ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠪᠣᠳᠠᠰ ᠤᠨ ᠪᠤᠰᠤ ᠰᠣᠶᠣᠯ ᠤᠨ ᠥᠪ ᠢ ︽ᠠᠮᠢᠳᠤᠯᠢᠭ ︾ ᠪᠣᠯᠭᠠᠪᠠ
ᠨᠡᠶᠢᠲᠡᠯᠡᠭᠰᠡᠨ ᠴᠠᠭ᠄
2019/10/22

ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠪᠣᠳᠠᠰ ᠤᠨ ᠪᠤᠰᠤ ᠰᠣᠶᠣᠯ ᠤᠨ ᠥᠪ ᠢ ︽ᠠᠮᠢᠳᠤᠯᠢᠭ︾

ᠪᠣᠯᠭᠠᠪᠠ

   ᠰᠦᠯᠵᠢᠶᠡᠨ ᠤ ᠨᠢᠭᠤᠷ ᠪᠤᠶᠤ ᠭᠠᠷ ᠤᠲᠠᠰᠤᠨ ᠤ A P P ᠶᠢ ᠨᠡᠭᠡᠭᠡᠪᠡᠯ᠂ ︽ᠪᠣᠷᠣ ᠬᠤᠲᠠ︾ ᠶᠢᠨ

ᠰᠦᠷᠯᠢᠭ ᠰᠠᠶᠢᠬᠠᠨ ᠦᠵᠡᠮᠵᠢ ᠶᠢ ᠰᠣᠨᠢᠷᠬᠠᠵᠤ ᠪᠣᠯᠤᠨ᠎ᠠ᠂ ᠪᠠᠰᠠ ᠬᠡᠶᠢᠰᠪᠦᠷᠢ ᠠᠬᠤᠶ ︵V R︶ ᠶᠢᠨ

ᠵᠠᠭᠪᠤᠷ ᠢᠶᠠᠷ ᠬᠠᠭᠠᠨ ᠤ ᠣᠷᠳᠣᠨ ᠤ ᠭᠤᠷᠪᠠᠨ ᠶᠡᠭᠡ ᠬᠠᠷᠰᠢ ᠳᠤ ᠣᠷᠣᠵᠤ᠂ ᠢᠯᠡᠷᠬᠡᠶᠢᠯᠡᠯ ᠢ ᠣᠢᠷ᠎ᠠ ᠵᠠᠶ ᠠᠴᠠ

ᠰᠣᠨᠢᠷᠬᠠᠵᠤ ᠪᠣᠯᠤᠨ᠎ᠠ᠂ ᠴᠢᠨᠠᠭᠰᠢᠯᠠᠪᠠᠯ ᠯᠣᠤ ᠶᠢᠨ ᠰᠠᠨᠳᠠᠯᠢ ᠳᠡᠭᠡᠷ᠎ᠡ ︽ᠰᠠᠭᠤᠵᠤ︾ ᠪᠣᠯᠤᠨ᠎ᠠ᠃ ᠨᠢᠭᠡ ᠠᠳᠬᠤ

ᠬᠠᠭᠠᠨ ᠤ ᠠᠮᠢᠳᠤᠷᠠᠯ ᠤᠨ ᠰᠢᠨᠤᠯ ᠢ ᠥᠩᠭᠡᠷᠡᠭᠦᠯᠵᠡᠢ ᠁ ᠡᠳᠡᠭᠡᠷ ᠲᠥᠷᠥᠭᠳᠡᠯ ᠨᠢ ᠵᠣᠬᠢᠶᠠᠭᠴᠢ ᠶᠢᠨ ᠬᠡᠢ

ᠬᠤᠭᠤᠰᠣᠨ ᠰᠡᠳᠬᠢᠭᠳᠡᠯ ᠪᠢᠰᠢ᠂ ᠬᠠᠷᠢᠨ ᠬᠠᠭᠠᠨ ᠤ ᠣᠷᠳᠣᠨ ᠤ ᠮᠦᠽᠧᠢ ᠶᠢᠨ ᠣᠷᠴᠢᠮ ᠤᠨ ᠴᠣ᠋ ᠰᠢᠨ᠎ᠡ

ᠬᠤᠪᠢᠯᠪᠤᠷᠢ ᠪᠠᠷ ᠭᠠᠷᠭᠠᠭᠰᠠᠨ ︽ᠪᠦᠬᠦ ᠦᠵᠡᠮᠵᠢᠲᠦ ᠬᠠᠭᠠᠨ ᠤ ᠣᠷᠳᠣᠨ︾ ᠲᠣᠭᠠᠴᠢᠯᠠᠭᠰᠠᠨ

ᠪᠦᠲᠦᠭᠡᠭᠳᠡᠬᠦᠨ ᠠᠴᠠ ᠢᠷᠡᠯᠲᠡ ᠲᠠᠢ ᠶᠤᠮ᠃ ᠠᠭᠠᠭᠢᠮ᠎ᠠ ᠬᠠᠯᠠᠭᠤᠨ ᠳᠤ ᠬᠥᠮᠦᠰ ᠭᠡᠷ ᠠᠴᠠ ᠪᠠᠨ ᠭᠠᠷᠬᠤ

ᠦᠭᠡᠢ ᠪᠠᠷ ᠬᠠᠭᠠᠨ ᠤ ᠣᠷᠳᠣᠨ ᠤ ᠰᠣᠶᠣᠯ ᠤᠨ ᠵᠤᠭᠠᠴᠠᠯ ᠳᠤ ᠢᠷᠡᠨ᠎ᠡ᠂ ᠡᠨᠡ ᠨᠢ ᠴᠥᠭᠡᠨ ᠪᠤᠰᠤ

ᠵᠤᠭᠠᠴᠠᠭᠰᠠᠳ ᠲᠤ᠄ 599 ᠨᠠᠰᠤᠲᠠᠶ ᠬᠠᠭᠠᠨ ᠤ ᠣᠷᠳᠣᠨ ᠶᠠᠪᠤᠬᠤ ᠲᠤᠲᠤᠮ ᠬᠥᠭᠵᠢᠨ ᠮᠠᠨᠳᠤᠨ᠎ᠠ ᠭᠡᠵᠦ

ᠰᠡᠭᠦᠷᠡᠰᠦ ᠠᠯᠳᠠᠭᠤᠯᠵᠠᠢ᠃

   ᠡᠨᠡ ᠤᠳᠠᠭᠠᠨ ᠤ ᠬᠠᠭᠠᠨ ᠤ ᠣᠷᠳᠣᠨ ᠤ ᠮᠦᠽᠧᠶ ᠶᠢᠨ ᠭᠠᠷᠭᠠᠭᠰᠠᠨ ︽ᠪᠦᠬᠦ ᠦᠵᠡᠮᠵᠢᠲᠦ ᠬᠠᠭᠠᠨ ᠤ

ᠣᠷᠳᠣᠨ︾ ᠵᠡᠷᠭᠡ 7 ᠬᠡᠯᠪᠡᠷᠢ ᠶᠢᠨ ᠬᠠᠭᠠᠨ ᠤ ᠣᠷᠳᠣᠨ ᠤ ᠳ᠋ᠢᠵᠢᠲ᠋ᠠᠯ ᠪᠦᠲᠦᠭᠡᠭᠳᠡᠬᠦᠨ ᠠᠴᠠ ᠦᠵᠡᠪᠡᠯ᠂

ᠦᠵᠡᠭᠴᠢᠳ ᠢ ᠳᠠᠩ ᠵᠠᠶ ᠨᠢ 360 ᠭᠷᠠᠳᠦ᠋ᠰ ᠤᠨ ᠳᠣᠲᠣᠷ᠎ᠠ ᠳᠡᠯᠭᠡᠨ ᠦᠵᠡᠭᠦᠯᠵᠦ ᠪᠣᠯᠬᠤ ︽ᠳ᠋ᠢᠵᠢᠲ᠋ᠠᠯ ᠣᠯᠠᠨ

ᠡᠷᠳᠡᠨᠢ ᠶᠢᠨ ᠲᠠᠭᠲᠤ ᠶᠢᠨ︾ ᠶᠢ ︽ᠲᠡᠮᠲᠡᠷᠢᠵᠦ︾ ᠪᠣᠯᠬᠤ ᠶᠤᠮ᠃ ᠬᠠᠰᠢ ᠯᠠ ᠵᠠᠯᠠᠭᠤ ᠵᠤᠭᠠᠴᠠᠭᠰᠠᠳ ᠤᠨ

ᠬᠡᠮᠵᠢᠶ᠎ᠡ ᠪᠠᠷ ᠬᠢᠭᠰᠡᠨ ᠸᠢᠴᠠᠲ ᠤᠨ ᠵᠢᠵᠢᠭ ᠫᠷᠤᠭ᠍ᠷᠠᠮ ᠤᠨ ︽ᠬᠠᠭᠠᠨ ᠤ ᠣᠷᠳᠣᠨ᠄ ᠬᠠᠷᠮᠠᠨ ᠣᠷᠳᠣᠨ ᠤ ᠳᠠᠷᠬᠠᠨ︾

 ᠳᠤ ᠴᠢᠭᠯᠡᠭᠦᠯᠵᠦ᠂ ᠡᠳᠡᠭᠡᠷ ᠲᠣᠭᠠᠴᠢᠯᠠᠭᠰᠠᠨ ᠦᠶ᠋ᠯᠡᠳᠬᠦᠨ ᠨᠢ ᠬᠠᠭᠠᠨ ᠤ ᠣᠷᠳᠣᠨ ᠤ ᠬᠦᠷᠢᠶ᠎ᠡ ᠳᠤ ᠲᠤᠭ᠎ᠠ

ᠲᠣᠮᠰᠢ ᠥᠬᠡᠶ ᠣᠯᠠᠨ ᠪᠠᠶ᠋ᠬᠤ ᠶᠢᠨ ᠬᠠᠮᠲᠤ᠂ ᠪᠠᠰᠠ ᠪᠢᠳᠡᠨ ᠳᠤ ᠬᠠᠭᠠᠨ ᠤ ᠣᠷᠳᠣᠨ ᠤ ᠮᠦᠽᠧᠶ ᠶᠢᠨ

ᠲᠣᠭᠠᠴᠢᠯᠠᠭᠰᠠᠨ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ ᠵᠡᠷᠭᠡ ᠣᠳᠣ ᠦᠶ᠎ᠡ ᠶᠢᠨ ᠰᠢᠨᠵᠢᠯᠡᠬᠦ ᠤᠬᠠᠭᠠᠨ

ᠮᠡᠷᠭᠡᠵᠢᠯ ᠢᠶᠠᠷ ᠳᠠᠮᠵᠢᠭᠤᠯᠤᠨ᠂ ᠪᠣᠳᠠᠰ ᠤᠨ ᠪᠤᠰᠤ ᠰᠣᠶᠣᠯ ᠤᠨ ᠥᠪ ᠢᠶᠠᠷ ᠨᠠᠩ ᠰᠠᠶᠢᠨ᠂ ᠠᠮᠢᠳᠤᠷᠠᠯ ᠢ ᠨᠠᠩ

ᠰᠠᠶᠢᠨ ᠪᠣᠯᠭᠠᠭᠰᠠᠨ ᠢ ᠬᠠᠷᠠᠭᠤᠯᠵᠤ ᠪᠠᠶᠢᠨ᠎ᠠ᠃ ᠵᠤᠭᠠᠴᠠᠭᠰᠠᠳ ᠲᠠᠢ ᠬᠠᠷᠢᠯᠴᠠᠨ ᠣᠶᠢᠯᠠᠭᠠᠯᠴᠠᠬᠤ ᠬᠡᠯᠪᠡᠷᠢ ᠶᠢ

ᠲᠠᠰᠤᠷᠠᠯᠲᠠ ᠦᠭᠡᠢ ᠥᠷᠭᠡᠳᠬᠡᠵᠦ᠂ ᠵᠤᠭᠠᠴᠠᠭᠰᠠᠳ ᠲᠤ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ

ᠳᠤᠮᠳᠠ ᠳᠤᠮᠳᠠᠳᠤ ᠤᠯᠤᠰ ᠠᠴᠠ ᠰᠣᠶᠣᠯ ᠢ ᠠᠭᠤᠳᠠᠮᠴᠢ ᠪᠠᠷ ᠣᠢᠯᠠᠭᠠᠭᠤᠯᠵᠤ᠂ ᠪᠣᠳᠠᠰ ᠤᠨ ᠪᠤᠰᠤ ᠰᠣᠶᠣᠯ ᠤᠨ

ᠥᠪ ᠤᠨ ᠤᠯᠠᠮᠵᠢᠯᠠᠯ ᠪᠠ ᠬᠠᠮᠠᠭᠠᠯᠠᠯᠲᠠ ᠶᠢ ᠠᠩᠬᠠᠷᠤᠭᠤᠯᠪᠠᠯ᠂ ᠡᠨᠡᠬᠦ ︽ᠰᠢᠨ᠎ᠡ︾ ᠤᠳᠬ᠎ᠠ ᠰᠠᠨᠠᠭ᠎ᠠ ᠶᠢ

ᠪᠢᠰᠢᠷᠡᠭᠦᠰᠢᠲᠡᠶ ᠶᠤᠮ᠃

   ︽ᠲᠣᠭᠠᠴᠢᠯᠠᠭᠰᠠᠨ︾ ᠰᠢᠨᠡᠴᠢᠯᠡᠯᠲᠡ ᠶᠢᠨ ᠥᠨᠥᠳᠥᠷ᠂ ᠬᠠᠭᠠᠨ ᠤ ᠣᠷᠳᠣᠨ ᠤ ᠮᠦᠽᠧᠶ ᠲᠣᠭᠠᠴᠢᠯᠠᠭᠰᠠᠨ

ᠮᠡᠷᠭᠡᠵᠢᠯ ᠢᠶᠠᠷ ᠲᠡᠤᠬᠡ ᠶᠢᠨ ᠳᠤᠷᠠᠰᠬᠠᠯᠲᠤ ᠵᠦᠶ᠋ᠯᠡᠰ᠂ ᠪᠣᠳᠠᠰ ᠤᠨ ᠪᠤᠰᠤ ᠰᠣᠶᠣᠯ ᠤᠨ ᠥᠪ ᠢ ᠦᠯᠡᠳᠡᠭᠡᠨ

ᠬᠠᠳᠠᠭᠠᠯᠠᠬᠤ᠂ ᠬᠠᠮᠠᠭᠠᠯᠠᠬᠤ ᠪᠠ ᠳᠡᠯᠭᠡᠨ ᠦᠵᠡᠭᠦᠯᠵᠦ ᠪᠠᠶ᠋ᠬᠤ ᠪᠠᠷ ᠪᠠᠷᠠᠬᠤ ᠦᠭᠡᠢ᠂ ᠨᠠᠩ ᠣᠯᠠᠨ ᠮᠦᠽᠧᠶ ᠴᠦ

ᠰᠢᠨ᠎ᠡ ᠵᠠᠭᠤᠴᠢᠯᠠᠭᠤᠷ᠂ ᠵᠢᠵᠢᠭ ᠫᠷᠤᠭ᠍ᠷᠠᠮ᠂ ᠣᠬᠤᠷ ᠸᠢᠳᠢᠣ᠋ ᠵᠡᠷᠭᠡ ᠬᠡᠯᠪᠡᠷᠢ ᠶᠢ ᠠᠰᠢᠭᠯᠠᠵᠤ᠂ ᠰᠢᠨ᠎ᠡ ᠰᠡᠪᠡᠭᠦᠨ

ᠪᠥᠭᠡᠳ ᠠᠮᠢᠳᠤᠯᠢᠭ ᠪᠣᠳᠠᠰ ᠤᠨ ᠪᠤᠰᠤ ᠰᠣᠶᠣᠯ ᠤᠨ ᠥᠪ ᠢ ᠬᠥᠮᠦᠰ ᠤᠨ ᠬᠠᠷᠠᠭᠠᠨ ᠳᠤ ᠢᠯᠡᠷᠡᠭᠦᠯᠬᠦ ᠪᠣᠯᠵᠠᠶ᠃

ᠵᠢᠱᠢᠶᠡᠯᠡᠪᠡᠯ᠂ ᠳᠤᠮᠳᠠᠳᠤ ᠤᠯᠤᠰ ᠠᠴᠠ ᠲᠡᠤᠬᠡ ᠶᠢᠨ ᠮᠦᠽᠧᠶ ᠨᠢ ᠣᠷᠣᠨ ᠨᠤᠲᠤᠭ ᠤᠨ ᠲᠡᠤᠬᠡ ᠶᠢᠨ ᠮᠦᠽᠧᠶ ᠲᠠᠢ

ᠬᠠᠮᠲᠤᠷᠠᠨ ︽ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠰᠢᠳᠢᠲᠡᠨ ᠤ ᠶᠡᠭᠡ ᠬᠤᠷᠠᠯ︾ ᠤᠨ ᠸᠢᠳᠢᠣ᠋ ᠶᠢ ᠭᠠᠷᠭᠠᠪᠠ᠃

ᠮᠦᠽᠧᠶ ᠶᠢᠨ ᠭᠤᠤᠯᠳᠠᠯᠭ᠎ᠠ ᠪᠣᠯᠬᠤ ᠬᠦᠨᠳᠦᠲᠦ ᠵᠣᠴᠢᠨ ︽ᠳᠠᠩ ᠤᠯᠤᠰ ᠠᠴᠠ ᠭᠤᠷᠪᠠᠨ ᠥᠩᠭᠡᠲᠦ ᠡᠮᠡᠭᠲᠡᠶ

ᠵᠠᠷᠤᠴᠠ︾ ᠪᠣᠯᠤᠭᠰᠠᠨ ᠤ ᠬᠤᠪᠢ ᠳᠤ᠂ ᠠᠢᠵᠠᠮ ᠴᠣᠬᠢᠯᠭ᠎ᠠ ᠶᠢᠨ ᠮᠡᠳᠡᠷᠡᠮᠵᠢ ᠪᠠᠷ ᠲᠡᠭᠦᠯᠳᠡᠷ ᠳᠠᠭᠤᠤ ᠬᠥᠭᠵᠢᠮ ᠢ

ᠳᠠᠭᠠᠯᠳᠤᠨ ︽ᠮᠢᠩᠭᠠᠨ ᠤᠨ ᠦᠨᠡᠰᠦ ᠲᠣᠭᠯᠠᠬᠤ ᠪᠥᠵᠢᠭ︾ ᠪᠥᠵᠢᠭᠯᠡᠵᠦ᠂ ᠲᠦᠮᠡ ᠭᠠᠷᠤᠶ ᠰᠦᠯᠵᠢᠶᠡᠨ ᠠᠨᠳᠠ

ᠨᠠᠷ ︽ᠰᠡᠳᠬᠢᠯ ᠢᠶᠠᠨ ᠮᠡᠳᠡᠯᠴᠡᠬᠦ ᠶᠢᠨ ᠬᠠᠮᠲᠤ᠂ ᠪᠠᠰᠠ ᠬᠥᠮᠦᠰ ᠤᠨ ᠳᠠᠩ ᠤᠯᠤᠰ ᠠᠴᠠ ᠭᠤᠷᠪᠠᠨ ᠥᠩᠭᠡᠲᠦ

ᠥᠩᠭᠡᠲᠦ ᠰᠢᠲᠠᠭᠠᠨ ᠦᠶ᠋ᠯᠡᠳᠬᠦ ᠵᠢᠴᠢ ᠲᠡᠤᠬᠡ ᠪᠠ ᠤᠷᠠᠯᠢᠭ ᠤᠨ ᠦᠨ᠎ᠡ ᠥᠷᠲᠡᠭ ᠢ ᠣᠶᠢᠯᠠᠭᠠᠵᠤ᠂ ᠴᠢᠨᠠᠭᠰᠢᠯᠠᠪᠠᠯ

ᠳᠠᠩ ᠤᠯᠤᠰ ᠠᠴᠠ ᠭᠤᠷᠪᠠᠨ ᠥᠩᠭᠡᠲᠦ ᠰᠢᠲᠠᠭᠠᠨ ᠦᠶ᠋ᠯᠡᠳᠬᠦ ᠶᠠᠪᠤᠴᠠ ᠳᠤ ᠣᠷᠣᠯᠴᠠᠵᠤ᠂ ᠭᠡᠷ ᠤᠨ ᠬᠥᠮᠦᠰ᠂

ᠨᠠᠶᠢᠵᠠ ᠨᠥᠬᠦᠳ ᠲᠡᠭᠡᠨ ᠨᠢᠭᠡ ᠬᠤᠪᠢ ᠣᠨᠴᠠᠭᠠᠢ ᠪᠡᠯᠡᠭ ᠬᠦᠷᠭᠡᠭᠰᠡᠨ ᠪᠠᠶᠢᠨ᠎ᠠ᠃

   ᠮᠡᠳᠡᠭᠡ ᠵᠠᠩᠭᠢ ᠶᠢᠨ ᠮᠡᠷᠭᠡᠵᠢᠯ ᠨᠢᠭᠡᠨᠲᠡ ᠬᠥᠮᠦᠰ ᠤᠨ ᠠᠮᠢᠳᠤᠷᠠᠯ ᠤᠨ ᠡᠯ᠎ᠡ ᠬᠦᠷᠢᠶᠡᠨ ᠳᠤ ᠬᠡᠷᠡᠭᠯᠡᠭᠳᠡᠵᠦ

ᠪᠠᠶ᠋ᠭ᠎ᠠ ᠥᠨᠥᠳᠥᠷ᠂ ᠮᠦᠽᠧᠶ ᠪᠠᠰᠠ ᠴᠠᠭ ᠦᠶ᠎ᠡ ᠶᠢᠨ ᠤᠷᠤᠰᠬᠠᠯ ᠢ ᠰᠠᠯᠤᠯ ᠦᠭᠡᠢ ᠳᠠᠭᠠᠵᠤ᠂ ᠲᠣᠭᠠᠴᠢᠯᠠᠭᠰᠠᠨ

ᠳᠠᠪᠠᠭᠤᠯᠢᠭ ᠢ ᠪᠠᠲᠤ ᠡᠵᠡᠮᠰᠢᠵᠦ᠂ ᠰᠢᠨ᠎ᠡ ᠤᠷᠤᠰᠬᠠᠯ᠂ ᠰᠣᠨᠢᠷᠬᠠᠯᠲᠠᠶ᠂ ᠬᠠᠷᠢᠯᠴᠠᠨ ᠦᠶ᠋ᠯᠡᠳᠦᠯᠴᠡᠬᠦ ᠰᠢᠨ᠎ᠡ ᠶᠢ

ᠡᠭᠦᠳᠬᠦ ᠬᠡᠯᠪᠡᠷᠢ ᠪᠠᠷ ᠦᠵᠡᠭᠦᠯᠦᠯᠭᠡ ᠶᠢᠨ ᠡᠳ᠋ ᠤᠨ ᠥᠷᠲᠡᠭ ᠢ ᠨᠠᠩ ᠪᠦᠲᠦᠮᠵᠢᠲᠡᠶ ᠠᠰᠢᠭᠯᠠᠵᠤ᠂

ᠦᠵᠡᠭᠴᠢᠳ ᠲᠤ ᠨᠠᠩ ᠭᠤᠢᠳᠠ ᠰᠠᠢᠬᠠᠨ ᠪᠥᠭᠡᠳ ᠠᠮᠢᠳᠤᠯᠢᠭ ᠤᠯᠠᠮᠵᠢᠯᠠᠯᠲᠤ ᠰᠣᠶᠣᠯ ᠤᠨ ᠲᠣᠭᠤᠷᠢᠨ ᠦᠵᠡᠬᠦ

ᠣᠶᠢᠯᠠᠭᠠᠯᠲᠠ ᠶᠢ ᠬᠠᠩᠭᠠᠵᠠᠶ᠃ ᠮᠦᠽᠧᠶ ᠶᠢᠨ ᠲᠡᠤᠬᠡ ᠶᠢᠨ ᠳᠤᠷᠠᠰᠬᠠᠯᠲᠤ ᠵᠦᠶ᠋ᠯ ᠵᠢᠴᠢ ᠪᠣᠳᠠᠰ ᠤᠨ ᠪᠤᠰᠤ

ᠳᠤᠷᠠᠰᠬᠠᠯᠲᠤ ᠵᠦᠶ᠋ᠯ ᠨᠢ ᠣᠶᠢᠯᠭᠠᠬᠤ ᠳᠤ ᠪᠡᠷᠬᠡ ᠲᠡᠤᠬᠡ ᠲᠡᠳᠦᠶ ᠪᠢᠰᠢ᠂ ᠨᠢᠭᠡ ᠵᠦᠶ᠋ᠯ ᠤᠨ ᠡᠷᠲᠡᠨ ᠤ

ᠤᠯᠠᠮᠵᠢᠯᠠᠯᠲᠤ ᠮᠡᠷᠭᠡᠵᠢᠯ ᠪᠤᠶᠤ ︽ᠥᠨᠳᠥᠷ ᠬᠦᠢᠲᠡᠨ︾ ᠤᠷᠠᠯᠢᠭ ᠤᠨ ᠬᠠᠳᠠᠭᠠᠯᠠᠮᠵᠢ ᠪᠣᠯᠬᠤ ᠦᠶᠡᠰ᠂ ᠰᠢᠯᠢᠳᠡᠭ

ᠤᠯᠠᠮᠵᠢᠯᠠᠯᠲᠤ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠵᠠᠮ ᠨᠢ ᠰᠠᠶ᠋ᠢ ᠨᠠᠩ ᠥᠷᠭᠡᠨ ᠳᠡᠯᠭᠡᠷ

ᠪᠣᠯᠤᠨ᠎ᠠ ᠭᠡᠳᠡᠭ ᠢ ᠵᠣᠬᠢᠶᠠᠭᠴᠢ ᠢᠲᠡᠭᠡᠵᠦ ᠪᠠᠶᠢᠨ᠎ᠠ᠃  

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号