ᠵᠢᠷᠭᠤᠭᠠᠨ ᠰᠠᠯᠠᠭ᠎ᠠ ᠮᠥᠴᠢᠷ ︽ᠲᠡᠬᠡᠲᠤ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶ᠎ᠠ ᠪᠦᠬᠦᠢ ᠡᠵᠡᠨ ᠮᠡᠳᠡᠬᠦ ᠡᠷᠬᠡ ᠶᠢ ᠥᠷᠭᠡᠳᠬᠡᠬᠦ ᠲᠤᠬᠠᠶ | ᠰᠠᠨᠠᠯ ᠤᠳ︾ ᠢ ᠳᠠᠷᠤᠮᠠᠯᠯᠠᠨ ᠲᠠᠷᠬᠠᠭᠠᠪᠠ | ᠳᠡᠭᠡᠰᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠬᠠᠶᠢᠨ | ᠰᠦᠪᠡᠭᠴᠢᠯᠡᠯᠲᠡ ᠶᠢᠨ ᠴᠢᠨᠠᠷᠲᠠᠶ᠂ ᠪᠦᠲᠦᠭᠡᠯᠴᠢ ᠴᠢᠨᠠᠷᠲᠠᠶ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ | ᠡᠷᠬᠢᠯᠡᠵᠦ᠂ ᠮᠡᠳᠡᠯᠭᠡ ᠪᠠ ᠴᠢᠳᠠᠪᠤᠷᠢᠲᠠᠨ ᠤ ᠥᠪᠡᠷᠮᠢᠴᠡ ᠳᠠᠪᠠᠭᠤᠯᠢᠭ ᠲᠠᠢ ᠪᠠᠶᠢᠵᠤ᠂ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠰᠢᠨ᠎ᠡ ᠶᠢ ᠡᠭᠦᠳᠬᠦ | ᠬᠡᠯᠪᠡᠷᠢ ᠶᠢᠨ ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ ᠬᠦᠴᠦᠨ ᠮᠥᠨ᠃ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠳᠡᠭᠡᠰᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠨ ᠳᠠᠬᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ ᠠᠵᠢᠯ ᠢ ᠲᠡᠬᠡᠲᠤ ᠬᠡᠮᠵᠢᠶ᠎ᠡ ᠪᠠᠷ ᠴᠢᠬᠤᠯᠠᠴᠢᠯᠠᠵᠤ᠂ ᠣᠢᠷ᠎ᠠ ᠶᠢᠨ ᠵᠢᠯ ᠳᠤ ᠠᠯᠢ ᠣᠯᠠᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠮᠠᠰᠢ ᠰᠠᠶᠢᠨ ᠦᠷ᠎ᠡ ᠪᠦᠲᠦᠮᠵᠢ | ᠣᠯᠤᠭᠰᠠᠨ ᠪᠠᠢᠨ᠎ᠠ᠃ ᠭᠡᠪᠡᠴᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠭᠦᠨᠵᠡᠭᠡᠶᠢᠷᠡᠨ ᠠᠬᠢᠬᠤ ᠶᠢ | ᠳᠠᠭᠠᠯᠳᠤᠨ᠂ ᠶᠡᠭᠡ ᠳᠡᠭᠡᠰᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶ᠎ᠠ ᠪᠦᠬᠦᠢ ᠡᠵᠡᠨ ᠮᠡᠳᠡᠬᠦ ᠡᠷᠬᠡ ᠨᠢ ᠦᠶ᠋ᠯᠡᠳᠦᠯᠭᠡ ᠶᠢᠨ | ᠬᠥᠭᠵᠢᠯᠲᠡ ᠶᠢᠨ ᠬᠡᠷᠡᠭᠴᠡᠭᠡ ᠳᠤ ᠤᠯᠠᠮ ᠠᠴᠠ ᠤᠯᠠᠮ ᠵᠣᠬᠢᠴᠠᠬᠤ ᠦᠭᠡᠢ ᠪᠣᠯᠵᠠᠶ᠃ ᠬᠠᠮᠢᠶ᠎ᠠ ᠪᠦᠬᠦᠢ ᠳᠦᠷᠢᠮ ᠤᠨ | ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠡᠭᠡᠰᠦ ᠰᠤᠷᠭᠠᠭᠤᠯᠢ ᠪᠠ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠨ ᠳᠠᠬᠢ ᠡᠵᠡᠨ ᠮᠡᠳᠡᠬᠦ | ᠡᠷᠬᠡ ᠶᠢ ᠥᠷᠭᠡᠳᠬᠡᠬᠦ ᠶᠢ ᠠᠬᠢᠭᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ | ᠨᠡᠮᠡᠭᠳᠡᠭᠦᠯᠦᠨ᠂ ᠰᠢᠨ᠎ᠡ ᠶᠢ ᠡᠭᠦᠳᠬᠦ ᠠᠮᠵᠢᠯᠲᠠ ᠪᠦᠲᠦᠮᠵᠢ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ ᠶᠢ ᠨᠡᠮᠡᠭᠳᠡᠭᠦᠯᠦᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠲᠤᠯᠭᠠᠭᠤᠷᠢᠯᠠᠬᠤ ᠶᠢᠨ ᠲᠤᠰᠠᠳᠠ᠂ ᠡᠳᠦᠭᠡ ᠳᠣᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠠᠶ᠂ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ | ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠢᠳᠠᠪᠤᠷᠢᠵᠢᠭᠤᠯᠬᠤ᠂ ᠰᠢᠨ᠎ᠡ | ᠬᠥᠭᠵᠢᠯᠲᠡ ᠶᠢᠨ ᠣᠢᠯᠠᠭᠠᠭᠳᠠᠬᠤᠨ ᠢ ᠪᠠᠲᠤ ᠪᠣᠶ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ᠂ | ᠴᠢᠳᠠᠪᠤᠷᠢᠲᠠᠨ ᠤ ᠦᠰᠦᠨ ᠪᠤᠶᠢᠵᠢᠯᠲᠠ᠂ ᠦᠷ᠎ᠡ ᠪᠦᠲᠦᠭᠡᠯ ᠢ ᠣᠨᠳᠣᠤᠰᠢᠭᠤᠯᠬᠤ ᠵᠢᠮ᠎ᠡ ᠶᠣᠰᠣ ᠶᠢ ᠵᠢᠷᠤᠮᠯᠠᠵᠤ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠶ᠃ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠬᠤᠪᠢᠷᠠᠭᠤᠯᠵᠤ᠂ ᠪᠠᠶᠢᠯᠳᠤᠬᠤ ᠪᠣᠳᠣᠯᠭ᠎ᠠ ᠶᠢ ᠠᠳᠬᠤᠵᠤ᠂ | ᠲᠥᠯᠥᠪᠵᠢᠭᠦᠯᠭᠡ ᠶᠢ ᠠᠳᠬᠤᠵᠤ᠂ ᠲᠥᠷᠦ ᠶᠢᠨ ᠪᠣᠳᠣᠯᠭ᠎ᠠ ᠶᠢ ᠠᠳᠬᠤᠵᠤ᠂ ᠦᠶ᠋ᠯᠡᠴᠢᠯᠡᠭᠡ ᠶᠢ ᠠᠳᠬᠤᠵᠤ᠂ ᠶᠡᠭᠡ | ᠳᠡᠭᠡᠰᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠤᠯᠪᠣᠭᠳᠠᠯ ᠪᠦᠬᠦᠢ ᠡᠵᠡᠨ ᠮᠡᠳᠡᠬᠦ ᠡᠷᠬᠡ ᠪᠠᠨ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠬᠦ ᠶᠢ | ᠳᠠᠮᠵᠢᠵᠤ᠂ ᠨᠢᠭᠡᠴᠢ ᠪᠠ ᠠᠵᠢᠯᠲᠠᠨ ᠤ ᠢᠳᠡᠪᠬᠢᠵᠢᠯ ᠪᠦᠲᠦᠭᠡᠯᠴᠢ ᠴᠢᠨᠠᠷ ᠢ ᠭᠦᠶ᠋ᠴᠡᠳ ᠳᠠᠶᠢᠴᠢᠯᠠᠵᠤ᠂ ᠰᠢᠨ᠎ᠡ ᠶᠢ | ᠡᠭᠦᠳᠬᠦ ᠬᠥᠳᠡᠯᠭᠡᠭᠴᠢ ᠬᠦᠴᠦᠨ ᠪᠠ ᠠᠮᠢᠳᠤᠯᠢᠭ ᠬᠦᠴᠦᠨ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ | ᠦᠶ᠋ᠯᠡᠴᠢᠯᠡᠬᠦ ᠴᠢᠳᠠᠪᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠪᠠ ᠳᠡᠯᠡᠬᠡᠶ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠬᠦᠴᠦᠲᠡᠶ ᠲᠦᠰᠢᠭ | ᠲᠤᠯᠭᠠᠭᠤᠷᠢ ᠬᠠᠩᠭᠠᠨ᠎ᠠ᠃ | ︵ᠬᠤᠶᠠᠷ︶ ᠦᠨᠳᠦᠰᠦᠨ ᠵᠠᠷᠴᠢᠮ | ᠨᠢᠭᠡᠴᠢ ᠶᠢᠨ ᠬᠥᠭᠵᠢᠯᠲᠡ ᠪᠣᠯᠤᠨ ᠤᠯᠤᠰ ᠠᠴᠠ ᠡᠭᠦᠷᠭᠡ ᠬᠠᠷᠢᠭᠤᠴᠠᠯᠭ᠎ᠠ ᠶᠢ ᠪᠠᠷᠢᠮᠲᠠᠯᠠᠨ᠎ᠠ᠃ ᠨᠠᠮ ᠤᠨ ᠶᠡᠭᠡ | ᠳᠡᠭᠡᠰᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠬᠢ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠤᠯᠤᠰ ᠠᠴᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠤᠯᠤᠰ ᠠᠴᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠤᠯᠤᠰ ᠠᠴᠠ ᠣᠯᠭᠤᠭᠰᠠᠨ ᠲᠤᠰᠢᠶᠠᠯ | ᠬᠠᠷᠢᠭᠤᠴᠠᠯᠭ᠎ᠠ ᠶᠢᠨ ᠡᠷᠬᠡ ᠶᠢᠨ ᠬᠡᠪᠴᠢᠶ᠎ᠡ ᠶᠢ ᠭᠦᠶ᠋ᠴᠡᠳ ᠠᠰᠢᠭᠯᠠ ᠠᠵᠢᠯ ᠢᠶᠠᠨ ᠵᠣᠬᠢᠶᠠᠨ ᠪᠠᠶᠢᠭᠤᠯᠵᠤ | ᠥᠷᠨᠢᠭᠦᠯᠦᠨ᠂ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠷᠭᠡ ᠶᠢ ᠢᠳᠡᠪᠬᠢᠲᠡᠢ ᠡᠭᠦᠷᠭᠡᠯᠡᠵᠦ᠂ | ᠨᠢᠭᠡᠴᠢ ᠶᠢᠨ ᠬᠥᠭᠵᠢᠯᠲᠡ ᠶᠢ ᠤᠯᠤᠰ ᠠᠴᠠ ᠬᠥᠭᠵᠢᠯᠲᠡ ᠶᠢᠨ ᠶᠡᠭᠡ ᠲᠠᠯ᠎ᠠ ᠳᠤ ᠠᠭᠤᠰᠬᠠᠨ ᠣᠷᠣᠭᠤᠯᠵᠤ᠂ | ᠤᠯᠤᠰ ᠠᠴᠠ ᠬᠠᠷᠠᠯᠲᠠ ᠳᠤ ᠦᠶ᠋ᠯᠡᠴᠢᠯᠡᠬᠦ ᠶᠠᠪᠤᠴᠠ ᠳᠤ ᠲᠤᠰ ᠪᠡᠶ᠎ᠡ ᠶᠢᠨ ᠦᠷᠭᠦᠯᠵᠢᠯᠡᠬᠦ ᠬᠥᠭᠵᠢᠯᠲᠡ ᠶᠢ | ᠪᠡᠶᠡᠯᠡᠭᠦᠯᠦᠨ᠎ᠡ᠃ | ᠨᠢᠭᠡᠳᠦᠯᠲᠡᠶ ᠱᠠᠭᠠᠷᠳᠠᠯᠭ᠎ᠠ ᠬᠢᠭᠡᠳ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠬᠠᠷᠢᠯᠴᠠᠨ | ᠵᠣᠬᠢᠴᠠᠭᠤᠯᠬᠤ ᠶᠢ ᠪᠠᠷᠢᠮᠲᠠᠯᠠᠨ᠎ᠠ᠃ ᠶᠡᠭᠡ ᠳᠡᠭᠡᠰᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶ᠎ᠠ ᠪᠦᠬᠦᠢ ᠡᠵᠡᠨ ᠮᠡᠳᠡᠬᠦ ᠡᠷᠬᠡ ᠶᠢ | ᠥᠷᠭᠡᠳᠬᠡᠬᠦ ᠨᠢ ᠲᠥᠪ ᠤᠨ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠲᠥᠷᠥᠯ ᠬᠤᠪᠢᠶᠠᠨ | ᠠᠬᠢᠭᠤᠯᠬᠤ ᠶᠡᠷᠦᠩᠬᠡᠶ ᠱᠠᠭᠠᠷᠳᠠᠯᠭ᠎ᠠ ᠳᠤ ᠨᠡᠶᠢᠴᠡᠵᠦ᠂ ᠰᠢᠨᠵᠢᠯᠡᠬᠦ ᠤᠬᠠᠭᠠᠨ ᠤ ᠵᠢᠮ᠎ᠡ ᠶᠣᠰᠣ ᠶᠢ ᠬᠦᠨᠳᠦᠳᠬᠡᠵᠦ᠂ | ᠶᠡᠭᠡ ᠳᠡᠭᠡᠰᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠠᠳᠠᠯᠢ ᠪᠤᠰᠤ | ᠣᠨᠴᠠᠯᠢᠭ ᠲᠤ ᠴᠢᠭᠯᠡᠭᠦᠯᠦᠨ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠥᠷᠥᠯ ᠬᠤᠪᠢᠶᠠᠨ | ᠬᠠᠮᠢᠶᠠᠷᠬᠤ ᠶᠢ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠠᠨᠳᠤᠯᠭᠠᠲᠤ ᠴᠢᠨᠠᠷ ᠪᠠ ᠪᠠᠷᠢᠮᠵᠢᠶ᠎ᠠ ᠶᠢ | ᠳᠡᠭᠡᠭᠰᠢᠯᠡᠭᠦᠯᠬᠦ ᠬᠡᠷᠡᠭᠲᠡᠶ᠃ | ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠬᠢᠭᠡᠳ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠎ᠠ᠃ ᠵᠠᠰᠠᠭ ᠤᠨ ᠣᠷᠳᠣᠨ ᠤ ᠳᠡᠭᠡᠰᠦ ᠰᠤᠷᠭᠠᠭᠤᠯᠢ | ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠳᠣᠲᠣᠭᠠᠳᠤ ᠶᠢᠨ ᠬᠡᠷᠡᠭ ᠶᠠᠪᠤᠳᠠᠯ ᠳᠤ ᠪᠢᠴᠢᠯ | ᠬᠠᠮᠢᠶᠠᠷᠤᠯᠲᠠ ᠪᠠ ᠰᠢᠭᠤᠳ ᠭᠠᠷ ᠲᠦᠷᠦᠭᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠥᠭᠵᠢᠯᠲᠡ ᠶᠢᠨ | ᠴᠢᠭᠯᠡᠯ ᠢ ᠶᠡᠷᠦᠩᠬᠡᠶ ᠳᠤᠨᠢ ᠡᠵᠡᠮᠳᠡᠬᠦ ᠶᠢ ᠴᠢᠩᠭᠠᠳᠬᠠᠨ᠂ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠬᠡᠷᠡᠭᠵᠢᠭᠦᠯᠵᠦ᠂ ᠳᠣᠲᠣᠭᠠᠳᠤ ᠡᠵᠡᠮᠳᠡᠯ ᠤᠨ ᠲᠣᠭᠲᠠᠴᠠ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠡᠷᠬᠡ ᠪᠠᠨ ᠭᠦᠶ᠋ᠴᠡᠳ ᠲᠠᠯᠪᠢᠬᠤ ᠪᠠ ᠪᠦᠲᠦᠮᠵᠢᠲᠡᠶ ᠪᠠᠷ ᠬᠦᠯᠢᠶᠡᠨ ᠠᠪᠬᠤ᠂ ᠳᠣᠲᠣᠭᠠᠳᠤ ᠶᠢᠨ | ᠵᠠᠰᠠᠯᠲᠠ ᠶᠢ ᠲᠡᠭᠦᠯᠳᠡᠷᠵᠢᠭᠦᠯᠬᠦ ᠪᠠ ᠭᠠᠳᠠᠨᠠᠬᠢ ᠬᠢᠨᠠᠯᠲᠠ ᠶᠢ ᠴᠢᠩᠭᠠᠳᠬᠠᠬᠤ᠂ ᠬᠠᠷᠢᠭᠤᠴᠠᠯᠭ᠎ᠠ ᠡᠭᠦᠷᠭᠡᠯᠡᠬᠦ ᠶᠢ | ᠵᠣᠷᠢᠭᠵᠢᠭᠤᠯᠬᠤ ᠪᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠶᠢ ᠣᠷᠭᠠᠨᠢᠭ ᠢᠶᠠᠷ | ᠤᠶᠠᠯᠳᠤᠭᠤᠯᠬᠤ᠂ ᠡᠷᠬᠡ ᠬᠢᠭᠡᠳ ᠬᠠᠷᠢᠭᠤᠴᠠᠯᠭ᠎ᠠ ᠨᠡᠬᠡᠮᠵᠢᠯᠡᠬᠦ ᠶᠢ ᠦᠨᠡᠨ ᠬᠦ ᠪᠠᠲᠤᠯᠠᠨ᠎ᠠ᠃ | ᠬᠤᠶᠠᠷ᠂ ᠪᠠᠶᠢᠭᠤᠯᠤᠮᠵᠢ ᠶᠢᠨ ᠠᠵᠢᠯᠯᠠᠭᠠᠨ ᠢ ᠲᠡᠭᠦᠯᠳᠡᠷᠵᠢᠭᠦᠯᠦᠨ᠎ᠡ | ︵ᠭᠤᠷᠪᠠ︶ ᠳᠦᠷᠢᠮ ᠤᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠬᠡᠷᠡᠭᠲᠡᠶ᠃ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠥᠪ ᠤᠨ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ | ᠵᠠᠰᠠᠭ ᠪᠠ ᠠᠵᠢᠯ ᠦᠶ᠋ᠯᠡᠰ ᠢ ᠰᠠᠯᠭᠠᠬᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠵᠠᠷᠴᠢᠮ ᠤᠨ ᠶᠣᠰᠣᠭᠠᠷ᠂ | ᠬᠠᠷᠢᠶ᠎ᠠ ᠳᠡᠭᠡᠰᠦ ᠰᠤᠷᠭᠠᠭᠤᠯᠢ ᠨᠤᠭᠤᠳ ᠢ ᠵᠣᠬᠢᠶᠠᠨ ᠪᠠᠶᠢᠭᠤᠯᠤᠨ ᠳᠦᠷᠢᠮ ᠢᠶᠠᠨ ᠲᠡᠭᠦᠯᠳᠡᠷᠵᠢᠭᠦᠯᠵᠦ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠳᠦᠷᠢᠮ ᠲᠣᠭᠲᠠᠭᠠᠬᠤ ᠶᠢ ᠲᠦᠯᠬᠢᠨ ᠠᠬᠢᠭᠤᠯᠵᠤ᠂ ᠠᠳᠠᠯᠢ | ᠪᠤᠰᠤ ᠲᠥᠷᠥᠯ ᠬᠡᠯᠪᠡᠷᠢ ᠶᠢᠨ ᠨᠢᠭᠡᠴᠡ ᠶᠢᠨ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠪᠣᠯᠤᠨ ᠡᠷᠬᠡ | ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠶ᠃ ᠳᠡᠭᠡᠰᠦ | ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ ᠳᠦᠷᠢᠮ ᠳᠤ | ᠲᠣᠭᠲᠠᠭᠠᠭᠰᠠᠨ ᠡᠭᠦᠷᠭᠡ ᠴᠢᠳᠠᠪᠤᠷᠢ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠶᠢ ᠥᠷᠨᠢᠭᠦᠯᠬᠦ | ᠬᠡᠷᠡᠭᠲᠡᠶ᠃ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠦᠷᠢᠮ ᠲᠣᠭᠲᠠᠭᠠᠯ ᠠᠴᠠ ᠳᠡᠭᠡᠰᠦ ᠰᠤᠷᠭᠠᠭᠤᠯᠢ | ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠤ ᠣᠯᠭᠤᠭᠰᠠᠨ ᠬᠡᠷᠡᠭ ᠶᠠᠪᠤᠳᠠᠯ ᠳᠤ ᠭᠠᠷ | ᠲᠥᠷᠥᠵᠦ ᠪᠣᠯᠬᠤ ᠦᠭᠡᠢ᠃ | ︵ᠳᠥᠷᠪᠡᠨ︶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ | ᠳᠡᠭᠡᠰᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ ᠳᠤᠮᠳᠠ | ᠤᠷᠲᠤ ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠪᠣᠯᠤᠨ ᠲᠥᠯᠥᠪᠵᠢᠭᠦᠯᠭᠡ ᠶᠢ ᠲᠣᠭᠲᠠᠭᠠᠵᠤ᠂ ᠠᠮᠵᠢᠯᠲᠠ | ᠪᠦᠲᠦᠮᠵᠢ ᠶᠢᠨ ᠬᠠᠷᠠᠯᠲᠠ ᠬᠢᠭᠡᠳ ᠭᠦᠶ᠋ᠴᠡᠳᠬᠡᠬᠦ ᠲᠤᠭ᠎ᠠ ᠶᠢ ᠲᠣᠳᠣᠷᠬᠠᠶᠢᠯᠠᠬᠤ ᠬᠡᠷᠡᠭᠲᠡᠶ᠃ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠡᠷᠬᠡ ᠬᠠᠷᠢᠭᠤᠴᠠᠯᠭ᠎ᠠ ᠠᠰᠢᠭ ᠦᠷ᠎ᠡ ᠪᠦᠲᠦᠮᠵᠢ ᠶᠢ ᠬᠠᠷᠢᠯᠴᠠᠨ ᠨᠢᠭᠡᠳᠬᠡᠬᠦ ᠪᠠ | ᠲᠥᠷᠥᠯ ᠬᠤᠪᠢᠶᠠᠨ ᠦᠨᠡᠯᠡᠬᠦ ᠵᠠᠷᠴᠢᠮ ᠶᠣᠰᠣᠭᠠᠷ᠂ ᠶᠠᠪᠤᠴᠠ ᠶᠢᠨ ᠬᠠᠮᠢᠶᠠᠷᠤᠯᠲᠠ ᠶᠢ ᠪᠠᠭᠠᠰᠬᠠᠵᠤ᠂ ᠰᠢᠨ᠎ᠡ ᠶᠢ | ᠡᠭᠦᠳᠬᠦ ᠤᠳᠤᠷᠢᠳᠤᠮᠵᠢ᠂ ᠦᠷ᠎ᠡ ᠳ᠋ᠦᠩ ᠤᠨ ᠤᠳᠤᠷᠢᠳᠤᠮᠵᠢ ᠪᠠ ᠪᠣᠳᠠᠲᠤ ᠠᠮᠵᠢᠯᠲᠠ ᠶᠢᠨ ᠤᠳᠤᠷᠢᠳᠤᠮᠵᠢ ᠶᠢ | ᠳᠣᠪᠤᠶᠢᠯᠭᠠᠨ᠂ ᠳᠡᠭᠡᠰᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠤ | ᠤᠷᠲᠤᠪᠲᠤᠷ ᠪᠠ ᠤᠷᠲᠤ ᠬᠤᠭᠤᠴᠠᠭᠠᠨ ᠤ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠦᠨᠡᠯᠡᠨ ᠰᠢᠯᠭᠠᠨ | ᠬᠢᠨᠠᠬᠤ ᠶᠢ ᠬᠡᠷᠡᠭᠵᠢᠭᠦᠯᠵᠦ᠂ ᠦᠨᠡᠯᠡᠭᠰᠡᠨ ᠦᠷ᠎ᠡ ᠳ᠋ᠦᠩ ᠢ ᠵᠣᠬᠢᠰᠲᠠᠶ ᠠᠷᠭ᠎ᠠ ᠮᠠᠶ᠋ᠢᠭ ᠢᠶᠠᠷ ᠢᠯᠡ ᠪᠣᠯᠭᠠᠬᠤ ᠶᠢᠨ | ᠬᠠᠮᠲᠤ᠂ ᠨᠢᠭᠡᠴᠡ ᠶᠢᠨ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠤᠳᠤᠷᠢᠳᠬᠤ ᠬᠥᠮᠦᠰ ᠤᠨ ᠰᠢᠯᠭᠠᠨ | ᠦᠨᠡᠯᠡᠵᠦ ᠱᠠᠩᠨᠠᠬᠤ᠂ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠬᠢᠨᠠᠨ ᠲᠣᠭᠲᠠᠭᠠᠬᠤ ᠵᠡᠷᠭᠡ | ᠪᠣᠯᠤᠨ᠎ᠠ᠃ ᠪᠠᠶᠢᠭᠤᠯᠤᠮᠵᠢ ᠶᠢᠨ ᠣᠷᠣᠨ ᠲᠤᠭ᠎ᠠ ᠶᠢᠨ ᠰᠠᠯᠠᠭ᠎ᠠ ᠮᠥᠴᠢᠷ ᠨᠢ ᠳᠡᠰ ᠳᠠᠷᠠᠭᠠᠯᠠᠯ ᠶᠣᠰᠣᠭᠠᠷ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯ ᠦᠢᠯᠡᠰ ᠤᠨ ᠨᠢᠭᠡᠴᠡ ᠶᠢᠨ ᠣᠷᠣᠨ ᠲᠤᠭ᠎ᠠ ᠳᠤ ᠲᠣᠬᠢᠷᠠᠭᠤᠯᠤᠯᠲᠠ ᠬᠢᠬᠦ | ᠵᠦᠶ᠋ᠯᠡᠰ ᠢ ᠭᠦᠶ᠋ᠴᠡᠳᠬᠡᠬᠦ ᠳᠤ᠂ ᠦᠨᠡᠯᠡᠭᠰᠡᠨ ᠦᠷ᠎ᠡ ᠳ᠋ᠦᠩ ᠢᠶᠠᠷ ᠯᠠᠪᠯᠠᠯᠲᠠ ᠪᠣᠯᠭᠠᠨ᠎ᠠ᠃ | ︵ᠲᠠᠪᠤ︶ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠤᠳ ᠴᠢᠳᠠᠮᠵᠢ ᠶᠢᠨ ᠪᠠᠶᠢᠷᠢ ᠲᠣᠭᠲᠠᠭᠠᠯᠲᠠ ᠨᠢ | ᠲᠣᠳᠣᠷᠬᠠᠶ᠂ ᠪᠠᠶᠢᠷᠢᠰᠢᠭᠤᠯᠤᠯ ᠨᠢ ᠵᠦᠶ ᠵᠣᠬᠢᠰᠲᠠᠶ᠂ ᠴᠣᠮᠬᠠᠨ ᠪᠥᠭᠡᠳ ᠥᠨᠳᠥᠷ ᠦᠷ᠎ᠡ ᠪᠦᠲᠦᠮᠵᠢᠲᠡᠶ ᠪᠠᠶ᠋ᠬᠤ | ᠵᠠᠷᠴᠢᠮ ᠤᠨ ᠶᠣᠰᠣᠭᠠᠷ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ | ᠬᠥᠭᠵᠢᠯᠲᠡ ᠬᠢᠭᠡᠳ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃ | ᠳᠡᠭᠡᠰᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ ᠳᠦᠷᠢᠮ ᠳᠤ | ᠲᠣᠭᠲᠠᠭᠠᠭᠰᠠᠨ ᠡᠭᠦᠷᠭᠡ ᠴᠢᠳᠠᠪᠤᠷᠢ ᠶᠢᠨ ᠬᠡᠪᠴᠢᠶᠡᠨ ᠳᠣᠲᠣᠷ᠎ᠠ᠂ ᠤᠯᠤᠰ ᠠᠴᠠ ᠪᠠᠶᠢᠯᠳᠤᠬᠤ ᠪᠣᠳᠣᠯᠭ᠎ᠠ ᠶᠢᠨ | ᠬᠡᠷᠡᠭᠴᠡᠭᠡ ᠱᠠᠭᠠᠷᠳᠠᠯᠭ᠎ᠠ᠂ ᠠᠵᠢᠯ ᠲᠥᠷᠥᠯ ᠤᠨ ᠬᠥᠭᠵᠢᠯᠲᠡ ᠶᠢᠨ ᠬᠡᠷᠡᠭᠴᠡᠭᠡ ᠪᠣᠯᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ᠂ ᠴᠣᠮᠬᠠᠳᠬᠠᠬᠤ᠂ ᠬᠦᠴᠦᠨ ᠴᠢᠳᠠᠪᠤᠷᠢ ᠲᠠᠢ | ᠪᠠᠶᠢᠯᠭᠠᠬᠤ ᠵᠠᠷᠴᠢᠮ ᠤᠨ ᠶᠣᠰᠣᠭᠠᠷ᠂ ᠨᠢᠭᠡᠴᠡ ᠶᠢᠨ ᠳᠣᠲᠣᠭᠠᠳᠤ ᠪᠠᠶᠢᠭᠤᠯᠤᠮᠵᠢ ᠶᠢ ᠡᠵᠡᠨ ᠮᠡᠳᠡᠨ ᠪᠠᠶᠢᠷᠢᠯᠠᠭᠤᠯᠬᠤ᠂ | ᠬᠤᠪᠢᠷᠠᠭᠤᠯᠬᠤ ᠪᠠ ᠬᠦᠴᠦᠨ ᠦᠭᠡᠢ ᠪᠣᠯᠭᠠᠵᠤ ᠪᠣᠯᠤᠨ᠎ᠠ᠃ | ᠭᠤᠷᠪᠠ᠂ ᠰᠢᠨᠵᠢᠯᠡᠬᠦ ᠤᠬᠠᠭᠠᠨ ᠤ ᠰᠤᠳᠤᠯᠤᠯ ᠢ ᠰᠢᠯᠢᠳᠡᠭᠵᠢᠭᠦᠯᠬᠦ ᠬᠡᠷᠡᠭᠲᠡᠢ | ︵ᠵᠢᠷᠭᠤᠭ᠎ᠠ︶ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠶ᠋ᠯ ᠤᠨ ᠬᠠᠮᠢᠶᠠᠷᠤᠯᠲᠠ ᠶᠢᠨ ᠴᠤᠪᠤᠷᠠᠯ ᠢ | ᠳᠥᠭᠦᠮᠴᠢᠯᠡᠨ᠎ᠡ᠃ | ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠴᠢᠬᠤᠯᠠ ᠶᠡᠭᠡ | ᠲᠥᠷᠥᠯ ᠵᠦᠶ᠋ᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠠᠴᠠ | ᠬᠡᠷᠡᠭᠴᠡᠭᠡ ᠱᠠᠭᠠᠷᠳᠠᠯᠭ᠎ᠠ ᠶᠢᠨ ᠥᠭᠡᠷᠡᠴᠢᠯᠡᠨ ᠰᠠᠶᠢᠵᠢᠷᠠᠭᠤᠯᠬᠤ ᠲᠥᠷᠥᠯ ᠵᠦᠶ᠋ᠯ ᠤᠨ ᠪᠦᠷᠢᠯᠳᠦᠬᠦ ᠲᠣᠭᠲᠠᠴᠠ ᠲᠠᠢ | ᠤᠶᠠᠯᠳᠤᠭᠤᠯᠤᠨ᠂ ᠲᠥᠷᠥᠯ ᠵᠦᠶ᠋ᠯ ᠤᠨ ᠪᠠᠢᠷᠢᠰᠢᠭᠤᠯᠤᠯ᠂ ᠲᠤᠭ᠎ᠠ ᠬᠡᠮᠵᠢᠶ᠎ᠡ ᠵᠢᠴᠢ ᠪᠠᠭᠲᠠᠭᠠᠮᠵᠢ ᠶᠢ ᠵᠦᠶ ᠵᠣᠬᠢᠰᠲᠠᠶ | ᠲᠣᠭᠲᠠᠭᠠᠵᠤ᠂ ᠰᠤᠳᠤᠯᠤᠨ ᠨᠡᠭᠡᠭᠡᠬᠦ ᠪᠦᠯᠬᠦᠮ ᠨᠡᠶᠢᠲᠡ ᠶᠢ ᠰᠢᠯᠢᠳᠡᠭ ᠢ ᠨᠢ ᠰᠣᠩᠭᠤᠨ᠎ᠠ᠃ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠪᠠ ᠦᠷ᠎ᠡ ᠳ᠋ᠦᠩ ᠢ ᠬᠢᠨᠠᠨ ᠰᠢᠯᠭᠠᠬᠤ ᠶᠢ ᠴᠢᠩᠭᠠᠷᠠᠭᠤᠯᠵᠤ᠂ ᠶᠠᠪᠤᠴᠠ ᠶᠢᠨ ᠬᠠᠮᠢᠶᠠᠷᠤᠯᠲᠠ ᠶᠢ | ᠳᠥᠭᠦᠮᠴᠢᠯᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠲᠥᠷᠥᠯ ᠵᠦᠶ᠋ᠯ ᠮᠡᠳᠡᠭᠦᠯᠬᠦ ᠴᠤᠪᠤᠷᠠᠯ ᠢ ᠴᠣᠮᠬᠠᠳᠬᠠᠵᠤ᠂ ᠮᠡᠳᠡᠭᠦᠯᠬᠦ ᠴᠢᠬᠤᠯᠠ ᠦᠭᠡᠢ | ᠮᠠᠲ᠋ᠧᠷᠢᠶᠠᠯ ᠢ ᠪᠠᠭᠠᠰᠬᠠᠬᠤ ᠬᠡᠷᠡᠭᠲᠡᠶ᠃ ᠲᠥᠷᠥᠯ ᠵᠦᠶ᠋ᠯ ᠢ ᠬᠡᠷᠡᠭᠵᠢᠭᠦᠯᠬᠦ ᠬᠤᠭᠤᠴᠠᠭᠠᠨ ᠳᠤ ︽ᠪᠦᠳᠦᠭᠦᠯᠢᠭ︾ | ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠲᠥᠷᠥᠯ ᠤᠨ ᠶᠠᠪᠤᠴᠠ ᠶᠢᠨ ᠴᠢᠨᠠᠷᠲᠠᠶ ᠦᠨᠡᠯᠡᠨ ᠵᠢᠱᠢᠬᠦ᠂ | ᠰᠢᠯᠭᠠᠨ ᠪᠠᠶᠢᠴᠠᠭᠠᠬᠤ᠂ ᠰᠤᠭᠤᠯᠬᠤ᠂ ᠬᠢᠨᠠᠨ ᠪᠣᠳᠣᠬᠤ ᠵᠡᠷᠭᠡ ᠶᠢ ᠪᠠᠭᠠᠰᠬᠠᠬᠤ ᠬᠡᠷᠡᠭᠲᠡᠶ᠃ ᠡᠳ᠋ ᠤᠨ ᠶᠠᠪᠤᠳᠠᠯ ᠤᠨ | ᠰᠢᠯᠭᠠᠨ ᠠᠪᠬᠤ ᠪᠠ ᠮᠡᠷᠭᠡᠵᠢᠯ ᠤᠨ ᠰᠢᠯᠭᠠᠨ ᠠᠪᠬᠤ ᠶᠢ ᠨᠡᠶᠢᠯᠡᠭᠦᠯᠵᠦ᠂ ᠭᠤᠷᠪᠠᠳᠠᠬᠢ ᠡᠲᠡᠭᠡᠳ ᠤᠨ ᠬᠢᠨᠠᠨ | ᠪᠣᠳᠣᠬᠤ ᠪᠠᠶᠢᠭᠤᠯᠤᠮᠵᠢ ᠶᠢ ᠦᠨᠡᠯᠡᠨ ᠵᠢᠱᠢᠬᠦ᠂ ᠵᠢᠷᠤᠮᠵᠢᠭᠤᠯᠬᠤ ᠪᠠ ᠬᠥᠳᠡᠯᠦᠩᠭᠦᠶ ᠪᠠᠷ ᠲᠣᠬᠢᠷᠠᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠡᠯ᠎ᠡ ᠵᠦᠶ᠋ᠯ ᠤᠨ ᠠᠵᠢᠯ ᠪᠣᠯᠤᠨ ᠲᠥᠯᠥᠪᠯᠡᠭᠡ ᠶᠢᠨ | ᠮᠠᠲ᠋ᠧᠷᠢᠶᠠᠯ ᠢ ᠮᠡᠳᠡᠭᠦᠯᠦᠨ ᠬᠦᠷᠭᠡᠬᠦ ᠵᠠᠩᠭᠢᠯᠠᠭ᠎ᠠ ᠶᠢ ᠡᠮᠬᠢᠯᠡᠨ ᠨᠡᠶᠢᠯᠡᠭᠦᠯᠵᠦ᠂ ᠬᠦᠰᠦᠨᠦᠭᠲᠦ ᠪᠦᠬᠦᠨ ᠢ ᠪᠡᠶᠡᠯᠡᠭᠦᠯᠬᠦ | ᠬᠡᠷᠡᠭᠲᠡᠶ᠃ ᠤᠯᠤᠰ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ ᠢ ᠡᠷᠬᠡ ᠶᠢᠨ ᠬᠡᠪᠴᠢᠶ᠎ᠡ ᠶᠣᠰᠣᠭᠠᠷ ᠴᠢᠯᠥᠭᠡᠲᠡᠶ ᠲᠠᠯᠪᠢᠬᠤ ᠳᠦᠷᠢᠮ ᠢ ᠪᠠᠶᠢᠭᠤᠯᠵᠤ᠂ ᠮᠡᠳᠡᠭᠡ | ᠵᠠᠩᠭᠢ ᠶᠢᠨ ᠰᠢᠰᠲ᠋ᠧᠮ ᠤᠨ ᠨᠢᠭᠡᠨᠲᠡ ᠪᠠᠶ᠋ᠭ᠎ᠠ ᠮᠠᠲ᠋ᠧᠷᠢᠶᠠᠯ ᠪᠤᠶᠤ ᠨᠢᠭᠡᠨᠲᠡ ᠬᠠᠩᠭᠠᠯᠭᠠᠬᠤ ᠪᠠᠷ ᠱᠠᠭᠠᠷᠳᠠᠭᠰᠠᠨ | ᠮᠠᠲ᠋ᠧᠷᠢᠶᠠᠯ ᠪᠦᠬᠦᠨ ᠢ ᠳᠠᠬᠢᠨ ᠳᠠᠪᠲᠠᠨ ᠬᠠᠩᠭᠠᠯᠭᠠᠬᠤ ᠪᠠᠷ ᠱᠠᠭᠠᠷᠳᠠᠵᠤ ᠪᠣᠯᠬᠤ ᠦᠭᠡᠢ᠃ ᠰᠢᠨᠵᠢᠯᠡᠬᠦ ᠤᠬᠠᠭᠠᠨ | ᠮᠡᠷᠭᠡᠵᠢᠯ᠂ ᠡᠳ᠋ ᠤᠨ ᠵᠠᠰᠠᠭ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠲᠥᠪ ᠤᠨ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠵᠡᠷᠭᠡ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠳᠠᠷᠤᠭᠠᠰᠤ ᠶᠢ | ᠬᠥᠩᠭᠡᠷᠡᠭᠦᠯᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠰᠡᠳᠬᠢᠯ ᠰᠢᠭᠤᠳᠤᠨ ᠰᠤᠳᠤᠯᠬᠤ ᠳᠤ ᠠᠰᠢᠭᠲᠠᠢ ᠣᠷᠴᠢᠨ | ᠲᠣᠭᠤᠷᠢᠨ ᠢ ᠢᠳᠡᠪᠬᠢᠲᠡᠶ ᠪᠠᠷ ᠪᠤᠢ ᠪᠣᠯᠭᠠᠬᠤ ᠬᠡᠷᠡᠭᠲᠡᠶ᠃ | ︵ᠳᠣᠯᠤᠭ᠎ᠠ︶ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠲᠡᠭᠦᠯᠳᠡᠷᠵᠢᠭᠦᠯᠬᠦ ᠬᠡᠷᠡᠭᠲᠡᠶ᠃ | ᠳᠡᠮ ᠵᠠᠷᠤᠳᠠᠯ ᠤᠨ ᠲᠥᠰᠦᠪ ᠢ ᠨᠠᠶᠢᠷᠠᠭᠤᠯᠤᠨ ᠵᠣᠬᠢᠶᠠᠬᠤ ᠪᠠ ᠣᠯᠭᠤᠬᠤ ᠠᠷᠭ᠎ᠠ ᠮᠠᠶ᠋ᠢᠭ ᠢ ᠥᠭᠡᠷᠡᠴᠢᠯᠡᠵᠦ᠂ | ᠲᠥᠷᠥᠯ ᠵᠦᠶ᠋ᠯ ᠤᠨ ᠬᠠᠷᠢᠭᠤᠴᠠᠯᠭᠠᠲᠠᠨ ᠠᠴᠠ ᠲᠥᠰᠦᠪ ᠨᠠᠶᠢᠷᠠᠭᠤᠯᠤᠨ ᠵᠣᠬᠢᠶᠠᠬᠤ ᠦᠭᠡᠢ᠂ ᠲᠥᠷᠥᠯ ᠵᠦᠶ᠋ᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ︵ᠨᠢᠭᠡᠴᠡ︶ ᠠᠴᠠ ᠪᠡᠯᠡ ᠮᠥᠩᠭᠦ ᠣᠯᠭᠤᠬᠤ ᠭᠠᠷᠳᠠᠮ ᠢ ᠰᠢᠭᠤᠳ ᠬᠢᠨᠠᠨ | ᠲᠣᠭᠲᠠᠭᠠᠬᠤ ᠶᠢᠨ ᠬᠠᠮᠲᠤ ᠭᠦᠶ᠋ᠴᠡᠳᠬᠡᠵᠦ᠂ ᠪᠡᠯᠡ ᠮᠥᠩᠭᠦ ᠶᠢ ᠳᠠᠭᠠᠭᠠᠨ ᠡᠭᠦᠷᠭᠡᠯᠡᠭᠰᠡᠨ ᠨᠢᠭᠡᠴᠡ ᠳᠤ ᠰᠢᠭᠤᠳ | ᠥᠭᠬᠦ ᠬᠡᠷᠡᠭᠲᠡᠶ᠃ ᠠᠮᠵᠢᠯᠲᠠ ᠪᠦᠲᠦᠮᠵᠢ᠂ ᠦᠨᠡᠨᠴᠢ ᠢᠲᠡᠭᠡᠮᠵᠢ ᠪᠠ ᠴᠢᠳᠠᠪᠤᠷᠢ ᠳᠤ ᠰᠠᠭᠤᠷᠢᠯᠠᠭᠰᠠᠨ ᠰᠢᠨᠵᠢᠯᠡᠬᠦ | ᠤᠬᠠᠭᠠᠨ ᠤ ᠰᠤᠳᠤᠯᠤᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠲᠦᠷᠭᠡᠳᠬᠡᠨ ᠠᠬᠢᠭᠤᠯᠵᠤ᠂ | ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠶ᠋ᠯ ᠤᠨ ᠪᠡᠯᠡ ᠮᠥᠩᠭᠦ ᠶᠢᠨ ᠬᠠᠮᠢᠶᠠᠷᠤᠯᠲᠠ ᠵᠡᠷᠭᠡ | ᠲᠤᠷᠰᠢᠯᠲᠠ ᠶᠢᠨ ᠲᠤᠷᠰᠢᠯᠭ᠎ᠠ ᠪᠠ ᠠᠷᠭ᠎ᠠ ᠬᠢᠳᠡᠯ ᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠦᠨ᠎ᠡ᠃ ᠬᠥᠨᠳᠡᠯᠡᠨ | ᠵᠠᠷᠤᠳᠠᠯ ᠬᠡᠷᠡᠭᠯᠡᠬᠦ ᠡᠵᠡᠨ ᠮᠡᠳᠡᠬᠦ ᠡᠷᠬᠡ ᠶᠢ ᠨᠠᠢᠳᠠᠪᠤᠷᠢᠵᠢᠭᠤᠯᠬᠤ᠂ ᠨᠢᠭᠡᠴᠡ ᠶᠢᠨ ᠬᠠᠤᠯᠢ ᠲᠣᠭᠲᠠᠭᠠᠯ ᠶᠣᠰᠣᠭᠠᠷ | ᠲᠣᠭᠲᠠᠭᠠᠭᠰᠠᠨ ᠬᠥᠨᠳᠡᠯᠡᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ ᠶᠢ ᠬᠢᠨᠠᠨ ᠪᠣᠳᠣᠵᠤ ᠪᠠᠶᠢᠴᠠᠭᠠᠬᠤ | ᠦᠨᠳᠦᠰᠦᠯᠡᠯ ᠪᠣᠯᠭᠠᠵᠤ ᠪᠣᠯᠤᠨ᠎ᠠ᠃ ᠲᠥᠷᠥᠯ ᠵᠦᠶ᠋ᠯ ᠢ ᠳᠠᠭᠠᠭᠠᠨ ᠡᠭᠦᠷᠭᠡᠯᠡᠭᠰᠡᠨ ᠨᠢᠭᠡᠴᠡ ᠶᠢᠨ ᠤᠯᠤᠰ ᠠᠴᠠ | ᠳᠣᠲᠣᠭᠠᠳᠤ ᠶᠢᠨ ᠵᠠᠮ ᠤᠨ ᠵᠠᠷᠤᠳᠠᠯ ᠤᠨ ᠳᠣᠲᠣᠷᠠᠬᠢ ᠲᠤᠰᠠᠯᠠᠮᠵᠢ ᠶᠢᠨ ᠵᠠᠷᠤᠳᠠᠯ᠂ ᠬᠤᠲᠠ ᠶᠢᠨ ᠳᠣᠲᠣᠷᠠᠬᠢ ᠵᠠᠮ | ᠬᠠᠷᠢᠯᠴᠠᠭᠠᠨ ᠤ ᠵᠠᠷᠤᠳᠠᠯ ᠪᠣᠯᠤᠨ ᠪᠠᠷᠢᠮᠲᠠ ᠣᠯᠬᠤ ᠳᠤ ᠬᠦᠴᠢᠷᠲᠡᠶ ᠬᠤᠨᠤᠭ ᠤᠨ ᠵᠠᠷᠤᠳᠠᠯ ᠳᠤ ᠳᠠᠭᠠᠭᠠᠴᠢᠯᠠᠬᠤ | ᠳᠦᠷᠢᠮ ᠢ ᠬᠡᠷᠡᠭᠵᠢᠭᠦᠯᠬᠦ ᠶᠢ ᠵᠥᠪᠰᠢᠶᠡᠷᠡᠨ᠎ᠡ᠃ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠴᠠᠭ ᠲᠤᠨᠢ ᠲᠤᠬᠢᠷᠠᠭᠤᠯᠤᠨ ᠬᠡᠰᠡᠭ ᠳᠡᠭᠡᠰᠦ ᠰᠤᠷᠭᠠᠭᠤᠯᠢ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠢ ᠰᠣᠩᠭᠤᠵᠤ ᠤᠯᠤᠰ ᠠᠴᠠ ᠳᠣᠲᠣᠭᠠᠳᠤ ᠶᠢᠨ ᠠᠯᠪᠠᠨ ᠶᠠᠪᠤᠳᠠᠯ ᠢᠶᠠᠷ | ᠭᠠᠳᠠᠭᠰᠢ ᠭᠠᠷᠬᠤ ᠵᠠᠷᠤᠳᠠᠯ ᠤᠨ ᠳᠠᠩᠰᠠ ᠲᠠᠶᠢᠯᠬᠤ ᠥᠭᠡᠷᠡᠴᠢᠯᠡᠯᠲᠡ ᠶᠢᠨ ᠲᠤᠷᠰᠢᠯᠲᠠ ᠶᠢ ᠰᠦᠪᠡᠭᠴᠢᠯᠡᠨ | ᠥᠷᠨᠢᠭᠦᠯᠦᠨ᠎ᠡ᠃ | ︵ᠨᠠᠶ᠋ᠮᠠ︶ ᠰᠢᠨᠵᠢᠯᠡᠬᠦ ᠤᠬᠠᠭᠠᠨ ᠤ ᠰᠤᠳᠤᠯᠤᠯ ᠤᠨ ᠬᠡᠮᠵᠢᠭᠦᠷᠯᠢᠭ ᠲᠥᠬᠦᠭᠡᠷᠦᠮᠵᠢ ᠬᠤᠷᠣᠭᠳᠠᠯ ᠮᠠᠲ᠋ᠧᠷᠢᠶᠠᠯ | ᠬᠤᠳᠠᠯᠳᠤᠨ ᠠᠪᠬᠤ ᠬᠠᠮᠢᠶᠠᠷᠤᠯᠲᠠ ᠶᠢ ᠰᠠᠶᠢᠵᠢᠷᠠᠭᠤᠯᠬᠤ ᠬᠡᠷᠡᠭᠲᠡᠶ᠃ | ᠬᠤᠳᠠᠯᠳᠤᠨ ᠠᠪᠬᠤ ᠴᠤᠪᠤᠷᠠᠯ ᠢ ᠳᠥᠭᠦᠮᠴᠢᠯᠡᠵᠦ᠂ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠶᠢ | ᠪᠣᠭᠤᠨᠢᠰᠬᠠᠵᠤ᠂ ᠭᠠᠭᠴᠠᠭᠠᠷ ᠣᠷᠣᠯᠠᠬᠤ ᠪᠤᠶᠤ ᠦᠶ᠋ᠯᠡᠳᠪᠦᠷᠢᠯᠡᠬᠦ ᠬᠡᠮᠵᠢᠭᠦᠷᠯᠢᠭ ᠲᠥᠬᠦᠭᠡᠷᠦᠮᠵᠢ ᠶᠢ ᠳᠡᠭᠡᠰᠦ | ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠨᠢ ᠬᠤᠯᠪᠣᠭᠳᠠᠯ ᠪᠦᠬᠦᠢ | ᠲᠣᠭᠲᠠᠭᠠᠯ ᠪᠣᠯᠤᠨ ᠳᠡᠰ ᠳᠠᠷᠠᠭᠠᠯᠠᠯ ᠶᠣᠰᠣᠭᠠᠷ ᠨᠠᠩ ᠠᠮᠢᠳᠤᠯᠢᠭ ᠪᠥᠭᠡᠳ ᠳᠥᠭᠦᠮ ᠳᠥᠲᠡ ᠬᠤᠳᠠᠯᠳᠤᠨ ᠠᠪᠬᠤ | ᠠᠷᠭ᠎ᠠ ᠮᠠᠶ᠋ᠢᠭ ᠢ ᠠᠪᠴᠤ ᠪᠣᠯᠤᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠳᠤ ᠪᠠᠴᠢᠮ ᠬᠡᠷᠡᠭᠰᠡᠬᠦ ᠲᠥᠬᠦᠭᠡᠷᠦᠮᠵᠢ | ᠪᠣᠯᠤᠨ ᠬᠤᠷᠣᠭᠳᠠᠯ ᠮᠠᠲ᠋ᠧᠷᠢᠶᠠᠯ ᠳᠤ ᠣᠨᠴᠠ ᠤᠴᠢᠷ ᠢ ᠣᠨᠴᠠ ᠰᠢᠶ᠋ᠳᠪᠦᠷᠢᠯᠡᠬᠦ᠂ ᠬᠡᠵᠢᠶ᠎ᠡ ᠢᠷᠡᠪᠡᠯ ᠬᠡᠵᠢᠶ᠎ᠡ | ᠰᠢᠶ᠋ᠳᠪᠦᠷᠢᠯᠡᠬᠦ ᠬᠤᠳᠠᠯᠳᠤᠨ ᠠᠪᠬᠤ ᠲᠣᠭᠲᠠᠴᠠ ᠶᠢ ᠬᠡᠷᠡᠭᠯᠡᠵᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠳᠡᠰ ᠳᠠᠷᠠᠭᠠᠯᠠᠯ ᠢᠶᠠᠷ ᠶᠠᠪᠤᠬᠤ ᠦᠭᠡᠢ ᠪᠠᠶᠢᠵᠤ ᠪᠣᠯᠤᠨ᠎ᠠ᠃ ᠡᠯ᠎ᠡ ᠨᠢᠭᠡᠴᠡ ᠨᠦᠭᠦᠳ ᠰᠢᠨᠵᠢᠯᠡᠬᠦ | ᠤᠬᠠᠭᠠᠨ ᠤ ᠰᠤᠳᠤᠯᠤᠯ ᠤᠨ ᠲᠥᠬᠦᠭᠡᠷᠦᠮᠵᠢ ᠶᠢᠨ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠶᠢᠨ | ᠪᠦᠷᠢᠨ ᠲᠡᠭᠦᠯᠳᠡᠷ ᠳᠦᠷᠢᠮ ᠢ ᠪᠠᠶᠢᠭᠤᠯᠵᠤ᠂ ᠦᠨᠡᠨᠬᠦ ᠣᠨᠴᠠ ᠤᠴᠢᠷ ᠢ ᠣᠨᠴᠠ ᠰᠢᠶ᠋ᠳᠪᠦᠷᠢᠯᠡᠬᠦ᠂ ᠬᠡᠵᠢᠶ᠎ᠡ | ᠢᠷᠡᠪᠡᠯ ᠬᠡᠵᠢᠶ᠎ᠡ ᠰᠢᠶ᠋ᠳᠪᠦᠷᠢᠯᠡᠬᠦ ᠠᠷᠭ᠎ᠠ ᠮᠠᠶ᠋ᠢᠭ ᠢᠶᠠᠷ ᠬᠤᠳᠠᠯᠳᠤᠨ ᠠᠪᠬᠤ ᠲᠤᠬᠠᠶ ᠲᠣᠳᠣᠷᠬᠠᠶ ᠲᠣᠭᠲᠠᠭᠠᠯ | ᠭᠠᠷᠭᠠᠵᠤ᠂ ᠲᠠᠯᠪᠢᠬᠤ ᠮᠥᠷᠲᠡᠭᠡᠨ ᠰᠠᠮᠠᠭᠤᠷᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠶᠢᠰᠦ︶ ᠰᠢᠨ᠎ᠡ ᠶᠢ ᠡᠭᠦᠳᠬᠦ ᠳᠠᠭᠠᠭᠤᠯᠤᠭᠴᠢ ᠴᠢᠳᠠᠪᠤᠷᠢᠲᠠᠨ ᠳᠤ ᠨᠠᠩ ᠶᠡᠭᠡ ᠰᠢᠨᠵᠢᠯᠡᠬᠦ ᠤᠬᠠᠭᠠᠨ ᠤ | ᠰᠤᠳᠤᠯᠭᠠᠨ ᠤ ᠡᠵᠡᠨ ᠮᠡᠳᠡᠬᠦ ᠡᠷᠬᠡ ᠣᠯᠭᠤᠨ᠎ᠠ᠃ | ᠤᠯᠤᠰ ᠠᠴᠠ ᠰᠢᠨᠵᠢᠯᠡᠬᠦ ᠤᠬᠠᠭᠠᠨ ᠤ ᠰᠤᠳᠤᠯᠭᠠᠨ ᠤ ᠵᠦᠶ᠋ᠯᠡᠰ ᠤᠨ ᠬᠠᠷᠢᠭᠤᠴᠠᠯᠭᠠᠲᠠᠨ ᠤᠯᠤᠰ ᠠᠴᠠ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠤᠳᠤᠯᠭᠠᠨ ᠤ ᠲᠥᠰᠦᠯ ᠪᠠ ᠮᠡᠷᠭᠡᠵᠢᠯ ᠤᠨ ᠱᠤᠭᠤᠮ ᠳᠤ | ᠪᠡᠶ᠎ᠡ ᠪᠠᠨ ᠳᠠᠭᠠᠭᠠᠵᠤ ᠲᠣᠬᠢᠷᠠᠭᠤᠯᠤᠯᠲᠠ ᠬᠢᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ ᠪᠡᠶ᠎ᠡ ᠪᠠᠨ | ᠳᠠᠭᠠᠭᠠᠵᠤ ᠵᠣᠬᠢᠶᠠᠨ ᠪᠠᠶᠢᠭᠤᠯᠵᠤ ᠪᠣᠯᠤᠨ᠎ᠠ᠃ ᠵᠣᠬᠢᠴᠠᠩᠭᠤᠶ ᠡᠷᠬᠡ ᠣᠯᠭᠤᠭᠰᠠᠨ ᠳᠡᠭᠡᠰᠦ ᠰᠤᠷᠭᠠᠭᠤᠯᠢ ᠪᠣᠯᠤᠨ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠨᠢ ᠠᠰᠫᠢᠷᠠᠨᠲ ᠡᠯᠰᠡᠬᠦ ᠲᠥᠯᠥᠪᠯᠡᠭᠡ ᠶᠢᠨ | ᠬᠤᠪᠢᠶᠠᠷᠢᠯᠠᠯᠲᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠲᠥᠷᠥᠯ ᠵᠦᠶ᠋ᠯ᠂ | ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠵᠡᠷᠭᠡ ᠤᠯᠤᠰ ᠠᠴᠠ ᠴᠢᠬᠤᠯᠠ ᠶᠡᠭᠡ ᠰᠢᠨᠵᠢᠯᠡᠬᠦ ᠤᠬᠠᠭᠠᠨ ᠤ | ᠰᠤᠳᠤᠯᠤᠯ ᠤᠨ ᠲᠥᠷᠥᠯ ᠵᠦᠶ᠋ᠯ ᠢ ᠳᠠᠭᠠᠭᠠᠨ ᠡᠭᠦᠷᠭᠡᠯᠡᠭᠰᠡᠨ ᠰᠢᠯᠢᠳᠡᠭ ᠪᠦᠯᠬᠦᠮ ᠨᠡᠶᠢᠲᠡ ᠪᠣᠯᠤᠨ ᠵᠢᠯᠣᠭᠤᠳᠣᠭᠴᠢ | ᠪᠠᠭᠰᠢ ᠲᠡᠰᠢ ᠬᠡᠯᠪᠠᠶᠢᠯᠭᠡᠬᠦ ᠬᠡᠷᠡᠭᠲᠡᠶ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠠᠪᠴᠠᠩ᠂ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠵᠦᠶ᠋ᠯᠡᠰ ᠪᠠ ᠢᠨᠵᠧᠨᠧᠷᠢᠩ ᠤᠨ ᠵᠦᠶ᠋ᠯᠡᠰ ᠲᠤ | ᠰᠠᠭᠤᠷᠢᠯᠠᠨ ᠳ᠋ᠣᠺᠲ᠋ᠣᠷᠠᠨᠲ ᠬᠥᠮᠦᠵᠢᠭᠦᠯᠬᠦ ᠠᠵᠢᠯ ᠢ ᠴᠢᠩᠭᠠᠳᠬᠠᠵᠤ᠂ ᠬᠥᠮᠦᠵᠢᠭᠦᠯᠬᠦ ᠥᠪᠡᠷ ᠤᠨ ᠥᠷᠲᠡᠭ ᠤᠨ | ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠥᠷᠥᠯ ᠵᠦᠶ᠋ᠯ ᠢ ᠳᠠᠭᠠᠭᠠᠨ ᠡᠭᠦᠷᠭᠡᠯᠡᠭᠰᠡᠨ ᠨᠢᠭᠡᠴᠡ ᠨᠦᠭᠦᠳ ᠠᠯᠪᠠᠨ | ᠶᠠᠪᠤᠳᠠᠯ ᠤᠨ ᠺᠠᠷᠲ ᠤᠨ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠶᠢ ᠦᠨᠡᠨᠬᠦ ᠨᠠᠢᠳᠠᠪᠤᠷᠢᠵᠢᠭᠤᠯᠬᠤ᠂ ᠲᠥᠷᠥᠯ | ᠵᠦᠶ᠋ᠯ ᠢ ᠲᠦᠷ ᠴᠠᠭ ᠤᠷᠢᠨ ᠬᠡᠷᠡᠭᠯᠡᠭᠰᠡᠨ ᠬᠥᠮᠦᠰ᠂ ᠰᠤᠳᠤᠯᠬᠤ ᠰᠤᠷᠤᠭᠴᠢ ᠵᠡᠷᠭᠡ ᠠᠯᠪᠠᠨ ᠶᠠᠪᠤᠳᠠᠯ ᠤᠨ ᠺᠠᠷᠲ | ᠭᠤᠶᠤᠴᠢᠯᠠᠬᠤ ᠨᠥᠬᠦᠴᠡᠯ ᠪᠦᠷᠢᠯᠳᠦᠭᠦᠯᠦᠭᠡᠳᠦᠶ ᠬᠥᠮᠦᠰ ᠤᠨ ᠲᠥᠷᠥᠯ ᠵᠦᠶ᠋ᠯ ᠤᠨ ᠡᠭᠦᠷᠭᠡ ᠪᠠᠨ | ᠭᠦᠶ᠋ᠴᠡᠳᠬᠡᠬᠦ ᠠᠴᠠ ᠪᠣᠯᠵᠤ ᠪᠤᠢ ᠪᠣᠯᠤᠭᠰᠠᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠢ ᠠᠯᠪᠠᠨ | ᠶᠠᠪᠤᠳᠠᠯ ᠤᠨ ᠺᠠᠷᠲ ᠢᠶᠠᠷ ᠲᠠᠰᠤᠯᠤᠨ ᠪᠣᠳᠣᠬᠤ ᠦᠭᠡᠢ ᠪᠠᠶᠢᠬᠤ ᠶᠢ ᠵᠥᠪᠰᠢᠶᠡᠷᠡᠬᠦ ᠬᠡᠷᠡᠭᠲᠡᠶ᠃ | ︵ᠠᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠳᠦᠷᠢᠮ ᠳᠤ | ᠥᠭᠡᠷᠡᠴᠢᠯᠡᠯᠲᠡ ᠬᠢᠨ᠎ᠡ᠃ | ᠤᠯᠤᠰ ᠠᠴᠠ ᠥᠮᠴᠢᠯᠡᠯ ᠤᠨ ᠡᠳ᠋ ᠬᠥᠷᠥᠩᠭᠡ ᠶᠢ ᠦᠨᠡᠯᠡᠨ ᠵᠢᠱᠢᠬᠦ ᠬᠠᠮᠢᠶᠠᠷᠤᠯᠲᠠ ᠶᠢᠨ ᠲᠠᠯ᠎ᠠ ᠶᠢᠨ ᠬᠠᠤᠯᠢ | ᠴᠠᠭᠠᠵᠠ ᠬᠠᠤᠯᠢ ᠲᠣᠭᠲᠠᠭᠠᠯ ᠢ ᠵᠠᠰᠠᠨ ᠲᠡᠭᠦᠯᠳᠡᠷᠵᠢᠭᠦᠯᠵᠦ᠂ ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠡᠳ᠋ ᠬᠥᠷᠥᠩᠭᠡ ᠶᠢ ᠦᠨᠡᠯᠡᠨ ᠵᠢᠱᠢᠬᠦ᠂ ᠳᠠᠩᠰᠠᠯᠠᠵᠤ ᠬᠠᠮᠢᠶᠠᠷᠬᠤ ᠵᠢᠷᠤᠮ ᠢ | ᠬᠦᠴᠦᠨ ᠦᠭᠡᠢ ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠳ | ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠳᠤ ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠤᠨ ᠥᠮᠴᠢᠯᠡᠬᠦ ᠡᠷᠬᠡ ᠪᠤᠶᠤ ᠤᠷᠲᠤ ᠬᠤᠭᠤᠴᠠᠭ᠎ᠠ ᠪᠠᠷ ᠬᠡᠷᠡᠭᠯᠡᠬᠦ ᠡᠷᠬᠡ ᠣᠯᠭᠤᠬᠤ | ᠲᠤᠷᠰᠢᠯᠲᠠ ᠶᠢ ᠥᠷᠨᠢᠭᠦᠯᠵᠦ᠂ ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠡᠷᠬᠡ ᠶᠢᠨ ᠬᠠᠷᠢᠶ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠳᠤ ᠵᠠᠮ ᠬᠠᠶᠢᠨ ᠰᠦᠪᠡᠭᠴᠢᠯᠡᠬᠦ | ᠬᠡᠷᠡᠭᠲᠡᠶ᠃ | ᠳᠥᠷᠪᠡᠨ᠂ ᠬᠠᠮᠢᠶ᠎ᠠ ᠪᠦᠬᠦᠢ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠥᠭᠡᠷᠡᠴᠢᠯᠡᠬᠦ | ᠬᠡᠷᠡᠭᠲᠡᠶ | ᠠᠷᠪᠠᠨ ᠨᠢᠭᠡ ᠡᠵᠡᠨ ᠮᠡᠳᠡᠵᠦ ᠠᠵᠢᠯᠲᠠᠨ ᠤᠷᠢᠵᠤ ᠬᠡᠷᠡᠭᠯᠡᠬᠦ᠃ | ᠳᠡᠭᠡᠰᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠨᠢ ᠤᠯᠤᠰ ᠠᠴᠠ | ᠬᠤᠯᠪᠣᠭᠳᠠᠯ ᠪᠦᠬᠦᠢ ᠲᠣᠭᠲᠠᠭᠠᠯ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠥᠷᠨᠢᠭᠦᠯᠬᠦ | ᠬᠡᠷᠡᠭᠴᠡᠭᠡ ᠪᠠᠨ ᠦᠨᠳᠦᠰᠦᠯᠡᠨ᠂ ᠤᠷᠢᠨ ᠬᠡᠷᠡᠭᠯᠡᠬᠦ ᠲᠥᠰᠦᠯ ᠲᠣᠭᠲᠠᠭᠠᠵᠤ᠂ ᠠᠵᠢᠯ ᠤᠨ ᠪᠠᠶᠢᠷᠢ ᠶᠢᠨ ᠨᠥᠬᠦᠴᠡᠯ | ᠲᠤᠬᠢᠷᠠᠭᠤᠯᠤᠨ᠂ ᠤᠷᠢᠨ ᠬᠡᠷᠡᠭᠯᠡᠬᠦ ᠮᠡᠳᠡᠭᠡ ᠵᠠᠩᠭᠢ ᠨᠡᠶᠢᠲᠡᠯᠡᠵᠦ᠂ ᠢᠯᠡ ᠪᠠᠷ ᠤᠷᠢᠨ ᠬᠡᠷᠡᠭᠯᠡᠬᠦ ᠶᠢ ᠪᠡᠶ᠎ᠡ ᠪᠠᠨ | ᠳᠠᠭᠠᠭᠠᠨ ᠵᠣᠬᠢᠶᠠᠨ ᠪᠠᠶᠢᠭᠤᠯᠵᠤ᠂ ᠤᠷᠢᠨ ᠬᠡᠷᠡᠭᠯᠡᠭᠰᠡᠨ ᠤ ᠳᠠᠷᠠᠭᠠᠬᠢ ᠬᠠᠮᠢᠶᠠᠷᠤᠯᠲᠠ ᠶᠢ ᠵᠢᠷᠤᠮᠵᠢᠭᠤᠯᠤᠨ᠂ | ᠠᠵᠢᠯᠲᠠᠨ ᠤ ᠭᠠᠳᠠᠭᠠᠳᠤ ᠭᠠᠷᠭᠠᠯᠲᠠ ᠶᠢ ᠰᠠᠭᠠᠳ ᠥᠬᠡᠶ ᠨᠡᠪᠲᠡᠷᠡᠭᠦᠯᠵᠦ᠂ ᠤᠷᠢᠨ ᠬᠡᠷᠡᠭᠯᠡᠬᠦ ᠬᠥᠮᠦᠰ ᠢ ᠵᠠᠬ᠎ᠠ | ᠳᠡᠯᠭᠡᠭᠦᠷᠴᠢᠯᠡᠨ ᠪᠤᠴᠠᠭᠠᠨ ᠭᠠᠷᠭᠠᠬᠤ ᠶᠢ ᠪᠡᠶᠡᠯᠡᠭᠦᠯᠬᠦ ᠬᠡᠷᠡᠭᠲᠡᠶ᠃ ᠣᠷᠣᠨ ᠨᠤᠲᠤᠭ ᠤᠨ ᠢᠶᠠᠨ ᠴᠢᠳᠠᠪᠤᠷᠢᠲᠠᠨ ᠢ | ᠬᠥᠮᠦᠵᠢᠭᠦᠯᠬᠦ ᠪᠠ ᠭᠠᠳᠠᠭᠠᠳᠤ ᠳᠤ ᠪᠠᠶ᠋ᠭ᠎ᠠ ᠴᠢᠳᠠᠪᠤᠷᠢᠲᠠᠨ ᠳᠤ ᠨᠢᠭᠡ ᠯᠡ ᠠᠳᠠᠯᠢ ᠪᠠᠷ ᠬᠠᠨᠳᠤᠵᠤ᠂ ᠡᠷᠬᠡ | ᠲᠡᠭᠰᠢ ᠪᠠᠷ ᠬᠠᠨᠳᠤᠨ᠎ᠠ᠃ ᠳᠡᠭᠡᠰᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ | ᠭᠠᠵᠠᠷ ᠤᠨ ᠲᠤᠰᠬᠠᠶ ᠮᠡᠷᠭᠡᠵᠢᠯ ᠤᠨ ᠠᠵᠢᠯᠲᠠᠨ ᠤ ᠲᠤᠰᠢᠶᠠᠯ ᠡᠭᠦᠷᠭᠡᠯᠡᠬᠦ᠂ ᠲᠥᠷᠥᠯ ᠵᠦᠶ᠋ᠯ ᠤᠨ | ᠬᠠᠮᠲᠤᠷᠠᠯᠴᠠᠭ᠎ᠠ ᠳᠤ ᠣᠷᠣᠯᠴᠠᠬᠤ᠂ ᠲᠤᠰᠢᠶᠠᠯ ᠬᠠᠪᠰᠤᠷᠭᠠᠬᠤ᠂ ᠠᠵᠢᠯ ᠤᠨ ᠪᠠᠶᠢᠷᠢ ᠳᠡᠭᠡᠷ᠎ᠡ ᠪᠠᠨ ᠠᠳᠠᠯ ᠦᠶ᠋ᠯᠡᠰ | ᠴᠣᠭᠴᠠᠯᠠᠬᠤ ᠵᠡᠷᠭᠡ ᠠᠷᠭ᠎ᠠ ᠮᠠᠶ᠋ᠢᠭ ᠢᠶᠠᠷ ᠰᠢᠨ᠎ᠡ ᠶᠢ ᠡᠭᠦᠳᠬᠦ ᠠᠵᠢᠯᠯᠠᠭ᠎ᠠ ᠡᠷᠬᠢᠯᠡᠬᠦ ᠶᠢ ᠳᠠᠮᠵᠢᠨ ᠵᠣᠷᠢᠭᠵᠢᠭᠤᠯᠤᠨ᠎ᠠ᠃ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠳᠣᠲᠣᠭᠠᠳᠤ ᠳᠠᠭᠠᠨ ᠬᠥᠮᠦᠨ ᠬᠡᠷᠡᠭᠯᠡᠬᠦ | ᠳᠦᠷᠢᠮ ᠢᠶᠠᠨ ᠲᠡᠭᠦᠯᠳᠡᠷᠵᠢᠭᠦᠯᠬᠦ ᠶᠢ ᠵᠥᠪᠰᠢᠶᠡᠷᠡᠵᠦ᠂ ᠳᠣᠲᠣᠭᠠᠳᠤ ᠳᠠᠭᠠᠨ ᠪᠠᠶᠢᠭᠤᠯᠤᠭᠰᠠᠨ ᠪᠠᠶᠢᠭᠤᠯᠤᠮᠵᠢ ᠶᠢᠨ | ᠬᠠᠷᠢᠭᠤᠴᠠᠯᠭᠠᠲᠠᠨ ᠢ ᠡᠵᠡᠨ ᠮᠡᠳᠡᠵᠦ ᠤᠷᠢᠨ ᠬᠡᠷᠡᠭᠯᠡᠨ᠎ᠡ᠃ ᠳᠡᠭᠡᠰᠦ ᠰᠤᠷᠭᠠᠭᠤᠯᠢ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠪᠠ ᠤᠳᠤᠷᠢᠳᠬᠤ ᠪᠠᠭ ᠤᠨ ᠳᠣᠲᠣᠷᠠᠬᠢ ᠲᠥᠪ ᠠᠴᠠ ᠬᠠᠮᠢᠶᠠᠷᠴᠤ ᠪᠠᠶ᠋ᠭ᠎ᠠ | ᠺᠠᠳ᠋ᠷᠴᠤᠳ ᠲᠥᠪ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠳᠣᠲᠣᠭᠠᠳᠤ ᠳᠠᠭᠠᠨ | ᠪᠠᠶᠢᠭᠤᠯᠤᠭᠰᠠᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠬᠤ ᠪᠡᠯᠡᠨ ᠮᠥᠩᠭᠦ ᠪᠠ ᠰᠲ᠋ᠣᠺ ᠤᠨ ᠡᠷᠬᠡ ᠶᠢᠨ ᠱᠠᠩᠨᠠᠯ ᠬᠦᠷᠲᠡᠵᠦ ᠪᠣᠯᠤᠨ᠎ᠠ᠂ | ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠠᠯᠪᠠᠨ ᠶᠠᠪᠤᠳᠠᠯ ᠢᠶᠠᠷ ᠲᠦᠷ ᠴᠠᠭ | ᠭᠠᠳᠠᠭᠠᠳᠤ ᠳᠤ ᠭᠠᠷᠬᠤ᠂ ᠲᠤᠰᠢᠶᠠᠯ ᠬᠠᠪᠰᠤᠷᠭᠠᠬᠤ ᠵᠡᠷᠭᠡ ᠰᠠᠶᠢᠨ ᠬᠠᠨᠳᠤᠬᠤ᠂ ᠲᠥᠷᠥᠯ ᠬᠤᠪᠢᠶᠠᠨ ᠬᠠᠮᠢᠶᠠᠷᠬᠤ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠠᠷᠪᠠᠨ ᠬᠤᠶᠠᠷ ᠡᠵᠡᠨ ᠮᠡᠳᠡᠵᠦ ᠠᠵᠢᠯ ᠤᠨ ᠪᠠᠶᠢᠷᠢ ᠲᠣᠬᠢᠷᠠᠭᠤᠯᠬᠤ ᠬᠡᠷᠡᠭᠲᠡᠶ᠃ | ᠳᠡᠭᠡᠰᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠨᠢ ᠤᠯᠤᠰ ᠠᠴᠠ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠦᠢᠯᠡᠰ ᠤᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠵᠤ᠂ ᠣᠷᠣᠨ ᠲᠤᠭ᠎ᠠ ᠪᠤᠶᠤ ᠠᠵᠢᠯᠲᠠᠨ ᠤ ᠶᠡᠷᠦᠩᠬᠡᠶ | ᠬᠡᠮᠵᠢᠶ᠎ᠡ ᠶᠢᠨ ᠳᠣᠲᠣᠷ᠎ᠠ ᠠᠵᠢᠯ ᠤᠨ ᠪᠠᠶᠢᠷᠢ ᠪᠠᠶᠢᠷᠢᠯᠠᠭᠤᠯᠬᠤ ᠲᠥᠰᠦᠯ ᠪᠣᠯᠤᠨ ᠬᠠᠮᠢᠶᠠᠷᠤᠯᠲᠠ ᠶᠢᠨ ᠠᠷᠭ᠎ᠠ ᠶᠢ | ᠡᠵᠡᠨ ᠮᠡᠳᠡᠨ ᠲᠣᠭᠲᠠᠭᠠᠵᠤ᠂ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠢ ᠲᠣᠭᠲᠠᠭᠠᠬᠤ ᠬᠡᠷᠡᠭᠲᠡᠶ᠃ | ᠤᠷᠢᠨ ᠬᠡᠷᠡᠭᠯᠡᠬᠦ ᠭᠡᠷ᠎ᠡ᠂ ᠠᠵᠢᠯ ᠤᠨ ᠪᠠᠶᠢᠷᠢ ᠶᠢᠨ ᠬᠠᠮᠢᠶᠠᠷᠤᠯᠲᠠ ᠪᠠ ᠢᠯᠡ ᠪᠠᠷ ᠤᠷᠢᠬᠤ ᠳᠦᠷᠢᠮ ᠢ ᠨᠢᠭᠡᠨᠲᠡ | ᠪᠦᠬᠦ ᠲᠠᠯ᠎ᠠ ᠪᠠᠷ ᠬᠡᠷᠡᠭᠵᠢᠭᠦᠯᠵᠦ᠂ ᠳᠠᠪᠰᠢᠵᠤ ᠪᠣᠯᠬᠤ ᠮᠥᠷᠲᠡᠭᠡᠨ ᠪᠠᠭᠤᠵᠤ ᠪᠣᠯᠬᠤ᠂ ᠣᠷᠣᠵᠤ ᠪᠣᠯᠬᠤ ᠮᠥᠷᠲᠡᠭᠡᠨ | ᠭᠠᠷᠴᠤ ᠪᠣᠯᠬᠤ ᠠᠮᠢᠳᠤᠯᠢᠭ ᠢᠶᠠᠷ ᠬᠥᠮᠦᠨ ᠬᠡᠷᠡᠭᠯᠡᠬᠦ ᠲᠣᠭᠲᠠᠴᠠ ᠶᠢ ᠪᠠᠶᠢᠭᠤᠯᠤᠭᠰᠠᠨ ᠨᠢᠭᠡᠴᠡ ᠨᠢ ᠣᠷᠣᠨ | ᠲᠤᠭ᠎ᠠ ᠶᠢᠨ ᠳᠣᠲᠣᠷ᠎ᠠ ᠪᠠᠨ ᠳᠡᠭᠡᠰᠦ ᠵᠡᠷᠭᠡ ᠶᠢᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢᠨ ᠬᠠᠷᠢᠴᠠᠯ ᠢ | ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ᠂ ᠲᠣᠬᠢᠷᠠᠭᠤᠯᠤᠯᠲᠠ ᠬᠢᠭᠰᠡᠨ ᠪᠠᠶᠢᠳᠠᠯ ᠢᠶᠠᠨ ᠬᠠᠮᠢᠶ᠎ᠠ ᠪᠦᠬᠦᠢ ᠰᠠᠯᠠᠭ᠎ᠠ | ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠳᠡᠭᠡᠰᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠤᠨ ᠰᠢᠨ᠎ᠡ ᠶᠢ ᠡᠭᠦᠳᠬᠦ ᠬᠡᠯᠪᠡᠷᠢ ᠶᠢᠨ ᠠᠵᠢᠯ ᠤᠨ ᠪᠠᠶᠢᠷᠢ ᠪᠣᠯᠤᠨ ᠠᠵᠢᠯ ᠤᠨ | ᠪᠠᠶᠢᠷᠢ ᠲᠣᠬᠢᠷᠠᠭᠤᠯᠬᠤ ᠪᠠᠷ ᠳᠠᠮᠵᠢᠭᠤᠯᠤᠨ᠂ ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠰᠢᠨ᠎ᠡ ᠶᠢ | ᠡᠭᠦᠳᠬᠦ ᠠᠵᠢᠯᠯᠠᠭ᠎ᠠ ᠡᠷᠬᠢᠯᠡᠬᠦ ᠶᠢ ᠵᠥᠪᠰᠢᠶᠡᠷᠡᠨ᠎ᠡ᠃ ᠨᠢᠭᠡᠴᠡ ᠶᠢᠨ ᠣᠷᠣᠭᠤᠯᠵᠤ ᠢᠷᠡᠭᠰᠡᠨ ᠪᠠᠴᠢᠮ ᠬᠡᠷᠡᠭᠰᠡᠬᠦ | ᠳᠡᠭᠡᠰᠦ ᠳᠡᠰ ᠳᠠᠪᠬᠤᠷᠭ᠎ᠠ ᠶᠢᠨ ᠴᠢᠳᠠᠪᠤᠷᠢᠲᠠᠨ ᠳᠤ᠂ ᠠᠵᠢᠯ ᠤᠨ ᠪᠠᠶᠢᠷᠢ ᠲᠣᠬᠢᠷᠠᠭᠤᠯᠬᠤ ᠪᠠᠷ ᠳᠠᠮᠵᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠳᠤ ᠬᠦᠴᠢᠷᠲᠡᠶ ᠪᠠᠶ᠋ᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠢᠨᠠᠨ | ᠵᠥᠪᠰᠢᠶᠡᠷᠡᠬᠦ ᠪᠠᠷ ᠳᠠᠮᠵᠢᠨ᠂ ᠵᠣᠬᠢᠬᠤ ᠲᠤᠭ᠎ᠠ ᠬᠡᠮᠵᠢᠶᠡᠨ ᠤ ᠣᠨᠴᠣᠭᠤᠶ ᠠᠵᠢᠯ ᠤᠨ ᠪᠠᠶᠢᠷᠢ ᠲᠣᠬᠢᠷᠠᠭᠤᠯᠵᠤ᠂ | ᠠᠵᠢᠯ ᠤᠨ ᠪᠠᠶᠢᠷᠢ ᠶᠢᠨ ᠶᠡᠷᠦᠩᠬᠡᠶ ᠬᠡᠮᠵᠢᠶ᠎ᠡ᠂ ᠬᠠᠮᠤᠭ ᠤᠨ ᠳᠡᠭᠡᠰᠦ ᠵᠡᠷᠭᠡ ᠳᠡᠰ ᠪᠣᠯᠤᠨ ᠪᠦᠲᠦᠴᠡ ᠶᠢᠨ | ᠬᠠᠷᠢᠴᠠᠯ ᠳᠤ ᠬᠢᠵᠠᠭᠠᠷᠯᠠᠭᠳᠠᠬᠤ ᠦᠭᠡᠢ ᠪᠠᠶᠢᠵᠤ᠂ ᠣᠷᠣᠨ ᠲᠤᠭ᠎ᠠ ᠶᠢᠨ ᠶᠠᠪᠤᠳᠠᠯ ᠳᠤ ᠬᠤᠯᠪᠣᠭᠳᠠᠬᠤ ᠤᠴᠢᠷ | ᠶᠠᠪᠤᠳᠠᠯ ᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠡᠰ | ᠳᠠᠷᠠᠭᠠᠯᠠᠯ ᠶᠣᠰᠣᠭᠠᠷ ᠲᠤᠰᠬᠠᠶ ᠵᠦᠶ᠋ᠯ ᠢᠶᠠᠷ ᠬᠢᠨᠠᠨ ᠵᠥᠪᠰᠢᠶᠡᠷᠡᠭᠦᠯᠬᠦ ᠬᠡᠷᠡᠭᠲᠡᠶ᠃ ᠬᠠᠮᠢᠶ᠎ᠠ ᠪᠦᠬᠦᠢ ᠡᠭᠦᠷᠭᠡ ᠪᠠᠨ | ᠪᠡᠶᠡᠯᠡᠭᠦᠯᠦᠭᠰᠡᠨ ᠤ ᠳᠠᠷᠠᠭ᠎ᠠ᠂ ᠬᠢᠨᠠᠨ ᠳᠠᠩᠰᠠ ᠠᠴᠠ ᠭᠠᠷᠭᠠᠬᠤ ᠬᠡᠷᠡᠭᠲᠡᠶ᠃ | ︵ᠠᠷᠪᠠᠨ ᠭᠤᠷᠪᠠ︶ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠡᠷᠬᠡ ᠮᠡᠳᠡᠯ ᠢ ᠦᠨᠡᠨᠬᠦ ᠳᠣᠷᠣᠭᠰᠢ | ᠪᠠᠭᠤᠯᠭᠠᠨ᠎ᠠ᠃ | ᠳᠡᠭᠡᠰᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠨᠢ ᠤᠯᠤᠰ ᠠᠴᠠ | ᠲᠣᠭᠲᠠᠭᠠᠯ ᠶᠣᠰᠣᠭᠠᠷ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠷᠭ᠎ᠠ ᠪᠠ ᠠᠵᠢᠯᠯᠠᠭᠤᠯᠬᠤ ᠲᠥᠰᠦᠯ ᠢ | ᠪᠡᠶ᠎ᠡ ᠪᠠᠨ ᠳᠠᠭᠠᠭᠠᠨ ᠲᠣᠭᠲᠠᠭᠠᠵᠤ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠢ ᠪᠡᠶ᠎ᠡ ᠪᠠᠨ ᠳᠠᠭᠠᠭᠠᠨ | ᠥᠷᠨᠢᠭᠦᠯᠵᠦ᠂ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠳᠠᠷᠠᠭ᠎ᠠ ᠱᠠᠭᠠᠷᠳᠠᠯᠭ᠎ᠠ ᠶᠣᠰᠣᠭᠠᠷ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ ᠬᠡᠰᠡᠭ ᠨᠥᠬᠦᠴᠡᠯ ᠨᠢ ᠪᠦᠷᠢᠳᠦᠭᠡᠳᠦᠢ᠂ | ᠬᠢᠨᠠᠨ ᠲᠣᠭᠲᠠᠭᠠᠬᠤ ᠶᠢ ᠪᠡᠶ᠎ᠡ ᠪᠠᠨ ᠳᠠᠭᠠᠭᠠᠵᠤ ᠵᠣᠬᠢᠶᠠᠨ ᠪᠠᠶᠢᠭᠤᠯᠵᠤ ᠳᠠᠢᠯᠠᠬᠤ ᠦᠭᠡᠢ ᠳᠡᠭᠡᠰᠦ ᠰᠤᠷᠭᠠᠭᠤᠯᠢ | ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ ᠬᠠᠮᠲᠤᠷᠠᠨ ᠬᠢᠨᠠᠨ ᠲᠣᠭᠲᠠᠭᠠᠬᠤ᠂ | ᠨᠠᠶᠢᠳᠠᠵᠤ ᠬᠢᠨᠠᠨ ᠲᠣᠭᠲᠠᠭᠠᠯᠭᠠᠬᠤ ᠵᠡᠷᠭᠡ ᠠᠷᠭ᠎ᠠ ᠮᠠᠶ᠋ᠢᠭ ᠢ ᠡᠵᠡᠨ ᠮᠡᠳᠡᠨ ᠠᠪᠴᠤ ᠪᠣᠯᠤᠨ᠎ᠠ᠃ ᠣᠷᠣᠭᠤᠯᠤᠨ | ᠠᠪᠴᠢᠷᠠᠭᠰᠠᠨ ᠪᠠᠴᠢᠮ ᠬᠡᠷᠡᠭᠰᠡᠬᠦ ᠳᠡᠭᠡᠰᠦ ᠳᠡᠰ ᠳᠠᠪᠬᠤᠷᠭ᠎ᠠ ᠶᠢᠨ ᠴᠢᠳᠠᠪᠤᠷᠢᠲᠠᠨ ᠪᠠ ᠲᠣᠪᠦ᠋ᠮ᠎ᠠ ᠬᠤᠪᠢ ᠨᠡᠮᠡᠷᠢ | ᠦᠵᠡᠭᠦᠯᠦᠭᠰᠡᠨ ᠢ ᠴᠢᠳᠠᠪᠤᠷᠢᠲᠠᠨ ᠳᠤ ᠳᠡᠭᠡᠰᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ ᠤᠨ ᠲᠣᠳᠣᠷᠬᠠᠶ ᠪᠠᠷᠢᠮᠵᠢᠶ᠎ᠠ᠂ ᠳᠡᠰ ᠳᠠᠷᠠᠭᠠᠯᠠᠯ ᠪᠠ ᠢᠯᠡ ᠨᠡᠶᠢᠲᠡᠯᠡᠬᠦ ᠤᠷᠢᠲᠠᠯ ᠳᠣᠤᠷ᠎ᠠ᠂ | ᠬᠢᠨᠠᠨ ᠲᠣᠭᠲᠠᠭᠠᠬᠤ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ᠂ ᠬᠢᠨᠠᠨ ᠲᠣᠭᠲᠠᠭᠠᠬᠤ ᠪᠠᠷᠢᠮᠵᠢᠶ᠎ᠠ ᠳᠤ ᠬᠢᠷᠢ ᠭᠡᠮ᠂ | ᠵᠢᠯ ᠬᠤᠭᠤᠴᠠᠭ᠎ᠠ ᠵᠡᠷᠭᠡ ᠬᠤᠷᠢᠭ᠎ᠠ ᠭᠠᠷᠭᠠᠬᠤ ᠦᠭᠡᠢ ᠪᠠᠶᠢᠬᠤ ᠶᠢ ᠵᠥᠪᠰᠢᠶᠡᠷᠡᠨ᠎ᠡ᠃ | ᠠᠷᠪᠠᠨ ᠳᠥᠷᠪᠡᠨ ᠠᠵᠢᠯᠲᠠᠨ ᠤ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠲᠡᠭᠦᠯᠳᠡᠷᠵᠢᠭᠦᠯᠬᠦ | ᠬᠡᠷᠡᠭᠲᠡᠶ᠃ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠪᠠᠶᠢᠭᠤᠯᠤᠮᠵᠢ ᠶᠢᠨ ᠣᠷᠣᠨ ᠲᠤᠭ᠎ᠠ᠂ ᠡᠳ᠋ ᠤᠨ ᠵᠠᠰᠠᠭ᠂ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠳᠡᠭᠡᠰᠦ ᠰᠤᠷᠭᠠᠭᠤᠯᠢ ᠶᠢᠨ ᠠᠵᠢᠯᠲᠠᠨ ᠤ ᠶᠡᠷᠦᠩᠬᠡᠶ ᠬᠡᠮᠵᠢᠶ᠎ᠡ ᠶᠢ ᠬᠢᠨᠠᠨ ᠲᠣᠭᠲᠠᠭᠠᠬᠤ ᠵᠢᠯᠣᠭᠤᠳᠬᠤ | ᠪᠠᠷᠢᠮᠵᠢᠶ᠎ᠠ ᠪᠣᠯᠤᠨ ᠲᠤᠷᠰᠢᠯᠲᠠ ᠶᠢᠨ ᠴᠢᠭ ᠤᠨ ᠲᠥᠰᠦᠯ ᠢ ᠲᠦᠷᠭᠡᠳᠬᠡᠨ ᠲᠣᠭᠲᠠᠭᠠᠵᠤ᠂ ᠲᠤᠷᠰᠢᠯᠲᠠ ᠶᠢ | ᠢᠳᠡᠪᠬᠢᠲᠡᠢ ᠥᠷᠨᠢᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ | ᠨᠠᠶᠢᠷᠠᠭᠤᠯᠤᠨ ᠵᠣᠬᠢᠶᠠᠵᠤ ᠳᠠᠩᠰᠠᠯᠠᠭᠤᠯᠬᠤ ᠳᠦᠷᠢᠮ ᠤᠨ ᠲᠤᠷᠰᠢᠯᠲᠠ ᠶᠢᠨ ᠴᠢᠭ ᠤᠨ ᠠᠵᠢᠯ ᠢ ᠳ᠋ᠦᠩᠨᠡᠨ ᠦᠨᠡᠯᠡᠨ | ᠵᠢᠱᠢᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠤᠷᠰᠢᠯᠲᠠ ᠶᠢᠨ | ᠴᠢᠭ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠬᠦ ᠬᠡᠷᠡᠭᠲᠡᠶ᠃ | ᠲᠠᠪᠤ᠂ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠲᠡᠭᠦᠯᠳᠡᠷᠵᠢᠭᠦᠯᠦᠨ᠎ᠡ | ︵ᠠᠷᠪᠠᠨ ᠲᠠᠪᠤ︶ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠨ ᠲᠡᠰᠢ ᠬᠡᠯᠪᠠᠶᠢᠯᠭᠡᠬᠦ ᠡᠷᠴᠢᠮ ᠢ ᠴᠢᠩᠭᠠᠷᠠᠭᠤᠯᠤᠨ᠎ᠠ᠃ | ᠳᠡᠭᠡᠰᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠨᠢ ᠠᠮᠵᠢᠯᠲᠠ | ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢᠨ ᠳᠣᠲᠣᠷ᠎ᠠ᠂ ᠤᠯᠤᠰ ᠠᠴᠠ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠠᠮᠵᠢᠯᠲᠠ ᠪᠦᠲᠦᠮᠵᠢ ᠶᠢᠨ ᠴᠠᠯᠢᠩ ᠤᠨ ᠪᠦᠲᠦᠴᠡ᠂ ᠰᠢᠯᠭᠠᠨ ᠬᠢᠨᠠᠬᠤ ᠠᠷᠭ᠎ᠠ᠂ ᠬᠤᠪᠢᠶᠠᠷᠢᠯᠠᠬᠤ ᠠᠷᠭ᠎ᠠ | ᠮᠠᠶ᠋ᠢᠭ᠂ ᠴᠠᠯᠢᠩ ᠤᠨ ᠲᠥᠷᠥᠯ ᠵᠦᠶ᠋ᠯ ᠤᠨ ᠨᠡᠷᠡᠶᠢᠳᠦᠯ᠂ ᠪᠠᠷᠢᠮᠵᠢᠶ᠎ᠠ ᠪᠣᠯᠤᠨ ᠣᠯᠭᠤᠬᠤ ᠬᠦᠷᠢᠶ᠎ᠡ ᠬᠡᠪᠴᠢᠶ᠎ᠡ ᠶᠢ | ᠡᠵᠡᠨ ᠮᠡᠳᠡᠨ ᠲᠣᠭᠲᠠᠭᠠᠵᠤ᠂ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢ ᠵᠠᠩᠭᠢᠯᠠᠭ᠎ᠠ ᠶᠢᠨ | ᠰᠢᠨ᠎ᠡ ᠶᠢ ᠡᠭᠦᠳᠬᠦ ᠠᠵᠢᠯ ᠤᠨ ᠪᠠᠶᠢᠷᠢ᠂ ᠲᠣᠪᠦ᠋ᠮ᠎ᠠ ᠬᠤᠪᠢ ᠨᠡᠮᠡᠷᠢ ᠦᠵᠡᠭᠦᠯᠦᠭᠰᠡᠨ ᠢ ᠰᠢᠨᠵᠢᠯᠡᠬᠦ ᠤᠬᠠᠭᠠᠨ ᠤ | ᠰᠤᠳᠤᠯᠤᠯ ᠤᠨ ᠠᠵᠢᠯᠲᠠᠨ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠶ᠋ᠯ ᠢ | ᠡᠭᠦᠷᠭᠡᠯᠡᠵᠦ ᠪᠠᠶ᠋ᠭ᠎ᠠ ᠠᠵᠢᠯᠲᠠᠨ᠂ ᠰᠢᠨ᠎ᠡ ᠶᠢ ᠡᠭᠦᠳᠬᠦ ᠪᠦᠯᠬᠦᠮ ᠨᠡᠶᠢᠲᠡ ᠪᠣᠯᠤᠨ ᠰᠢᠯᠢᠳᠡᠭ ᠵᠠᠯᠠᠭᠤ ᠴᠢᠳᠠᠪᠤᠷᠢᠲᠠᠨ | ᠲᠡᠰᠢ ᠬᠡᠯᠪᠠᠶᠢᠯᠭᠡᠬᠦ ᠬᠡᠷᠡᠭᠲᠡᠶ᠃ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠬᠢᠨᠠᠨ | ᠲᠣᠭᠲᠠᠭᠠᠬᠤ ᠳᠤᠮᠳᠠ᠂ ᠳᠡᠭᠡᠰᠦ ᠳᠡᠰ ᠳᠠᠪᠬᠤᠷᠭ᠎ᠠ ᠶᠢᠨ ᠴᠢᠳᠠᠪᠤᠷᠢᠲᠠᠨ ᠲᠥᠪᠯᠡᠷᠡᠭᠰᠡᠨ᠂ ᠰᠢᠨ᠎ᠡ ᠶᠢ ᠡᠭᠦᠳᠦᠭᠰᠡᠨ | ᠠᠵᠢᠯ ᠤᠨ ᠠᠮᠵᠢᠯᠲᠠ ᠪᠦᠲᠦᠮᠵᠢ ᠪᠠᠷ ᠲᠣᠪᠦ᠋ᠮ᠎ᠠ ᠳᠡᠭᠡᠰᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠲᠡᠰᠢ ᠬᠡᠯᠪᠠᠶᠢᠯᠭᠡᠬᠦ ᠬᠡᠷᠡᠭᠲᠡᠶ᠃ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠠᠢ ᠬᠠᠮᠲᠤᠷᠠᠨ ᠬᠡᠰᠡᠭ ᠳᠡᠭᠡᠰᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ ᠲᠤ ᠠᠵᠢᠯ ᠲᠥᠷᠥᠯ ᠤᠨ ᠣᠨᠴᠠᠯᠢᠭ ᠲᠤ ᠨᠡᠶᠢᠴᠡᠭᠰᠡᠨ ᠴᠠᠩ ᠪᠠᠶᠢᠭᠤᠯᠬᠤ ᠶᠠᠪᠤᠳᠠᠯ ᠢ ᠬᠠᠶᠢᠨ | ᠰᠦᠪᠡᠭᠴᠢᠯᠡᠬᠦ ᠬᠡᠷᠡᠭᠲᠡᠶ᠃ | ︵ᠠᠷᠪᠠᠨ ᠵᠢᠷᠭᠤᠭ᠎ᠠ︶ ᠠᠮᠵᠢᠯᠲᠠ ᠪᠦᠲᠦᠮᠵᠢ ᠶᠢᠨ ᠴᠠᠯᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠳᠤ ᠦᠵᠡᠭᠦᠯᠬᠦ ᠤᠷᠮᠠᠰᠢᠭᠤᠯᠬᠤ ᠦᠶ᠋ᠯᠡᠳᠦᠯ ᠢ ᠴᠢᠩᠭᠠᠷᠠᠭᠤᠯᠬᠤ ᠬᠡᠷᠡᠭᠲᠡᠶ᠃ | ᠪᠥᠬᠦ ᠴᠠᠭ ᠤᠨ ᠤᠯᠤᠰ ᠠᠴᠠ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢᠨ ᠪᠡᠷᠬᠡ ᠰᠡᠳᠦᠪ ᠢ ᠰᠢᠶ᠋ᠳᠪᠦᠷᠢᠯᠡᠬᠦ | ᠡᠭᠦᠷᠭᠡ ᠶᠢ ᠡᠭᠦᠷᠭᠡᠯᠡᠭᠰᠡᠨ ᠪᠦᠯᠬᠦᠮ ᠨᠡᠶᠢᠲᠡ ᠶᠢᠨ ᠬᠠᠷᠢᠭᠤᠴᠠᠯᠭᠠᠲᠠᠨ ᠵᠢᠴᠢ ᠨᠢᠭᠡᠴᠡ ᠶᠢᠨ ᠣᠷᠣᠭᠤᠯᠤᠨ | ᠠᠪᠴᠢᠷᠠᠭᠰᠠᠨ ᠪᠠᠴᠢᠮ ᠬᠡᠷᠡᠭᠰᠡᠬᠦ ᠳᠡᠭᠡᠰᠦ ᠳᠡᠰ ᠳᠠᠪᠬᠤᠷᠭ᠎ᠠ ᠶᠢᠨ ᠴᠢᠳᠠᠪᠤᠷᠢᠲᠠᠨ ᠵᠡᠷᠭᠡ ᠳᠤ ᠵᠢᠯ ᠤᠨ ᠴᠠᠯᠢᠩ ᠤᠨ | ᠳᠦᠷᠢᠮ᠂ ᠵᠥᠪᠳᠡᠯᠴᠡᠬᠡᠷ ᠤᠨ ᠴᠠᠯᠢᠩ᠂ ᠲᠥᠷᠥᠯ ᠵᠦᠶ᠋ᠯ ᠤᠨ ᠴᠠᠯᠢᠩ ᠵᠡᠷᠭᠡ ᠠᠮᠢᠳᠤᠯᠢᠭ ᠢᠶᠠᠷ ᠬᠤᠪᠢᠶᠠᠷᠢᠯᠠᠬᠤ | ᠠᠷᠭ᠎ᠠ ᠮᠠᠶ᠋ᠢᠭ ᠢ ᠬᠡᠷᠡᠭᠵᠢᠭᠦᠯᠵᠦ ᠪᠣᠯᠤᠨ᠎ᠠ᠂ ᠲᠡᠭᠦᠨ ᠢ ᠪᠠᠶ᠋ᠭ᠎ᠠ ᠨᠢᠭᠡᠴᠡ ᠶᠢᠨ ᠠᠵᠢᠯ ᠶᠢᠨ ᠠᠮᠵᠢᠯᠲᠠ | ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠳᠤ ᠠᠰ ᠲᠤᠨᠢ ᠵᠢᠭᠰᠠᠭᠠᠵᠤ᠂ ᠨᠢᠭᠡᠴᠡ ᠶᠢᠨ ᠲᠣᠰ ᠵᠢᠯ ᠤᠨ | ᠠᠵᠢᠯ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠵᠣᠬᠢᠴᠠᠩᠭᠤᠶ ᠪᠠᠷ ᠨᠡᠮᠡᠭᠳᠡᠭᠦᠯᠦᠨ᠎ᠡ᠃ | ᠳᠡᠭᠡᠰᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠠᠵᠢᠯᠲᠠᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠲ᠋ᠣᠺ ᠤᠨ ᠡᠷᠬᠡ ᠬᠤᠭᠤᠴᠠᠭᠠᠲᠤ ᠡᠷᠬᠡ ᠶᠢᠨ | ᠤᠯᠠᠷᠢᠭᠤᠯᠬᠤ ᠶᠢ ᠤᠷᠮᠠᠰᠢᠭᠤᠯᠬᠤ ᠡᠷᠴᠢᠮ ᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ | ᠠᠵᠢᠯᠲᠠᠨ ᠤ ᠬᠦᠷᠲᠡᠭᠰᠡᠨ ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠳᠤ ᠪᠡᠯᠡᠨ ᠵᠣᠭᠤᠰ ᠢᠶᠠᠷ ᠱᠠᠩᠨᠠᠬᠤ᠂ ᠲᠤᠰᠢᠶᠠᠯ ᠬᠠᠪᠰᠤᠷᠭᠠᠬᠤ ᠪᠤᠶᠤ ᠠᠵᠢᠯ ᠤᠨ ᠪᠠᠶᠢᠷᠢ ᠠᠴᠠ ᠪᠠᠨ | ᠰᠠᠯᠵᠤ ᠠᠳᠠᠯ ᠦᠶ᠋ᠯᠡᠰ ᠴᠣᠭᠴᠠᠯᠠᠭᠰᠠᠨ ᠣᠷᠣᠯᠭ᠎ᠠ ᠶᠢ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ | ᠬᠡᠮᠵᠢᠶ᠎ᠡ ᠳᠤ ᠬᠢᠵᠠᠭᠠᠷᠯᠠᠭᠳᠠᠬᠤ ᠥᠬᠡᠶ᠂ ᠶᠡᠷᠦᠩᠬᠡᠶ ᠬᠡᠮᠵᠢᠶ᠎ᠡ ᠶᠢᠨ ᠰᠠᠭᠤᠷᠢ ᠲᠤᠭ᠎ᠠ ᠳᠤ ᠣᠷᠣᠭᠤᠯᠬᠤ ᠥᠬᠡᠶ᠃ | ᠵᠢᠷᠭᠤᠭ᠎ᠠ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠶ | ︵ᠠᠷᠪᠠᠨ ᠳᠣᠯᠤᠭ᠎ᠠ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠎ᠠ᠃ | ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ᠂ | ᠪᠠᠶᠢᠭᠤᠯᠤᠮᠵᠢ ᠶᠢᠨ ᠣᠷᠣᠨ ᠲᠤᠭ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠢᠵᠢ ᠪᠦᠷᠢᠳᠦᠭᠦᠯᠬᠦ ᠳᠦᠷᠢᠮ ᠢ ᠴᠠᠭ ᠲᠤᠬᠠᠶ ᠳᠤᠨᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢᠨ ᠨᠡᠪᠲᠡᠷᠡᠯᠴᠡᠵᠦ ᠬᠠᠷᠢᠭᠤ ᠲᠤᠰᠬᠠᠬᠤ ᠪᠠ ᠬᠥᠳᠡᠯᠦᠩᠭᠦᠶ ᠪᠠᠶᠢᠳᠠᠯ ᠢ ᠪᠤᠢ ᠪᠣᠯᠭᠠᠵᠤ᠂ | ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠠᠭ ᠲᠤᠨᠢ ᠲᠤᠬᠢᠷᠠᠭᠤᠯᠤᠨ ᠵᠣᠬᠢᠶᠠᠨ ᠪᠠᠶᠢᠭᠤᠯᠤᠨ | ᠥᠷᠨᠢᠭᠦᠯᠬᠦ ᠬᠡᠷᠡᠭᠲᠡᠶ᠃ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠰᠠᠨᠠᠯ ᠤᠨ ᠵᠣᠷᠢᠭ ᠰᠠᠨᠠᠭ᠎ᠠ ᠶᠢ | ᠦᠨᠳᠦᠰᠦᠯᠡᠨ ᠬᠠᠭᠠᠰ ᠵᠢᠯ ᠤᠨ ᠳᠣᠲᠣᠷ᠎ᠠ ᠲᠣᠰ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ | ᠳᠦᠷᠢᠮ ᠳᠤ ᠵᠠᠰᠠᠪᠤᠷᠢ ᠣᠷᠣᠭᠤᠯᠬᠤ ᠶᠢ ᠪᠡᠶᠡᠯᠡᠭᠦᠯᠵᠦ᠂ ᠠᠵᠢᠯ ᠤᠨ ᠪᠠᠶᠢᠷᠢ ᠪᠠᠶᠢᠷᠢᠯᠠᠭᠤᠯᠬᠤ᠂ ᠠᠵᠢᠯᠲᠠᠨ ᠤᠷᠢᠵᠤ | ᠬᠡᠷᠡᠭᠯᠡᠬᠦ᠂ ᠳᠣᠲᠣᠭᠠᠳᠤ ᠶᠢᠨ ᠪᠠᠶᠢᠭᠤᠯᠤᠮᠵᠢ ᠶᠢ ᠲᠣᠬᠢᠷᠠᠭᠤᠯᠬᠤ᠂ ᠠᠮᠵᠢᠯᠲᠠ ᠪᠦᠲᠦᠮᠵᠢ ᠶᠢᠨ ᠴᠠᠯᠢᠩ | ᠬᠤᠪᠢᠶᠠᠷᠢᠯᠠᠬᠤ᠂ ᠦᠨᠡᠯᠡᠵᠦ ᠬᠢᠨᠠᠨ ᠰᠢᠯᠭᠠᠬᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠣᠬᠢᠶᠠᠨ ᠪᠠᠶᠢᠭᠤᠯᠤᠯᠲᠠ | ᠵᠡᠷᠭᠡ ᠲᠠᠯ᠎ᠠ ᠪᠠᠷ ᠭᠦᠶ᠋ᠴᠡᠳ ᠡᠷᠬᠡ ᠪᠠᠨ ᠪᠠᠭᠤᠯᠭᠠᠵᠤ᠂ ᠳᠠᠮᠵᠢᠵᠤ ᠪᠠᠲᠤᠯᠠᠬᠤ ᠪᠠ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠬᠠᠮᠢᠶ᠎ᠠ ᠪᠦᠬᠦᠢ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ | ᠬᠠᠭᠠᠰ ᠵᠢᠯ ᠤᠨ ᠳᠣᠲᠣᠷ᠎ᠠ ᠡᠬᠢᠯᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠢᠯᠣᠭᠤᠳᠤᠯᠭ᠎ᠠ ᠪᠠᠨ | ᠴᠢᠩᠭᠠᠳᠬᠠᠬᠤ ᠶᠢᠨ ᠬᠠᠮᠲᠤ ᠴᠠᠭ ᠲᠤᠬᠠᠶ ᠳᠤᠨᠢ ᠳ᠋ᠦᠩᠨᠡᠵᠦ ᠦᠨᠡᠯᠡᠨ ᠵᠢᠱᠢᠵᠦ᠂ ᠬᠠᠭᠤᠯᠪᠤᠷᠢᠯᠠᠨ ᠳᠡᠯᠭᠡᠷᠡᠭᠦᠯᠬᠦ | ᠬᠡᠷᠡᠭᠲᠡᠶ᠃ | ︵ᠠᠷᠪᠠᠨ ᠨᠠᠶ᠋ᠮᠠ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠳᠡᠭᠡᠰᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠨᠠᠮ | ᠵᠠᠰᠠᠭ ᠤᠨ ᠭᠤᠤᠯ ᠤᠳᠤᠷᠢᠳᠤᠯᠭ᠎ᠠ ᠪᠣᠯ ᠲᠣᠰ ᠨᠢᠭᠡᠴᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠬᠤ ᠨᠢᠭᠡᠳᠦᠭᠡᠷ | ᠬᠠᠷᠢᠭᠤᠴᠠᠯᠭᠠᠲᠠᠨ ᠮᠥᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ᠂ ᠵᠣᠬᠢᠶᠠᠨ ᠪᠠᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠡᠵᠡᠨ ᠮᠡᠳᠡᠬᠦ ᠡᠷᠬᠡ ᠶᠢᠨ | ᠲᠥᠷᠦ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨ ᠤ ᠰᠤᠳᠤᠯᠭᠠᠨ ᠤ ᠡᠮᠦᠨ᠎ᠡ ᠹᠷᠣᠨᠲ ᠲᠤ ᠨᠠᠶᠢᠳᠠᠪᠤᠷᠢᠵᠢᠭᠤᠯᠬᠤ | ᠬᠡᠷᠡᠭᠲᠡᠶ᠃ ᠨᠠᠶᠢᠳᠠᠪᠤᠷᠢᠵᠢᠭᠤᠯᠤᠯᠲᠠ ᠶᠢ ᠠᠳᠬᠤᠭᠰᠠᠨ ᠦᠷ᠎ᠡ ᠪᠦᠲᠦᠮᠵᠢ ᠶᠢ ᠨᠢᠭᠡᠴᠢ ᠶᠢᠨ ᠤᠳᠤᠷᠢᠳᠬᠤ ᠪᠠᠭ ᠢ | ᠬᠢᠨᠠᠨ ᠰᠢᠯᠭᠠᠬᠤ ᠴᠢᠬᠤᠯᠠ ᠠᠭᠤᠯᠠᠨ᠎ᠠ ᠪᠣᠯᠭᠠᠨ᠎ᠠ᠃ ᠨᠢᠭᠡ ᠵᠢᠯ ᠤᠨ ᠳᠣᠲᠣᠷ᠎ᠠ ᠲᠤᠰ ᠨᠢᠭᠡᠴᠢ ᠶᠢᠨ ᠢᠶᠠᠨ ᠰᠢᠨᠵᠢᠯᠡᠬᠦ | ᠤᠬᠠᠭᠠᠨ ᠤ ᠰᠤᠳᠤᠯᠭᠠᠨ᠂ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠦᠷ᠎ᠡ ᠪᠦᠲᠦᠭᠡᠯ ᠢ ᠬᠤᠪᠢᠷᠠᠭᠤᠯᠬᠤ᠂ | ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠵᠡᠷᠭᠡ ᠪᠣᠳᠠᠲᠠᠶ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠨ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠠᠵᠢᠯ ᠤᠨ ᠰᠢᠰᠲ᠋ᠧᠮ᠂ ᠢᠵᠢ ᠪᠦᠷᠢᠳᠦᠭᠦᠯᠬᠦ ᠳᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ᠂ ᠴᠢᠬᠤᠯᠠ ᠶᠡᠭᠡ ᠬᠡᠷᠡᠭ ᠶᠠᠪᠤᠳᠠᠯ᠂ | ᠴᠢᠬᠤᠯᠠ ᠶᠡᠭᠡ ᠳᠦᠷᠢᠮ ᠵᠡᠷᠭᠡ ᠶᠢ ᠢᠯᠡ ᠪᠣᠯᠭᠠᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠡᠯ᠎ᠡ ᠲᠠᠯ᠎ᠠ ᠶᠢᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ | ︵ᠠᠷᠪᠠ ᠶᠢᠰᠦ︶ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠶᠡᠭᠡ ᠳᠡᠭᠡᠰᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠨᠢ ᠲᠤᠰ | ᠨᠢᠭᠡᠴᠢ ᠶᠢᠨ ᠢᠶᠠᠨ ᠪᠣᠳᠠᠲᠤ ᠪᠠᠢᠳᠠᠯ ᠳᠤ ᠲᠣᠬᠢᠷᠠᠭᠰᠠᠨ ᠳᠣᠲᠣᠭᠠᠳᠤ ᠶᠢᠨ ᠡᠵᠡᠮᠳᠡᠯ ᠤᠨ ᠰᠢᠰᠲ᠋ᠧᠮ ᠢ ᠪᠠᠶᠢᠭᠤᠯᠵᠤ᠂ | ᠳᠣᠲᠣᠭᠠᠳᠤ ᠶᠢᠨ ᠴᠤᠪᠤᠷᠠᠯ ᠤᠨ ᠡᠵᠡᠮᠳᠡᠯ ᠢ ᠴᠢᠩᠭᠠᠳᠬᠠᠨ᠂ ᠠᠶᠤᠯ ᠲᠦᠭᠰᠢᠭᠦᠷᠢ ᠶᠢᠨ ᠳᠠᠯᠳᠠ ᠭᠡᠮ ᠢ ᠵᠠᠳᠠᠯᠵᠤ᠂ | ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠣᠭᠲᠠᠴᠠ ᠶᠢ ᠲᠡᠭᠦᠯᠳᠡᠷᠵᠢᠭᠦᠯᠦᠨ᠂ ᠳᠣᠲᠣᠭᠠᠳᠤ ᠶᠢᠨ ᠡᠵᠡᠮᠳᠡᠯ ᠤᠨ | ᠰᠢᠰᠲ᠋ᠧᠮ ᠤᠨ ᠪᠦᠬᠦ ᠲᠠᠯ᠎ᠠ ᠶᠢᠨ᠂ ᠪᠦᠲᠦᠮᠵᠢᠲᠡᠶ ᠬᠡᠷᠡᠭᠵᠢᠭᠦᠯᠦᠭᠳᠡᠬᠦ ᠶᠢ ᠪᠡᠶᠡᠯᠡᠭᠦᠯᠵᠦ᠂ ᠡᠵᠡᠨ ᠮᠡᠳᠡᠬᠦ ᠡᠷᠬᠡ ᠶᠢᠨ | ᠬᠦᠯᠢᠶᠡᠨ ᠠᠪᠴᠤ ᠳᠠᠢᠯᠠᠬᠤ᠂ ᠰᠠᠶᠢᠲᠤᠷ ᠬᠡᠷᠡᠭᠯᠡᠵᠦ ᠳᠠᠢᠯᠠᠬᠤ᠂ ᠤᠴᠢᠷ ᠭᠠᠷᠬᠤ ᠦᠭᠡᠢ ᠪᠠᠶᠢᠬᠤ ᠶᠢ ᠦᠨᠡᠨ ᠬᠦ | ᠪᠠᠲᠤᠯᠠᠵᠤ᠂ ᠢᠯᠵᠠᠷᠠᠯ ᠡᠭᠦᠰᠬᠦ ᠶᠢ ᠰᠡᠷᠭᠡᠶᠢᠯᠡᠬᠦ ᠬᠡᠷᠡᠭᠲᠡᠶ᠃ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠰᠦ ᠰᠤᠷᠭᠠᠭᠤᠯᠢ ᠪᠠ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠤᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠭᠰᠡᠨ᠂ ᠡᠵᠡᠨ ᠮᠡᠳᠡᠬᠦ | ᠡᠷᠬᠡ ᠪᠠᠨ ᠬᠡᠷᠡᠭᠵᠢᠭᠦᠯᠦᠭᠰᠡᠨ ᠪᠠᠶᠢᠳᠠᠯ ᠢ ᠮᠥᠷᠳᠡᠵᠦ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ | ᠪᠠᠷ ᠳᠠᠮᠵᠢᠨ ᠰᠢᠪᠠᠭ᠎ᠠ ᠲᠠᠲᠠᠬᠤ᠂ ᠰᠢᠮᠳᠠᠭᠤᠯᠤᠨ ᠪᠠᠶᠢᠴᠠᠭᠠᠬᠤ᠂ ᠭᠤᠷᠪᠠᠳᠠᠬᠢ ᠡᠲᠡᠭᠡᠳ ᠤᠨ ᠠᠮᠵᠢᠯᠲᠠ | ᠪᠦᠲᠦᠮᠵᠢ ᠶᠢ ᠦᠨᠡᠯᠡᠨ ᠵᠢᠱᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠭᠡᠷᠡᠴᠢᠯᠡᠯᠲᠡ ᠶᠢᠨ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠠᠬᠢᠭᠤᠯᠵᠤ᠂ ᠨᠠᠶᠢᠳᠠᠪᠤᠷᠢᠵᠢᠭᠤᠯᠤᠯᠲᠠ ᠬᠦᠷᠦᠯᠴᠡᠬᠦ | ᠦᠭᠡᠢ ᠶᠢ ᠨᠢ ᠵᠣᠬᠢᠰᠲᠠᠶ ᠠᠷᠭ᠎ᠠ ᠮᠠᠶ᠋ᠢᠭ ᠢᠶᠠᠷ ᠨᠡᠪᠲᠡᠷᠡᠭᠦᠯᠵᠦ᠂ ᠣᠯᠵᠤ ᠮᠡᠳᠡᠭᠰᠡᠨ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠴᠢᠩᠭ᠎ᠠ ᠰᠢᠶ᠋ᠳᠪᠦᠷᠢᠯᠡᠬᠦ ᠬᠡᠷᠡᠭᠲᠡᠶ᠃ ᠰᠢᠨᠵᠢᠯᠡᠬᠦ ᠤᠬᠠᠭᠠᠨ ᠤ ᠰᠤᠳᠤᠯᠭᠠᠨ ᠤ | ᠵᠦᠶ᠋ᠯᠡᠰ ᠤᠨ ᠬᠠᠷᠢᠭᠤᠴᠠᠯᠭᠠᠲᠠᠨ ᠤ ᠲᠥᠰᠦᠪ ᠤᠨ ᠠᠮᠵᠢᠯᠲᠠ ᠪᠦᠲᠦᠮᠵᠢ ᠶᠢᠨ ᠬᠠᠷᠢᠭᠤᠴᠠᠯᠭ᠎ᠠ ᠶᠢᠨ ᠳᠦᠷᠢᠮ ᠢ | ᠬᠡᠷᠡᠭᠵᠢᠭᠦᠯᠵᠦ᠂ ᠴᠢᠬᠤᠯᠠ ᠶᠡᠭᠡ ᠵᠦᠶ᠋ᠯᠡᠰ ᠤᠨ ᠬᠠᠷᠢᠭᠤᠴᠠᠯᠭ᠎ᠠ ᠲᠠᠢ ᠬᠥᠮᠦᠨ ᠳᠤ ᠠᠮᠵᠢᠯᠲᠠ ᠪᠦᠲᠦᠮᠵᠢ ᠶᠢᠨ | ᠨᠠᠰᠤᠨ ᠲᠤᠷᠰᠢᠳᠠ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃ ᠢᠯᠡ ᠪᠠᠷ ᠢᠯᠡ ᠨᠡᠶᠢᠲᠡᠯᠡᠬᠦ ᠪᠠ | ᠢᠲᠡᠭᠡᠮᠵᠢ ᠶᠢᠨ ᠲᠣᠭᠲᠠᠴᠠ ᠶᠢ ᠪᠠᠶᠢᠭᠤᠯᠵᠤ᠂ ᠦᠨᠡᠨᠴᠢ ᠢᠲᠡᠭᠡᠮᠵᠢ ᠶᠢᠨ ᠪᠠᠶᠢᠳᠠᠯ ᠢ ᠨᠢᠭᠡᠴᠡ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠤ ᠬᠠᠮᠢᠶ᠎ᠠ ᠪᠦᠬᠦᠢ ᠡᠵᠡᠨ ᠮᠡᠳᠡᠬᠦ ᠡᠷᠬᠡ ᠶᠢ ᠣᠯᠬᠤ ᠠᠵᠢᠯᠯᠠᠭ᠎ᠠ ᠪᠣᠯᠭᠠᠵᠤ᠂ ᠨᠢᠭᠡᠴᠡ ᠶᠢᠨ | ᠬᠠᠮᠢᠶ᠎ᠠ ᠪᠦᠬᠦᠢ ᠡᠵᠡᠨ ᠮᠡᠳᠡᠬᠦ ᠡᠷᠬᠡ ᠪᠠᠨ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠢᠲᠡᠭᠡᠯ ᠠᠯᠳᠠᠭᠰᠠᠨ ᠪᠠᠶᠢᠳᠠᠯ ᠢ | ᠢᠲᠡᠭᠡᠮᠵᠢ ᠶᠢᠨ ᠲᠡᠮᠳᠡᠭᠯᠡᠯ ᠤᠨ ᠬᠠᠮᠢᠶᠠᠷᠤᠯᠲᠠ ᠳᠤ ᠣᠷᠣᠭᠤᠯᠵᠤ᠂ ᠬᠦᠨᠳᠦ ᠨᠣᠴᠢᠲᠠᠶ ᠢᠲᠡᠭᠡᠯ ᠠᠯᠳᠠᠭᠰᠠᠨ ᠦᠢᠯᠡ | ᠠᠵᠢᠯᠯᠠᠭ᠎ᠠ ᠳᠤ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ | ᠬᠡᠷᠡᠭᠵᠢᠭᠦᠯᠦᠨ᠎ᠡ᠃ | ︵ᠬᠤᠷᠢ︶ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠤᠨ᠎ᠠ᠃ | ︽ᠭᠤᠷᠪᠠ ᠶᠢ ᠢᠯᠭᠠᠬᠤ︾ ᠱᠠᠭᠠᠷᠳᠠᠯᠭ᠎ᠠ ᠶᠣᠰᠣᠭᠠᠷ᠂ ᠳᠡᠭᠡᠰᠦ ᠰᠤᠷᠭᠠᠭᠤᠯᠢ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ | ᠬᠢᠨᠠᠯᠲᠠ ᠲᠠᠯᠪᠢᠵᠤ ᠪᠠᠶᠢᠴᠠᠭᠠᠬᠤ ᠠᠵᠢᠯ ᠤᠨ ᠳᠤᠮᠳᠠ ᠢᠯᠡᠷᠡᠭᠰᠡᠨ ᠠᠵᠢᠯᠯᠠᠬᠤ ᠡᠲᠡᠭᠡᠳ ᠤᠨ ᠣᠶᠢᠯᠠᠭᠠᠬᠤ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠨᠢ ᠨᠢᠭᠡᠳᠦᠯ ᠦᠭᠡᠢ ᠣᠶᠢᠶ᠎ᠠ ᠳᠤ᠂ ᠬᠢᠨᠠᠯᠲᠠ ᠲᠠᠯᠪᠢᠵᠤ ᠪᠠᠶᠢᠴᠠᠭᠠᠬᠤ ᠰᠠᠯᠠᠭ᠎ᠠ | ᠮᠥᠴᠢᠷ ᠤᠳ ᠲᠥᠷᠥ ᠶᠢᠨ ᠪᠣᠳᠣᠯᠭ᠎ᠠ ᠲᠣᠭᠲᠠᠭᠠᠬᠤ ᠰᠠᠯᠠᠭ᠎ᠠ ᠮᠥᠴᠢᠷ ᠯᠦᠭᠡ ᠨᠡᠪᠲᠡᠷᠡᠯᠴᠡᠵᠦ᠂ ᠴᠠᠭ ᠲᠤᠬᠠᠶ ᠳᠤᠨᠢ | ᠰᠢᠯᠵᠢᠭᠦᠯᠦᠨ ᠲᠣᠬᠢᠷᠠᠭᠤᠯᠬᠤ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠳᠤᠮᠳᠠ ᠠᠯᠳᠠᠭ᠎ᠠ ᠪᠤᠷᠤᠭᠤ | ᠭᠠᠷᠭᠠᠭᠰᠠᠨ ᠺᠠᠳ᠋ᠷ ᠲᠤ ᠠᠵᠢᠯ ᠦᠶ᠋ᠯᠡᠰ ᠢ ᠳᠡᠭᠡᠳᠦᠯᠡᠬᠦ᠂ ᠦᠨᠡᠨ ᠠᠴᠠ ᠵᠥᠪ ᠢ ᠡᠷᠢᠬᠦ᠂ ᠬᠠᠤᠯᠢ ᠶᠣᠰᠣᠭᠠᠷ | ᠰᠢᠶ᠋ᠳᠪᠦᠷᠢᠯᠡᠬᠦ᠂ ᠠᠭᠤᠴᠢᠯᠠᠬᠤ ᠪᠠ ᠵᠠᠯᠠᠷᠠᠭᠤᠯᠬᠤ ᠶᠢ ᠵᠡᠷᠭᠡ ᠪᠠᠷ ᠴᠢᠬᠤᠯᠠᠴᠢᠯᠠᠬᠤ ᠵᠡᠷᠭᠡ ᠵᠠᠷᠴᠢᠮ ᠶᠣᠰᠣᠭᠠᠷ᠂ ᠤᠭ | ᠰᠠᠨᠠᠭᠠᠨ ᠤ ᠣᠪᠣᠷ᠂ ᠪᠤᠰᠤᠳᠴᠢ ᠨᠥᠬᠦᠴᠡᠯ᠂ ᠵᠢᠷᠤᠮ ᠠᠷᠭ᠎ᠠ᠂ ᠰᠢᠨᠵᠢ ᠴᠢᠨᠠᠷ ᠤᠨ ᠬᠡᠮᠵᠢᠶ᠎ᠡ᠂ ᠦᠷ᠎ᠡ ᠳ᠋ᠦᠩ ᠤᠨ | ᠨᠥᠯᠥᠭᠡ ᠵᠢᠴᠢ ᠬᠤᠬᠢᠷᠠᠯ ᠢ ᠡᠭᠡᠭᠦᠯᠦᠨ ᠠᠪᠴᠢᠷᠠᠬᠤ ᠵᠡᠷᠭᠡ ᠪᠠᠢᠳᠠᠯ ᠲᠠᠢ ᠤᠶᠠᠯᠳᠤᠭᠤᠯᠤᠨ᠂ ᠶᠡᠷᠦᠩᠬᠡᠶᠢᠯᠡᠨ | ᠵᠠᠳᠠᠯᠬᠤ ᠪᠠ ᠲᠣᠬᠢᠲᠠᠶ ᠰᠢᠶ᠋ᠳᠪᠦᠷᠢᠯᠡᠵᠦ᠂ ᠪᠠᠭᠲᠠᠭᠠᠬᠤ ᠶᠣᠰᠣᠲᠠᠶ ᠶᠢ ᠨᠢ ᠵᠣᠷᠢᠭᠲᠠᠶ ᠪᠠᠷ ᠪᠠᠭᠲᠠᠭᠠᠵᠤ᠂ | ᠪᠠᠭᠲᠠᠭᠠᠬᠤ ᠶᠣᠰᠣᠲᠠᠶ ᠶᠢ ᠨᠢ ᠡᠷᠡᠰ ᠵᠥᠪᠰᠢᠶᠡᠷᠡᠬᠦ ᠦᠭᠡᠢ ᠪᠠᠶᠢᠵᠤ᠂ ᠺᠠᠳ᠋ᠷ ᠤᠨ ᠵᠣᠷᠢᠭᠲᠠᠶ ᠪᠠᠷ ᠬᠠᠷᠢᠭᠤᠴᠠᠯᠭ᠎ᠠ | ᠡᠭᠦᠷᠭᠡᠯᠡᠬᠦ᠂ ᠰᠠᠨᠠᠭᠠᠴᠢᠯᠠᠭ᠎ᠠ ᠠᠴᠠ ᠪᠠᠨ ᠠᠵᠢᠯ ᠬᠢᠬᠦ ᠶᠢ ᠵᠣᠷᠢᠭᠵᠢᠭᠤᠯᠬᠤ ᠬᠡᠷᠡᠭᠲᠡᠶ᠃ | ᠲᠣᠰ ᠰᠠᠨᠠᠯ ᠢ ᠲᠥᠪ ᠤᠨ ᠰᠠᠯᠠᠭ᠎ᠠ ᠮᠥᠴᠢᠷ ᠲᠤ ᠬᠠᠷᠢᠶᠠᠯᠠᠭᠳᠠᠬᠤ ᠳᠡᠭᠡᠰᠦ ᠰᠤᠷᠭᠠᠭᠤᠯᠢ ᠪᠣᠯᠤᠨ ᠲᠥᠪ ᠤᠨ | ᠱᠠᠲᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠬᠡᠷᠡᠭᠯᠡᠨ᠎ᠡ᠃ ᠣᠳᠣ ᠶᠢᠨ | ᠬᠡᠷᠡᠭᠵᠢᠭᠦᠯᠵᠦ ᠪᠠᠶ᠋ᠭ᠎ᠠ ᠬᠠᠮᠢᠶ᠎ᠠ ᠪᠦᠬᠦᠢ ᠲᠣᠭᠲᠠᠭᠠᠯ ᠨᠢ ᠲᠣᠰ ᠰᠠᠨᠠᠯ ᠯᠤᠭ᠎ᠠ ᠨᠢᠭᠡᠳᠦᠯ ᠦᠭᠡᠢ ᠪᠠᠶ᠋ᠪᠠᠯ᠂ ᠲᠣᠰ | ᠰᠠᠨᠠᠯ ᠢᠶᠠᠷ ᠪᠠᠷᠢᠮᠵᠢᠶ᠎ᠠ ᠪᠣᠯᠭᠠᠨ᠎ᠠ᠃ |