ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠳᠤ ᠲᠤᠯᠭᠠᠷᠠᠵᠤ ᠪᠠᠶ᠋ᠭ᠎ᠠ ᠳᠥᠷᠪᠡᠨ | ᠠᠰᠠᠭᠤᠳᠠᠯ | ᠨᠢᠭᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠳᠦᠷᠢᠮ ᠪᠣᠯᠤᠨ | ᠠᠵᠢᠯ ᠦᠢᠯᠡᠰ ᠤᠨ ᠨᠢᠭᠡᠴᠡ ᠶᠢᠨ ᠤᠯᠤᠰ ᠠᠴᠠ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠳᠦᠷᠢᠮ ᠤᠨ ᠬᠤᠭᠤᠷᠣᠨᠳᠣᠬᠢ ᠵᠣᠯᠭᠠᠯᠳᠤᠬᠤ ᠦᠭᠡᠢ᠂ ᠵᠣᠬᠢᠴᠠᠯᠳᠤᠬᠤ ᠦᠭᠡᠢ ᠪᠠᠶ᠋ᠬᠤ ᠠᠰᠠᠭᠤᠳᠠᠯ | ︽ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ︾ ᠨᠢ ᠨᠢᠭᠡ ᠵᠦᠶ᠋ᠯ ᠤᠨ ᠣᠨᠴᠠᠭᠠᠢ ︽ᠤᠯᠤᠰ ᠠᠴᠠ | ᠥᠮᠴᠢᠯᠡᠯ ᠤᠨ ᠡᠳ᠋ ᠬᠥᠷᠥᠩᠭᠡ︾ ᠪᠣᠯᠤᠭᠰᠠᠨ ᠤ ᠬᠤᠪᠢ ᠳᠤ᠂ ᠣᠳᠣᠬᠠᠨ ᠳᠤ ︽ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ ᠬᠠᠤᠯᠢ︾ ᠪᠠ ᠠᠵᠢᠯ ᠦᠢᠯᠡᠰ ᠤᠨ | ᠨᠢᠭᠡᠴᠢ ᠶᠢᠨ ᠤᠯᠤᠰ ᠠᠴᠠ ᠥᠮᠴᠢᠯᠡᠯ ᠤᠨ ᠡᠳ᠋ ᠬᠥᠷᠥᠩᠭᠡ ᠶᠢᠨ ᠰᠢᠷᠢᠰ ᠬᠠᠮᠢᠶᠠᠷᠤᠯᠲᠠ ᠶᠢᠨ ᠲᠣᠭᠲᠠᠭᠠᠯ ᠢ | ᠵᠡᠷᠭᠡ ᠪᠠᠷ ᠲᠣᠭᠲᠠᠭᠠᠭᠰᠠᠨ ᠪᠠᠢᠳᠠᠯ ᠳᠤ ᠲᠤᠯᠭᠠᠷᠠᠵᠤ ᠪᠠᠶᠢᠨ᠎ᠠ᠃ ᠡᠨᠡ ᠬᠤᠶᠠᠷ ᠲᠥᠷᠥᠯ ᠤᠨ ᠲᠣᠭᠲᠠᠭᠠᠯ ᠨᠢ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠮᠢᠶᠠᠷᠤᠯᠲᠠ ᠳᠤ ᠨᠡᠯᠢᠶᠡᠳ ᠶᠡᠭᠡ ᠵᠥᠷᠢᠶ᠎ᠡ ᠲᠠᠢ | ᠪᠠᠶᠢᠨ᠎ᠠ᠃ ᠡᠮᠦᠨᠡᠬᠢ ᠨᠢ ᠡᠷᠬᠡ ᠪᠠᠨ ᠭᠦᠶ᠋ᠴᠡᠳ ᠲᠠᠯᠪᠢᠬᠤ ᠪᠠ ᠳᠤᠮᠳᠠ ᠰᠡᠭᠦᠯᠴᠢ ᠶᠢᠨ ᠬᠤᠭᠤᠴᠠᠭᠠᠨ ᠤ | ᠬᠠᠮᠢᠶᠠᠷᠤᠯᠲᠠ ᠶᠢᠨ ᠠᠷᠭ᠎ᠠ ᠮᠠᠶ᠋ᠢᠭ ᠢ ᠴᠢᠩᠭᠠᠳᠬᠠᠵᠤ᠂ ᠬᠤᠶᠢᠨᠠᠬᠢ ᠨᠢ ᠮᠥᠨ ᠯᠡ ᠴᠢᠩᠭ᠎ᠠ ᠬᠢᠨᠠᠨ ᠵᠥᠪᠰᠢᠶᠡᠷᠡᠬᠦ ᠪᠠ | ᠳᠠᠩᠰᠠᠯᠠᠭᠤᠯᠬᠤ ᠬᠠᠮᠢᠶᠠᠷᠤᠯᠲᠠ ᠶᠢᠨ ᠵᠠᠭᠪᠤᠷ ᠪᠣᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠨ᠎ᠡ ᠲᠣᠭᠲᠠᠭᠠᠬᠤ ᠶᠠᠪᠤᠳᠠᠯ ᠢᠶᠠᠷ ᠵᠢᠱᠢᠶᠡᠯᠡᠪᠡᠯ᠂ | ᠳᠡᠭᠡᠰᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠵᠥᠪᠯᠡᠯᠴᠡᠭᠡᠷ ᠢᠶᠠᠷ | ᠳᠠᠮᠵᠢᠭᠤᠯᠤᠨ ᠦᠨ᠎ᠡ ᠲᠣᠭᠲᠠᠭᠠᠬᠤ᠂ ᠮᠡᠷᠭᠡᠵᠢᠯ ᠤᠨ ᠵᠠᠬ᠎ᠠ ᠳᠡᠯᠭᠡᠭᠦᠷ ᠲᠤ ᠫᠠᠶᠢᠰᠠ ᠡᠯᠭᠦᠬᠦ ᠵᠡᠷᠭᠡ ᠵᠠᠬ᠎ᠠ | ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠦᠷ᠎ᠡ ᠪᠦᠲᠦᠭᠡᠯ ᠤᠨ ᠠᠷᠠᠯᠵᠢᠶᠠᠨ ᠤ ᠦᠨ᠎ᠡ ᠬᠠᠩᠰᠢ ᠶᠢ ᠲᠣᠭᠲᠠᠭᠠᠬᠤ ᠶᠢ | ᠲᠥᠷᠥ ᠶᠢᠨ ᠪᠣᠳᠣᠯᠭ᠎ᠠ ᠵᠥᠪᠰᠢᠶᠡᠷᠡᠨ᠎ᠡ᠂ ᠭᠡᠪᠡᠴᠦ ᠠᠵᠢᠯ ᠦᠢᠯᠡᠰ ᠤᠨ ᠨᠢᠭᠡᠴᠢ ᠶᠢᠨ ᠤᠯᠤᠰ ᠠᠴᠠ ᠥᠮᠴᠢᠯᠡᠯ ᠤᠨ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠤᠯᠤᠰ ᠠᠴᠠ ᠥᠮᠴᠢᠯᠡᠯ ᠤᠨ ᠡᠳ᠋ ᠬᠥᠷᠥᠩᠭᠡ | ᠪᠣᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠨ᠎ᠡ ᠥᠷᠲᠡᠭ ᠢ ᠡᠷᠬᠡᠪᠰᠢ ᠭᠤᠷᠪᠠᠳᠠᠬᠢ | ᠲᠠᠯ᠎ᠠ ᠶᠢᠨ ᠪᠠᠶᠢᠭᠤᠯᠤᠮᠵᠢ ᠠᠴᠠ ᠦᠨᠡᠯᠡᠨ ᠵᠢᠱᠢᠬᠦ ᠬᠡᠷᠡᠭᠲᠡᠶ᠂ ᠦᠨᠡᠯᠡᠨ ᠵᠢᠱᠢᠭᠰᠡᠨ ᠦᠷ᠎ᠡ ᠳ᠋ᠦᠩ ᠢ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠪᠠ ᠡᠳ᠋ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ | ᠬᠡᠷᠡᠭᠲᠡᠶ᠂ ᠵᠢᠩᠬᠢᠨᠢ ᠤᠳᠬ᠎ᠠ ᠠᠭᠤᠯᠠᠨ᠎ᠠ ᠳᠡᠭᠡᠷᠡᠬᠢ ︽ᠵᠠᠬ᠎ᠠ ᠳᠡᠯᠭᠡᠭᠦᠷᠴᠢᠯᠡᠨ ᠦᠨ᠎ᠡ ᠲᠣᠭᠲᠠᠭᠠᠬᠤ︾ ᠶᠢ | ᠪᠡᠶᠡᠯᠡᠭᠦᠯᠬᠦ ᠶᠢᠨ ᠠᠷᠭ᠎ᠠ ᠦᠭᠡᠢ ᠮᠥᠷᠲᠡᠭᠡᠨ ᠪᠠᠰᠠ ᠶᠡᠭᠡ ᠳᠡᠭᠡᠰᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠴᠤ ᠶᠠᠭᠠᠬᠢᠬᠤ ᠪᠠᠨ ᠣᠯᠬᠤ ᠠᠷᠭ᠎ᠠ ᠦᠭᠡᠢ ᠪᠣᠯᠭᠠᠵᠠᠶ᠃ | 2017 ᠤᠨ 11 ᠰᠠᠷ᠎ᠠ ᠳᠤ᠂ ᠡᠳ᠋ ᠤᠨ ᠵᠠᠰᠠᠭ ᠤᠨ ᠶᠠᠮᠤᠨ ︽︿ᠤᠯᠤᠰ ᠠᠴᠠ ᠥᠮᠴᠢᠯᠡᠯ ᠤᠨ ᠡᠳ᠋ | ᠬᠥᠷᠥᠩᠭᠡ ᠶᠢ ᠦᠨᠡᠯᠡᠨ ᠵᠢᠱᠢᠬᠦ ᠵᠦᠶ᠋ᠯᠡᠰ ᠢ ᠳᠠᠩᠰᠠᠯᠠᠬᠤ ᠬᠠᠮᠢᠶᠠᠷᠤᠯᠲᠠ ᠶᠢᠨ ᠠᠷᠭ᠎ᠠ﹀ ᠶᠢᠨ ᠲᠤᠬᠠᠶ ᠨᠥᠬᠦᠪᠥᠷᠢ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠤᠯᠤᠰ ᠠᠴᠠ ᠪᠠᠶᠢᠭᠤᠯᠤᠭᠰᠠᠨ ᠳᠡᠭᠡᠰᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠤᠤᠯ ᠤᠨ ᠡᠳ᠋ ᠤᠨ ᠵᠠᠰᠠᠭ ᠤᠨ ᠶᠠᠮᠤᠨ ᠤ ᠬᠠᠷᠢᠭᠤᠴᠠᠵᠤ | ᠪᠠᠶᠢᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠡᠳ᠋ ᠬᠥᠷᠥᠩᠭᠡ ᠶᠢ ᠦᠨᠡᠯᠡᠨ ᠵᠢᠱᠢᠵᠦ | ᠳᠠᠩᠰᠠᠯᠠᠬᠤ ᠠᠵᠢᠯ ᠢ ᠳᠡᠭᠡᠰᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ᠎ᠠ᠃ ᠡᠭᠦᠨ ᠤ ᠳᠤ ᠬᠠᠮᠲᠤ 5 ᠠᠵᠢᠯᠯᠠᠬᠤ ᠡᠳᠦᠷ ᠤᠨ ᠳᠣᠲᠣᠷ᠎ᠠ | ᠳᠠᠩᠰᠠᠯᠠᠭᠤᠯᠬᠤ ᠭᠠᠷ ᠭᠦᠶ᠋ᠴᠡᠳᠬᠡᠯ ᠢ ᠪᠡᠶᠡᠯᠡᠭᠦᠯᠵᠦ᠂ ᠵᠣᠬᠢᠬᠤ ᠬᠡᠮᠵᠢᠶᠡᠨ ᠳᠡᠭᠡᠷ᠎ᠡ ᠳᠠᠩᠰᠠᠯᠠᠭᠤᠯᠬᠤ ᠵᠢᠷᠤᠮ ᠢ | ᠳᠥᠭᠦᠮᠴᠢᠯᠡᠵᠦ᠂ ᠳᠠᠩᠰᠠᠯᠠᠭᠤᠯᠬᠤ ᠴᠠᠭ ᠢ ᠪᠣᠭᠤᠨᠢᠰᠬᠠᠭᠰᠠᠨ ᠪᠣᠯᠪᠠᠴᠤ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠵᠠᠬ᠎ᠠ ᠳᠡᠯᠭᠡᠭᠦᠷᠴᠢᠯᠡᠨ ᠦᠨ᠎ᠡ ᠲᠣᠭᠲᠠᠭᠠᠬᠤ ᠶᠢ ᠦᠨᠳᠦᠰᠦᠨ ᠠᠴᠠ ᠨᠢ ᠪᠡᠶᠡᠯᠡᠭᠦᠯᠦᠭᠰᠡᠨ ᠦᠭᠡᠢ | ᠂ ᠮᠥᠨ ᠬᠦ ᠡᠩ ᠤᠨ ︽ᠤᠯᠤᠰ ᠠᠴᠠ ᠥᠮᠴᠢᠯᠡᠯ ᠤᠨ ᠡᠳ᠋ ᠬᠥᠷᠥᠩᠭᠡ︾ ᠶᠢᠨ ᠬᠠᠮᠢᠶᠠᠷᠤᠯᠲᠠ ᠶᠢᠨ ᠰᠡᠳᠬᠢᠮᠵᠢ ᠶᠢ | ᠦᠷᠭᠦᠯᠵᠢᠯᠡᠨ ᠬᠡᠷᠡᠭᠯᠡᠵᠦ᠂ ᠦᠨᠡᠯᠡᠨ ᠵᠢᠱᠢᠬᠦ + ᠳᠠᠩᠰᠠᠯᠠᠬᠤ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠠᠪᠬᠤ | ᠬᠡᠷᠡᠭᠲᠡᠶ ᠭᠡᠵᠦ ᠱᠠᠭᠠᠷᠳᠠᠵᠠᠶ᠃ | ᠡᠭᠦᠨ ᠠᠴᠠ ᠭᠠᠳᠠᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠭᠠᠳᠠᠭᠠᠳᠤ ᠳᠤ ᠪᠠᠯᠠ | ᠣᠷᠣᠭᠤᠯᠬᠤ ᠲᠠᠯ᠎ᠠ ᠪᠠᠷ᠂ ᠴᠤᠪᠤᠷᠠᠯ ᠢ ᠰᠢᠯᠢᠳᠡᠭᠵᠢᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠮᠡᠷᠭᠡᠵᠢᠯ ᠢᠶᠠᠷ ᠬᠤᠪᠢ ᠣᠷᠣᠭᠤᠯᠬᠤ ᠳᠤ ᠬᠤᠯᠪᠣᠭᠳᠠᠬᠤ ᠭᠠᠶᠢᠯᠢ ᠲᠠᠲᠠᠪᠤᠷᠢ ᠶᠢᠨ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢ ᠬᠡᠷᠡᠭᠯᠡᠬᠦ ᠨᠥᠬᠦᠴᠡᠯ ᠢ ᠶᠡᠷᠦᠩᠬᠡᠶᠢᠯᠡᠨ ᠪᠣᠳᠣᠯᠬᠢᠯᠠᠵᠤ᠂ ᠮᠠᠰᠢ ᠣᠯᠠᠨ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯ ᠦᠢᠯᠡᠰ ᠤᠨ ᠨᠢᠭᠡᠴᠡ ︽ᠬᠤᠶᠠᠷ ᠠᠯᠬᠤᠮ ᠢᠶᠠᠷ ᠶᠠᠪᠤᠬᠤ︾ ᠠᠷᠭ᠎ᠠ ᠮᠠᠶ᠋ᠢᠭ ᠢ | ᠠᠪᠴᠤ᠂ ᠤᠷᠢᠳ ᠢᠶᠠᠷ ᠨᠢᠭᠡᠴᠡ ᠠᠴᠠ ᠪᠠᠯᠠ ᠭᠠᠷᠭᠠᠬᠤ ᠭᠤᠤᠯ ᠴᠣᠭᠴᠠ ᠪᠣᠯᠭᠠᠬᠤ ᠶᠢᠨ ᠬᠠᠮᠲᠤ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠨ ᠳᠤ ᠴᠢᠭᠯᠡᠭᠦᠯᠦᠭᠰᠡᠨ ᠰᠲ᠋ᠣᠺ ᠤᠨ ᠡᠷᠬᠡ ᠶᠢᠨ ᠱᠠᠩᠨᠠᠯ ᠢ ᠪᠡᠶᠡᠯᠡᠭᠦᠯᠵᠦ᠂ | ᠳᠠᠷᠠᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠪᠠᠯᠠ ᠣᠷᠣᠭᠤᠯᠤᠯᠲᠠ ᠠᠴᠠ ᠪᠣᠶ | ᠪᠣᠯᠤᠭᠰᠠᠨ ᠨᠢᠭᠡᠴᠡ ᠶᠢᠨ ᠡᠵᠡᠮᠰᠢᠵᠦ ᠪᠠᠶ᠋ᠭ᠎ᠠ ᠰᠲ᠋ᠣᠺ ᠤᠨ ᠡᠷᠬᠡ ᠶᠢ ᠦᠨ᠎ᠡ ᠲᠥᠯᠥᠪᠦᠷᠢ ᠦᠭᠡᠢ ᠪᠠᠷ ᠨᠢᠭᠡᠴᠡ ᠶᠢᠨ | ᠬᠠᠷᠢᠶ᠎ᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠳᠤ ᠰᠢᠯᠵᠢᠭᠦᠯᠦᠨ ᠥᠭᠭᠦᠨ᠎ᠡ᠃ | ᠭᠡᠪᠡᠴᠦ ᠦᠶ᠋ᠯᠡᠳᠦᠯᠭᠡ ᠶᠢᠨ ᠳᠤᠮᠳᠠ᠂ ︽ᠬᠤᠶᠠᠷ ᠠᠯᠬᠤᠮ ᠢᠶᠠᠷ ᠶᠠᠪᠤᠵᠤ︾ ᠪᠣᠯᠬᠤ ᠪᠥᠭᠡᠳ ︽ᠨᠢᠭᠡ | ᠠᠯᠬᠤᠮ ᠢᠶᠠᠷ ᠶᠠᠪᠤᠵᠤ︾ ᠪᠣᠯᠤᠨ᠎ᠠ᠂ ᠲᠤᠬᠠᠶᠢᠯᠠᠪᠠᠯ ᠦᠶ᠋ᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤ ᠠᠵᠤ ᠠᠬᠤᠶᠢᠯᠠᠯ ᠢ ᠳᠠᠩᠰᠠᠯᠠᠭᠤᠯᠬᠤ ᠣᠶᠢᠶ᠎ᠠ ᠳᠤ᠂ ᠺᠣᠮᠫᠠᠨᠢ ᠪᠠᠶᠢᠭᠤᠯᠬᠤ ᠪᠠᠷ ᠵᠢᠱᠢᠶᠡᠯᠡᠵᠦ ᠬᠡᠯᠡᠪᠡᠯ᠂ | ᠨᠢᠭᠡᠴᠢ ᠨᠢ ᠲᠡᠭᠦᠨ ᠤ ᠬᠠᠷᠢᠶ᠎ᠠ ᠡᠳ᠋ ᠬᠥᠷᠥᠩᠭᠡ ᠡᠵᠡᠩᠨᠡᠬᠦ ᠺᠣᠮᠫᠠᠨᠢ ᠪᠠᠨ ᠰᠢᠭᠤᠳ ᠳᠠᠩᠰᠠᠯᠠᠭᠤᠯᠵᠤ ᠪᠣᠯᠤᠨ᠎ᠠ᠂ | ᠬᠠᠷᠢᠨ ᠤᠷᠢᠳ ᠢᠶᠠᠷ ᠨᠢᠭᠡᠴᠢ ᠶᠢ ᠨᠢ ︽ᠨᠢᠭᠡ ᠠᠯᠬᠤᠮ ᠢᠶᠠᠷ ᠶᠠᠪᠤᠵᠤ︾ ᠪᠣᠯᠤᠨ᠎ᠠ᠂ ᠳᠠᠷᠠᠭ᠎ᠠ ᠨᠢ ᠰᠲ᠋ᠣᠺ ᠤᠨ | ᠡᠷᠬᠡ ᠶᠢ ᠬᠤᠪᠢᠷᠠᠭᠤᠯᠤᠨ ᠡᠳ᠋ ᠬᠥᠷᠥᠩᠭᠡ ᠡᠵᠡᠩᠨᠡᠬᠦ ᠺᠣᠮᠫᠠᠨᠢ ᠶᠢᠨ ᠨᠡᠷ᠎ᠡ ᠳᠣᠤᠷ᠎ᠠ ᠳᠠᠩᠰᠠᠯᠠᠵᠤ ᠪᠣᠯᠤᠨ᠎ᠠ᠃ | ᠭᠡᠪᠡᠴᠦ ᠳᠡᠭᠡᠷ᠎ᠡ ᠳᠤᠷᠠᠳᠤᠭᠰᠠᠨ ᠠᠷᠭ᠎ᠠ ᠮᠠᠶ᠋ᠢᠭ ᠨᠢ ᠨᠢᠭᠡ ᠵᠠᠩᠭᠢᠯᠠᠭ᠎ᠠ ᠶᠢ ᠳᠥᠭᠦᠮᠴᠢᠯᠡᠵᠡᠶ᠂ ᠲᠤᠬᠠᠶᠢᠯᠠᠪᠠᠯ ᠠᠵᠢᠯ | ᠦᠢᠯᠡᠰ ᠤᠨ ᠨᠢᠭᠡᠴᠢ ᠰᠲ᠋ᠣᠺ ᠤᠨ ᠡᠷᠬᠡ ᠪᠠᠨ ᠦᠨ᠎ᠡ ᠲᠥᠯᠥᠪᠦᠷᠢ ᠦᠭᠡᠢ ᠪᠠᠷ ᠡᠳ᠋ ᠬᠥᠷᠥᠩᠭᠡ ᠡᠵᠡᠩᠨᠡᠬᠦ | ᠺᠣᠮᠫᠠᠨᠢ ᠶᠢᠨ ᠮᠡᠳᠡᠭᠦᠯᠦᠨ ᠳᠠᠩᠰᠠᠯᠠᠭᠤᠯᠬᠤ ᠭᠤᠭᠴᠤᠭ᠎ᠠ ᠳᠤ ᠬᠤᠪᠢᠶᠠᠷᠢᠯᠠᠨ ᠰᠢᠯᠵᠢᠭᠦᠯᠵᠡᠶ᠃ | ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠳᠡᠭᠡᠰᠦ ᠰᠤᠷᠭᠠᠭᠤᠯᠢ ᠶᠢᠨ ᠤᠯᠤᠰ ᠠᠴᠠ | ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ | ᠦᠨᠳᠦᠰᠦᠯᠡᠪᠡᠯ᠂ ᠠᠵᠢᠯ ᠦᠢᠯᠡᠰ ᠤᠨ ᠨᠢᠭᠡᠴᠡ ᠦᠨ᠎ᠡ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ | ᠠᠷᠭ᠎ᠠ ᠮᠠᠶ᠋ᠢᠭ ᠢᠶᠠᠷ ᠡᠳ᠋ ᠬᠥᠷᠥᠩᠭᠡ ᠪᠠᠨ ᠰᠢᠢᠳᠪᠦᠷᠢᠯᠡᠬᠦ ᠳᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠣᠯᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠴᠢᠬᠤᠯᠠᠲᠠᠶ᠂ ᠦᠶᠡᠯᠡᠯ ᠤᠨ | ᠬᠤᠭᠤᠴᠠᠭ᠎ᠠ ᠨᠢ ᠨᠡᠯᠢᠶᠡᠳ ᠤᠷᠲᠤ ᠪᠠᠶ᠋ᠳᠠᠭ᠃ ᠣᠳᠣᠬᠠᠨ ᠤ ᠬᠡᠰᠡᠭ ᠨᠢᠭᠡᠴᠢ ᠶᠢᠨ ᠦᠶ᠋ᠯᠡᠳᠦᠯᠭᠡ ᠶᠢᠨ ᠳᠤᠮᠳᠠ | ᠳᠡᠭᠡᠷ᠎ᠡ ᠳᠤᠷᠠᠳᠤᠭᠰᠠᠨ ᠵᠠᠩᠭᠢᠯᠠᠭ᠎ᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠠᠴᠠ ᠪᠣᠯᠤᠭᠰᠠᠨ ᠵᠦᠶ᠋ᠯᠡᠰ ᠤᠨ ᠺᠣᠮᠫᠠᠨᠢ ᠶᠢᠨ ᠢᠷᠡᠭᠡᠳᠦᠶ ᠶᠢᠨ ᠬᠥᠭᠵᠢᠯᠲᠡ ᠳᠤ ᠵᠠᠷᠢᠮ ᠳᠠᠯᠳᠠ | ︽ᠳᠠᠯᠳᠠ ᠬᠡᠮ︾ ᠢ ᠠᠪᠴᠢᠷᠠᠬᠤ ᠪᠤᠶᠤ ᠵᠢᠷᠤᠮᠵᠢᠭᠰᠠᠨ ᠬᠠᠮᠢᠶᠠᠷᠤᠯᠲᠠ ᠶᠢᠨ ᠲᠠᠯ᠎ᠠ ᠶᠢᠨ ︽ᠤᠷᠰᠢᠭ︾ ᠪᠣᠯᠵᠤ | ᠮᠡᠳᠡᠨ᠎ᠡ᠃ | ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠳᠤ ᠬᠤᠯᠪᠣᠭᠳᠠᠬᠤ | ᠢᠵᠢ ᠪᠦᠷᠢᠳᠦᠭᠦᠯᠬᠦ ᠲᠥᠷᠦ ᠶᠢᠨ ᠪᠣᠳᠣᠯᠭ᠎ᠠ ᠶᠢ ᠨᠠᠷᠢᠯᠢᠬᠵᠢᠭᠤᠯᠬᠤ ᠪᠠ ᠲᠡᠭᠦᠯᠳᠡᠷᠵᠢᠭᠦᠯᠬᠦ ᠠᠰᠠᠭᠤᠳᠠᠯ ᠪᠣᠯᠤᠨ᠎ᠠ᠃ | | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠬᠤᠯᠪᠣᠭᠳᠠᠯ ᠪᠦᠬᠦᠢ ᠢᠵᠢ | ᠪᠦᠷᠢᠳᠦᠭᠦᠯᠬᠦ ᠲᠥᠷᠥ ᠶᠢᠨ ᠪᠣᠳᠣᠯᠭ᠎ᠠ ᠳᠤ ᠲᠥᠷᠥ ᠶᠢᠨ ᠪᠣᠳᠣᠯᠭ᠎ᠠ ᠲᠣᠭᠲᠠᠭᠠᠬᠤ ᠰᠠᠯᠠᠭ᠎ᠠ ᠮᠥᠴᠢᠷ ᠪᠣᠯᠤᠨ | ᠨᠢᠭᠡᠴᠡ ᠶᠢᠨ ᠬᠡᠷᠡᠭᠵᠢᠭᠦᠯᠬᠦ ᠰᠠᠯᠠᠭ᠎ᠠ ᠮᠥᠴᠢᠷ ᠬᠤᠶᠠᠷ ᠲᠠᠯ᠎ᠠ ᠶᠢᠨ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ | ᠵᠢᠴᠢ ᠬᠠᠮᠢᠶ᠎ᠠ ᠪᠦᠬᠦᠢ ᠴᠢᠨᠠᠷ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠨᠠᠷᠢᠯᠢᠭᠵᠢᠭᠤᠯᠤᠯᠲᠠ | ᠪᠠ ᠲᠡᠭᠦᠯᠳᠡᠷᠵᠢᠭᠦᠯᠦᠯᠲᠡ ᠪᠠᠭᠲᠠᠨ᠎ᠠ᠂ ᠡᠳᠡᠭᠡᠷ ᠨᠢ ᠴᠥᠮ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠤᠪᠢᠷᠠᠭᠤᠯᠤᠯᠲᠠ ᠶᠢ ᠤᠷᠤᠭᠰᠢᠲᠠᠶ ᠬᠡᠷᠡᠭᠵᠢᠭᠦᠯᠬᠦ ᠶᠢ ᠨᠥᠯᠥᠭᠡᠯᠡᠬᠦ ᠴᠢᠬᠤᠯᠠ ᠬᠦᠴᠦᠨ ᠵᠦᠶ᠋ᠯ | ᠪᠣᠯᠤᠨ᠎ᠠ᠂ ᠭᠡᠪᠡᠴᠦ ᠣᠳᠣᠬᠠᠨ ᠳᠤ ᠬᠤᠯᠪᠣᠭᠳᠠᠯ ᠪᠦᠬᠦᠢ ᠲᠠᠯ᠎ᠠ ᠪᠠᠷ ᠪᠠᠰᠠ ᠳᠣᠤᠷᠠᠬᠢ ᠮᠡᠲᠦ ᠠᠰᠠᠭᠤᠳᠠᠯ | ᠣᠷᠣᠰᠢᠵᠤ ᠪᠠᠶᠢᠨ᠎ᠠ᠄ | " | ᠰᠲ᠋ᠣᠺ ᠤᠨ ᠡᠷᠬᠡ ᠶᠢᠨ ᠤᠷᠮᠠᠰᠢᠭᠤᠯᠤᠯ ᠤᠨ ᠲᠠᠯ᠎ᠠ ᠪᠠᠷ᠂ ᠣᠳᠣᠬᠠᠨ ᠳᠤ ᠤᠷᠮᠠᠰᠢᠭᠤᠯᠬᠤ ᠡᠲᠡᠭᠡᠳ ᠢᠶᠠᠷ | ᠪᠦᠷᠢᠯᠳᠦᠭᠰᠡᠨ ᠬᠤᠷᠰᠢᠬᠤ ᠳᠦᠷᠢᠮ ᠪᠤᠶᠤ ᠺᠣᠮᠫᠠᠨᠢ ᠶᠢᠨ ᠳᠦᠷᠢᠮ ᠤᠨ ᠲᠠᠪᠴᠠᠩ ᠨᠢ ᠤᠷᠮᠠᠰᠢᠭᠤᠯᠬᠤ ᠰᠲ᠋ᠣᠺ ᠤᠨ | ᠡᠷᠬᠡ ᠶᠢ ᠣᠯᠬᠤ ᠳᠤ ᠲᠦᠷ ᠭᠠᠶᠢᠯᠢ ᠲᠤᠰᠢᠶᠠᠬᠤ ᠥᠬᠡᠶ ᠲᠥᠷᠥ ᠶᠢᠨ ᠪᠣᠳᠣᠯᠭ᠎ᠠ ᠶᠢ ᠬᠦᠷᠲᠡᠬᠦ ᠶᠢᠨ ᠠᠷᠭ᠎ᠠ ᠥᠬᠡᠶ | ᠪᠣᠯᠵᠠᠶ᠃ ᠪᠡᠯᠡᠨ ᠵᠣᠭᠤᠰ ᠢᠶᠠᠷ ᠱᠠᠩᠨᠠᠬᠤ ᠲᠠᠯ᠎ᠠ ᠪᠠᠷ᠂ 2018 ᠤᠨ 5 ᠰᠠᠷ᠎ᠠ ᠳᠤ᠂ ᠡᠳ᠋ ᠤᠨ ᠵᠠᠰᠠᠭ ᠤᠨ ᠶᠠᠮᠤᠨ᠂ | ᠡᠳ᠋ ᠤᠨ ᠵᠠᠰᠠᠭ ᠤᠨ ᠶᠠᠮᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠬᠠᠮᠲᠤᠷᠠᠨ ︽ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯᠲᠠᠨ ᠤ ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠳᠤ ᠪᠡᠯᠡᠨ ᠵᠣᠭᠤᠰ ᠢᠶᠠᠷ ᠱᠠᠩᠨᠠᠬᠤ ᠬᠠᠮᠢᠶ᠎ᠠ ᠪᠦᠬᠦᠢ ᠬᠤᠪᠢ ᠬᠥᠮᠦᠨ ᠤ ᠠᠰᠢᠭ ᠣᠷᠣᠯᠭ᠎ᠠ ᠶᠢᠨ | ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠲᠤᠬᠠᠶ ᠮᠡᠳᠡᠭᠳᠡᠯ︾ ︵ᠡᠳ᠋ ᠭᠠᠶᠢᠯᠢ ︹ 2018 ︺ 58 ᠳ᠋ᠤᠭᠠᠷ | ᠲᠣᠭᠠᠲᠤ︶ ᠢ ᠳᠠᠷᠤᠮᠠᠯᠯᠠᠨ ᠲᠠᠷᠬᠠᠭᠠᠭᠰᠠᠨ ᠪᠣᠯᠪᠠᠴᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠤ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠳᠤ ᠣᠯᠭᠤᠬᠤ ᠰᠲ᠋ᠣᠺ ᠤᠨ ᠡᠷᠬᠡ ᠪᠠ ᠪᠡᠯᠡᠨ ᠮᠥᠩᠭᠦ ᠶᠢᠨ ᠱᠠᠩᠨᠠᠯ | ᠵᠢᠴᠢ ᠨᠢᠭᠡᠴᠡ ᠶᠢᠨ ᠤᠯᠠᠷᠢᠭᠤᠯᠬᠤ ᠶᠢ ᠥᠪᠡᠰᠦᠪᠡᠨ ᠬᠡᠷᠡᠭᠵᠢᠭᠦᠯᠵᠦ ᠰᠢᠨᠵᠢᠯᠡᠬᠦ ᠤᠬᠠᠭᠠᠨ ᠮᠡᠷᠭᠡᠵᠢᠯ ᠤᠨ | ᠠᠵᠢᠯᠲᠠᠨ ᠳᠤ ᠣᠯᠭᠤᠬᠤ ᠲᠥᠷᠥᠯ ᠵᠦᠶ᠋ᠯ ᠤᠨ ᠠᠰᠢᠭ ᠣᠷᠣᠯᠭ᠎ᠠ ᠣᠯᠭᠤᠵᠤ᠂ 58 ᠳ᠋ᠤᠭᠠᠷ ᠲᠣᠭᠠᠲᠤ ᠪᠢᠴᠢᠭ | ᠮᠠᠲ᠋ᠧᠷᠢᠶᠠᠯ ᠤᠨ ᠭᠠᠶᠢᠯᠢ ᠲᠠᠲᠠᠪᠤᠷᠢ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠶᠢᠨ ᠠᠷᠭ᠎ᠠ ᠥᠬᠡᠶ | ᠶᠤᠮ᠃ | ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠬᠠᠮᠢᠶ᠎ᠠ ᠪᠦᠬᠦᠢ | ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠪᠠᠰᠠ ᠤᠯᠠᠮ ᠨᠢᠭᠡ ᠠᠯᠬᠤᠮ ᠲᠣᠳᠣᠷᠬᠠᠶ ᠪᠥᠭᠡᠳ | ᠨᠠᠷᠢᠯᠢᠬᠵᠢᠭᠤᠯᠬᠤ ᠴᠢᠬᠤᠯᠠᠲᠠᠶ ᠪᠠᠶᠢᠵᠤ᠂ ᠬᠡᠰᠡᠭ ᠲᠥᠷᠥ ᠶᠢᠨ ᠪᠣᠳᠣᠯᠭ᠎ᠠ ᠶᠢ ᠬᠠᠷᠠᠬᠠᠨ ᠪᠦᠲᠦᠮᠵᠢᠲᠡᠶ | ᠨᠠᠶᠢᠳᠠᠪᠤᠷᠢᠵᠢᠭᠤᠯᠤᠭᠠᠳᠤᠶ ᠪᠠᠶᠢᠭᠰᠠᠭᠠᠷ᠃ | ᠵᠢᠱᠢᠶᠡᠯᠡᠪᠡᠯ᠂ ᠲᠥᠷᠥ ᠶᠢᠨ ᠪᠣᠳᠣᠯᠭ᠎ᠠ ᠳᠤ ᠤᠳᠤᠷᠢᠳᠬᠤ ᠲᠤᠰᠢᠶᠠᠯ ᠡᠭᠦᠷᠭᠡᠯᠡᠵᠦ ᠪᠠᠶ᠋ᠭ᠎ᠠ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯᠲᠠᠨ ᠤ ᠱᠠᠩᠨᠠᠯ ᠬᠥᠬᠢᠭᠦᠯᠦᠯ ᠬᠦᠷᠲᠡᠬᠦ ᠲᠥᠷᠥᠯ ᠬᠤᠪᠢᠶᠠᠨ ᠬᠠᠮᠢᠶᠠᠷᠬᠤ ᠵᠠᠷᠴᠢᠮ ᠢ | ᠳᠤᠷᠠᠳᠤᠨ ᠭᠠᠷᠭᠠᠵᠤ᠂ ᠳᠡᠭᠡᠰᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ | ᠨᠢᠭᠡᠴᠡ ᠶᠢᠨ ᠤᠳᠤᠷᠢᠳᠤᠯᠭ᠎ᠠ ᠡᠭᠦᠷᠭᠡᠯᠡᠵᠦ ᠪᠠᠶ᠋ᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠪᠡᠯᠡᠨ | ᠵᠣᠭᠤᠰ ᠤᠨ ᠱᠠᠩᠨᠠᠯ ᠬᠦᠷᠲᠡᠵᠦ ᠪᠣᠯᠤᠨ᠎ᠠ᠂ ᠤᠳᠤᠷᠢᠳᠬᠤ ᠲᠤᠰᠢᠶᠠᠯ ᠡᠭᠦᠷᠭᠡᠯᠡᠵᠦ ᠪᠠᠶ᠋ᠭ᠎ᠠ ᠪᠤᠰᠤᠳ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯᠲᠠᠳ ᠪᠡᠯᠡᠨ ᠵᠣᠭᠤᠰ᠂ ᠰᠲ᠋ᠣᠺ ᠤᠨ ᠡᠷᠬᠡ ᠵᠡᠷᠭᠡ ᠱᠠᠩᠨᠠᠯ ᠬᠦᠷᠲᠡᠵᠦ ᠪᠣᠯᠤᠨ᠎ᠠ᠂ | ᠭᠡᠪᠡᠴᠦ ᠳᠡᠭᠡᠷ᠎ᠡ ᠳᠤᠷᠠᠳᠤᠭᠰᠠᠨ ᠬᠥᠮᠦᠰ ᠤᠨ ᠱᠠᠩᠨᠠᠯ ᠬᠥᠬᠢᠭᠦᠯᠦᠯ ᠬᠦᠷᠲᠡᠬᠦ ᠬᠢᠨᠠᠨ ᠵᠥᠪᠰᠢᠶᠡᠷᠡᠬᠦ ᠶᠠᠪᠤᠴᠠ ᠶᠢᠨ | ᠲᠤᠬᠠᠶ ᠪᠣᠳᠠᠲᠠᠶ ᠲᠣᠭᠲᠠᠭᠠᠯ ᠭᠠᠷᠭᠠᠭᠰᠠᠨ ᠦᠭᠡᠢ ᠠᠴᠠ ᠪᠣᠯᠵᠤ᠂ ᠳᠡᠭᠡᠰᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠬᠥᠮᠦᠰ ᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠣᠶᠢᠶ᠎ᠠ ᠳᠤ ᠮᠥᠨ ᠯᠡ ᠦᠯᠡᠳᠡᠭᠡᠵᠦ ᠪᠣᠯᠤᠨ᠎ᠠ᠃ | ᠭᠤᠷᠪᠠ ᠳᠤ᠂ ᠬᠡᠰᠡᠭ ᠳᠡᠭᠡᠰᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠤᠬᠠᠢ | ᠲᠠᠨᠢᠯᠲᠠ ᠳᠤᠲᠠᠮᠠᠭ ᠪᠠᠶᠢᠵᠤ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠯᠤᠭ᠎ᠠ | ᠵᠣᠬᠢᠴᠠᠭᠰᠠᠨ ᠳᠣᠲᠣᠭᠠᠳᠤ ᠶᠢᠨ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠬᠠᠷᠠᠬᠠᠨ | ᠲᠣᠭᠲᠠᠭᠠᠭᠠᠳᠤᠶ ᠪᠠᠢᠨ᠎ᠠ᠃ | ᠦᠷ᠎ᠡ ᠶᠢᠨ ᠵᠢᠯ ᠤᠳ ᠲᠤ ᠵᠠᠯᠭᠠᠭ᠎ᠠ ᠪᠠᠷ ᠨᠡᠶᠢᠲᠡᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ ᠲᠥᠷᠦ ᠶᠢᠨ ᠪᠣᠳᠣᠯᠭ᠎ᠠ ᠨᠢ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢ ᠬᠢᠨᠠᠨ ᠵᠥᠪᠰᠢᠶᠡᠷᠡᠬᠦ᠂ ᠠᠵᠢᠯᠲᠠᠨ ᠢ ᠤᠷᠮᠠᠰᠢᠭᠤᠯᠬᠤ᠂ ᠠᠮᠵᠢᠯᠲᠠ ᠪᠦᠲᠦᠮᠵᠢ ᠶᠢ ᠦᠨᠡᠯᠡᠬᠦ | ᠵᠡᠷᠭᠡ ᠲᠠᠯ᠎ᠠ ᠪᠠᠷ ᠤᠤᠯ ᠤᠨ ᠲᠥᠷᠦ ᠶᠢᠨ ᠪᠣᠳᠣᠯᠭ᠎ᠠ ᠶᠢᠨ ᠰᠢᠰᠲ᠋ᠧᠮ ᠳᠤ ᠴᠢᠬᠤᠯᠠ ᠶᠡᠭᠡ ᠲᠣᠬᠢᠷᠠᠭᠤᠯᠤᠯᠲᠠ ᠪᠠ | ᠰᠢᠪᠲᠤᠯᠤᠯᠲᠠ ᠬᠢᠭᠰᠡᠨ ᠪᠣᠯᠬᠤᠷ ᠳᠡᠭᠡᠰᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠰᠢᠨ᠎ᠡ | ᠳᠦᠷᠢᠮ ᠤᠨ ᠰᠢᠰᠲ᠋ᠧᠮ ᠪᠠ ᠳᠡᠮᠵᠢᠯᠭᠡ ᠶᠢᠨ ᠲᠥᠷᠦ ᠶᠢᠨ ᠪᠣᠳᠣᠯᠭ᠎ᠠ ᠶᠢ ᠳᠠᠬᠢᠨ ᠡᠮᠬᠢᠯᠡᠨ ᠲᠢᠭᠯᠡᠬᠦ ᠪᠠ ᠪᠠᠶᠢᠭᠤᠯᠬᠤ | ᠴᠢᠬᠤᠯᠠᠲᠠᠶ ᠪᠠᠶᠢᠨ᠎ᠠ᠃ | ᠪᠠᠢᠴᠠᠭᠠᠨ ᠰᠤᠳᠤᠯᠤᠯᠲᠠ ᠬᠢᠭᠰᠡᠨ ᠪᠠᠶᠢᠳᠠᠯ ᠠᠴᠠ ᠦᠵᠡᠪᠡᠯ᠂ ᠬᠡᠰᠡᠭ ᠶᠡᠭᠡ ᠳᠡᠭᠡᠰᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠢᠭᠤᠯᠤᠮᠵᠢ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠠᠵᠢᠯ ᠢ ᠴᠢᠬᠤᠯᠠᠴᠢᠯᠠᠭᠰᠠᠨ ᠬᠡᠮᠵᠢᠶ᠎ᠡ ᠬᠦᠷᠦᠯᠴᠡᠬᠦ ᠦᠭᠡᠢ᠂ ᠥᠭᠡᠷᠡᠴᠢᠯᠡᠯᠲᠡ ᠶᠢᠨ ᠬᠥᠳᠡᠯᠭᠡᠬᠦ ᠬᠦᠴᠦᠨ | ᠬᠦᠷᠦᠯᠴᠡᠬᠦ ᠦᠭᠡᠢ ᠪᠠᠶᠢᠵᠤ᠂ ᠤᠤᠯ ᠤᠨ ᠠᠵᠢᠯ ᠪᠣᠯᠤᠨ ᠲᠥᠷᠦ ᠶᠢᠨ ᠪᠣᠳᠣᠯᠭ᠎ᠠ ᠶᠢᠨ ᠰᠢᠰᠲ᠋ᠧᠮ ᠨᠢ ᠰᠢᠨ᠎ᠡ | ᠠᠵᠢᠯ ᠶᠢᠨ ᠱᠠᠭᠠᠷᠳᠠᠯᠭ᠎ᠠ ᠶᠢ ᠬᠠᠩᠭᠠᠬᠤ ᠳᠤ ᠬᠦᠴᠢᠷ ᠪᠠᠶᠢᠵᠤ᠂ ᠲᠥᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠰᠢᠭᠤᠳ ᠨᠥᠯᠥᠭᠡᠯᠡᠵᠦ ᠪᠠᠶᠢᠨ᠎ᠠ᠃ | ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠲᠤᠰ ᠪᠡᠶ᠎ᠡ ᠶᠢᠨ ᠬᠤᠪᠢᠷᠠᠭᠤᠯᠬᠤ | ᠨᠥᠬᠦᠴᠡᠯ ᠤᠨ ᠠᠰᠠᠭᠤᠳᠠᠯ᠃ | ᠣᠢᠷ᠎ᠠ ᠶᠢᠨ ᠵᠢᠯ ᠤᠳ ᠲᠤ᠂ ᠲᠥᠪ ᠬᠤᠷᠢᠶᠠᠨ ᠤ ᠪᠡᠭᠡᠵᠢᠩ ᠳᠤ ᠪᠠᠶ᠋ᠭ᠎ᠠ ᠳᠡᠭᠡᠰᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠣᠯᠤᠭᠰᠠᠨ ᠪᠠ ᠣᠷᠣᠭᠤᠯᠤᠭᠰᠠᠨ ᠰᠢᠨᠵᠢᠯᠡᠬᠦ ᠤᠬᠠᠭᠠᠨ ᠤ | ᠰᠤᠳᠤᠯᠭᠠᠨ ᠤ ᠵᠠᠷᠤᠳᠠᠯ ᠤᠨ ᠬᠡᠪᠴᠢᠶ᠎ᠡ ᠲᠠᠰᠤᠷᠠᠯᠲᠠ ᠥᠬᠡᠶ ᠨᠡᠮᠡᠭᠳᠡᠵᠦ᠂ ᠪᠣᠶ ᠪᠣᠯᠤᠭᠰᠠᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠲᠠᠰᠤᠷᠠᠯᠲᠠ ᠥᠬᠡᠶ ᠨᠡᠮᠡᠭᠳᠡᠪᠡ᠂ ᠢᠯᠡᠷᠡᠯ ᠤᠨ ᠨᠢᠭᠡ ᠨᠢ ᠳᠠᠷᠤᠶ ᠭᠤᠶᠤᠴᠢᠯᠠᠬᠤ ᠪᠠ | ᠡᠷᠬᠡ ᠣᠯᠭᠤᠬᠤ ᠲᠤᠰᠬᠠᠶ ᠠᠰᠢᠭ ᠤᠨ ᠲᠤᠭ᠎ᠠ ᠬᠡᠮᠵᠢᠶ᠎ᠡ ᠲᠠᠰᠤᠷᠠᠯᠲᠠ ᠥᠬᠡᠶ ᠨᠡᠮᠡᠭᠳᠡᠭᠰᠡᠨ ᠶᠠᠪᠤᠳᠠᠯ ᠪᠣᠯᠤᠨ᠎ᠠ᠃ | ᠭᠡᠪᠡᠴᠦ ᠲᠤᠰᠬᠠᠶ ᠠᠰᠢᠭ ᠢ ᠰᠢᠯᠵᠢᠭᠦᠯᠦᠨ ᠥᠭᠭᠦᠭᠰᠡᠨ᠂ ᠵᠥᠪᠰᠢᠶᠡᠷᠡᠨ ᠳᠠᠩᠰᠠᠯᠠᠭᠤᠯᠤᠭᠰᠠᠨ ᠪᠠᠶᠢᠳᠠᠯ ᠠᠴᠠ | ᠦᠵᠡᠪᠡᠯ᠂ 2016 ᠤᠨ ᠡᠴᠦᠰ ᠪᠣᠯᠲᠠᠯ᠎ᠠ᠂ ᠲᠥᠪ ᠤᠨ ᠪᠡᠭᠡᠵᠢᠩ ᠳᠤ ᠪᠠᠶ᠋ᠭ᠎ᠠ 38 ᠳᠡᠭᠡᠰᠦ ᠰᠤᠷᠭᠠᠭᠤᠯᠢ ᠪᠠ | 42 ᠲᠥᠪ ᠤᠨ ᠪᠡᠭᠡᠵᠢᠩ ᠳᠤ ᠪᠠᠶ᠋ᠭ᠎ᠠ ᠰᠤᠳᠤᠯᠭᠠᠨ ᠤ ᠭᠠᠵᠠᠷ ᠲᠤ ᠲᠣᠰ ᠲᠣᠰ 5034 ᠬᠤᠪᠢ ᠲᠤᠰᠬᠠᠶ ᠠᠰᠢᠭ | ᠪᠠ 2461 ᠬᠤᠪᠢ ᠡᠷᠬᠡ ᠣᠯᠭᠤᠭᠰᠠᠨ ᠲᠤᠰᠬᠠᠶ ᠠᠰᠢᠭ ᠢ ᠰᠢᠯᠵᠢᠭᠦᠯᠦᠨ ᠥᠭᠴᠦ ᠪᠣᠯᠬᠤ ᠮᠠᠭᠠᠳ ᠦᠭᠡᠢ᠂ | ᠵᠥᠪᠬᠡᠨ ᠪᠦᠬᠦ ᠡᠷᠬᠡ ᠣᠯᠭᠤᠭᠰᠠᠨ ᠲᠤᠰᠬᠠᠶ ᠠᠰᠢᠭ ᠤᠨ ᠲᠣᠭᠠᠨ ᠤ 7.8 % ᠪᠠ 9.2 % ᠢ ᠯᠠ ᠡᠵᠡᠯᠡᠵᠦ | ᠪᠠᠢᠨ᠎ᠠ᠃ ᠮᠡᠷᠭᠡᠵᠢᠯ ᠤᠨ ᠭᠡᠷ᠎ᠡ ᠶᠢᠨ ᠲᠤᠭ᠎ᠠ ᠶᠢᠨ ᠬᠡᠪᠴᠢᠶ᠎ᠡ ᠠᠴᠠ ᠦᠵᠡᠪᠡᠯ᠂ 2016 ᠣᠨ ᠳᠤ ᠲᠥᠪ ᠤᠨ | ᠪᠡᠭᠡᠵᠢᠩ ᠳᠤ ᠪᠠᠶ᠋ᠭ᠎ᠠ ᠳᠡᠭᠡᠰᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ | ᠮᠡᠷᠭᠡᠵᠢᠯ ᠤᠨ ᠭᠡᠷ᠎ᠡ ᠶᠢᠨ ᠳᠠᠩᠰᠠᠯᠠᠭᠤᠯᠤᠭᠰᠠᠨ ᠲᠤᠭ᠎ᠠ ᠨᠡᠶᠢᠲᠡ 70.45 ᠳ᠋ᠦᠩᠰᠢᠭᠤᠷ ᠲᠥᠭᠦᠷᠢᠭ ᠲᠤ ᠬᠦᠷᠴᠦ᠂ | ᠴᠢᠩᠬᠤᠸᠠ ᠶᠡᠭᠡ ᠰᠤᠷᠭᠠᠭᠤᠯᠢ ᠪᠣᠯᠤᠨ ᠪᠡᠭᠡᠵᠢᠩ ᠶᠡᠭᠡ ᠰᠤᠷᠭᠠᠭᠤᠯᠢ ᠶᠢᠨ 2016 ᠤᠨ ᠰᠢᠨᠵᠢᠯᠡᠬᠦ ᠤᠬᠠᠭᠠᠨ ᠤ | ᠰᠤᠳᠤᠯᠭᠠᠨ | ᠲᠤᠰᠬᠠᠶ ᠠᠰᠢᠭ ᠨᠢ ᠳᠡᠭᠡᠰᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠴᠢᠬᠤᠯᠠ ᠬᠡᠯᠪᠡᠷᠢ ᠶᠢᠨ ᠨᠢᠭᠡ ᠪᠣᠯᠤᠭᠰᠠᠨ ᠤ ᠬᠤᠪᠢ ᠳᠤ | ᠂ ᠬᠤᠯᠪᠣᠭᠳᠠᠯ ᠪᠦᠬᠦᠢ ᠲᠤᠭ᠎ᠠ ᠪᠠᠷᠢᠮᠲᠠ ᠠᠴᠠ ᠦᠵᠡᠪᠡᠯ᠂ ᠰᠢᠯᠵᠢᠭᠦᠯᠦᠨ ᠥᠭᠬᠦ᠂ ᠵᠥᠪᠰᠢᠶᠡᠷᠡᠨ | ᠬᠤᠪᠢᠷᠠᠭᠤᠯᠬᠤ ᠶᠢ ᠦᠨᠡᠨ ᠬᠦ ᠪᠡᠶᠡᠯᠡᠭᠦᠯᠬᠦ ᠬᠠᠷᠢᠴᠠᠯ ᠲᠡᠶᠢᠮᠦ ᠥᠨᠳᠥᠷ ᠪᠢᠰᠢ ᠶᠤᠮ᠂ ᠡᠭᠦᠨ ᠤ ᠳᠤ ᠭᠤᠤᠯ | ᠰᠢᠯᠲᠠᠭᠠᠨ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠲᠤᠰᠬᠠᠶ ᠠᠰᠢᠭ ᠭᠤᠶᠤᠴᠢᠯᠠᠬᠤ | ᠵᠣᠷᠢᠯᠭ᠎ᠠ ᠶᠢᠨ ᠣᠯᠠᠩᠬᠢ ᠨᠢ ᠰᠡᠳᠦᠪ ᠳ᠋ᠦᠩᠨᠡᠨ ᠰᠢᠯᠭᠠᠨ ᠠᠪᠬᠤ᠂ ᠮᠡᠷᠭᠡᠵᠢᠯ ᠤᠨ ᠴᠣᠯᠠ ᠰᠢᠯᠭᠠᠨ ᠲᠣᠭᠲᠠᠭᠠᠬᠤ | ᠵᠡᠷᠭᠡ ᠶᠠᠪᠤᠳᠠᠯ ᠪᠣᠯᠤᠨ᠎ᠠ᠂ ᠡᠨᠡ ᠨᠢ ᠲᠤᠰᠬᠠᠶ ᠠᠰᠢᠭ ᠤᠨ ᠳᠦᠷᠢᠮ ᠤᠨ ᠠᠩᠬᠠᠨ ᠤ ᠬᠦᠰᠡᠯ᠂ ᠲᠤᠬᠠᠶᠢᠯᠠᠪᠠᠯ | ᠬᠤᠳᠠᠯᠳᠤᠭᠠᠨ ᠤ ᠦᠨ᠎ᠡ ᠥᠷᠲᠡᠭ ᠢ ᠪᠤᠢ ᠪᠣᠯᠭᠠᠬᠤ ᠶᠢᠨ ᠬᠠᠮᠲᠤ ᠬᠠᠮᠠᠭᠠᠯᠠᠯᠲᠠ ᠶᠢᠨ ᠲᠣᠭᠲᠠᠴᠠ ᠶᠢ | ᠪᠠᠶᠢᠭᠤᠯᠬᠤ ᠪᠠᠷ ᠳᠠᠮᠵᠢᠭᠤᠯᠤᠨ ᠰᠢᠨ᠎ᠡ ᠶᠢ ᠡᠭᠦᠳᠬᠦ ᠪᠠ ᠪᠡᠯᠡ ᠣᠷᠣᠭᠤᠯᠬᠤ ᠶᠢ ᠤᠷᠮᠠᠰᠢᠭᠤᠯᠬᠤ ᠳᠤ ᠣᠷᠣᠰᠢᠨ᠎ᠠ᠃ | | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠲᠤᠰᠬᠠᠶ ᠠᠰᠢᠭ ᠪᠠ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢᠨ ᠲᠤᠬᠠᠶ ᠲᠠᠨᠢᠯᠲᠠ ᠨᠢ ᠵᠥᠷᠢᠶ᠎ᠡ ᠲᠠᠢ ᠪᠠᠶᠢᠬᠤ ᠠᠴᠠ ᠪᠣᠯᠵᠤ᠂ ᠳᠡᠭᠡᠰᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠪᠤᠢ ᠪᠣᠯᠤᠭᠰᠠᠨ ᠲᠤᠰᠬᠠᠶ ᠠᠰᠢᠭ ᠤᠨ ᠦᠷ᠎ᠡ ᠪᠦᠲᠦᠭᠡᠯ | ᠬᠡᠳᠦ᠋ᠢᠪᠡᠷ ᠲᠤᠭ᠎ᠠ ᠬᠡᠮᠵᠢᠶ᠎ᠡ ᠨᠢ ᠴᠥᠭᠡᠨ ᠪᠤᠰᠤ ᠪᠣᠯᠪᠠᠴᠤ ᠶᠠᠰᠤ ᠴᠢᠨᠠᠷ ᠨᠢ ᠥᠨᠳᠥᠷ ᠪᠢᠰᠢ᠂ ᠬᠠᠮᠠᠭᠠᠯᠠᠯᠲᠠ ᠶᠢᠨ | ᠡᠷᠴᠢᠮ ᠨᠢ ᠪᠠᠭ᠎ᠠ ᠪᠠᠶᠢᠵᠤ᠂ ᠬᠤᠳᠠᠯᠳᠤᠭᠠᠴᠢᠯᠠᠭᠰᠠᠨ ᠥᠷᠲᠡᠭ ᠢ ᠨᠡᠭᠡᠭᠡᠨ ᠬᠥᠭᠵᠢᠭᠦᠯᠬᠦ ᠬᠦᠴᠢᠷᠳᠡᠯ ᠨᠡᠯᠢᠶᠡᠳ | ᠶᠡᠭᠡ ᠪᠠᠶᠢᠵᠤ᠂ ᠠᠵᠤ ᠠᠬᠤᠶᠢᠯᠠᠯ ᠢ ᠬᠡᠷᠡᠭᠯᠡᠬᠦ ᠳᠤ ᠮᠠᠰᠢ ᠬᠦᠴᠢᠷᠲᠡᠶ ᠪᠠᠶᠢᠵᠤ᠂ ᠲᠤᠰᠬᠠᠶ ᠠᠰᠢᠭ ᠤᠨ ᠲᠤᠰ | ᠪᠡᠶ᠎ᠡ ᠨᠢ ᠬᠤᠪᠢᠷᠠᠭᠤᠯᠬᠤ ᠨᠡᠯᠢᠶᠡᠳ ᠰᠠᠶᠢᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠠᠶᠢᠨ᠎ᠠ᠃ | ᠳᠥᠷᠪᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠤᠰᠬᠠᠶᠢᠵᠢᠭᠤᠯᠤᠨ ᠬᠠᠮᠢᠶᠠᠷᠬᠤ ᠪᠠ | ᠬᠤᠪᠢᠷᠠᠭᠤᠯᠬᠤ ᠬᠤᠯᠪᠣᠭᠳᠠᠯ ᠪᠦᠬᠦᠢ ᠡᠯᠧᠮᠧᠨ᠋ᠲ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠰᠠᠭᠤᠳᠠᠯ᠃ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠶᠠᠪᠤᠴᠠ ᠪᠣᠯ ︽ᠮᠡᠷᠭᠡᠵᠢᠯ | + ᠬᠥᠷᠥᠩᠭᠡ + ᠵᠠᠬ᠎ᠠ ᠳᠡᠯᠭᠡᠭᠦᠷ︾ ᠤᠨ ᠡᠯᠧᠮᠧᠨ᠋ᠲ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠠᠪᠤᠴᠠ | ᠪᠣᠯᠤᠨ᠎ᠠ᠃ ᠬᠠᠮᠢᠶ᠎ᠠ ᠪᠦᠬᠦᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠬᠦ ᠳᠤ᠂ ᠤᠯᠠᠷᠢᠭᠤᠯᠬᠤ ᠳᠤ | ᠲᠣᠬᠢᠷᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠪᠠᠶ᠋ᠬᠤ ᠬᠡᠷᠡᠭᠲᠡᠶ ᠮᠥᠷᠲᠡᠭᠡᠨ ᠪᠠᠰᠠ ᠳᠡᠭᠡᠰᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ ᠬᠠᠪᠰᠤᠷᠤᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ᠶᠢ ᠪᠡᠶᠡᠯᠡᠭᠦᠯᠵᠦ ᠳᠠᠢᠯᠠᠬᠤ ᠲᠤᠰᠬᠠᠶ ᠮᠡᠷᠭᠡᠵᠢᠯ ᠤᠨ ᠪᠦᠯᠬᠦᠮ ᠨᠡᠶᠢᠲᠡ᠂ ᠦᠶ᠋ᠯᠡᠴᠢᠯᠡᠭᠡᠨ ᠤ | ᠪᠠᠶᠢᠭᠤᠯᠤᠮᠵᠢ ᠪᠣᠯᠤᠨ ᠵᠠᠰᠠᠭ ᠤᠨ ᠣᠷᠳᠣᠨ ᠤ ᠳᠡᠮᠵᠢᠬᠦ ᠣᠷᠴᠢᠨ ᠲᠣᠭᠤᠷᠢᠨ ᠢ ᠬᠡᠷᠡᠭᠰᠡᠨ᠎ᠡ᠃ | ᠭᠡᠪᠡᠴᠦ ᠳᠡᠭᠡᠰᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠦᠷ᠎ᠡ | ᠪᠦᠲᠦᠭᠡᠯ ᠤᠨ ᠬᠤᠪᠢᠷᠠᠭᠤᠯᠤᠯᠲᠠ ᠶᠢᠨ ᠪᠣᠳᠠᠲᠠᠶ ᠬᠡᠷᠡᠭᠴᠡᠭᠡ ᠠᠴᠠ ᠦᠵᠡᠪᠡᠯ᠂ ᠮᠥᠨ ᠯᠡ ᠲᠤᠰᠬᠠᠶᠢᠵᠢᠭᠰᠠᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ | ᠬᠠᠮᠢᠶᠠᠷᠤᠯᠲᠠ ᠶᠢᠨ ᠪᠦᠯᠬᠦᠮ ᠨᠡᠶᠢᠲᠡ ᠳᠤᠲᠠᠭᠳᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢᠨ ᠥᠨᠳᠥᠷ ᠲᠦᠪᠰᠢᠨ ᠪᠦᠬᠦᠢ ᠦᠶ᠋ᠯᠡᠴᠢᠯᠡᠭᠡᠨ ᠤ ᠪᠠᠶᠢᠭᠤᠯᠤᠮᠵᠢ ᠪᠠ ᠲᠠᠪᠴᠠᠩ ᠳᠤᠲᠠᠭᠳᠠᠵᠤ | ᠪᠠᠶ᠋ᠬᠤ ᠵᠢᠴᠢ ᠵᠠᠰᠠᠭ ᠤᠨ ᠣᠷᠳᠣᠨ ᠤ ᠬᠡᠰᠡᠭ ᠭᠤᠭᠴᠣᠭᠠᠨ ᠳᠠᠬᠢ ᠳᠡᠮᠵᠢᠯᠭᠡ ᠬᠦᠷᠦᠯᠴᠡᠬᠦ ᠦᠭᠡᠢ ᠠᠰᠠᠭᠤᠳᠠᠯ | ᠲᠤᠯᠭᠠᠷᠠᠵᠤ ᠪᠠᠶᠢᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠤᠰᠬᠠᠶᠢᠵᠢᠭᠰᠠᠨ | ᠬᠠᠮᠢᠶᠠᠷᠤᠯᠲᠠ ᠶᠢᠨ ᠪᠦᠯᠬᠦᠮ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠲᠠᠯ᠎ᠠ ᠪᠠᠷ᠂ ᠮᠠᠨ ᠤ ᠤᠯᠤᠰ ᠠᠴᠠ | ᠳᠡᠭᠡᠰᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠨᠢ ᠬᠥᠭᠵᠢᠭᠰᠡᠨ | ᠤᠯᠤᠰ ᠯᠤᠭ᠎ᠠ ᠶᠢᠨ ᠨᠡᠯᠢᠶᠡᠳ ᠶᠡᠭᠡ ᠵᠥᠷᠢᠶ᠎ᠡ ᠲᠠᠢ ᠪᠠᠢᠨ᠎ᠠ᠃ | ᠵᠢᠱᠢᠶᠡᠯᠡᠪᠡᠯ ᠮᠠᠨ ᠤ ᠤᠯᠤᠰ ᠠᠴᠠ ᠳᠡᠭᠡᠰᠦ ᠰᠤᠷᠭᠠᠭᠤᠯᠢ ᠳᠤ ᠪᠠᠶ᠋ᠭ᠎ᠠ ᠲᠤᠰᠬᠠᠶ ᠠᠰᠢᠭ ᠤᠨ ᠲᠤᠭ᠎ᠠ | ᠬᠡᠮᠵᠢᠶ᠎ᠡ ᠨᠢ ᠪᠠᠷᠤᠭ ᠠᠮᠧᠷᠢᠺᠠ ᠶᠢᠨ ᠳᠡᠭᠡᠰᠦ ᠰᠤᠷᠭᠠᠭᠤᠯᠢ ᠶᠢᠨ 30 ᠳᠠᠬᠢᠨ ᠪᠠᠶ᠋ᠳᠠᠭ ᠪᠣᠯᠪᠠᠴᠤ ᠳᠡᠭᠡᠰᠦ | ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠦᠷ᠎ᠡ ᠪᠦᠲᠦᠭᠡᠯ ᠢ ᠤᠯᠠᠷᠢᠭᠤᠯᠬᠤ | ᠬᠠᠮᠢᠶᠠᠷᠤᠯᠲᠠ ᠶᠢᠨ ᠠᠵᠢᠯᠲᠠᠨ ᠤ ᠲᠤᠭ᠎ᠠ ᠨᠢ ᠵᠥᠪᠬᠡᠨ ᠠᠮᠧᠷᠢᠺᠠ ᠶᠢᠨ ᠳᠡᠭᠡᠰᠦ ᠰᠤᠷᠭᠠᠭᠤᠯᠢ ᠶᠢᠨ 1 / 10 | ᠪᠠᠶᠢᠵᠤ᠂ ᠲᠡᠷᠡᠴᠢᠯᠡᠨ ᠠᠮᠧᠷᠢᠺᠠ ᠶᠢᠨ ᠳᠡᠭᠡᠰᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠪᠦᠯᠬᠦᠮ ᠤᠨ ᠣᠯᠠᠩᠬᠢ ᠨᠢ ᠳ᠋ᠣᠺᠲ᠋ᠣᠷ ᠴᠣᠯᠠ᠂ M B A ᠡᠷᠳᠡᠮ ᠤᠨ ᠴᠣᠯᠠ ᠲᠠᠢ | ᠴᠢᠳᠠᠪᠤᠷᠢᠲᠠᠨ ᠪᠠᠶᠢᠵᠤ᠂ ᠮᠠᠨ ᠤ ᠤᠯᠤᠰ ᠠᠴᠠ ᠳᠡᠭᠡᠰᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠦᠷ᠎ᠡ ᠪᠦᠲᠦᠭᠡᠯ ᠢ ᠤᠯᠠᠷᠢᠭᠤᠯᠬᠤ ᠬᠠᠮᠢᠶᠠᠷᠤᠯᠲᠠ ᠶᠢᠨ ᠪᠦᠯᠬᠦᠮ ᠤᠨ ᠳᠣᠲᠣᠷᠠᠬᠢ ᠰᠢᠯᠢᠳᠡᠭ | ᠴᠢᠳᠠᠪᠤᠷᠢᠲᠠᠨ᠂ ᠲᠤᠰᠬᠠᠶᠢᠵᠢᠭᠰᠠᠨ ᠴᠢᠳᠠᠪᠤᠷᠢᠲᠠᠨ ᠬᠠᠷᠢᠴᠠᠩᠭᠤᠶ ᠪᠠᠷ ᠨᠡᠯᠢᠶᠡᠳ ᠴᠥᠭᠡᠨ ᠪᠠᠶ᠋ᠳᠠᠭ᠃ | ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ | ᠦᠶ᠋ᠯᠡᠴᠢᠯᠡᠭᠡᠨ ᠤ ᠪᠠᠢᠭᠤᠯᠤᠮᠵᠢ ᠪᠣᠯᠤᠨ ᠲᠠᠪᠴᠠᠩ ᠤᠨ ᠪᠠᠶᠢᠭᠤᠯᠤᠯᠲᠠ ᠶᠢᠨ ᠲᠠᠯ᠎ᠠ ᠪᠠᠷ᠂ ︽ᠲᠣᠮᠣ ᠪᠥᠭᠡᠳ | ᠬᠦᠴᠦᠷᠬᠡᠭ︾ ᠥᠨᠳᠥᠷ ᠲᠦᠪᠰᠢᠨ ᠪᠦᠬᠦᠢ ᠦᠶ᠋ᠯᠡᠴᠢᠯᠡᠭᠡᠨ ᠤ ᠪᠠᠢᠭᠤᠯᠤᠮᠵᠢ ᠳᠤᠲᠠᠭᠳᠠᠵᠤ ᠪᠠᠶᠢᠨ᠎ᠠ᠃ | ᠣᠳᠣ ᠪᠠᠶ᠋ᠭ᠎ᠠ ᠦᠶ᠋ᠯᠡᠴᠢᠯᠡᠭᠡᠨ ᠤ ᠪᠠᠶᠢᠭᠤᠯᠤᠮᠵᠢ ᠶᠢᠨ ᠣᠯᠠᠩᠬᠢ ᠨᠢ ᠳᠥᠭᠦᠮᠬᠡᠨ ᠮᠡᠳᠡᠭᠡ ᠵᠠᠩᠭᠢ ᠶᠢᠨ | ᠰᠣᠯᠢᠯᠴᠠᠭ᠎ᠠ ᠪᠠ ᠠᠷᠠᠯᠵᠢᠶᠠᠨ ᠤ ᠵᠣᠯᠭᠠᠯᠴᠠᠭ᠎ᠠ ᠶᠢ ᠬᠠᠩᠭᠠᠵᠤ᠂ ᠲᠤᠰᠬᠠᠶ ᠮᠡᠷᠭᠡᠵᠢᠭᠰᠡᠨ ᠡᠭᠦᠳᠦᠯᠲᠡ ᠶᠢᠨ | ᠦᠨᠡᠯᠡᠯᠲᠡ᠂ ᠶᠠᠰᠤ ᠴᠢᠨᠠᠷ ᠤᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠵᠠᠳᠠᠯᠤᠯᠲᠠ᠂ ᠬᠤᠳᠠᠯᠳᠤᠭᠠᠨ ᠤ | ᠳᠡᠯᠭᠡᠷᠡᠭᠦᠯᠦᠯᠲᠡ᠂ ᠠᠷᠠᠯᠵᠢᠶᠠᠨ ᠤ ᠵᠢᠱᠢᠯᠲᠡ᠂ ᠬᠡᠯᠡᠯᠴᠡᠭᠡ ᠬᠢᠵᠦ ᠭᠡᠷ᠎ᠡ ᠲᠣᠭᠲᠠᠬᠤ ᠵᠡᠷᠭᠡ ᠰᠢᠷᠢᠰ | ᠦᠶ᠋ᠯᠡᠴᠢᠯᠡᠭᠡ ᠶᠢ ᠬᠠᠩᠭᠠᠵᠤ ᠳᠠᠢᠯᠠᠬᠤ ᠪᠠᠢᠭᠤᠯᠤᠮᠵᠢ ᠲᠤᠩ ᠴᠥᠭᠡᠨ ᠪᠠᠶᠢᠨ᠎ᠠ᠃ ᠥᠨᠳᠥᠷ ᠬᠢᠷᠢ ᠲᠦᠪᠰᠢᠨ ᠪᠦᠬᠦᠢ | ᠦᠶ᠋ᠯᠡᠴᠢᠯᠡᠭᠡᠨ ᠤ ᠪᠠᠶᠢᠭᠤᠯᠤᠮᠵᠢ ᠪᠠ ᠲᠠᠪᠴᠠᠩ ᠳᠤᠲᠠᠭᠳᠠᠵᠤ ᠪᠠᠶ᠋ᠬᠤ ᠨᠢ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠬᠤ ᠣᠷᠴᠢᠯ ᠢ ᠪᠡᠶᠡᠯᠡᠭᠦᠯᠬᠦ ᠳᠤ ᠪᠡᠷᠬᠡ᠂ ᠮᠡᠷᠭᠡᠵᠢᠯ᠂ ᠬᠥᠷᠥᠩᠭᠡ᠂ ᠵᠠᠬ᠎ᠠ | ᠳᠡᠯᠭᠡᠭᠦᠷ ᠤᠨ ᠡᠬᠢ ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠬᠦ ᠶᠢ ᠦᠨᠡᠨ ᠬᠦ ᠠᠬᠢᠭᠤᠯᠬᠤ ᠳᠤ ᠪᠡᠷᠬᠡ ᠶᠤᠮ᠃ | | ᠭᠤᠷᠪᠠ ᠳᠤ᠂ ᠵᠠᠰᠠᠭ ᠤᠨ ᠣᠷᠳᠣᠨ ᠤ ᠳᠡᠮᠵᠢᠯᠭᠡ ᠶᠢᠨ ᠲᠠᠯ᠎ᠠ ᠪᠠᠷ᠂ ᠳᠡᠭᠡᠰᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠡᠮᠦᠨᠡᠬᠢ ᠬᠤᠭᠤᠴᠠᠭᠠᠨ ᠤ ᠰᠠᠭᠤᠷᠢ ᠴᠢᠨᠠᠷᠲᠠᠶ᠂ ᠤᠬᠠᠭᠳᠠᠬᠤᠨ ᠤ | ᠴᠢᠨᠠᠷᠲᠠᠶ ᠰᠤᠳᠤᠯᠭᠠᠨ ᠵᠢᠴᠢ ᠲᠤᠰᠬᠠᠶᠢᠵᠢᠭᠰᠠᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠳᠡᠮᠵᠢᠯᠭᠡ ᠶᠢ | ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠤᠳᠤᠯᠤᠨ ᠨᠡᠭᠡᠭᠡᠬᠦ ᠪᠠ ᠬᠤᠪᠢᠷᠠᠭᠤᠯᠬᠤ ᠲᠠᠯ᠎ᠠ ᠪᠠᠷ᠂ | ᠬᠡᠷᠡᠭᠯᠡᠭᠡᠨ ᠤ ᠲᠥᠷᠥᠯ᠂ ᠠᠵᠤ ᠦᠶᠢᠯᠡᠰᠵᠢᠯᠲᠡ ᠶᠢᠨ ᠲᠣᠳᠣᠷᠬᠠᠶ ᠬᠡᠲᠦ ᠶᠢᠨ ᠲᠥᠯᠥᠪ ᠲᠠᠢ ᠪᠠᠶᠢᠵᠤ᠂ ᠢᠯᠠᠩᠭᠤᠶ᠎ᠠ | ᠪᠠᠭ᠎ᠠ ᠰᠢᠯᠭᠠᠯᠲᠠ᠂ ᠵᠠᠪᠰᠠᠷ ᠤᠨ ᠰᠢᠯᠭᠠᠯᠲᠠ ᠶᠢ ᠥᠩᠭᠡᠷᠡᠭᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠨᠢ ᠬᠥᠷᠥᠩᠭᠡ ᠪᠣᠯᠤᠨ ᠵᠠᠬ᠎ᠠ ᠳᠡᠯᠭᠡᠭᠦᠷ ᠲᠠᠢ ᠨᠡᠯᠢᠶᠡᠳ ᠤᠷᠤᠭᠰᠢᠲᠠᠶ ᠵᠣᠯᠭᠠᠯᠴᠠᠵᠤ ᠴᠢᠳᠠᠨ᠎ᠠ᠂ ᠭᠡᠪᠡᠴᠦ | ᠳᠡᠭᠡᠰᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠡᠵᠡᠮᠰᠢᠵᠦ ᠪᠠᠶ᠋ᠭ᠎ᠠ ᠤᠯᠠᠮ | ᠨᠢᠭᠡ ᠠᠯᠬᠤᠮ ᠤᠬᠠᠭᠳᠠᠬᠤᠨ ᠢᠶᠠᠷ ᠰᠢᠯᠭᠠᠨ ᠪᠠᠲᠤᠯᠠᠬᠤ ᠴᠢᠬᠤᠯᠠᠲᠠᠶ ᠪᠠᠶᠢᠨ᠎ᠠ᠂ ᠠᠶᠤᠯ ᠲᠦᠭᠰᠢᠭᠦᠷᠢ ᠨᠡᠯᠢᠶᠡᠳ | ᠶᠡᠭᠡ ᠤᠴᠢᠷ ᠠᠴᠠ ︽ᠦᠬᠦᠯ ᠤᠨ ᠬᠥᠨᠳᠡᠶ︾ ᠶᠢ ᠬᠠᠷᠠᠬᠠᠨ ᠳᠠᠪᠠᠵᠤ ᠳᠡᠶᠢᠯᠦᠭᠡᠳᠦᠶ ᠪᠠᠶᠢᠵᠤ᠂ ᠬᠥᠷᠥᠩᠭᠡ ᠶᠢᠨ | ᠳᠡᠮᠵᠢᠯᠭᠡ ᠪᠣᠯᠤᠨ ᠵᠠᠬ᠎ᠠ ᠳᠡᠯᠭᠡᠭᠦᠷ ᠤᠨ ᠠᠩᠬᠠᠷᠤᠯ ᠢᠶᠠᠷ ᠨᠡᠯᠢᠶᠡᠳ ᠳᠤᠲᠠᠮᠠᠭ ᠪᠠᠶᠢᠨ᠎ᠠ᠃ ᠡᠨᠡ ᠬᠦ ᠵᠠᠩᠭᠢᠯᠠᠭ᠎ᠠ ᠳᠤ | ᠵᠠᠰᠠᠭ ᠤᠨ ᠣᠷᠳᠣᠨ ᠠᠴᠠ ᠣᠷᠣᠨ ᠪᠠᠶᠢᠷᠢ ᠪᠠᠨ ᠨᠥᠬᠦᠪᠥᠷᠢᠯᠡᠬᠦ ᠨᠠᠩ ᠴᠢᠬᠤᠯᠠᠲᠠᠶ ᠪᠠᠶᠢᠵᠤ᠂ ᠲᠤᠰᠬᠠᠶ ᠪᠡᠯᠡ | ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠶ᠃ | ᠡᠭᠦᠨ ᠠᠴᠠ ᠭᠠᠳᠠᠨ᠎ᠠ᠂ ᠲᠤᠰᠬᠠᠶ ᠮᠡᠷᠭᠡᠵᠢᠯ ᠤᠨ᠂ ᠥᠨᠳᠥᠷ ᠪᠦᠲᠦᠮᠵᠢᠲᠡᠶ ᠬᠠᠮᠢᠶᠠᠷᠤᠯᠲᠠ ᠶᠢᠨ ᠪᠦᠯᠬᠦᠮ | ᠨᠡᠶᠢᠲᠡ ᠪᠣᠯ ᠳᠡᠭᠡᠰᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠦᠷ᠎ᠡ | ᠪᠦᠲᠦᠭᠡᠯ ᠤᠨ ᠬᠤᠪᠢᠷᠠᠭᠤᠯᠤᠯᠲᠠ ᠶᠢ ᠤᠷᠤᠭᠰᠢᠲᠠᠶ ᠬᠡᠷᠡᠭᠵᠢᠭᠦᠯᠬᠦ ᠶᠢᠨ ᠵᠠᠩᠭᠢᠯᠠᠭ᠎ᠠ ᠶᠢᠨ ᠨᠢᠭᠡ ᠮᠥᠨ᠂ ᠵᠠᠰᠠᠭ ᠤᠨ | ᠣᠷᠳᠣᠨ ᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠠᠵᠢᠯᠲᠠᠨ ᠢ ᠣᠷᠣᠭᠤᠯᠤᠨ | ᠠᠪᠴᠢᠷᠠᠬᠤ᠂ ᠬᠥᠮᠦᠵᠢᠭᠦᠯᠬᠦ ᠪᠠ ᠵᠠᠷᠤᠳᠠᠯ ᠤᠨ ᠳᠡᠮᠵᠢᠯᠭᠡ ᠦᠵᠡᠭᠦᠯᠬᠦ ᠲᠠᠯ᠎ᠠ ᠪᠠᠷ ᠪᠠᠰᠠ ᠤᠯᠠᠮ ᠨᠢᠭᠡ ᠠᠯᠬᠤᠮ | ᠡᠷᠴᠢᠮ ᠢᠶᠠᠨ ᠴᠢᠩᠭᠠᠷᠠᠭᠤᠯᠬᠤ ᠴᠢᠬᠤᠯᠠᠲᠠᠶ ᠪᠠᠢᠨ᠎ᠠ᠃ |