ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦ ᠵᠢᠨ ᠪᠤᠳᠤᠯᠭ᠎ᠠ ᠵᠢ ᠯᠠᠪᠳᠠᠭᠤᠨ ᠪᠠᠲᠤᠲᠠᠢ ᠨᠠᠶ᠋ᠢᠳᠠᠪᠤᠷᠢᠵᠢᠭᠤᠯᠬᠤ ᠵᠢ ᠠᠬᠢᠭᠤᠯᠬᠤ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ ᠵᠶ᠋ᠠᠷ ᠭᠣᠣᠯ ᠪᠣᠯᠭ᠋ᠠᠬᠤ ᠬᠡᠷᠡᠭᠲᠡᠢ; ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ ᠴᠤ᠌ ᠲᠡᠷᠡ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠴᠤ᠌ ᠲᠡᠷᠡ᠂ ᠴᠥᠮ ᠰᠢᠨ᠎ᠡ ᠵᠢ ᠡᠭᠦᠳᠬᠦ ᠭᠣᠣᠯ ᠴᠣᠭᠴᠠ ᠪᠤᠯᠵᠤ ᠪᠣᠯᠤᠨ᠎ᠠ; ᠳᠤᠮᠳᠠᠳᠤ ᠤᠯᠤᠰ ᠬᠢᠵᠢᠭ᠎ᠤᠨ ᠪᠠᠶ᠋ᠢᠳᠠᠯ᠎ᠢ ᠠᠮᠵᠢᠯᠲᠠ᠎ᠲᠠᠢ᠎ᠪᠠᠷ ᠬᠢᠵᠠᠭ᠋ᠠᠷᠯᠠᠵᠤ ᠴᠢᠳᠠᠭᠰᠠᠨ᠎ᠤ ᠴᠢᠬᠤᠯᠠ ᠨᠢᠭᠡ ᠡᠯᠧᠮᠧᠨ᠋ᠲ ᠪᠣᠯ ᠰᠢᠨᠵᠢᠯᠡᠬᠦ ᠤᠬᠠᠭ᠋ᠠᠨ ᠮᠡᠷᠭᠡᠵᠢᠯ ᠪᠣᠯᠤᠨ᠎ᠠ ᠁
8᠎ᠤ ᠡᠳᠦᠷ ᠶᠠᠪᠤᠭᠳᠠᠭᠰᠠᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭ᠋ᠠᠷ ᠬᠤᠷᠠᠯᠳᠤᠭ᠋ᠠᠨ᠎ᠤ ᠬᠣᠶᠠᠳᠤᠭ᠋ᠠᠷ ᠲᠠᠯᠠᠪᠤᠷ᠎ᠤᠨ 《ᠰᠠᠶ᠋ᠢᠳ ᠨᠠᠷ᠎ᠤᠨ ᠵᠠᠮ》 ᠳᠡᠭᠡᠷ᠎ᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠰᠠᠶ᠋ᠢᠳ ᠸᠠᠩ ᡁᠢ ᠭᠠᠩ ᠣᠳᠣᠬᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠠᠯᠠᠮᠰᠢᠯ ᠠᠰᠠᠭᠤᠳᠠᠯ᠎ᠤᠨ ᠲᠤᠬᠠᠶ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠠᠩᠬᠠᠷᠤᠯ᠎ᠳᠤ ᠬᠠᠷᠢᠭᠤ ᠥᠭᠪᠡ ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠯᠠᠪᠳᠠᠭᠤᠨ ᠪᠠᠲᠤᠲᠠᠶ ᠨᠠᠶ᠋ᠢᠳᠠᠪᠤᠷᠢᠵᠢᠭᠤᠯᠬᠤ ᠲᠤᠬᠠᠶ ᠶᠠᠷᠢᠬᠤ᠎ᠳᠠᠭᠠᠨ᠄ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠪᠣᠯ ᠭᠣᠸᠯᠳᠠᠭᠤ ᠬᠥᠮᠦᠨ᠎ᠤ ᠠᠵᠢᠯᠯᠠᠭ᠎ᠠ ᠮᠥᠨ》
ᠥᠩᠭᠡᠷᠡᠭᠰᠡᠨ ᠨᠢᠭᠡ ᠵᠢᠯ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠨᠢ ᠤᠯᠤᠰ᠎ᠤᠨ ᠥᠭᠡᠷᠡᠴᠢᠯᠡᠯᠲᠡ ᠨᠡᠬᠡᠬᠡᠯᠳᠡ ᠪᠣᠯᠤᠨ ᠣᠳᠣᠬᠢᠴᠢᠯᠠᠯᠲᠠ ᠵᠢᠨ ᠪᠦᠳᠦᠬᠡᠨ ᠪᠠᠶ᠋ᠢᠭᠤᠯᠤᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠵᠡᠢ᠃
ᠸᠠᠩ ᡁᠢ ᠭᠠᠩ ᠢᠯᠡᠷᠬᠡᠶ᠋ᠢᠯᠡᠬᠦ᠎ᠳᠡᠭᠡᠨ᠂ 2021 ᠣᠨ᠎ᠳᠤ᠂ ᠪᠥᠬᠥ ᠨᠡᠶ᠋ᠢᠭᠡᠮ᠎ᠤᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ 2.79 ᠲᠦᠮᠡᠨ ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 14.2% ᠨᠡᠮᠡᠭᠳᠡᠨ᠂ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠵᠢᠨ ᠡᠷᠴᠢᠮ 2.44% ᠬᠦᠷᠴᠡᠶ ᠃ ᠦᠢ᠍ᠯᠡᠳᠪᠦᠷᠢᠯᠡᠯ᠎ᠤᠨ ᠭᠠᠷᠭ᠋ᠠᠯᠲᠠ ᠵᠢᠨ ᠲᠠᠯ᠎ᠠ᠎ᠪᠠᠷ᠂ ᠨᠢᠭᠡ ᠪᠦᠯᠦᠭ ᠳᠡᠭᠡᠳᠦ ᠰᠢᠨ᠎ᠡ ᠮᠡᠷᠭᠡᠵᠢᠯ᠎ᠤᠨ ᠦᠷ᠎ᠡ ᠪᠦᠲᠦᠭᠡᠯ᠎ᠤᠨ ᠴᠣᠯᠭᠣᠷᠠᠨ ᠭᠠᠷᠬᠤ ᠵᠢ ᠠᠬᠢᠭᠤᠯᠬᠤ ᠵᠢᠨ ᠵᠡᠷᠭᠡᠴᠡᠭᠡᠪᠡᠷ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠲᠣᠭ᠎ᠠ 37 ᠲᠦᠮᠡᠨ ᠳ᠋ᠦᠩᠰᠢᠭᠤᠷ ᠲᠥᠭᠥᠷᠢᠭ᠎ᠢ ᠳᠠᠪᠠᠪᠠ᠃
《ᠲᠥᠷᠥ ᠵᠢᠨ ᠪᠣᠳᠣᠯᠭ᠎ᠠ ᠪᠣᠯ ᠤᠳᠤᠷᠢᠳᠤᠮᠵᠢ ᠮᠥᠨ᠂ ᠲᠥᠷᠥ ᠵᠢᠨ ᠪᠣᠳᠣᠯᠭ᠎ᠠ ᠪᠣᠯ ᠬᠥᠳᠡᠯᠭᠡᠬᠦ ᠬᠦᠴᠦᠨ ᠮᠥᠨ᠂ ᠲᠥᠷᠥ ᠵᠢᠨ ᠪᠣᠳᠣᠯᠭ᠎ᠠ ᠪᠣᠯ ᠪᠠᠰᠠ ᠴᠤ᠌ ᠪᠠᠲᠤᠯᠠᠭ᠎ᠠ ᠮᠥᠨ》 ᠃ ᠸᠠᠩ ᡁᠢ ᠭᠠᠩ ᠵᠢᠭ᠋ᠠᠵᠤ ᠭᠠᠷᠭ᠋ᠠᠭᠰᠠᠨ᠎ᠨᠢ᠂ ᠪᠢᠳᠡ ᠡᠨᠡ ᠵᠢᠯ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠤᠨ ᠲᠤᠬᠠᠶ ᠠᠯᠢ ᠣᠯᠠᠨ ᠴᠢᠬᠤᠯᠠ ᠡᠭᠦᠷᠭᠡ ᠵᠢ ᠰᠠᠶ᠋ᠢᠲᠤᠷ ᠪᠡᠶᠡᠯᠡᠭᠦᠯᠬᠦ᠎ᠳᠤ ᠡᠷᠬᠡᠪᠰᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠯᠠᠪᠳᠠᠭᠤᠨ ᠪᠠᠲᠤᠲᠠᠶ ᠨᠠᠶ᠋ᠢᠳᠠᠪᠤᠷᠢᠵᠢᠭᠤᠯᠬᠤ ᠡᠨᠡ ᠬᠦ᠌ ᠠᠵᠢᠯ᠎ᠢ ᠠᠳᠬᠤᠵᠤ᠂ ᠪᠣᠳᠠᠲᠠᠶ᠎ᠪᠠᠷ ᠨᠠᠶ᠋ᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ ᠃
ᠸᠠᠩ ᡁᠢ ᠭᠠᠩ ᠲᠠᠨᠢᠯᠴᠠᠭᠤᠯᠬᠤ᠎ᠳᠠᠭᠠᠨ᠂ ᠯᠠᠪᠳᠠᠭᠤᠨ ᠪᠠᠲᠤᠲᠠᠶ ᠨᠠᠶ᠋ᠢᠳᠠᠪᠤᠷᠢᠵᠢᠭᠤᠯᠬᠤ᠎ᠳᠤ ᠬᠡᠳᠦᠨ ᠲᠠᠯ᠎ᠠ ᠠᠴᠠ ᠬᠢᠬᠦ ᠬᠡᠷᠡᠭᠲᠡᠶ᠂ ᠨᠢᠭᠡ᠎ᠳᠤ ᠶᠡᠷᠦᠩᠬᠡᠶ᠋ᠢᠯᠡᠨ ᠬᠤᠷᠠᠭᠤᠯᠬᠤ᠂ ᠰᠢᠰᠲ᠋ᠧᠮ᠎ᠲᠠᠢ ᠪᠠᠶ᠋ᠢᠷᠢᠯᠠᠭᠤᠯᠬᠤ ᠠᠴᠠ ᠯᠠᠪᠳᠠᠭᠤᠨ ᠪᠠᠲᠤᠲᠠᠶ ᠨᠠᠶ᠋ᠢᠳᠠᠪᠤᠷᠢᠵᠢᠭᠤᠯᠬᠤ ᠬᠡᠷᠡᠭᠲᠡᠶ᠂ ᠬᠣᠶᠠᠷ᠎ᠲᠤ ᠭᠣᠸᠯᠳᠠᠯᠭ᠎ᠠ ᠵᠢ ᠠᠳᠬᠤᠬᠤ᠎ᠪᠠᠷ ᠳᠠᠮᠵᠢᠭᠤᠯᠤᠨ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠬᠡᠷᠡᠭᠲᠡᠶ᠂ ᠭᠤᠷᠪᠠ᠎ᠳᠤ ᠡᠯ᠎ᠡ ᠲᠠᠯ᠎ᠠ ᠵᠢᠨ᠎ᠬᠢᠨ ᠨᠡᠶ᠋ᠢᠯᠡᠮᠡᠯ ᠬᠦᠴᠦᠨ ᠢ ᠪᠦᠷᠢᠯᠳᠦᠭᠦᠯᠵᠦ ᠪᠠᠶ᠋ᠢᠭ᠋ᠠᠳ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠬᠡᠷᠡᠭᠲᠡᠶ ᠃
《ᠰᠠᠭᠤᠷᠢ ᠰᠤᠳᠤᠯᠭ᠋ᠠᠨ᠂ ᠬᠣᠰᠢᠭᠤᠷᠠᠯ ᠰᠥᠪᠡᠭᠴᠢᠯᠡᠯᠲᠡ ᠪᠣᠯ ᠰᠢᠨᠵᠢᠯᠡᠬᠦ ᠤᠬᠠᠭ᠋ᠠᠨ᠎ᠤ ᠲᠠᠨᠢᠨ ᠮᠡᠳᠡᠬᠦᠶ ᠵᠢᠨ ᠬᠢᠯᠢ ᠬᠢᠵᠠᠭ᠋ᠠᠷ᠎ᠢ ᠥᠷᠭᠡᠳᠬᠡᠵᠦ᠂ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠡᠬᠢ ᠰᠤᠷᠪᠤᠯᠵᠢ ᠬᠠᠩᠭ᠋ᠠᠵᠤ᠂ ᠰᠠᠭᠤᠷᠢ ᠴᠢᠨᠠᠷ᠂ ᠬᠣᠰᠢᠭᠤᠷᠠᠯ ᠴᠢᠨᠠᠷ᠂ ᠵᠠᠩᠭᠢᠯᠠᠭ᠎ᠠ ᠵᠢᠨ ᠴᠢᠨᠠᠷ᠎ᠤᠨ ᠯᠣᠭᠢᠭ᠎ᠤᠨ ᠡᠬᠢᠯᠡᠯᠲᠡ ᠵᠢᠨ ᠴᠡᠭ ᠮᠥᠨ᠂ ᠡᠨᠡ ᠲᠠᠯ᠎ᠠ᠎ᠪᠠᠷ ᠪᠢᠳᠡ ᠰᠠᠭᠤᠷᠢ ᠰᠤᠳᠤᠯᠭ᠋ᠠᠨ᠎ᠢ ᠲᠤᠶ᠋ᠢᠯ᠎ᠤᠨ ᠴᠢᠬᠤᠯᠠ ᠪᠠᠶ᠋ᠢᠷᠢᠨ᠎ᠳᠤ ᠲᠠᠯᠪᠢᠭᠰᠠᠨ ᠶᠤᠮ》 ᠭᠡᠵᠦ ᠸᠠᠩ ᡁᠢ ᠭᠠᠩ ᠬᠡᠯᠡᠪᠡ᠃
《ᠲᠥᠷᠥ ᠵᠢᠨ ᠪᠣᠳᠣᠯᠭ᠎ᠠ᠂ ᠬᠠᠤᠯᠢ ᠴᠠᠭ᠋ᠠᠵᠠ ᠵᠢᠨ ᠲᠠᠯ᠎ᠠ᠎ᠪᠠᠷ ᠪᠢᠳᠡ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ ᠵᠶ᠋ᠠᠷ ᠭᠣᠣᠯᠳᠠᠯᠭ᠎ᠠ ᠪᠣᠯᠭ᠋ᠠᠨ᠂ ᠬᠥᠮᠦᠨ᠎ᠤ ᠢᠳᠡᠪᠬᠢᠵᠢᠯ᠂ ᠪᠦᠲᠦᠭᠡᠯᠴᠢ ᠴᠢᠨᠠᠷ ᠢ ᠳᠠᠶ᠋ᠢᠴᠢᠯᠠᠬᠤ ᠵᠡᠷᠭᠡ ᠭᠣᠣᠯᠳᠠᠯᠭ᠎ᠠ ᠵᠢᠨ ᠲᠣᠭᠣᠷᠢᠨ᠎ᠳᠤ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ ᠬᠡᠷᠡᠭᠲᠡᠶ》 ᠃ ᠸᠠᠩ ᡁᠢ ᠭᠠᠩ ᠢᠯᠡᠷᠬᠡᠶ᠋ᠢᠯᠡᠬᠦ᠎ᠳᠡᠭᠡᠨ᠂ ᠴᠢᠳᠠᠪᠤᠷᠢᠲᠠᠨ ᠭᠡᠬᠦ ᠡᠨᠡ ᠬᠦ᠌ ᠵᠠᠩᠭᠢᠯᠠᠭ᠎ᠠ ᠵᠢ ᠠᠳᠬᠤᠵᠤ ᠪᠠᠶ᠋ᠢᠭ᠋ᠠᠳ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠬᠡᠷᠡᠭᠲᠡᠶ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠯᠠᠭ᠎ᠠ ᠪᠣᠯ ᠭᠣᠣᠯᠳᠠᠭᠤ ᠬᠥᠮᠦᠨ᠎ᠤ ᠠᠵᠢᠯᠯᠠᠭ᠎ᠠ ᠮᠥᠨ ᠪᠣᠯᠬᠣᠷ ᠳᠡᠭᠡᠳᠦ ᠲᠧᠭᠨᠢᠭ ᠮᠡᠷᠭᠡᠵᠢᠯ᠎ᠢ ᠡᠵᠡᠮᠰᠢᠭᠰᠡᠨ᠂ ᠳᠡᠭᠡᠳᠦ ᠬᠢᠷᠢ ᠬᠡᠮᠵᠢᠶ᠎ᠡ᠎ᠲᠠᠢ ᠨᠢᠭᠡ ᠪᠦᠯᠦᠭ ᠴᠢᠳᠠᠪᠤᠷᠢᠲᠠᠨ᠎ᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠣᠷᠣᠯᠴᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠬᠠᠶ᠋ᠢᠷᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠶᠡᠬᠡ ᠦᠢ᠍ᠯᠡᠰ᠎ᠢ ᠪᠦᠲᠦᠭᠡᠬᠦ ᠴᠢᠬᠤᠯᠠᠲᠠᠢ ᠶᠤᠮ᠃
ᠵᠠᠯᠠᠭᠤᠴᠤᠳ ᠪᠣᠯ ᠪᠦᠬᠦᠶ᠋ᠢᠯᠡ ᠤᠯᠤᠰ ᠣᠷᠣᠨ᠎ᠤ ᠢᠷᠡᠭᠡᠳᠦᠶ ᠮᠥᠨ᠂ ᠪᠠᠰᠠ ᠴᠤ᠌ ᠰᠢᠨᠵᠢᠯᠡᠬᠦ ᠤᠬᠠᠭ᠋ᠠᠨ ᠮᠡᠷᠭᠡᠵᠢᠯ᠎ᠤᠨ ᠢᠷᠡᠭᠡᠳᠦᠶ ᠮᠥᠨ᠃ ᠸᠠᠩ ᡁᠢ ᠭᠠᠩ ᠲᠠᠨᠢᠯᠴᠠᠭᠤᠯᠬᠤ᠎ᠳᠠᠭᠠᠨ᠂ ᠵᠠᠯᠠᠭᠤᠴᠤᠳ᠎ᠲᠤ ᠨᠠᠩ ᠣᠯᠠᠨ ᠠᠵᠠ ᠲᠣᠬᠢᠶᠠᠯ ᠣᠯᠭᠣᠵᠤ᠂ ᠪᠢᠳᠡ ᠵᠠᠯᠠᠭᠤ ᠰᠢᠨᠵᠢᠯᠡᠬᠦ ᠤᠬᠠᠭ᠋ᠠᠨᠲᠠᠳ᠎ᠤᠨ ᠲᠤᠰᠬᠠᠶ ᠲᠥᠷᠥᠯ ᠵᠦᠶᠯ᠎ᠢ ᠨᠡᠭᠡᠭᠡᠵᠦ᠂ ᠲᠡᠳᠡᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ ᠳᠡᠭᠡᠷ᠎ᠡ ᠡᠷᠳᠡᠮ ᠴᠢᠳᠠᠪᠤᠷᠢ᠎ᠪᠠᠨ ᠭᠠᠷᠭ᠋ᠠᠬᠤ ᠲᠣᠬᠢᠶᠠᠯ ᠣᠯᠭᠣᠵᠤ᠂ ᠤᠯᠤᠰ ᠣᠷᠣᠨ᠎ᠤ ᠠᠵᠢᠯ ᠦᠶᠯᠡᠰ ᠪᠠ ᠬᠤᠪᠢ ᠬᠥᠮᠦᠨ᠎ᠤ ᠦᠰᠦᠨ ᠪᠣᠶ᠋ᠢᠵᠢᠯᠲᠠ ᠵᠢᠨ ᠬᠠᠮᠲᠤ ᠵᠢᠨ ᠳᠠᠪᠰᠢᠯᠲᠠ ᠵᠢ ᠳᠥᠯᠭᠢᠨ ᠠᠬᠢᠭᠤᠯᠬᠤ ᠲᠣᠬᠢᠶᠠᠯ ᠣᠯᠭᠣᠵᠠᠶ ᠭᠡᠵᠡᠶ ᠃
《ᠨᠠᠶ᠋ᠢᠳᠠᠪᠤᠷᠢᠵᠢᠭᠤᠯᠤᠯᠲᠠ ᠵᠢᠨ ᠡᠴᠦᠰ᠎ᠤᠨ ᠰᠢᠯᠭ᠋ᠠᠨ ᠪᠠᠶ᠋ᠢᠴᠠᠭ᠋ᠠᠯᠲᠠ ᠵᠢ ᠠᠳᠬᠤᠭᠰᠠᠨᠤ ᠦᠷ᠎ᠡ ᠳ᠋ᠦᠩ ᠪᠣᠯ ᠳᠠᠷᠤᠶ ᠨᠠᠶ᠋ᠢᠳᠠᠪᠤᠷᠢᠵᠢᠭᠤᠯᠤᠯᠲᠠ ᠵᠢ ᠠᠳᠬᠤᠬᠤ᠎ᠪᠠᠷ ᠳᠠᠮᠵᠢᠭᠤᠯᠤᠨ ᠨᠡᠩ ᠣᠯᠠᠨ ᠨᠡᠩ ᠰᠠᠶ᠋ᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ ᠴᠣᠯᠭᠣᠷᠠᠨ ᠭᠠᠷᠴᠤ᠂ ᠥᠷᠭᠡᠨ ᠣᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠳ᠎ᠲᠤ ᠨᠡᠩ ᠶᠡᠬᠡ ᠬᠠᠨᠤᠮᠵᠢᠲᠠᠶ ᠪᠥᠭᠡᠳ ᠨᠡᠩ ᠶᠡᠬᠡ ᠠᠰᠢᠭ ᠲᠤᠰᠠ ᠣᠯᠭᠣᠬᠤ ᠶᠠᠪᠤᠳᠠᠯ ᠪᠣᠯᠤᠨ᠎ᠠ ᠭᠡᠵᠦ ᠸᠠᠩ ᡁᠢ ᠭᠠᠩ ᠬᠡᠯᠡᠪᠡ᠃
ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠲᠤᠬᠠᠶ ᠶᠠᠷᠢᠬᠤ᠎ᠳᠠᠭᠠᠨ᠄ 《ᠰᠢᠨ᠎ᠡ ᠵᠢ
ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠵᠠᠮ ᠵᠶ᠋ᠠᠷ ᠵᠠᠮᠨᠠᠪᠠᠯ᠂ ᠵᠠᠬ᠎ᠠ ᠳᠡᠯᠭᠡᠭᠦᠷ᠎ᠤᠨ ᠭᠣᠣᠯ ᠴᠣᠭᠴᠠ ᠪᠣᠯᠬᠤ ᠠᠵᠤ ᠠᠬᠤᠶ᠋ᠢᠯᠠᠯ ᠵᠠᠶ᠋ᠢᠯᠠᠰᠢ ᠦᠭᠡᠢ ᠰᠢᠨ᠎ᠡ ᠵᠢ ᠡᠭᠦᠳᠬᠦ ᠭᠣᠣᠯ ᠴᠣᠭᠴᠠ ᠪᠣᠯᠬᠤ ᠶᠤᠮ᠃ ᠸᠠᠩ ᡁᠢ ᠭᠠᠩ ᠲᠠᠨᠢᠯᠴᠠᠭᠤᠯᠬᠤ᠎ᠳᠠᠭᠠᠨ᠂ ᠤᠯᠤᠰ᠎ᠤᠨ ᠭᠣᠸᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ 79% ᠵᠢ ᠪᠣᠯ ᠠᠵᠤ ᠠᠬᠤᠶ᠋ᠢᠯᠠᠯ ᠲᠦᠷᠦᠭᠦᠯᠡᠨ ᠬᠢᠭᠰᠡᠨ ᠪᠤᠶᠤ ᠠᠵᠤ ᠠᠬᠤᠶ᠋ᠢᠯᠠᠯ ᠣᠷᠣᠯᠴᠠᠭᠰᠠᠨ ᠶᠤᠮ ᠃ ᠳᠡᠭᠡᠳᠦ ᠬᠤᠷᠳᠤᠴᠠᠲᠤ ᠲᠡᠮᠦᠷ ᠵᠠᠮ᠂ 5G᠂ ᠴᠥᠮ᠎ᠡ ᠵᠢᠨ ᠴᠠᠬᠢᠯᠭ᠋ᠠᠨ᠂ ᠰᠢᠨ᠎ᠡ ᠡᠨᠧᠷᠭᠢ ᠵᠢᠨ ᠮᠠᠰᠢᠨ ᠲᠡᠷᠭᠡ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠬᠢᠵᠢᠭ᠎ᠢ ᠡᠰᠡᠷᠭᠦᠴᠡᠬᠦ ᠵᠡᠷᠭᠡ ᠲᠠᠯ᠎ᠠ᠎ᠪᠠᠷ᠎ᠬᠢ ᠣᠯᠠᠩᠬᠢ᠎ᠨᠢ ᠴᠥᠮ ᠠᠵᠤ ᠠᠬᠤᠶ᠋ᠢᠯᠠᠯ᠎ᠤᠨ᠎ᠬᠢᠨ ᠲᠣᠯᠣᠭ᠋ᠠᠶ᠋ᠢᠯᠠᠬᠤ ᠪᠤᠶᠤ ᠭᠣᠸᠯ ᠬᠦᠴᠦᠨ᠎ᠤ ᠦᠶᠯᠡᠳᠦᠯ ᠵᠶ᠋ᠡᠨ ᠪᠠᠳᠠᠷᠠᠭᠤᠯᠵᠤ ᠪᠠᠶ᠋ᠢᠭ᠎ᠠ ᠶᠤᠮ ᠃
《ᠰᠢᠨ᠎ᠡ ᠵᠢ ᠡᠭᠦᠳᠬᠦ᠎ᠳᠤ ᠪᠡᠶ᠎ᠡ ᠵᠢᠨ ᠭᠠᠷᠤᠯ᠎ᠢ ᠬᠠᠶ᠋ᠢᠬᠤᠷᠬᠤ ᠦᠭᠡᠢ᠂ ᠲᠤᠮᠤ ᠠᠵᠤ ᠠᠬᠤᠶ᠋ᠢᠯᠠᠯ᠂ ᠳᠤᠮᠳᠠ ᠬᠡᠯᠪᠡᠷᠢ ᠵᠢᠨ ᠠᠵᠤ ᠠᠬᠤᠶ᠋ᠢᠯᠠᠯ ᠴᠤ᠌ ᠲᠡᠷᠡ᠂ ᠵᠢᠵᠢᠭ ᠠᠵᠤ ᠠᠬᠤᠶ᠋ᠢᠯᠠᠯ ᠴᠤ᠌ ᠲᠡᠷᠡ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ ᠴᠤ᠌ ᠲᠡᠷᠡ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ ᠴᠤ᠌ ᠲᠡᠷᠡ᠂ ᠴᠥᠮ ᠰᠢᠨ᠎ᠡ ᠵᠢ ᠡᠭᠦᠳᠬᠦ ᠭᠣᠣᠯ ᠴᠣᠭᠴᠠ ᠪᠤᠯᠵᠤ ᠪᠣᠯᠤᠨ᠎ᠠ᠂ ᠥᠪᠡᠷ ᠵᠶ᠋ᠡᠨ ᠡᠶ᠋ᠢᠮᠦ ᠴᠢᠳᠠᠪᠤᠷᠢ᠎ᠲᠠᠢ ᠯᠠ ᠶᠤᠮ ᠪᠣᠯ ᠤᠯᠤᠰ᠎ᠤᠨ ᠳᠠᠪᠬᠤᠷᠭ᠎ᠠ᠎ᠠᠴᠠ ᠠᠵᠠ ᠲᠣᠬᠢᠶᠠᠯ ᠬᠠᠩᠭ᠋ᠠᠵᠤ ᠴᠢᠳᠠᠨ᠎ᠠ》᠃ ᠭᠡᠵᠦ ᠸᠠᠩ ᡁᠢ ᠭᠠᠩ ᠬᠡᠯᠡᠪᠡ᠃
《ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ᠋ᠢᠯᠠᠯ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ ᠪᠠᠶ᠋ᠢᠨ᠎ᠠ》᠃ ᠸᠠᠩ ᡁᠢ ᠭᠠᠩ ᠢᠯᠡᠷᠬᠡᠶ᠋ᠢᠯᠡᠬᠦ᠎ᠳᠡᠭᠡᠨ᠂ ᠪᠢᠳᠡ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ᠋ᠢᠯᠠᠯ᠂ ᠠᠵᠤ ᠠᠬᠤᠶ᠋ᠢᠯᠠᠯ᠎ᠤᠨ ᠬᠥᠭᠵᠢᠯᠲᠡ ᠵᠢᠨ ᠰᠢᠨ᠎ᠡ ᠵᠢ ᠡᠭᠦᠳᠬᠦ᠎ᠳᠤ ᠨᠠᠩ ᠰᠠᠶ᠋ᠢᠨ ᠠᠮᠢ ᠠᠬᠤᠶ ᠵᠢᠨ ᠣᠷᠴᠢᠨ ᠨᠥᠬᠥᠴᠡᠯ᠎ᠢ ᠬᠠᠮᠲᠤ᠎ᠪᠠᠷ ᠠᠩᠬᠠᠷᠴᠤ᠂ ᠬᠠᠮᠲᠤ᠎ᠪᠠᠷ ᠪᠣᠶ ᠪᠣᠯᠭ᠋ᠠᠵᠤ ᠥᠭᠭᠦᠨ᠎ᠡ ᠭᠡᠵᠡᠶ ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠢᠭ ᠢ ᠡᠰᠡᠷᠭᠦᠴᠡᠬᠦ ᠲᠤᠬᠠᠶ ᠶᠠᠷᠢᠬᠤ᠎ᠳᠠᠭᠠᠨ᠄ 《ᠰᠢᠨᠵᠢᠯᠡᠬᠦ ᠤᠬᠠᠭ᠋ᠠᠨ ᠠᠴᠠ ᠬᠠᠷᠢᠭᠤᠯᠲᠠ ᠠᠪᠴᠤ᠂ ᠠᠷᠭ᠎ᠠ ᠬᠡᠮᠵᠢᠶ᠎ᠡ ᠠᠪᠤᠨ᠎ᠠ》
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ᠎ᠳᠤ ᠰᠢᠨᠵᠢᠯᠡᠬᠦ ᠤᠬᠠᠭ᠋ᠠᠨᠴᠢ᠎ᠪᠠᠷ ᠬᠠᠷᠢᠭᠤᠯᠲᠠ᠂ ᠠᠷᠭ᠎ᠠ ᠬᠡᠮᠵᠢᠶ᠎ᠡ ᠠᠪᠬᠤ ᠬᠡᠷᠡᠭᠲᠡᠶ ᠃
《ᠳᠤᠮᠳᠠᠳᠤ ᠤᠯᠤᠰ ᠬᠢᠵᠢᠭ᠎ᠤᠨ ᠪᠠᠶ᠋ᠢᠳᠠᠯ ᠢ ᠪᠦᠲᠦᠮᠵᠢᠲᠡᠶ᠎ᠪᠠᠷ ᠬᠢᠵᠠᠭ᠋ᠠᠷᠯᠠᠵᠤ ᠴᠢᠳᠠᠭᠰᠠᠨ᠎ᠤ ᠨᠢᠭᠡᠨ ᠴᠢᠬᠤᠯᠠ ᠰᠢᠯᠲᠠᠭ᠋ᠠᠨ ᠪᠣᠯ ᠰᠢᠨᠵᠢᠯᠡᠬᠦ ᠤᠬᠠᠭ᠋ᠠᠨ ᠮᠡᠷᠭᠡᠵᠢᠯ ᠪᠣᠯᠤᠨ᠎ᠠ》 ᠃ ᠸᠠᠩ ᡁᠢ ᠭᠠᠩ᠎ᠤᠨ ᠲᠠᠨᠢᠯᠴᠠᠭᠤᠯᠤᠭᠰᠠᠨ ᠵᠶ᠋ᠠᠷ᠂ ᠸᠠᠺᠼᠢᠨ᠎ᠤ ᠲᠠᠯ᠎ᠠ᠎ᠪᠠᠷ᠂ ᠤᠸᠯ᠎ᠨᠢ 3 ᠢᠳᠡᠪᠬᠢ ᠥᠬᠡᠶ ᠸᠠᠺᠼᠢᠨ᠂ 1 ᠪᠤᠯᠴᠢᠷᠬᠠᠶ ᠵᠢᠨ ᠸᠢᠷᠦ᠋ᠰ᠎ᠤᠨ ᠠᠴᠢᠶᠠᠯᠠᠭᠴᠢ ᠸᠠᠺᠼᠢᠨ᠎ᠢ ᠨᠥᠬᠥᠴᠡᠯ᠎ᠲᠠᠢ᠎ᠪᠠᠷ ᠵᠠᠬ᠎ᠠ ᠳᠡᠯᠭᠡᠭᠦᠷ᠎ᠲᠤ ᠭᠠᠷᠭ᠋ᠠᠵᠤ᠂ ᠡᠨᠡ ᠵᠢᠯ ᠪᠠᠰᠠ ᠨᠢᠭᠡ ᠳᠠᠬᠢᠨ ᠪᠠᠶ᠋ᠢᠭᠤᠯᠤᠭᠰᠠᠨ ᠤᠭᠤᠷᠠᠭ᠎ᠤᠨ ᠸᠠᠺᠼᠢᠨ᠎ᠢ ᠨᠥᠬᠥᠴᠡᠯ᠎ᠲᠠᠢ᠎ᠪᠠᠷ ᠵᠠᠬ᠎ᠠ ᠳᠡᠯᠭᠡᠭᠦᠷ᠎ᠲᠤ ᠭᠠᠷᠭ᠋ᠠᠪᠠ ᠃ ᠪᠠᠰᠠ 2 ᠵᠦᠶᠯ᠎ᠤᠨ ᠮᠡᠷᠭᠡᠵᠢᠯ᠎ᠤᠨ ᠱᠤᠭᠤᠮ ᠢᠳᠡᠪᠬᠢᠲᠡᠶ ᠠᠬᠢᠯᠲᠠ᠎ᠲᠠᠢ ᠪᠣᠯᠪᠠ᠂ ᠨᠢᠭᠡ᠎ᠨᠢ mRNA ᠸᠠᠺᠼᠢᠨ ᠪᠠᠶ᠋ᠢᠵᠤ᠂ ᠨᠢᠭᠡᠨᠲᠡ ᠭᠤᠷᠪᠠᠨ ᠬᠤᠭᠤᠴᠠᠭ᠋ᠠᠨ᠎ᠤ ᠡᠮᠴᠢᠯᠡᠭᠡᠨ᠎ᠤ ᠲᠤᠷᠰᠢᠯᠲᠠ᠎ᠳᠤ ᠣᠷᠣᠵᠠᠶ; ᠨᠥᠭᠥᠭᠡ ᠨᠢᠭᠡ᠎ᠨᠢ DNA ᠵᠢᠨ ᠸᠠᠺᠼᠢᠨ ᠪᠣᠯᠤᠨ᠎ᠠ᠂ ᠡᠨᠡ᠎ᠨᠢ ᠪᠠᠰᠠ ᠭᠤᠷᠪᠠᠨ ᠬᠤᠭᠤᠴᠠᠭ᠋ᠠᠨ᠎ᠤ ᠡᠮᠴᠢᠯᠡᠭᠡᠨ᠎ᠤ ᠲᠤᠷᠰᠢᠯᠲᠠ᠎ᠳᠤ ᠤᠷᠤᠭᠰᠠᠨ ᠪᠠᠶ᠋ᠢᠨ᠎ᠠ ᠃
【ᠡᠮ᠎ᠤᠨ ᠵᠦᠢ᠍ᠯ᠎ᠢ ᠰᠤᠳᠤᠯᠤᠨ ᠨᠡᠭᠡᠭᠡᠬᠦ ᠲᠠᠯ᠎ᠠ᠎ᠪᠠᠷ᠂ 1 ᠰᠠᠭ᠋ᠠᠷᠮᠠᠭᠵᠢᠭᠤᠯᠬᠤ ᠡᠮ᠎ᠢ ᠨᠢᠭᠡᠨᠲᠡ ᠨᠥᠬᠥᠴᠡᠯ᠎ᠲᠠᠢ᠎ᠪᠠᠷ ᠵᠠᠬ᠎ᠠ ᠳᠡᠯᠭᠡᠭᠦᠷ᠎ᠲᠤ ᠭᠠᠷᠭ᠋ᠠᠵᠤ᠂ ᠪᠠᠰᠠ 3 ᠵᠢᠵᠢᠭ ᠮᠣᠯᠧᠺᠦ᠋ᠯ᠎ᠤᠨ ᠡᠮ᠎ᠢ ᠭᠤᠷᠪᠠᠨ ᠬᠤᠭᠤᠴᠠᠭ᠋ᠠᠨ᠎ᠤ ᠡᠮᠴᠢᠯᠡᠭᠡᠨ᠎ᠤ ᠲᠤᠷᠰᠢᠯᠲᠠ᠎ᠳᠤ ᠣᠷᠣᠭᠤᠯᠵᠠᠶ᠂ ᠡᠭᠦᠨ᠎ᠠᠴᠠ ᠭᠠᠳᠠᠨ᠎ᠠ ᠪᠠᠰᠠ ᠵᠠᠷᠢᠮ ᠰᠠᠭ᠋ᠠᠷᠮᠠᠭᠵᠢᠭᠤᠯᠬᠤ ᠡᠮ᠂ ᠵᠢᠵᠢᠭ ᠮᠣᠯᠧᠺᠦ᠋ᠯ᠎ᠤᠨ ᠡᠮ᠂ ᠬᠢᠲᠠᠳ ᠡᠮ᠎ᠢ ᠴᠥᠮ ᠢᠳᠡᠪᠬᠢᠲᠡᠶ᠎ᠪᠠᠷ ᠰᠤᠳᠤᠯᠤᠨ ᠨᠡᠭᠡᠭᠡᠵᠦ᠂ ᠮᠠᠰᠢ ᠰᠠᠢ᠌ᠢ᠍ᠨ ᠢᠷᠡᠭᠡᠳᠦᠶ ᠵᠢᠨ ᠲᠥᠯᠥᠪ᠎ᠲᠠᠢ ᠪᠠᠶ᠋ᠢᠨ᠎ᠠ᠃】 ᠸᠠᠩ ᡁᠢ ᠭᠠᠩ᠎ᠤᠨ ᠲᠠᠨᠢᠯᠴᠠᠭᠤᠯᠤᠭᠰᠠᠨ ᠵᠶ᠋ᠠᠷ᠂ ᠣᠳᠣᠬᠠᠨ᠎ᠳᠤ ᠪᠠᠰᠠ ᠥᠷᠭᠡᠨ ᠵᠢᠭᠰᠠᠯ᠎ᠤᠨ ᠡᠮ᠂ ᠬᠠᠮᠠᠷ᠎ᠤᠨ ᠰᠦᠷᠴᠢᠯᠲᠡ ᠵᠢᠨ ᠮᠠᠶᠢᠭ᠎ᠤᠨ᠂ ᠰᠣᠷᠣᠬᠤ ᠮᠠᠶᠢᠭ᠎ᠤᠨ ᠸᠠᠺᠼᠢᠨ ᠵᠡᠷᠭᠡ ᠵᠢ ᠢᠳᠡᠪᠬᠢᠲᠡᠢ ᠰᠤᠳᠤᠯᠵᠤ ᠪᠠᠶ᠋ᠢᠨ᠎ᠠ
《ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ ᠣᠯᠠᠨ᠂ ᠠᠷᠭ᠎ᠠ ᠪᠠᠷᠢᠯ ᠣᠯᠠᠨ ᠪᠣᠯᠬᠤ ᠲᠤᠲᠤᠮ ᠮᠠᠨ᠎ᠤ ᠰᠡᠷᠭᠡᠶ᠋ᠢᠯᠡᠨ ᠡᠵᠡᠮᠳᠡᠬᠦ ᠲᠥᠰᠦᠯ ᠤᠯᠠᠮ ᠪᠠᠶᠠᠯᠢᠭ ᠪᠣᠯᠵᠤ᠂ ᠤᠯᠠᠮ ᠬᠠᠨᠳᠤᠯᠭ᠋ᠠᠲᠤ ᠴᠢᠨᠠᠷᠲᠠᠶ ᠪᠣᠯᠵᠤ᠂ ᠤᠯᠠᠮ ᠰᠢᠨᠵᠢᠯᠡᠬᠦ ᠤᠬᠠᠭ᠋ᠠᠨᠴᠢ ᠪᠣᠯᠬᠤ ᠶᠤᠮ》 ᠃ ᠸᠠᠩ ᡁᠢ ᠭᠠᠩ ᠵᠢᠱ᠌ᠢᠶ᠎ᠡ ᠲᠠᠲᠠᠵᠤ ᠬᠡᠯᠡᠬᠦ᠎ᠳᠡᠭᠡᠨ᠂ ᠪᠠᠶ᠋ᠢᠴᠠᠭ᠋ᠠᠨ ᠰᠢᠯᠭ᠋ᠠᠬᠤ ᠲᠠᠯ᠎ᠠ᠎ᠪᠠᠷ᠂ ᠬᠠᠮᠤᠭ᠎ᠤᠨ ᠬᠤᠷᠳᠤᠨ᠎ᠳᠠᠭᠠᠨ 30 ᠮᠢᠨᠦ᠋ᠲ᠎ᠤᠨ ᠳᠣᠲᠣᠷ᠎ᠠ ᠥᠯᠢᠭᠡᠷ ᠡᠳ᠋᠎ᠤᠨ ᠪᠠᠶ᠋ᠢᠴᠠᠭ᠋ᠠᠨ ᠰᠢᠯᠭ᠋ᠠᠯᠲᠠ ᠵᠢ ᠪᠡᠶᠡᠯᠡᠭᠦᠯᠵᠦ ᠪᠣᠯᠤᠨ᠎ᠠ᠂ ᠨᠢᠭᠡ ᠬᠤᠷᠠᠮᠠᠯ ᠪᠠᠶ᠋ᠢᠴᠠᠭ᠋ᠠᠨ ᠰᠢᠯᠭ᠋ᠠᠬᠤ ᠰᠢᠰᠲ᠋ᠧᠮ᠎ᠨᠢ ᠡᠳᠦᠷ᠎ᠲᠤ 20 ᠲᠦᠮᠡᠨ ᠬᠤᠪᠢ ᠥᠯᠢᠭᠡᠷ ᠡᠳ᠋᠎ᠢ ᠪᠠᠶ᠋ᠢᠴᠠᠭ᠋ᠠᠨ ᠰᠢᠯᠭ᠋ᠠᠵᠤ ᠪᠣᠯᠤᠨ᠎ᠠ᠂ ᠡᠶ᠋ᠢᠮᠦ᠎ᠠᠴᠠ ᠴᠢᠳᠠᠪᠤᠷᠢ ᠵᠢ᠎ᠨᠢ ᠶᠡᠬᠡ᠎ᠪᠠᠷ ᠳᠡᠭᠡᠭᠰᠢᠯᠡᠭᠦᠯᠦᠨ᠎ᠡ ᠭᠡᠵᠡᠶ ᠃
《ᠡᠳᠡᠭᠡᠷ᠎ᠨᠢ ᠪᠢᠳᠡᠨ ᠢ ᠬᠣᠶ᠋ᠢᠰᠢᠳᠠ ᠠᠷᠠᠳ ᠲᠦᠮᠡᠨ᠎ᠤ ᠡᠷᠡᠭᠦᠯ ᠮᠡᠨᠳᠦ᠎ᠳᠤ ᠬᠣᠣᠷ ᠬᠥᠨᠥᠭᠡᠯ ᠤᠴᠠᠷᠠᠭᠤᠯᠬᠤ ᠬᠦᠨᠳᠦ ᠶᠡᠬᠡ ᠬᠠᠯᠳᠠᠪᠤᠷᠢᠲᠤ ᠡᠪᠡᠳᠴᠢᠨ᠎ᠳᠤ ᠳᠠᠬᠢᠨ ᠨᠡᠷᠪᠡᠭᠳᠡᠭᠦᠯᠬᠦ ᠪᠣᠯᠤᠨ᠎ᠠ᠂ ᠡᠭᠦᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠢᠭ ᠢ ᠡᠰᠡᠷᠭᠦᠴᠡᠬᠦ ᠠᠷᠭ᠎ᠠ ᠪᠠᠷᠢᠯ ᠠᠷᠭ᠎ᠠ ᠪᠠᠷᠢᠯ᠎ᠤᠨ ᠪᠠᠭ᠋ᠠᠵᠢ ᠬᠡᠷᠡᠭᠰᠡᠯ᠎ᠤᠨ ᠬᠠᠶ᠋ᠢᠷᠴᠠᠭ ᠨᠡᠩ ᠪᠠᠶᠠᠯᠢᠭᠵᠢᠬᠤ ᠪᠣᠯᠤᠨ᠎ᠠ》 ᠃ ᠭᠡᠵᠦ ᠸᠠᠩ ᡁᠢ ᠭᠠᠩ ᠬᠡᠯᠡᠪᠡ᠃ (ᠰᠤᠷᠪᠤᠯᠵᠢᠯᠠᠭᠴᠢ ᠬᠸ ᠵᠧ᠂ ᠹᠠᠨ ᠰᠧ ᠰᠢᠶᠠᠩ᠂ ᠲᠢᠶᠠᠨ ᠵᠦᠩ ᠴᠢᠤᠸᠠᠨ)