᠯᠤᠨ᠎ᠠ᠂ ᠬᠣᠶᠠᠷ ᠵᠢᠯ᠎ᠤᠨ ᠲᠤᠷᠰᠢ 27 ᠵᠦᠢ᠍ᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠤᠰᠬᠠᠢ ᠵᠦᠢ᠍ᠯᠡᠰ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠪᠡ᠂ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠲᠥᠯᠥᠪᠯᠡᠭᠡ ᠵᠢᠨ 198 ᠵᠦᠢ᠍ᠯ᠂ ᠨᠡᠢ᠌ᠲᠡ 3 . 7 ᠳ᠋ᠦᠩᠰᠢᠭᠤᠷ ᠲᠥᠭᠥᠷᠢᠭ᠎ᠤᠨ ᠵᠠᠷᠤᠳᠠᠯ᠎ᠢ ᠳᠡᠮᠵᠢᠨ᠎ᠡ᠂ ᠵᠣᠬᠢᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠵᠠᠷᠤᠯᠭ᠎ᠠ ᠵᠢᠨ 35 %᠎ᠠᠴᠠ ᠳᠡᠭᠡᠭᠰᠢᠬᠢ ᠵᠢ ᠡᠵᠡᠯᠡᠨ᠎ᠡ᠂ ᠨᠢᠭᠡ ᠪᠦᠯᠦᠭ ᠵᠠᠩᠭᠢᠯᠠᠭ᠎ᠠ ᠵᠢᠨ ᠮᠡᠷᠭᠡᠵᠢᠯ ᠴᠢᠬᠤᠯᠠ ᠰᠢᠪᠲᠤᠯᠤᠯᠲᠠ᠎ᠲᠠᠢ ᠪᠣᠯᠪᠠ᠂ ᠡᠷᠳᠡᠨᠢ ᠰᠢᠰᠢ ᠵᠢᠨ 《ᠬᠣᠶᠠᠷ᠎ᠢ ᠥᠭᠡᠷᠡᠴᠢᠯᠡᠵᠦ ᠨᠢᠭᠡ ᠵᠢ ᠨᠡᠮᠡᠭᠳᠡᠭᠦᠯᠵᠦ ᠬᠣᠶᠠᠷ᠎ᠢ ᠪᠠᠲᠤᠯᠠᠬᠤ》 ᠪᠣᠬᠢᠷᠲᠤᠯ ᠥᠬᠡᠶ ᠦᠢᠯᠡᠳᠪᠦᠷᠢᠯᠡᠯ᠎ᠤᠨ ᠮᠡᠷᠭᠡᠵᠢᠯ᠎ᠤᠨ ᠰᠢᠰᠲ᠋ᠧᠮ᠎ᠢ ᠪᠦᠷᠢᠯᠳᠦᠭᠦᠯᠪᠡ᠂ ᠥᠪᠥᠷ ᠮᠣᠩᠭᠣᠯ ᠣᠷᠣᠨ᠎ᠳᠤ ᠲᠣᠬᠢᠷᠠᠬᠤ ᠡᠷᠲᠡ ᠪᠣᠯᠪᠠᠰᠤᠷᠠᠬᠤ ᠵᠢ ᠪᠣᠢ᠌ᠵᠢᠭᠤᠯᠤᠨ᠎ᠠ᠂ ᠳᠤᠮᠳᠠ ᠡᠷᠲᠡ ᠪᠣᠯᠪᠠᠰᠤᠷᠠᠬᠤ ᠪᠠ ᠳᠤᠮᠳᠠ ᠣᠷᠣᠢ ᠪᠣᠯᠪᠠᠰᠤᠷᠠᠬᠤ᠂ ᠰᠢᠨ᠎ᠡ ᠰᠣᠷᠭᠣᠭ ᠢᠳᠡᠭᠡᠨ ᠪᠠ ᠡᠳ᠋ᠰᠢᠭᠦᠯᠬᠦ᠎ᠳᠤ ᠬᠡᠷᠡᠭᠯᠡᠬᠦ ᠲᠥᠮᠥᠰᠥ ᠵᠢᠨ ᠰᠢᠨ᠎ᠡ ᠲᠥᠷᠥᠯ ᠵᠦᠢᠯ 8 ᠪᠣᠶ᠂ ᠠᠩᠬ᠎ᠠ ᠤᠳᠠᠭ᠎ᠠ ᠭᠡᠷ᠎ᠤᠨ ᠲᠡᠵᠢᠭᠡᠪᠦᠷᠢ ᠵᠢᠨ ᠰᠠᠨᠰᠠᠷ᠎ᠲᠤ ᠡᠭᠦᠯᠳᠡᠷ ᠪᠣᠢ᠌ᠵᠢᠭᠤᠯᠬᠤ ᠲᠤᠷᠰᠢᠯᠲᠠ ᠵᠢ ᠥᠷᠨᠢᠭᠦᠯᠪᠡ᠂ ᠦᠬᠡᠷ᠎ᠤᠨ ᠤᠭᠤᠷᠠᠭ᠎ᠤᠨ ᠪᠦᠯᠦᠭ᠎ᠤᠨ ᠴᠢᠳᠠᠮᠵᠢ ᠵᠢᠨ ᠰᠤᠳᠤᠯᠭ᠋ᠠᠨ᠎ᠳᠤ ᠬᠡᠷᠡᠭᠯᠡᠬᠦ ᠠᠩᠬᠠᠳᠠᠭᠴᠢ ᠠᠨᠲ᠋ᠢᠪᠤᠳᠢ ᠵᠢᠨ ᠲᠠᠪᠴᠠᠩ᠎ᠢ ᠪᠠᠢ᠌ᠭᠤᠯᠪᠠ  ᠃

        ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠨᠡᠭᠡᠭᠡᠯᠲᠡᠲᠦ ᠬᠠᠮᠲᠤᠷᠠᠯᠴᠠᠭ᠎ᠠ ᠰᠠᠶᠢ ᠨᠡᠩ ᠶᠡᠬᠡ ᠬᠥᠭᠵᠢᠯᠲᠡ ᠵᠢᠨ ᠣᠷᠣᠨ ᠵᠠᠢ᠎ᠲᠠᠢ ᠪᠤᠯᠵᠤ ᠴᠢᠳᠠᠨ᠎ᠠ  ᠃
       6 ᠰᠠᠷ᠎ᠠ ᠵᠢᠨ 18᠎ᠤ ᠡᠳᠦᠷ᠂ ᠤᠯᠤᠰ᠎ᠤᠨ ᠡᠷᠯᠢᠰᠡᠵᠢᠭᠦᠯᠦᠭᠰᠡᠨ ᠤᠰᠤᠨ ᠲᠤᠲᠤᠷᠭ᠎ᠠ ᠵᠢᠨ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠲᠥᠪ᠎ᠤᠨ ᠬᠢᠩᠭ᠋ᠠᠨ ᠠᠢ᠌ᠮᠠᠭ᠎ᠤᠨ ᠬᠤᠪᠢᠶᠠᠷᠢ ᠲᠥᠪ᠂ ᠤᠯᠤᠰ᠎ᠤᠨ ᠬᠤᠵᠢᠷ᠎ᠲᠤ ᠳᠠᠭ᠋ᠠᠭ᠋ᠠᠮᠠᠭ᠋ᠠᠶ ᠤᠰᠤᠨ ᠲᠤᠲᠤᠷᠭ᠎ᠠ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠬᠢᠩᠭ᠋ᠠᠨ ᠠᠢ᠌ᠮᠠᠭ᠎ᠤᠨ ᠲᠤᠷᠰᠢᠯᠲᠠ ᠵᠢᠨ ᠰᠠᠭᠤᠷᠢᠨ ᠬᠢᠩᠭ᠋ᠠᠨ ᠠᠢ᠌ᠮᠠᠭ᠎ᠲᠤ ᠵᠢᠩᠬᠢᠨᠢ᠎ᠪᠠᠷ ᠪᠠᠢ᠌ᠭᠤᠯᠤᠭᠳᠠᠪᠠ  ᠃ ᠡᠨᠡ ᠪᠣᠯ 2018 ᠣᠨ᠎ᠳᠤ ᠠᠺᠠᠳᠧᠮᠢᠴᠢ ᠶᠤᠸᠠᠨ ᠯᠦᠩ ᠫᠢᠩ ᠡᠨᠳᠡ ᠠᠺᠠᠳᠧᠮᠢᠴᠢ ᠵᠢᠨ ᠠᠵᠢᠯᠯᠠᠬᠤ ᠥᠷᠲᠡᠭᠡ ᠪᠠᠢ᠌ᠭᠤᠯᠤᠭᠰᠠᠨ᠎ᠤ ᠳᠠᠷᠠᠭ᠎ᠠ᠂ ᠤᠯᠤᠰ᠎ᠤᠨ ᠡᠷᠯᠢᠰᠡᠵᠢᠭᠦᠯᠦᠭᠰᠡᠨ ᠤᠰᠤᠨ ᠲᠤᠲᠤᠷᠭ᠎ᠠ ᠵᠢᠨ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠲᠥᠪ᠂ ᠤᠯᠤᠰ᠎ᠤᠨ ᠬᠤᠵᠢᠷᠯᠢᠭ ᠤᠰᠤᠨ ᠲᠤᠲᠤᠷᠭ᠎ᠠ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠬᠢᠩᠭ᠋ᠠᠨ ᠠᠢ᠌ᠮᠠᠭ᠎ᠲᠠᠢ ᠬᠠᠮᠲᠤᠷᠠᠨ ᠠᠵᠢᠯᠯᠠᠬᠤ ᠰᠢᠨ᠎ᠡ ᠲᠠᠪᠴᠠᠩ᠂ ᠰᠢᠨ᠎ᠡ ᠭᠠᠷᠤᠭ᠎ᠠ᠂ ᠰᠢᠨ᠎ᠡ ᠱᠠᠲᠤ ᠦᠶ᠎ᠡ ᠪᠣᠯᠤᠨ᠎ᠠ  ᠃ 2018 ᠣᠨ᠎ᠠᠴᠠ ᠨᠠᠰᠢ᠂ ᠶᠤᠸᠠᠨ ᠯᠦᠩ ᠫᠢᠩ ᠠᠺᠠᠳᠧᠮᠢᠴᠢ ᠵᠢᠨ ᠬᠦᠴᠦᠲᠡᠶ ᠳᠡᠮᠵᠢᠯᠭᠡ ᠳᠣᠤᠷ᠎ᠠ᠂ ᠬᠢᠩᠭ᠋ᠠᠨ ᠠᠢ᠌ᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠨᠢᠭᠡᠨᠲᠡ 6000 ᠭᠠᠷᠤᠶ ᠮᠥ᠍ ᠬᠤᠵᠢᠷ᠎ᠲᠤ ᠲᠡᠰᠪᠦᠷᠢᠲᠡᠶ ᠤᠰᠤᠨ ᠲᠤᠲᠤᠷᠭ᠎ᠠ ᠵᠢᠨ ᠰᠠᠭᠤᠷᠢᠨ ᠭᠠᠵᠠᠷ᠎ᠢ ᠪᠠᠢ᠌ᠭᠤᠯᠵᠤ᠂ 2020 ᠣᠨ᠎ᠳᠤ ᠬᠤᠵᠢᠷ᠎ᠲᠤ ᠲᠡᠰᠪᠦᠷᠢᠲᠡᠶ ᠤᠰᠤᠨ ᠲᠤᠲᠤᠷᠭ᠎ᠠ ᠵᠢᠨ ᠮᠥ᠍ ᠪᠦᠷᠢ ᠵᠢᠨ ᠤᠨᠠᠯᠲᠠ 533 . 95 ᠺᠢᠯᠣᠭ᠌ᠷᠠᠮ᠎ᠳᠤ ᠬᠦᠷᠴᠦ᠂ ᠬᠠᠷᠠᠮᠥ᠋ᠷᠡᠨ᠂ ᠭᠢᠷᠢᠨ᠂ ᠰᠢᠨᠵᠢᠶᠠᠩ ᠵᠡᠷᠭᠡ ᠮᠤᠵᠢ ᠣᠷᠣᠨ᠎ᠤ ᠬᠤᠵᠢᠷ᠎ᠲᠤ ᠲᠡᠰᠪᠦᠷᠢᠲᠡᠶ ᠤᠰᠤᠨ ᠲᠤᠲᠤᠷᠭ᠎ᠠ ᠵᠢᠨ ᠰᠤᠳᠤᠯᠭ᠋ᠠᠨ᠎ᠳᠤ ᠯᠠᠪᠯᠠᠯᠲᠠ ᠬᠠᠩᠭ᠋ᠠᠭᠰᠠᠨ ᠪᠠᠢ᠌ᠨ᠎ᠠ  ᠃
      ᠥᠪᠡᠷᠲᠡᠭᠡᠨ ᠵᠠᠰᠠᠬᠤ ᠣᠷᠣᠨ᠎ᠤ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠡᠬᠢᠯᠡᠨ ᠬᠡᠷᠡᠭᠵᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠵᠡᠷᠭᠡ᠎ᠲᠠᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠬᠢᠷᠠᠯᠴᠠᠵᠤ᠂ 2020 ᠣᠨ᠎ᠳᠤ ᠶᠢᠦ ᠱᠠ ᠳ᠋ᠧᠦ ᠵᠢᠨ ᠰᠠᠯᠬᠢ ᠵᠢ ᠰᠡᠷᠭᠡᠢ᠌ᠯᠡᠵᠦ ᠡᠯᠡᠰᠦ ᠵᠢ ᠲᠣᠭᠲᠠᠪᠤᠷᠢᠵᠢᠭᠤᠯᠬᠤ ᠵᠡᠷᠭᠡ ᠲᠥᠷᠥᠯ ᠵᠦᠢᠯ ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ ᠳᠡᠮᠵᠢᠯᠭᠡ ᠵᠢ ᠣᠯᠤᠭᠰᠠᠨ ᠪᠥᠭᠡᠳ ᠪᠠᠰᠠ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠲᠠᠢ ᠬᠠᠮᠲᠤᠷᠠᠨ 50 ᠭᠠᠷᠤᠶ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢᠯ᠎ᠢ ᠥᠷᠨᠢᠭᠦᠯᠵᠦ᠂ ᠣᠷᠣᠨ᠎ᠤ ᠳᠣᠲᠣᠨ᠎ᠠ ᠭᠠᠳᠠᠨᠠᠬᠢ ᠥᠨᠳᠥᠷ ᠲᠦᠪᠰᠢᠨ ᠪᠥᠬᠥᠶ ᠰᠢᠨ᠎ᠡ ᠵᠢ ᠡᠭᠦᠳᠬᠦ ᠪᠦᠯᠬᠦᠮ ᠨᠡᠢ᠌ᠲᠡ ᠵᠢ ᠬᠦᠴᠦᠲᠡᠶ ᠠᠬᠢᠭᠤᠯᠵᠤ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ᠎ᠳᠤ ᠣᠶᠤᠨ᠎ᠤ ᠲᠤᠯᠭ᠋ᠠᠭᠤᠷᠢᠯᠠᠯ ᠬᠠᠩᠭ᠋ᠠᠪᠠ  ᠃
      ᠡᠭᠦᠨ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠣᠶᠠᠷ ᠬᠤᠭᠤᠴᠠᠭ᠋ᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠢ ᠵᠣᠯᠭ᠋ᠠᠭᠤᠯᠬᠤ ᠬᠤᠷᠠᠯ᠎ᠢ ᠵᠠᠯᠭ᠋ᠠᠭ᠎ᠠ᠎ᠪᠠᠷ ᠡᠷᠭᠢᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ 500 ᠭᠠᠷᠤᠶ ᠵᠦᠢᠯ ᠲᠠᠨᠢᠯᠴᠠᠭᠤᠯᠪᠠ  ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠮᠣ ᠵᠠᠬ᠎ᠠ ᠳᠡᠯᠭᠡᠭᠦᠷ᠎ᠢ ᠪᠥᠲᠥᠭᠡᠨ ᠪᠠᠢ᠌ᠭᠤᠯᠬᠤ ᠵᠢ ᠠᠬᠢᠭᠤᠯᠵᠤ᠂ ᠵᠠᠰᠠᠭ᠎ᠤᠨ ᠣᠷᠳᠣᠨ ᠵᠶ᠋ᠠᠷ ᠭᠣᠤᠯᠯᠠᠭᠤᠯᠤᠭᠰᠠᠨ᠂ ᠵᠠᠬ᠎ᠠ ᠳᠡᠯᠭᠡᠭᠦᠷ ᠵᠶ᠋ᠡᠷ ᠠᠵᠢᠯᠯᠠᠭᠤᠯᠤᠭᠰᠠᠨ᠂ ᠴᠢᠳᠠᠮᠵᠢ᠎ᠪᠠᠷ ᠪᠦᠷᠢᠨ ᠲᠥᠬᠥᠷ ᠮᠡᠷᠭᠡᠵᠢᠯ᠎ᠤᠨ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠵᠠᠭᠪᠤᠷ᠎ᠢ ᠪᠣᠶ ᠪᠣᠯᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠠᠩᠭ᠋ᠠᠯᠭ᠎ᠠ ᠬᠡᠷᠡᠭᠴᠡᠭᠡ ᠬᠣᠶᠠᠷ ᠲᠠᠯ᠎ᠠ᠎ᠳᠤ ᠪᠥᠬᠥ ᠲᠠᠯ᠎ᠠ ᠵᠢᠨ ᠳᠡᠮᠵᠢᠯᠭᠡ ᠬᠠᠩᠭ᠋ᠠᠨ᠎ᠠ  ᠃
      ᠬᠥᠭᠵᠢᠯᠲᠡ ᠵᠢᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠬᠥᠭᠵᠢᠯᠲᠡ ᠵᠢᠨ ᠳᠠᠪᠠᠭᠤᠯᠢᠭ᠎ᠢ ᠵᠤᠵᠠᠭ᠋ᠠᠳᠬᠠᠨ᠎ᠠ  ᠃ ᠣᠷᠣᠨ ᠳᠠᠶᠠᠭ᠋ᠠᠷ ᠵᠶ᠋ᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠨ᠎ᠤ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠥᠷ ᠮᠣᠩᠭᠣᠯ᠎ᠤᠨ ᠡᠬᠡ ᠭᠠᠵᠠᠷ᠎ᠢ ᠤᠷᠢᠳᠤ ᠡᠮᠦᠨ᠎ᠡ ᠪᠠᠢ᠌ᠭ᠎ᠠ ᠦᠭᠡᠢ ᠠᠮᠢᠵᠢᠷᠠᠯ᠎ᠤᠨ ᠬᠦᠴᠦᠨ᠎ᠲᠠᠢ ᠪᠣᠯᠭ᠋ᠠᠪᠠ  ᠃
      ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠰᠢᠨ᠎ᠡ᠎ᠪᠠᠷ ᠳᠠᠷᠤᠮᠠᠯᠯᠠᠨ ᠲᠠᠷᠬᠠᠭ᠋ᠠᠭᠰᠠᠨ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠲᠦᠷᠢᠮ᠎ᠢ ᠭᠦᠨᠵᠡᠭᠡᠶ ᠬᠡᠷᠡᠭᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠭᠤᠷᠪᠠᠨ ᠵᠢᠯ᠎ᠤᠨ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ (2021203 ᠣᠨ)》᠎ᠢ ᠰᠡᠬᠦᠵᠦ᠂ ᠦᠢᠯᠡᠴᠢᠯᠡᠭᠡ ᠪᠣᠯ ᠭᠣᠤᠯ ᠬᠥᠭ ᠠᠶᠠᠰ ᠪᠣᠯᠤᠨ᠎ᠠ  ᠃
      ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠨ᠎ᠳᠠᠬᠢ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠲᠠᠰᠤᠷᠠᠯᠲᠠ ᠥᠬᠡᠶ ᠭᠦᠨᠵᠡᠭᠡᠢ᠌ᠷᠡᠭᠦᠯᠵᠦ᠂ ᠰᠠᠢ᠌ᠨ ᠰᠠᠢ᠌ᠬᠠᠨ ᠰᠢᠨ᠎ᠡ ᠵᠢ ᠡᠭᠦᠳᠬᠦ ᠠᠮᠢ ᠠᠬᠤᠶ᠎ᠪᠠᠷ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢ᠌ᠲᠠᠶ ᠬᠥᠭᠵᠢᠯᠲᠡ᠎ᠳᠤ ᠰᠢᠨ᠎ᠡ ᠵᠢ ᠡᠭᠦᠳᠬᠦ ᠦᠢᠯᠡᠴᠢᠯᠡᠭᠡ ᠬᠠᠩᠭ᠋ᠠᠪᠠ  ᠃ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ 30 ᠵᠤᠷᠪᠤᠰ》᠎ᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ 8 ᠲᠠᠯ᠎ᠠ ᠵᠢᠨ 96 ᠵᠦᠢᠯ᠎ᠤᠨ ᠠᠷᠭ᠎ᠠ ᠬᠡᠮᠵᠢᠶ᠎ᠡ ᠵᠢ ᠳᠤᠷᠠᠳᠴᠤ᠂ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠤᠨ ᠲᠥᠰᠦᠯ᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠵᠦᠢᠯ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠢᠭᠡ ᠨᠢᠭᠡ᠎ᠪᠠᠷ ᠨᠠᠢ᠌ᠳᠠᠪᠤᠷᠢᠵᠢᠭᠤᠯᠬᠤ ᠵᠢ ᠠᠬᠢᠭᠤᠯᠪᠠ  ᠃ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠯᠦᠭᠡ 《1 + 1》 ᠬᠠᠮᠵᠢᠯᠴᠠᠬᠤ ᠠᠵᠢᠯ᠎ᠤᠨ ᠲᠣᠭᠲᠠᠴᠠ ᠵᠢ ᠪᠠᠢ᠌ᠭᠤᠯᠵᠤ᠂ ᠠᠵᠢᠯ᠎ᠤᠨ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠂ ᠭᠣᠤᠯᠳᠠᠯᠭ᠎ᠠ᠎ᠲᠠᠢ ᠪᠣᠭᠣᠮᠲᠠ ᠰᠢᠪᠲᠤᠯᠬᠤ ᠡᠭᠦᠷᠭᠡ ᠵᠢ ᠣᠨᠣᠪᠴᠢᠲᠠᠶ ᠪᠠᠢ᠌ᠷᠢᠰᠢᠭᠤᠯᠤᠨ᠎ᠠ  ᠃
      ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠬᠦ ᠡᠷᠬᠡ ᠪᠤᠶᠤ ᠣᠷᠳᠣ ᠬᠤᠭᠤᠴᠠᠭ᠎ᠠ᠎ᠪᠠᠷ ᠬᠡᠷᠡᠭᠯᠡᠬᠦ ᠡᠷᠬᠡ ᠵᠢᠨ ᠲᠤᠷᠰᠢᠯᠲᠠ ᠵᠢ ᠥᠷᠨᠢᠭᠦᠯᠵᠦ᠂ ᠮᠡᠳᠡᠯᠭᠡ ᠵᠢᠨ ᠥᠷᠲᠡᠭ᠎ᠤᠨ ᠣᠷᠣᠯᠭ᠎ᠠ ᠵᠢᠨ ᠬᠤᠪᠢᠶᠠᠷᠢᠯᠠᠯᠲᠠ ᠳᠤᠮᠳᠠᠬᠢ ᠤᠳᠤᠷᠢᠳᠤᠮᠵᠢ ᠵᠢᠨ ᠦᠢᠯᠡᠳᠦᠯ᠎ᠢ ᠳᠣᠪᠣᠢ᠌ᠯᠭ᠋ᠠᠨ᠂ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠨᠡᠮᠡᠵᠦ ᠪᠤᠳᠤᠬᠤ ᠬᠠᠰᠤᠵᠤ ᠭᠠᠷᠭ᠋ᠠᠬᠤ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠮᠡᠷᠭᠡᠵᠢᠯ᠎ᠤᠨ ᠰᠣᠯᠢᠯᠴᠠᠭ᠋ᠠᠨ᠎ᠤ ᠳᠠᠷᠠᠭ᠋ᠠᠬᠢ ᠨᠥᠬᠥᠪᠥᠷᠢ ᠵᠢ ᠬᠡᠷᠡᠭᠵᠢᠭᠦᠯᠦᠨ᠂ ᠨᠢᠭᠡ ᠪᠦᠯᠦᠭ ᠠᠵᠤ ᠠᠬᠤᠢ᠌ᠯᠠᠯ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠭᠴᠢᠳ ᠡᠭᠦᠨ᠎ᠠᠴᠠ ᠠᠰᠢᠭ ᠭᠥᠷᠳᠡᠵᠦ᠂ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠠᠵᠤ ᠠᠬᠤᠢ᠌ᠯᠠᠯ ᠵᠡᠷᠭᠡ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠢᠳᠡᠪᠬᠢᠵᠢᠯ᠎ᠢ ᠳᠠᠢ᠌ᠴᠢᠯᠠᠪᠠ  ᠃
      74 ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯ᠎ᠤᠨ ᠥᠷᠲᠡᠭᠡ ᠵᠢ ᠬᠥᠲᠥᠯᠥᠨ ᠵᠢᠯᠣᠭᠣᠳᠴᠤ ᠪᠥᠲᠥᠭᠡᠨ ᠪᠠᠢ᠌ᠭᠤᠯᠤᠨ᠂ ᠪᠥᠬᠥ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ ᠨᠡᠢ᠌ᠲᠡ 4000 ᠭᠠᠷᠤᠶ ᠪᠠᠢ᠌ᠵᠤ᠂ ᠨᠡᠢ᠌ᠲᠡ 1000 ᠭᠠᠷᠤᠶ ᠰᠢᠨ᠎ᠡ ᠮᠡᠷᠭᠡᠵᠢᠯ᠎ᠢ ᠳᠡᠯᠭᠡᠷᠡᠭᠦᠯᠦᠨ᠂ 3000 ᠭᠠᠷᠤᠶ ᠶᠠᠳᠠᠭᠤ ᠬᠦᠴᠢᠷᠳᠡᠯᠲᠡᠶ ᠲᠣᠰᠬᠣᠨ᠎ᠳᠤ ᠦᠢᠯᠡᠴᠢᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠰᠢᠨ᠎ᠡ ᠵᠢ ᠡᠭᠦᠳᠦᠨ ᠠᠳᠠᠯ ᠦᠢᠯᠡᠰ ᠴᠣᠭᠴᠠᠯᠠᠬᠤ᠎ᠳᠤ ᠦᠢᠯᠡᠴᠢᠯᠡᠬᠦ ᠶᠠᠳᠠᠭᠤ ᠬᠦᠴᠢᠷᠳᠡᠯᠲᠡᠶ ᠲᠣᠰᠬᠣᠨ᠎ᠢ ᠪᠦᠷᠢᠨ ᠪᠦᠷᠬᠦᠭᠦᠯᠪᠡ  ᠃
    《ᠭᠤᠷᠪᠠᠨ ᠣᠷᠣᠨ》᠎ᠤ ᠴᠢᠳᠠᠪᠤᠷᠢᠲᠠᠨ᠎ᠤ ᠲᠥᠯᠥᠪᠯᠡᠭᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠤ ᠲᠤᠰᠬᠠᠶ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠵᠦ᠂ ᠪᠥᠬᠥ ᠣᠷᠣᠨ᠎ᠳᠤ ᠵᠢᠯ ᠪᠦᠷᠢ 800 ᠭᠠᠷᠤᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠢ ᠰᠣᠩᠭᠣᠨ ᠲᠣᠮᠢᠯᠠᠵᠤ᠂ ᠨᠡᠢ᠌ᠲᠡ 500 ᠭᠠᠷᠤᠶ ᠲᠠᠷᠢᠮᠠᠯ ᠲᠡᠵᠢᠭᠡᠪᠦᠷᠢ ᠵᠢᠨ ᠬᠣᠷᠰᠢᠶ᠎ᠠ ᠵᠡᠷᠭᠡ ᠪᠠᠢ᠌ᠭᠤᠯᠤᠮᠵᠢ᠎ᠳᠤ ᠦᠢᠯᠡᠴᠢᠯᠡᠵᠦ᠂ 500 ᠭᠠᠷᠤᠶ ᠰᠢᠨ᠎ᠡ ᠡᠭᠦᠯᠳᠡᠷ᠎ᠢ ᠣᠷᠣᠭᠤᠯᠤᠨ ᠠᠪᠴᠢᠷᠠᠵᠠᠶ  ᠃
      ᠲᠠᠷᠢᠶᠠᠯᠠᠩ ᠮᠠᠯ ᠠᠵᠤ ᠠᠬᠤᠶ ᠵᠢ ᠬᠥᠭᠵᠢᠭᠦᠯᠬᠦ ᠪᠣᠯ ᠴᠢᠨᠡᠭᠡᠯᠢᠭ᠎ᠤᠨ ᠰᠠᠭᠤᠷᠢ᠂ ᠬᠥᠭᠵᠢᠯᠲᠡ ᠵᠢᠨ ᠦᠨᠳᠦᠰᠦ᠂ ᠲᠣᠭᠲᠠᠭᠤᠨ ᠪᠠᠢ᠌ᠯᠭ᠋ᠠᠬᠤ ᠵᠢᠨ ᠴᠢᠬᠤᠯᠠ ᠵᠦᠢᠯ ᠪᠣᠯᠤᠨ᠎ᠠ  ᠃ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ ᠬᠠᠮᠢᠶᠠᠷᠤᠯᠲᠠ ᠵᠢᠨ ᠰᠢᠨ᠎ᠡ ᠵᠢ ᠡᠭᠦᠳᠬᠦ᠂ ᠳᠦᠷᠢᠮ᠎ᠤᠨ ᠰᠢᠨ᠎ᠡ ᠵᠢ ᠡᠭᠦᠳᠬᠦ ᠵᠢ ᠭᠦᠨᠵᠡᠭᠡᠢ ᠰᠦᠪᠡᠭᠴᠢᠯᠡᠵᠦ᠂ ᠰᠢᠨ᠎ᠡ ᠵᠢ ᠡᠭᠦᠳᠬᠦ ᠵᠠᠰᠠᠯᠲᠠ ᠵᠢᠨ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ  ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠨᠡᠢ᠌ᠲᠡᠯᠢᠭ ᠬᠡᠷᠡᠭᠯᠡᠭᠡᠨ᠎ᠤ ᠠᠬᠤᠶ ᠪᠠᠢ᠌ᠳᠠᠯ ᠵᠶ᠋ᠠᠷ ᠭᠠᠷᠳᠠᠬᠤ ᠴᠡᠭ ᠪᠣᠯᠭ᠋ᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ ᠬᠢᠭᠡᠳ ᠬᠡᠷᠡᠭᠯᠡᠭᠡᠨ᠎ᠤ ᠠᠬᠤᠶ ᠪᠠᠢ᠌ᠳᠠᠯ᠎ᠢ ᠥᠨᠳᠥᠷ ᠪᠦᠲᠦᠮᠵᠢᠲᠡᠶ᠎ᠪᠠᠷ ᠬᠠᠷᠢᠯᠴᠠᠨ ᠵᠣᠯᠭ᠋ᠠᠯᠳᠤᠭᠤᠯᠬᠤ ᠵᠢ ᠭᠣᠤᠯᠳᠠᠯᠭ᠎ᠠ᠎ᠲᠠᠢ ᠠᠬᠢᠭᠤᠯᠤᠨ᠎ᠠ  ᠃ 7 ᠳ᠋ᠤᠭ᠋ᠠᠷ ᠰᠠᠷ᠎ᠠ ᠵᠢᠨ 19᠎ᠤ ᠡᠳᠦᠷ ᠬᠤᠷᠠᠯᠳᠤᠭᠤᠯᠤᠭᠰᠠᠨ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠷᠢᠶᠠᠯᠠᠩ ᠮᠠᠯ ᠠᠵᠤ ᠠᠬᠤᠶ ᠣᠶ ᠰᠢᠭᠤᠶ ᠡᠪᠡᠰᠦ ᠪᠡᠯᠴᠢᠭᠡᠷ᠎ᠤᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ᠎ᠳᠤ ᠦᠢᠯᠡᠴᠢᠯᠡᠬᠦ ᠵᠢ ᠵᠣᠯᠭ᠋ᠠᠭᠤᠯᠬᠤ ᠶᠠᠷᠢᠯᠴᠠᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ ᠢᠯᠡᠷᠬᠡᠢ᠌ᠯᠡᠬᠦ᠎ᠳᠡᠭᠡᠨ᠂ ᠨᠢᠭᠡ᠎ᠳᠤ ᠴᠡᠭ ᠳᠡᠭᠡᠷ᠎ᠡ ᠰᠢᠪᠲᠤᠯᠤᠯᠲᠠ ᠭᠠᠷᠭ᠋ᠠᠬᠤ ᠵᠢ ᠪᠡᠶᠡᠯᠡᠭᠦᠯᠬᠦ ᠬᠡᠷᠡᠭᠲᠡᠶ  ᠃ ᠨᠡᠢ᠌ᠲᠡᠯᠢᠭ ᠬᠡᠷᠡᠭᠯᠡᠭᠡᠨ᠎ᠤ ᠦᠵᠡᠭᠳᠡᠯ᠎ᠳᠤ ᠴᠢᠭᠯᠡᠭᠦᠯᠦᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠦᠢ᠍ᠯᠡᠰ᠎ᠢ ᠵᠣᠬᠢᠶᠠᠨ ᠪᠠᠢ᠌ᠭᠤᠯᠤᠨ ᠪᠠᠢ᠌ᠷᠢᠰᠢᠭᠤᠯᠵᠤ᠂ ᠵᠣᠬᠢᠴᠠᠬᠤ ᠴᠢᠨᠠᠷᠲᠠᠢ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠪᠠ ᠦᠷ᠎ᠡ ᠪᠦᠲᠦᠭᠡᠯ᠎ᠢ ᠬᠤᠪᠢᠷᠠᠭᠤᠯᠬᠤ ᠠᠵᠢᠯ᠎ᠢ ᠥᠷᠨᠢᠭᠦᠯᠦᠨ᠂ ᠴᠡᠭ ᠵᠶ᠋ᠡᠷ ᠰᠢᠪᠲᠤᠯᠤᠯᠲᠠ ᠭᠠᠷᠭ᠋ᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠡᠢ᠌ᠮᠦᠷᠬᠦ ᠬᠡᠷᠡᠭᠯᠡᠭᠡᠨ᠎ᠤ ᠦᠵᠡᠭᠳᠡᠯ᠎ᠳᠤ ᠥᠷᠭᠡᠳᠬᠡᠨ ᠳᠡᠯᠭᠡᠷᠡᠭᠦᠯᠬᠦ ᠵᠢ ᠲᠠᠢ᠍ᠢ᠍ᠴᠢᠯᠠᠨ᠎ᠠ  ᠃ ᠬᠣᠶᠠᠷ᠎ᠲᠤ ᠬᠡᠯᠬᠢᠶᠡᠨ ᠳᠡᠭᠡᠷ᠎ᠡ ᠬᠦᠴᠦᠯᠡᠬᠦ ᠵᠢ ᠪᠡᠶᠡᠯᠡᠭᠦᠯᠬᠦ ᠬᠡᠷᠡᠭᠲᠡᠢ  ᠃ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠵᠢ ᠡᠭᠦᠳᠬᠦ ᠬᠡᠷᠡᠭᠴᠡᠭᠡ ᠵᠢᠨ ᠲᠣᠭᠣᠷᠢᠨ᠎ᠳᠤ᠂ ᠠᠵᠤ ᠦᠢ᠍ᠯᠡᠰ᠎ᠤᠨ ᠬᠡᠯᠬᠢᠶ᠎ᠡ᠎ᠪᠠᠷ ᠬᠡᠷᠡᠭᠯᠡᠭᠡᠨ᠎ᠤ ᠲᠠᠯᠠᠪᠤᠷ ᠪᠣᠯᠭ᠋ᠠᠵᠤ᠂ ᠰᠢᠨ᠎ᠡ ᠵᠢ ᠡᠭᠦᠳᠬᠦ ᠬᠡᠯᠬᠢᠶ᠎ᠡ ᠵᠢ ᠪᠦᠬᠦ ᠬᠡᠯᠬᠢᠶ᠎ᠡ᠎ᠪᠠᠷ ᠪᠠᠢ᠌ᠷᠢᠰᠢᠭᠤᠯᠵᠤ᠂ ᠬᠡᠷᠡᠭᠯᠡᠭᠡᠨ᠎ᠤ ᠰᠤᠳᠤᠯᠭ᠋ᠠᠨ᠂ ᠮᠡᠷᠭᠡᠵᠢᠯ᠎ᠤᠨ ᠪᠣᠭᠣᠮᠲᠠ ᠰᠢᠪᠲᠤᠯᠬᠤ᠂ ᠦᠷ᠎ᠡ ᠪᠦᠲᠦᠭᠡᠯ᠎ᠢ ᠤᠯᠠᠷᠢᠭᠤᠯᠬᠤ ᠵᠢ ᠰᠢᠰᠲ᠋ᠧᠮ᠎ᠲᠠᠢ ᠠᠬᠢᠭᠤᠯᠵᠤ᠂ ᠲᠥᠷᠥᠯ ᠵᠦᠢ᠍ᠯ᠂ ᠲᠠᠪᠴᠠᠩ᠂ ᠴᠢᠳᠠᠪᠤᠷᠢᠲᠠᠨ ᠵᠡᠷᠭᠡ ᠰᠢᠨ᠎ᠡ ᠵᠢ ᠡᠭᠦᠳᠬᠦ ᠬᠦᠴᠦᠨ ᠵᠦᠢ᠍ᠯ᠎ᠢ ᠨᠢᠭᠡᠳᠦᠯᠲᠡᠶ ᠲᠥᠯᠥᠪᠵᠢᠭᠦᠯᠦᠨ ᠪᠠᠢ᠌ᠷᠢᠰᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢ᠍ᠯᠡᠰ᠎ᠤᠨ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠦᠨ᠎ᠡ  ᠃ ᠭᠤᠷᠪᠠ᠎ᠳᠤ ᠨᠡᠢ᠌ᠳᠡᠮ᠎ᠤᠨ ᠪᠠᠢ᠌ᠷᠢᠯᠠᠭᠤᠯᠤᠯᠲᠠ ᠵᠢ ᠪᠡᠶᠡᠯᠡᠭᠦᠯᠬᠦ ᠬᠡᠷᠡᠭᠲᠡᠢ  ᠃ ᠰᠢᠶᠠᠨ᠎ᠤ ᠬᠡᠪᠴᠢᠶ᠎ᠡ ᠵᠢ ᠪᠥᠬᠥ ᠣᠷᠣᠨ ᠪᠦᠰᠡ᠎ᠪᠠᠷ᠎ᠨᠢ ᠬᠡᠷᠡᠭᠯᠡᠭᠡᠨ᠎ᠤ ᠲᠠᠯᠠᠪᠤᠷ ᠪᠣᠯᠭ᠋ᠠᠵᠤ᠂ ᠰᠢᠨ᠎ᠡ ᠵᠢ ᠡᠭᠦᠳᠬᠦ ᠬᠡᠯᠪᠡᠷᠢ ᠵᠢᠨ ᠰᠢᠶᠠᠨ (ᠬᠣᠲᠠ)᠎ᠤ ᠪᠥᠲᠥᠭᠡᠨ ᠪᠠᠢ᠌ᠭᠤᠯᠤᠯᠲᠠ᠂ ᠮᠠᠯᠵᠢᠬᠤ ᠣᠷᠣᠨ᠎ᠤ ᠣᠳᠣᠬᠢᠴᠢᠯᠠᠯᠲᠠ ᠵᠢᠨ ᠲᠤᠷᠰᠢᠯᠲᠠ᠎ᠲᠠᠢ ᠤᠶᠠᠯᠳᠤᠭᠤᠯᠤᠨ᠂ ᠡᠯ᠎ᠡ ᠲᠥᠷᠥᠯ᠎ᠤᠨ ᠰᠢᠨ᠎ᠡ ᠵᠢ ᠡᠭᠦᠳᠬᠦ ᠡᠯᠧᠮᠧᠨ᠋ᠲ᠎ᠢ ᠨᠢᠭᠡ ᠴᠣᠭᠴᠠᠵᠢᠭᠤᠯᠤᠨ ᠪᠠᠢ᠌ᠷᠢᠰᠢᠭᠤᠯᠵᠤ᠂ ᠮᠥᠩᠭᠥᠨ ᠭᠦᠢᠯᠭᠡᠭᠡ᠎ᠪᠠᠷ ᠳᠡᠮᠵᠢᠨ᠂ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠵᠢᠨ ᠦᠢᠯᠡᠳᠦᠯ᠎ᠢ ᠪᠠᠳᠠᠷᠠᠭᠤᠯᠵᠤ᠂ ᠴᠡᠭ᠂ ᠬᠡᠯᠬᠢᠶ᠎ᠡ᠂ ᠪᠥᠬᠥ ᠲᠠᠯ᠎ᠠ᠎ᠪᠠᠷ ᠬᠠᠮᠵᠢᠯᠴᠠᠨ ᠬᠦᠴᠦᠯᠡᠵᠦ᠂ ᠣᠷᠣᠨ ᠨᠤᠲᠤᠭ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠎ᠠ  ᠃


     


     

       

     

         

     

     

     

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠳᠠᠪᠠᠭᠤᠯᠢᠭ ᠣᠨᠴᠠᠯᠢᠭᠲᠤ ᠠᠵᠤ ᠦᠢᠯᠡᠰ᠎ᠤᠨ ᠰᠦᠷᠦᠭᠵᠢᠯ᠎ᠤᠨ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ ᠪᠣᠶ
ᠥᠪᠥᠷ ᠮᠣᠩᠭᠣᠯ ᠳᠠᠪᠠᠭᠤᠯᠢᠭ ᠣᠨᠴᠠᠯᠢᠭᠲᠤ ᠠᠵᠤ ᠦᠢᠯᠡᠰ᠎ᠤᠨ ᠰᠦᠷᠦᠭᠵᠢᠯ᠎ᠤᠨ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ ᠪᠣᠶ
ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ᠎ᠨᠢ ᠬᠥᠮᠦᠨ᠎ᠤ ᠴᠢᠳᠠᠪᠤᠷᠢ ᠵᠢ ᠭᠦᠢ᠍ᠴᠡᠳ ᠪᠠᠳᠠᠷᠠᠭᠤᠯᠤᠨ᠎ᠠ
ᠴᠢᠳᠠᠪᠤᠷᠢᠲᠠᠨ᠎ᠢ ᠪᠥᠬᠥ ᠲᠠᠯ᠎ᠠ᠎ᠪᠠᠷ ᠬᠥᠮᠦᠵᠢᠭᠦᠯᠵᠦ᠂ ᠣᠷᠣᠭᠤᠯᠤᠨ ᠠᠪᠴᠢᠷᠠᠵᠤ᠂ ᠰᠠᠢ᠌ᠲᠤᠷ ᠬᠡᠷᠡᠭᠯᠡᠵᠦ ᠪᠠᠢ᠌ᠭ᠋ᠠᠳ ᠳᠡᠯᠡᠬᠡᠶ ᠵᠢᠨ ᠴᠢᠬᠤᠯᠠ ᠴᠢᠳᠠᠪᠤᠷᠢᠲᠠᠨ᠎ᠤ ᠲᠥᠪ ᠪᠠ ᠰᠢᠨ᠎ᠡ ᠵᠢ ᠡᠭᠦᠳᠬᠦ ᠥᠨᠳᠥᠷᠯᠢᠭ ᠭᠠᠵᠠᠷ᠎ᠢ ᠲᠦᠷᠭᠡᠪᠴᠢᠯᠡᠨ ᠪᠠᠢ᠌ᠭᠤᠯᠤᠨ᠎ᠠ (ᠲᠤᠰᠬᠠᠶ ᠰᠡᠳᠦᠪᠲᠦ ᠭᠦᠨ ᠪᠣᠳᠣᠯᠬᠢᠯᠠᠯ)
ᠸᠠᠩ ᡁᠢ ᠭᠠᠩ᠄ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠵᠤ᠂ ᠴᠢᠨᠠᠷ ᠰᠠᠢ᠌ᠲᠠᠶ ᠬᠥᠭᠵᠢᠯᠲᠡ ᠵᠢ ᠲᠤᠯᠭ᠋ᠠᠭᠤᠷᠢᠯᠠᠬᠤ ᠬᠡᠷᠡᠭᠲᠡᠶ
 
            