ᠰᠢᠨ᠎ᠡ ᠶᠢ ᠡᠭᠦᠳᠬᠦ ᠬᠥᠭᠵᠢᠯᠲᠡ ᠶᠢ ᠴᠡᠴᠡᠭᠯᠡᠭᠦᠯᠵᠦ ᠦᠷ᠎ᠡ ᠳ᠋ᠦᠩ ᠭᠠᠷᠭᠠᠨ᠎ᠠ
ᠨᠡᠶᠢᠲᠡᠯᠡᠭᠰᠡᠨ ᠴᠠᠭ᠄
2019/10/22

ᠰᠢᠨ᠎ᠡ ᠶᠢ ᠡᠭᠦᠳᠬᠦ ᠬᠥᠭᠵᠢᠯᠲᠡ ᠶᠢ ᠴᠡᠴᠡᠭᠯᠡᠭᠦᠯᠵᠦ ᠦᠷ᠎ᠡ ᠳ᠋ᠦᠩ ᠭᠠᠷᠭᠠᠨ᠎ᠠ

   ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠃

ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ

ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ

ᠭᠡᠵᠦ ᠳᠤᠷᠠᠳᠤᠨ ᠭᠠᠷᠭᠠᠪᠠ᠃

   ᠣᠳᠣᠬᠠᠨ ᠳᠤ᠂ ᠰᠢᠨ᠎ᠡ ᠶᠢ ᠡᠭᠦᠳᠴᠦ ᠠᠳᠠᠯ ᠦᠶ᠋ᠯᠡᠰ ᠴᠣᠭᠴᠠᠯᠠᠬᠤ ᠳᠤ ᠶᠠᠮᠠᠷ ᠶᠠᠮᠠᠷ ᠲᠥᠷᠥ ᠶᠢᠨ

ᠪᠣᠳᠣᠯᠭ᠎ᠠ ᠶᠢᠨ ᠳᠡᠮᠵᠢᠯᠭᠡ ᠪᠠᠶ᠋ᠬᠤ ᠪᠣᠶ︖ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ

ᠬᠤᠪᠢᠷᠠᠭᠤᠯᠤᠯᠲᠠ ᠮᠠᠭᠤ ᠤᠤ︖ ᠰᠢᠨ᠎ᠡ ᠶᠢ ᠡᠭᠦᠳᠬᠦ ᠭᠤᠤᠯ ᠴᠣᠭᠴᠠ ᠶᠢᠨ ᠢᠳᠡᠪᠬᠢᠵᠢᠯ ᠢ ᠬᠡᠷᠬᠢᠨ ᠳᠠᠶᠢᠴᠢᠯᠠᠬᠤ

ᠪᠣᠶ︖ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠪᠠ ᠤᠷᠮᠠᠰᠢᠭᠤᠯᠬᠤ ᠲᠣᠭᠲᠠᠴᠠ ᠶᠢ ᠪᠣᠳᠠᠲᠠᠶ

ᠨᠠᠶᠢᠳᠠᠪᠤᠷᠢᠵᠢᠭᠤᠯᠤᠭᠰᠠᠨ ᠡᠰᠡᠬᠦ︖ ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶᠠᠨ ᠤ 16 ᠳᠡᠭᠡᠰᠦ

ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ

ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ ᠲᠤ ᠬᠦᠷᠴᠦ᠂ ᠲᠤᠷᠰᠢᠯᠭ᠎ᠠ ᠡᠷᠢᠯᠬᠢᠯᠡᠵᠦ᠂ ᠠᠰᠠᠭᠤᠳᠠᠯ ᠢ

ᠪᠠᠶᠢᠴᠠᠭᠠᠵᠤ᠂ ᠭᠠᠷᠬᠤ ᠵᠠᠮ ᠡᠷᠢᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠲᠤᠬᠠᠶ

ᠶᠡᠭᠡ ᠱᠠᠯᠠᠪᠳᠠᠭᠤᠯᠤᠨ ᠪᠠᠢᠴᠠᠭᠠᠯᠲᠠ ᠥᠷᠨᠢᠭᠦᠯᠪᠡ᠃

   ᠰᠢᠨ᠎ᠡ ᠶᠢ ᠡᠭᠦᠳᠬᠦ ᠦᠶ᠋ᠯᠡᠰ ᠪᠣᠰᠬᠠᠬᠤ ᠬᠥᠭᠵᠢᠯᠲᠡ ᠶᠢ ᠠᠬᠢᠭᠤᠯᠬᠤ

   ᠰᠢᠨᠵᠢᠯᠡᠬᠦ ᠤᠬᠠᠭᠠᠨ ᠮᠡᠷᠭᠡᠵᠢᠯ ᠤᠨ ᠦᠶ᠋ᠯᠡᠴᠢᠯᠡᠭᠡ ᠶᠢ ᠴᠢᠩᠭᠠᠳᠬᠠᠬᠤ ᠴᠢᠬᠤᠯᠠᠲᠠᠶ

   ᠶᠡᠭᠡ ᠳᠡᠭᠡᠰᠦ ᠰᠤᠷᠭᠠᠭᠤᠯᠢ ᠪᠣᠯ ᠰᠢᠨ᠎ᠡ ᠶᠢ ᠡᠭᠦᠳᠬᠦ ᠶᠢᠨ ᠴᠢᠬᠤᠯᠠ ᠡᠬᠢ ᠡᠭᠦᠰᠦᠯ ᠮᠥᠨ᠃

   ᠳᠡᠭᠡᠰᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠬᠦ ᠳᠠᠪᠠᠭᠤᠯᠢᠭ ᠢ ᠪᠠᠳᠠᠷᠠᠭᠤᠯᠪᠠᠯ᠂ ᠰᠤᠷᠤᠭᠴᠢᠳ ᠤᠨ

ᠬᠥᠭᠵᠢᠯᠲᠡ ᠳᠤ ᠰᠢᠨ᠎ᠡ ᠣᠷᠣᠨ ᠵᠠᠷ ᠡᠭᠦᠳᠴᠦ ᠥᠭᠴᠦ ᠴᠢᠳᠠᠨ᠎ᠠ᠃ 9 ᠰᠠᠷ᠎ᠠ ᠶᠢᠨ 10 ᠤ ᠡᠳᠦᠷ᠂ ᠰᠧᠴᠤᠸᠠᠨ

ᠳ᠋ᠧᠯᠦ᠋ᠸᠧ ᠶᠢᠨ ᠰᠧᠴᠤᠸᠠᠨ ᠮᠤᠵᠢ ᠶᠢᠨ ᠵᠢᠶᠠᠨ ᠶᠤᠸᠠᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ

ᠮᠡᠷᠭᠡᠵᠢᠯ ᠤᠨ ᠬᠦᠷᠢᠶᠡᠯᠡᠩ ᠳᠤ ᠬᠦᠷᠴᠦ᠂ ᠠᠳᠡ 66 ᠰᠢᠨ᠎ᠡ ᠶᠢ ᠡᠭᠦᠳᠬᠦ ᠦᠶ᠋ᠯᠡᠰ ᠪᠣᠰᠬᠠᠬᠤ ᠠᠵᠤ ᠠᠬᠤᠢᠯᠠᠯ

ᠰᠠᠭᠤᠷᠢᠰᠢᠪᠠ᠂ ᠡᠭᠦᠨ ᠳᠤ 20 ᠭᠠᠷᠤᠶ ᠬᠥᠮᠦᠨ ᠢ ᠶᠡᠭᠡ ᠰᠤᠷᠭᠠᠭᠤᠯᠢ ᠶᠢᠨ ᠣᠶᠤᠲᠠᠨ ᠡᠭᠦᠰᠭᠡᠨ ᠪᠠᠶᠢᠭᠤᠯᠪᠠ᠃

   ︽ᠪᠢ ᠶᠡᠭᠡ ᠰᠤᠷᠭᠠᠭᠤᠯᠢ ᠶᠢᠨ ᠬᠤᠶᠠᠳᠤᠭᠠᠷ ᠣᠨ ᠳᠤ ᠠᠳᠠᠯ ᠦᠶ᠋ᠯᠡᠰ ᠴᠣᠭᠴᠠᠯᠠᠵᠤ᠂ ᠪᠥᠬᠦ ᠮᠤᠵᠢ ᠶᠢᠨ

ᠤᠶᠤᠲᠠᠳ ᠤᠨ ᠠᠳᠠᠯ ᠦᠶ᠋ᠯᠡᠰ ᠴᠣᠭᠴᠠᠯᠠᠬᠤ ᠤᠷᠤᠯᠳᠤᠭᠠᠨ ᠳᠤ ᠣᠷᠣᠯᠴᠠᠵᠤ ᠥᠩᠭᠡᠷᠡᠵᠡᠶ᠂ ᠤᠳᠤ ᠪᠢᠳᠡ

ᠨᠢᠭᠡᠨᠲᠡ ᠮᠤᠵᠢ ᠶᠢᠨ ᠬᠡᠮᠵᠢᠨ ᠵᠢᠷᠤᠬᠤ ᠲᠣᠪᠴᠢᠶ᠎ᠠ ᠶᠢᠨ ᠣᠯᠭᠤᠭᠰᠠᠨ ᠤᠯᠠᠭᠠᠨ ᠲᠡᠰ ᠤᠨ ᠬᠡᠮᠵᠢᠨ ᠵᠢᠷᠤᠬᠤ ᠬᠢᠷᠢ

ᠬᠡᠮ ᠢ ᠣᠯᠵᠤ᠂ 30 ᠭᠠᠷᠤᠶ ᠵᠦᠶ᠋ᠯ ᠤᠨ ᠲᠤᠰᠬᠠᠶ ᠠᠰᠢᠭ ᠪᠠ ᠲᠤᠰᠬᠠᠶ ᠠᠰᠢᠭ ᠬᠦᠷᠲᠡᠭᠰᠡᠨ ᠪᠠᠢᠨ᠎ᠠ᠃︾

ᠰᠧᠴᠤᠸᠠᠨ ᠮᠤᠵᠢ ᠶᠢᠨ ᠲᠡᠮᠦᠷᠯᠢᠭ ᠤᠨ ᠠᠵᠤ ᠦᠶ᠋ᠯᠡᠳᠪᠦᠷᠢ ᠶᠢᠨ ᠢᠨᠵᠧᠨᠧᠷᠢᠩ ᠤᠨ ᠬᠠᠶᠢᠨ ᠪᠠᠶᠢᠴᠠᠭᠠᠵᠤ ᠵᠢᠷᠤᠵᠤ

ᠲᠥᠯᠥᠪᠯᠡᠬᠦ ᠺᠣᠮᠫᠠᠨᠢ ᠯᠢ ᠰᠢᠶᠦ᠋ᠨ ᠤ ᠲᠠᠨᠢᠯᠴᠠᠭᠤᠯᠤᠭᠰᠠᠨ ᠢᠶᠠᠷ᠂ ᠲᠤᠬᠠᠶ ᠶᠢᠨ ᠭᠠᠵᠠᠷ ᠤᠨ ᠰᠢᠨᠵᠢᠯᠡᠬᠦ ᠤᠬᠠᠭᠠᠨ

ᠮᠡᠷᠭᠡᠵᠢᠯ ᠤᠨ ᠬᠦᠷᠢᠶᠡᠯᠡᠩ ᠨᠢ ᠠᠳᠠᠯ ᠦᠶ᠋ᠯᠡᠰ ᠴᠣᠭᠴᠠᠯᠠᠬᠤ ᠰᠤᠷᠤᠭᠴᠢᠳ ᠲᠤ ᠠᠯᠢ ᠣᠯᠠᠨ ᠲᠥᠷᠥ ᠶᠢᠨ

ᠪᠣᠳᠣᠯᠭ᠎ᠠ ᠶᠢᠨ ᠬᠠᠷᠠᠭᠠᠯᠵᠠᠯ ᠦᠵᠡᠭᠦᠯᠵᠦ᠂ ᠭᠡᠷ ᠤᠨ ᠲᠦᠷᠢᠶᠡᠰᠦ᠂ ᠤᠰᠤᠨ ᠤ ᠪᠣᠷᠳᠣᠭᠤᠷ ᠢ ᠬᠠᠰᠤᠵᠤ

ᠬᠡᠯᠲᠦᠷᠢᠭᠦᠯᠬᠦ ᠠᠴᠠ ᠭᠠᠶᠢᠯᠢ ᠲᠠᠲᠠᠪᠤᠷᠢ᠂ ᠲᠤᠰᠬᠠᠶ ᠠᠰᠢᠭ ᠭᠤᠶᠤᠴᠢᠯᠠᠨ ᠮᠡᠳᠡᠭᠦᠯᠬᠦ᠂ ᠠᠳᠠᠯ ᠦᠶ᠋ᠯᠡᠰ

ᠴᠣᠭᠴᠠᠯᠠᠬᠤ ᠪᠣᠯᠪᠠᠰᠤᠷᠠᠭᠤᠯᠤᠯ ᠬᠢᠬᠦ ᠬᠦᠷᠲᠡᠯ᠎ᠡ᠂ ᠠᠳᠠᠯ ᠦᠶ᠋ᠯᠡᠰ ᠴᠣᠭᠴᠠᠯᠠᠬᠤ ᠰᠤᠷᠤᠭᠴᠢ ᠪᠠᠰᠠ ᠳᠡᠭᠡᠰᠦ

ᠰᠤᠷᠭᠠᠭᠤᠯᠢ ᠶᠢᠨ ᠲᠥᠬᠦᠭᠡᠷᠦᠮᠵᠢ ᠪᠠ ᠲᠤᠰᠬᠠᠶ ᠮᠡᠷᠭᠡᠵᠢᠯᠲᠡᠨ ᠤ ᠡᠬᠢ ᠪᠠᠶᠠᠯᠢᠭ ᠢ ᠡᠳ᠋ᠯᠡᠵᠦ ᠪᠣᠯᠤᠨ᠎ᠠ᠃ ︽

ᠰᠢᠨ᠎ᠡ ᠶᠢ ᠡᠭᠦᠳᠬᠦ ᠬᠥᠭᠵᠢᠯᠲᠡ ᠳᠤ ᠲᠦᠰᠢᠭᠯᠡᠨ᠂ ᠡᠵᠡᠩᠨᠡᠯᠲᠡ ᠶᠢᠨ ᠲᠤᠭ᠎ᠠ ᠵᠢᠯ ᠳᠠᠷᠠᠭᠠᠯᠠᠨ ᠳᠡᠭᠡᠭᠰᠢᠯᠡᠵᠦ᠂

ᠤᠷᠵᠢᠨᠤᠨ ᠵᠢᠯ 60 ᠭᠠᠷᠤᠶ ᠲᠦᠮᠡᠨ ᠲᠥᠭᠦᠷᠢᠭ᠂ ᠨᠢᠳᠤᠨᠤᠨ 90 ᠭᠠᠷᠤᠶ ᠲᠦᠮᠡᠨ ᠲᠥᠭᠦᠷᠢᠭ᠂ ᠡᠨᠡ ᠵᠢᠯ

110 ᠲᠦᠮᠡᠨ ᠲᠥᠭᠦᠷᠢᠭ ᠬᠦᠷᠴᠡᠶ᠃︾ ᠭᠡᠵᠡᠶ᠃

   ᠳᠡᠭᠡᠰᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠬᠦ ᠳᠠᠪᠠᠭᠤᠯᠢᠭ ᠢ ᠪᠠᠳᠠᠷᠠᠭᠤᠯᠵᠤ᠂ ᠭᠠᠵᠠᠷ ᠣᠷᠣᠨ

ᠪᠠ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠨᠠᠩ ᠢᠯᠡᠭᠦᠤ ᠳᠠᠶᠢᠴᠢᠯᠠᠵᠤ ᠴᠢᠳᠠᠨ᠎ᠠ᠃ ᠰᠧᠴᠤᠸᠠᠨ

ᠲᠠᠷᠢᠶᠠᠯᠠᠩ ᠤᠨ ᠶᠡᠭᠡ ᠰᠤᠷᠭᠠᠭᠤᠯᠢ ᠳᠤ ᠪᠠᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ᠂ ᠰᠤᠷᠭᠠᠭᠤᠯᠢ ᠠᠴᠠ ᠪᠦᠬᠦ

ᠮᠤᠵᠢ ᠳᠤ 7 ᠰᠢᠨ᠎ᠡ ᠬᠥᠳᠡᠭᠡ ᠲᠣᠰᠬᠤᠨ ᠤ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠬᠤᠪᠢᠶᠠᠷᠢ

ᠬᠦᠷᠢᠶᠡᠯᠡᠩ ᠢ ᠪᠠᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 60

ᠭᠠᠷᠤᠶ ᠪᠠᠢᠭᠤᠯᠵᠤ᠂ ᠡᠯ᠎ᠡ ᠲᠥᠷᠥᠯ ᠤᠨ ᠬᠥᠮᠦᠰ ᠢ 8000 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠤ᠂ ᠯᠦ

ᠵᠧᠤ ᠶᠢᠨ ᠬᠥ᠋ ᠯᠢᠨ᠂ ᠭᠤᠸᠠᠩ ᠶᠤᠸᠠᠨ ᠤ ᠼᠠᠩ ᠰᠢ᠂ ᠠ ᠪᠠ ᠯᠢᠩ ᠳᠠᠩ ᠵᠡᠷᠭᠡ 86 ᠶᠠᠳᠠᠭᠤ ᠬᠦᠴᠢᠷᠳᠡᠯᠲᠡᠶ

ᠰᠢᠶᠠᠨ ︵ᠲᠣᠭᠤᠷᠢᠭ︶ ᠢ ᠪᠦᠬᠦᠨ ᠢ ᠪᠦᠷᠬᠦᠭᠦᠯᠪᠡ᠃

   ᠵᠢᠶᠠᠩᠰᠢ ᠶᠢᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠳᠤ᠂ ᠰᠤᠷᠭᠠᠭᠤᠯᠢ ᠠᠴᠠ

ᠵᠢᠶᠠᠩᠰᠢ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠤᠨ᠂ ᠰᠢᠨᠵᠢᠯᠡᠬᠦ

ᠤᠬᠠᠭᠠᠨ ᠤ ᠰᠤᠳᠤᠯᠭᠠᠨ ᠤ ᠲᠠᠪᠴᠠᠩ ᠢ ᠪᠠᠳᠠᠷᠠᠭᠤᠯᠵᠤ᠂ ᠭᠤᠤᠯᠳᠠᠯᠭ᠎ᠠ ᠲᠠᠢ ᠠᠵᠤ ᠠᠬᠤᠢᠯᠠᠯ ᠲᠠᠢ ᠵᠡᠰ᠂

ᠬᠤᠪᠣᠷ ᠰᠢᠷᠣᠶ᠂ ᠸᠣᠯᠹᠷᠠᠮ᠂ ᠯᠢᠲ᠋ᠢ ᠶᠢᠨ ᠬᠦᠷᠢᠶᠡᠨ ᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ

ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠬᠠᠮᠲᠤ ᠪᠠᠷ ᠪᠠᠶᠢᠭᠤᠯᠪᠠ᠃ ᠦᠷ᠎ᠡ ᠶᠢᠨ 3 ᠵᠢᠯ ᠳᠤ᠂

ᠰᠤᠷᠭᠠᠭᠤᠯᠢ ᠨᠢ ᠤᠯᠤᠰ ᠠᠴᠠ ᠲᠡᠰ ᠤᠨ 200 ᠭᠠᠷᠤᠶ ᠲᠥᠷᠥᠯ ᠵᠦᠶ᠋ᠯ ᠢᠶᠠᠷ ᠵᠥᠪᠰᠢᠶᠡᠷᠡᠭᠳᠡᠵᠦ᠂ 2 / 3 ᠠᠴᠠ

ᠳᠡᠭᠡᠭᠰᠢᠬᠢ ᠰᠤᠳᠤᠯᠭᠠᠨ ᠨᠢ ᠴᠥᠮ ᠡᠳᠡᠭᠡᠷ ᠲᠤᠯᠭᠠᠭᠤᠷᠢ ᠠᠵᠤ ᠦᠢᠯᠡᠰ ᠤᠨ ᠲᠣᠭᠤᠷᠢᠨ ᠳᠤ ᠯᠢᠲ᠋ᠢ ᠳ᠋ᠢᠶᠠᠨ ᡂᠢ᠂

ᠰᠢᠨ᠎ᠡ ᠮᠠᠲ᠋ᠧᠷᠢᠶᠠᠯ᠂ ᠬᠤᠪᠣᠷ ᠰᠢᠷᠣᠶ ᠶᠢ ᠭᠠᠷᠭᠠᠨ ᠠᠪᠬᠤ ᠵᠡᠷᠭᠡ ᠨᠢᠭᠡ ᠪᠦᠯᠦᠭ ᠰᠢᠨ᠎ᠡ ᠶᠢ ᠡᠭᠦᠳᠦᠭᠰᠡᠨ ᠦᠷ᠎ᠡ

ᠪᠦᠲᠦᠭᠡᠯ ᠢ ᠪᠣᠳᠠᠲᠠᠶᠢᠵᠢᠭᠤᠯᠤᠨ ᠬᠤᠪᠢᠷᠠᠭᠤᠯᠬᠤ ᠪᠠ ᠢᠨᠵᠧᠨᠧᠷᠢᠩᠵᠢᠭᠦᠯᠬᠦ ᠶᠢ ᠠᠬᠢᠭᠤᠯᠪᠠ᠃

   ᠪᠠᠶᠢᠴᠠᠭᠠᠨ ᠰᠤᠳᠤᠯᠤᠯᠲᠠ ᠬᠢᠵᠦ ᠠᠵᠤ ᠠᠬᠤᠶᠢᠯᠠᠯ ᠪᠠ ᠳᠡᠭᠡᠰᠦ ᠰᠤᠷᠭᠠᠭᠤᠯᠢ ᠳᠤ ᠰᠤᠷᠪᠤᠯᠵᠢᠯᠠᠭᠰᠠᠨ ᠤ

ᠳᠠᠷᠠᠭ᠎ᠠ ᠣᠯᠵᠤ ᠮᠡᠳᠡᠭᠰᠡᠨ ᠨᠢ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠨᠢ

ᠵᠠᠷᠢᠮ ᠬᠦᠴᠢᠷ ᠠᠰᠠᠭᠤᠳᠠᠯ᠂ ᠡᠪᠡᠷᠰᠢᠶᠡᠯ ᠣᠷᠣᠰᠢᠵᠤ ᠪᠠᠢᠨ᠎ᠠ᠂ ᠵᠢᠱᠢᠶᠡᠯᠡᠪᠡᠯ ᠦᠷ᠎ᠡ ᠪᠦᠲᠦᠭᠡᠯ ᠤᠨ ᠬᠠᠩᠭᠠᠯᠭ᠎ᠠ ᠨᠢ

ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠵᠣᠬᠢᠴᠠᠬᠤ ᠥᠬᠡᠶ ᠪᠠᠢᠨ᠎ᠠ᠃ ᠰᠧᠴᠤᠸᠠᠨ ᠮᠤᠵᠢ ᠳᠤ᠂

ᠲᠦᠷᠦᠭᠦᠤ ᠬᠠᠭᠠᠰ ᠵᠢᠯ ᠳᠤ 4 ᠲᠦᠮᠡᠨ ᠬᠤᠪᠢ ᠲᠤᠰᠬᠠᠶ ᠠᠰᠢᠭ ᠤᠨ ᠡᠷᠬᠡ ᠣᠯᠭᠤᠵᠤ᠂ ᠡᠭᠦᠨ ᠤ ᠳᠤ ᠳᠣᠲᠣᠷ᠎ᠠ

ᠬᠤᠪᠢᠷᠠᠭᠤᠯᠬᠤ ᠦᠨ᠎ᠡ ᠥᠷᠲᠡᠭ ᠪᠦᠬᠦᠢ ᠲᠤᠰᠬᠠᠶ ᠠᠰᠢᠭ 10 % ᠬᠦᠷᠬᠦ ᠥᠬᠡᠶ ᠪᠠᠶᠢᠵᠤ᠂ ᠣᠯᠠᠩᠬᠢ

ᠲᠣᠭᠠᠨ ᠤ ᠲᠤᠰᠬᠠᠶ ᠠᠰᠢᠭ ᠭᠤᠶᠤᠴᠢᠯᠠᠬᠤ ᠨᠢ ᠮᠡᠷᠭᠡᠵᠢᠯ ᠤᠨ ᠲᠤᠷᠰᠢᠯᠲᠠ ᠲᠠᠢ ᠨᠡᠯᠢᠶᠡᠳ ᠶᠡᠭᠡ ᠵᠥᠷᠢᠶ᠎ᠡ ᠲᠠᠢ

ᠪᠠᠶ᠋ᠳᠠᠭ᠃ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠭᠰᠠᠨ ᠤᠯᠠᠷᠢᠭᠤᠯᠬᠤ

ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠳᠡᠭᠡᠰᠦ ᠰᠤᠷᠭᠠᠭᠤᠯᠢ ᠰᠢᠨᠵᠢᠯᠡᠬᠦ ᠤᠬᠠᠭᠠᠨ ᠤ

ᠰᠤᠳᠤᠯᠭᠠᠨ ᠤ ᠬᠦᠷᠢᠶᠡᠯᠡᠩ ᠭᠠᠵᠠᠷ ᠲᠤ ᠨᠠᠶᠢᠳᠠᠵᠤ ᠬᠡᠷᠡᠭᠯᠡᠭᠡᠨ ᠤ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ

ᠥᠷᠨᠢᠭᠦᠯᠬᠦ ᠶᠢ ᠵᠣᠷᠢᠭᠵᠢᠭᠤᠯᠤᠨ᠎ᠠ᠃

   ᠠᠵᠤ ᠠᠬᠤᠶᠢᠯᠠᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠣᠯᠠᠨ

   ᠠᠬᠢᠭᠤᠯᠬᠤ ᠡᠯᠧᠮᠧᠨ᠋ᠲ ᠤᠨ ᠨᠠᠩ ᠵᠣᠬᠢᠴᠠᠭᠤᠯᠬᠤ

   ᠠᠵᠤ ᠠᠬᠤᠶᠢᠯᠠᠯ ᠪᠣᠯ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠮᠥᠨ᠃ ᠰᠢᠨᠵᠢᠯᠡᠬᠦ

ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠢᠯᠠᠯ ᠤᠨ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ

ᠵᠡᠷᠭᠡ ᠲᠠᠯ᠎ᠠ ᠶᠢᠨ ᠡᠯᠧᠮᠧᠨ᠋ᠲ ᠤᠨ ᠬᠡᠷᠡᠭᠴᠡᠭᠡ ᠶᠢ ᠬᠡᠷᠬᠢᠨ ᠬᠠᠩᠭᠠᠵᠤ᠂ ᠰᠢᠨ᠎ᠡ ᠶᠢ ᠡᠭᠦᠳᠬᠦ ᠬᠡᠯᠬᠢᠶ᠎ᠡ᠂ ᠠᠵᠤ

ᠦᠢᠯᠡᠰ ᠤᠨ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢ

ᠪᠡᠶᠡᠯᠡᠭᠦᠯᠬᠦ ᠪᠣᠶ︖

   ᠰᠢᠨᠵᠢᠯᠡᠬᠦ ᠤᠬᠠᠭᠠᠨ ᠮᠡᠷᠭᠡᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠴᠣᠭᠴᠠ ᠶᠢ ᠪᠠᠶᠢᠭᠤᠯᠬᠤ ᠪᠣᠯ ᠭᠤᠤᠯ

ᠲᠥᠰᠦᠯ ᠮᠥᠨ᠃ ᠲᠤᠬᠠᠶ ᠶᠢᠨ ᠭᠠᠵᠠᠷ ᠤᠨ ᠬᠢᠨ ᠳᠠᠭᠠᠭᠤᠯᠤᠭᠴᠢ ᠠᠵᠤ ᠠᠬᠤᠢᠯᠠᠯ ᠢᠶᠠᠷ ᠭᠤᠤᠯ ᠴᠣᠭᠴᠠ

ᠪᠣᠯᠭᠠᠭᠰᠠᠨ᠂ ᠠᠵᠤ ᠦᠢᠯᠡᠰ ᠤᠨ ᠳᠡᠭᠡᠰᠦ ᠳᠣᠣᠷᠠᠳᠤ ᠤᠷᠤᠰᠬᠠᠯ ᠤᠨ ᠠᠵᠤ ᠠᠬᠤᠢᠯᠠᠯ ᠵᠢᠴᠢ ᠮᠤᠵᠢ ᠶᠢᠨ

ᠳᠣᠲᠣᠭᠠᠳᠤ ᠭᠠᠳᠠᠭᠠᠳᠤ ᠶᠢᠨ ᠳᠡᠭᠡᠰᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ

ᠭᠠᠵᠠᠷ ᠣᠷᠣᠯᠴᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠴᠣᠭᠴᠠ ᠶᠢ

ᠪᠠᠢᠭᠤᠯᠬᠤ ᠪᠠᠷ ᠳᠠᠮᠵᠢᠨ᠂ ᠰᠢᠨ᠎ᠡ ᠶᠢ ᠡᠭᠦᠳᠬᠦ ᠡᠯᠧᠮᠧᠨ᠋ᠲ ᠤᠨ ᠠᠵᠤ ᠦᠢᠯᠡᠰ ᠤᠨ ᠬᠡᠯᠬᠢᠶ᠎ᠡ ᠳᠠᠬᠢ ᠨᠡᠶᠢᠳᠬᠡᠬᠦ

ᠦᠶ᠋ᠯᠡᠳᠦᠯ ᠢ ᠴᠢᠩᠭᠠᠳᠬᠠᠵᠤ᠂ ᠬᠠᠮᠵᠢᠯᠴᠠᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠶᠢ

ᠠᠬᠢᠭᠤᠯᠤᠨ᠎ᠠ᠃

   5 ᠵᠢᠯ ᠭᠠᠷᠤᠶ ᠶᠢᠨ ᠠᠵᠢᠯᠯᠠᠭᠠᠨ ᠢᠶᠠᠷ ᠳᠠᠮᠵᠢᠨ᠂ ᠵᠢᠶᠠᠩᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ

ᠬᠠᠮᠵᠢᠯᠴᠠᠨ ᠰᠢᠨ᠎ᠡ ᠶᠢ ᠡᠭᠦᠳᠬᠦ ᠴᠣᠭᠴᠠ 111 ᠵᠦᠶ᠋ᠯ ᠤᠨ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ

ᠭᠤᠭᠴᠤᠭ᠎ᠠ ᠶᠢ ᠰᠢᠪᠲᠤᠯᠵᠤ᠂ 345 ᠵᠦᠶ᠋ᠯ ᠤᠨ ᠰᠢᠨ᠎ᠡ ᠦᠶ᠋ᠯᠡᠳᠬᠦᠨ᠂ ᠰᠢᠨ᠎ᠡ ᠲᠣᠨᠣᠭᠯᠠᠯ᠂ ᠰᠢᠨ᠎ᠡ ᠮᠡᠷᠭᠡᠵᠢᠯ ᠢ

ᠡᠭᠦᠳᠴᠦ᠂ 906 ᠵᠦᠶ᠋ᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠦᠷᠢᠯᠳᠦᠭᠦᠯᠵᠦ᠂ ᠠᠵᠤ

ᠠᠬᠤᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠪᠡ᠃

   ᠱᠠᠨ ᠰᠢ ᠳᠤ ᠤᠢᠢᠯᠠᠭᠠᠭᠰᠠᠨ ᠢᠶᠠᠷ᠂ ᠲᠤᠬᠠᠶ ᠶᠢᠨ ᠭᠠᠵᠠᠷ ᠤᠨ ᠬᠢᠨ ᠮᠤᠵᠢ ᠶᠢᠨ ᠲᠡᠰ ᠤᠨ ᠰᠤᠳᠤᠯᠤᠨ ᠨᠡᠭᠡᠭᠡᠬᠦ

ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ

ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠣᠨᠳᠣᠤᠰᠢᠭᠤᠯᠬᠤ ᠬᠦᠴᠢᠷ ᠠᠰᠠᠭᠤᠳᠠᠯ ᠢ ᠴᠢᠷᠮᠠᠶᠢᠨ

ᠰᠢᠶ᠋ᠳᠪᠦᠷᠢᠯᠡᠪᠡ᠃ 7 ᠰᠠᠷ᠎ᠠ ᠶᠢᠨ ᠡᠴᠦᠰ ᠪᠣᠯᠲᠠᠯ᠎ᠠ ᠮᠡᠷᠭᠡᠵᠢᠯ ᠤᠨ ᠭᠡᠷ᠎ᠡ ᠶᠢᠨ ᠠᠷᠠᠯᠵᠢᠶᠠᠨ ᠤ ᠲᠤᠭ᠎ᠠ 202

ᠳ᠋ᠦᠩᠰᠢᠭᠤᠷ ᠲᠥᠭᠦᠷᠢᠭ ᠲᠤ ᠬᠦᠷᠴᠡᠶ᠃

   ᠱᠠᠨᠳᠦ᠋ᠩ ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ ᠢ ᠨᠡᠶᠢᠭᠡᠮ ᠳᠤ

ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠶᠢ ᠠᠬᠢᠭᠤᠯᠬᠤ ᠪᠠᠷ ᠳᠠᠮᠵᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ

ᠠᠬᠤᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ ᠢ ᠬᠤᠳᠠᠯᠳᠤᠨ ᠠᠪᠬᠤ ᠥᠪᠡᠷ ᠤᠨ ᠥᠷᠲᠡᠭ ᠢ

ᠪᠦᠲᠦᠮᠵᠢᠲᠡᠶ ᠪᠠᠭᠤᠷᠠᠭᠤᠯᠪᠠ᠃ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠣᠳᠣᠵᠤ ᠰᠠᠭᠤᠯᠭᠠᠨ ᠠᠪᠬᠤ᠂

ᠰᠤᠳᠤᠯᠤᠨ ᠨᠡᠭᠡᠭᠡᠬᠦ ᠣᠷᠣᠭᠤᠯᠤᠯᠲᠠ ᠶᠢᠨ ᠳᠠᠷᠠᠭᠠᠬᠢ ᠨᠥᠬᠦᠪᠥᠷᠢ᠂ ᠳᠡᠭᠡᠰᠦ ᠰᠢᠨ᠎ᠡ ᠮᠡᠷᠭᠡᠵᠢᠯ ᠤᠨ ᠠᠵᠤ

ᠠᠬᠤᠶᠢᠯᠠᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠵᠡᠷᠭᠡ ᠲᠦᠭᠡᠮᠡᠯ ᠬᠠᠷᠠᠭᠠᠯᠵᠠᠯ ᠤᠨ ᠴᠢᠨᠠᠷᠲᠠᠶ ᠲᠥᠷᠦ ᠶᠢᠨ

ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠡᠨᠡ ᠵᠢᠯ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢ

ᠲᠠᠷᠬᠠᠭᠠᠭᠰᠠᠨ ᠤ ᠳᠠᠷᠠᠭ᠎ᠠ 8.7 ᠳ᠋ᠦᠩᠰᠢᠭᠤᠷ ᠲᠥᠭᠦᠷᠢᠭ ᠨᠥᠬᠦᠪᠥᠷᠢᠯᠡᠵᠦ᠂ ᠰᠤᠳᠤᠯᠤᠨ ᠨᠡᠭᠡᠭᠡᠬᠦ ᠵᠠᠷᠤᠳᠠᠯ ᠢ

ᠨᠡᠮᠡᠨ ᠪᠣᠳᠣᠵᠤ ᠬᠠᠰᠤᠵᠤ ᠭᠠᠷᠭᠠᠬᠤ ᠬᠠᠷᠠᠭᠠᠯᠵᠠᠯ ᠦᠵᠡᠭᠦᠯᠬᠦ ᠵᠣᠭᠤᠰ ᠤᠨ ᠲᠤᠭ᠎ᠠ ᠶᠢ 533 ᠳ᠋ᠦᠩᠰᠢᠭᠤᠷ

ᠲᠥᠭᠦᠷᠢᠭ ᠨᠠᠢᠳᠠᠪᠤᠷᠢᠵᠢᠭᠤᠯᠬᠤ᠂ ᠳᠡᠭᠡᠰᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ

ᠭᠠᠶᠢᠯᠢ ᠶᠢ 127 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃

   ᠨᠢᠭᠡ ᠵᠦᠶ᠋ᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠵᠠᠬ᠎ᠠ ᠳᠡᠯᠭᠡᠭᠦᠷ ᠲᠤ ᠭᠠᠷᠭᠠᠬᠤ ᠣᠶᠢᠶ᠎ᠠ ᠳᠤ

ᠬᠠᠩᠭᠠᠯᠭ᠎ᠠ ᠬᠡᠷᠡᠭᠴᠡᠭᠡ ᠶᠢ ᠵᠣᠯᠭᠠᠭᠤᠯᠵᠤ ᠳᠠᠢᠯᠠᠬᠤ ᠡᠰᠡᠬᠦ ᠨᠢ ᠰᠢᠨ᠎ᠡ ᠶᠢ ᠡᠭᠦᠳᠦᠭᠰᠡᠨ ᠦᠷ᠎ᠡ ᠪᠦᠲᠦᠮᠵᠢ ᠶᠢ

ᠰᠢᠭᠤᠳ ᠨᠥᠯᠥᠭᠡᠯᠡᠵᠦ ᠪᠠᠶ᠋ᠳᠠᠭ᠃ ᠴᠧᠩᠳᠦ᠋ ᠶᠢᠨ ᠭᠤᠤ ᠰᠢᠨ᠎ᠡ ᠲᠣᠭᠤᠷᠢᠭ ᠤᠨ ᠨᠡᠶᠢᠲᠡᠯᠡᠭᠰᠡᠨ ︽ᠬᠠᠩᠭᠠᠯᠭ᠎ᠠ

ᠬᠡᠷᠡᠭᠴᠡᠭᠡ ᠶᠢᠨ ᠠᠵᠠ ᠲᠣᠬᠢᠶᠠᠯ ᠤᠨ ᠨᠠᠷᠢᠨ ᠳᠠᠩᠰᠠ︾ ᠨᠢ ᠡᠨᠡ ᠬᠦ ᠵᠠᠬ᠎ᠠ ᠳᠡᠯᠭᠡᠭᠦᠷ ᠢ ᠵᠣᠯᠭᠠᠭᠤᠯᠬᠤ ᠬᠦᠴᠢᠷ

ᠠᠰᠠᠭᠤᠳᠠᠯ ᠢ ᠬᠠᠪᠰᠤᠷᠤᠨ ᠰᠢᠶ᠋ᠳᠪᠦᠷᠢᠯᠡᠵᠦ᠂ ᠤᠯᠠᠮᠵᠢᠯᠠᠯᠲᠤ ᠲᠡᠳᠬᠦᠬᠦ ᠠᠷᠭ᠎ᠠ ᠬᠡᠯᠪᠡᠷᠢ ᠶᠢ ᠨᠠᠩ ᠥᠨᠳᠥᠷ

ᠪᠦᠲᠦᠮᠵᠢᠲᠡᠶ ᠪᠥᠭᠡᠳ ᠥᠷᠢᠰᠦᠯᠳᠦᠬᠦ ᠠᠵᠤ ᠦᠶ᠋ᠯᠡᠰ ᠢ ᠳᠡᠮᠵᠢᠬᠦ ᠠᠷᠭ᠎ᠠ ᠬᠡᠯᠪᠡᠷᠢ ᠪᠣᠯᠭᠠᠨ ᠬᠤᠪᠢᠷᠠᠭᠤᠯᠵᠤ᠂

ᠠᠵᠤ ᠠᠬᠤᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠪᠡ᠃

   ᠴᠧᠩᠳᠦ᠋ ᠶᠢᠨ ᠭᠤᠤ ᠰᠢᠨ᠎ᠡ ᠲᠣᠭᠤᠷᠢᠭ ᠲᠤ ᠡᠨᠡ ᠵᠢᠯ ᠤᠨ 7 ᠰᠠᠷ᠎ᠠ ᠳᠤ ᠨᠡᠶᠢᠲᠡᠯᠡᠭᠰᠡᠨ ︽ᠵᠣᠬᠢᠶᠠᠮᠠᠯ ᠣᠶᠤᠨ

ᠴᠢᠳᠠᠪᠤᠷᠢ ᠶᠢᠨ ᠬᠡᠷᠡᠭᠯᠡᠭᠡᠨ ᠤ ᠠᠵᠠ ᠲᠣᠬᠢᠶᠠᠯ ᠤᠨ ᠨᠠᠷᠢᠨ ᠳᠠᠩᠰᠠ ︵ᠨᠢᠭᠡᠳᠦᠭᠡᠷ ᠪᠦᠯᠦᠭ︶︾ ᠶᠢ ᠣᠯᠵᠤ

ᠬᠠᠷᠠᠪᠠ᠂ ᠡᠭᠦᠨ ᠳᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠰᠦᠯᠵᠢᠶᠡᠨ ᠤ ᠵᠠᠷᠢᠮ ᠮᠡᠳᠡᠭᠡ ᠵᠠᠩᠭᠢ ᠶᠢᠨ

ᠰᠢᠰᠲ᠋ᠧᠮ ᠤᠨ ᠪᠦᠲᠦᠭᠡᠨ ᠪᠠᠢᠭᠤᠯᠤᠯᠲᠠ᠂ ᠠᠮᠤᠷ ᠠᠮᠤᠭᠤᠯᠠᠩ ᠨᠡᠶᠢᠭᠡᠮ ᠲᠣᠭᠤᠷᠢᠭ ᠤᠨ ᠪᠦᠲᠦᠭᠡᠨ ᠪᠠᠢᠭᠤᠯᠤᠯᠲᠠ᠂

ᠣᠶᠤᠨᠴᠢ ᠨᠠᠰᠤᠵᠢᠯ ᠤᠨ ᠠᠰᠠᠷᠠᠮᠵᠢ ᠶᠢᠨ ᠦᠶ᠋ᠯᠡᠴᠢᠯᠡᠭᠡ ᠵᠡᠷᠭᠡ ᠶᠢ ᠬᠤᠳᠠᠯᠳᠤᠨ ᠠᠪᠬᠤ᠂ ᠬᠠᠩᠭᠠᠯᠭ᠎ᠠ ᠶᠢᠨ

ᠦᠵᠦᠭᠦᠷ ᠨᠢ 119 ᠵᠦᠶ᠋ᠯ ᠤᠨ ᠳᠡᠭᠡᠰᠦ ᠰᠢᠨ᠎ᠡ ᠲᠣᠭᠤᠷᠢᠭ ᠤᠨ ᠵᠣᠬᠢᠶᠠᠮᠠᠯ ᠣᠶᠤᠨ ᠴᠢᠳᠠᠪᠤᠷᠢ ᠶᠢᠨ ᠠᠵᠤ

ᠠᠬᠤᠢᠯᠠᠯ ᠤᠨ ᠰᠢᠨ᠎ᠡ ᠶᠢ ᠡᠭᠦᠳᠦᠭᠰᠡᠨ ᠦᠶ᠋ᠯᠡᠳᠬᠦᠨ ᠤ ᠨᠡᠷᠡᠰ ᠤᠨ ᠵᠢᠭᠰᠠᠭᠠᠯᠲᠠ ᠵᠡᠷᠭᠡ ᠶᠢ ᠪᠠᠭᠲᠠᠭᠠᠨ᠎ᠠ᠃ ︽

ᠠᠵᠠ ᠲᠣᠬᠢᠶᠠᠯ ᠤᠨ ᠨᠠᠷᠢᠨ ᠳᠠᠩᠰᠠ ᠶᠢ ᠨᠡᠶᠢᠲᠡᠯᠡᠭᠰᠡᠨ ᠤ ᠳᠠᠷᠠᠭ᠎ᠠ ᠬᠠᠯᠠᠭᠤᠨ ᠲᠤᠰᠬᠠᠯ ᠭᠠᠷᠴᠤ᠂ ᠨᠢᠭᠡ

ᠭᠠᠷᠠᠭ ᠤᠨ ᠳᠣᠲᠣᠷ᠎ᠠ᠂ ᠡᠯ᠎ᠡ ᠬᠡᠷᠡᠭᠴᠡᠭᠡ ᠱᠠᠭᠠᠷᠳᠠᠯᠭ᠎ᠠ ᠲᠠᠢ ᠨᠢᠭᠡᠴᠡ 28 ᠤᠳᠠᠭ᠎ᠠ ᠠᠵᠤ ᠠᠬᠤᠢᠯᠠᠯ ᠲᠠᠢ

ᠵᠣᠯᠭᠠᠭᠤᠯᠵᠤ᠂ ᠪᠠᠰᠠ ᠨᠢᠭᠡ ᠪᠦᠯᠦᠭ ᠥᠨᠳᠥᠷ ᠰᠢᠨ᠎ᠡ ᠲᠣᠭᠤᠷᠢᠭ ᠤᠨ ᠭᠠᠳᠠᠨᠠᠬᠢ ᠠᠵᠤ ᠠᠬᠤᠢᠯᠠᠯ

ᠰᠠᠨᠠᠭᠠᠴᠢᠯᠠᠭ᠎ᠠ ᠠᠴᠠ ᠪᠠᠨ ᠭᠡᠷ ᠲᠦᠨᠢ ᠬᠦᠷᠴᠦ᠂ ︿ᠡᠷᠦᠬᠡ ᠠᠮᠠ ᠣᠷᠣᠭᠤᠯᠬᠤ﹀ ᠶᠢ ᠬᠦᠰᠡᠵᠦ ᠪᠠᠶᠢᠨ᠎ᠠ᠃︾

ᠭᠡᠵᠦ ᠭᠤᠤ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠬᠡᠯᠡᠪᠡ᠃

   ᠣᠯᠵᠤ ᠮᠡᠳᠡᠭᠰᠡᠨ ᠨᠢ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠥᠷᠥ ᠶᠢᠨ ᠪᠣᠳᠣᠯᠭ᠎ᠠ ᠳᠤ

ᠪᠠᠰᠠ ᠠᠳᠠᠯ ᠦᠶ᠋ᠯᠡᠰ ᠴᠣᠭᠴᠠᠯᠠᠵᠤ ᠰᠢᠨ᠎ᠡ ᠶᠢ ᠡᠭᠦᠳᠬᠦ ᠬᠡᠰᠡᠭ ᠵᠢᠭᠡᠯᠡᠯᠭᠡ ᠶᠢ ᠪᠣᠳᠠᠲᠠᠶ ᠨᠠᠶᠢᠳᠠᠪᠤᠷᠢᠵᠢᠭᠤᠯᠤᠭᠰᠠᠨ

ᠥᠬᠡᠶ ᠪᠠᠢᠳᠠᠯ ᠣᠷᠣᠰᠢᠵᠤ ᠪᠠᠢᠨ᠎ᠠ᠃ 

   ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠢᠳᠠᠪᠤᠷᠢᠵᠢᠭᠤᠯᠬᠤ ᠬᠡᠷᠡᠭᠲᠡᠶ᠃

   ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ ᠢ ᠲᠡᠳᠡᠨ ᠠᠪᠴᠢᠷᠠᠬᠤ

   ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠣᠯ ᠮᠥᠨ ᠴᠢᠨᠠᠷ ᠳᠡᠭᠡᠷ᠎ᠡ ᠪᠠᠨ ᠴᠢᠳᠠᠪᠤᠷᠢᠲᠠᠨ ᠢᠶᠠᠷ

ᠬᠥᠳᠡᠯᠭᠡᠭᠦᠷ ᠪᠣᠯᠭᠠᠬᠤ ᠶᠠᠪᠤᠳᠠᠯ ᠪᠣᠯᠤᠨ᠎ᠠ᠃ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠤ ᠡᠩᠨᠡᠭᠡ ᠶᠢ

ᠪᠤᠵᠠᠭᠠᠶᠢᠷᠠᠭᠤᠯᠤᠶ᠎ᠠ ᠭᠡᠪᠡᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠴᠢᠳᠠᠪᠤᠷᠢᠲᠠᠨ ᠢ

ᠵᠣᠷᠢᠭᠵᠢᠭᠤᠯᠬᠤ᠂ ᠲᠡᠳᠡᠨ ᠠᠪᠴᠢᠷᠠᠬᠤ ᠪᠠ ᠬᠥᠮᠦᠵᠢᠭᠦᠯᠬᠦ ᠶᠢ ᠴᠢᠩᠭᠠᠳᠬᠠᠬᠤ ᠬᠡᠷᠡᠭᠲᠡᠶ᠃

   ᠱᠠᠨ ᠰᠢ ᠶᠢᠨ ᠶᠦᠨ ᠵᠧᠤ ᠲᠣᠭᠤᠷᠢᠭ ᠲᠤ᠂ ᠭᠤᠤᠯ ᠲᠤᠷᠰᠢᠯᠲᠠ ᠶᠢᠨ ᠠᠰᠠᠷ ᠢᠶᠠᠷ ᠭᠤᠤᠯ ᠪᠣᠯᠭᠠᠭᠰᠠᠨ 15

ᠨᠢᠭᠡᠴᠡ ᠶᠢᠨ ᠪᠠᠷᠢᠯᠭ᠎ᠠ ᠰᠦᠨᠳᠡᠷᠯᠡᠨ ᠪᠣᠰᠪᠠ᠃ ︽ᠲᠦᠷᠦᠭᠦᠬᠡᠨ᠂ ᠨᠡᠭᠦᠷᠡᠰᠦ ᠶᠢ ᠴᠡᠪᠡᠷᠰᠢᠭᠦᠯᠦᠨ ᠰᠢᠲᠠᠭᠠᠬᠤ

ᠲᠤᠷᠰᠢᠯᠲᠠ ᠶᠢᠨ ᠲᠠᠪᠴᠠᠩ ᠤᠨ ᠶᠣᠰᠣᠯᠠᠯ ᠢ ᠰᠠᠶ᠋ᠢᠬᠠᠨ ᠪᠡᠶᠡᠯᠡᠭᠦᠯᠵᠦ᠂ ᠨᠡᠭᠦᠷᠡᠰᠦ ᠪᠠᠷ ᠤᠰᠤᠲᠥ᠋ᠷᠥᠭᠴᠢ

ᠪᠣᠯᠭᠠᠬᠤ ᠪᠠᠷ ᠭᠤᠤᠯ ᠪᠣᠯᠭᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠶ᠋ᠯ ᠨᠢ ᠨᠢᠭᠡᠨᠲᠡ ᠠᠵᠤ

ᠦᠶᠢᠯᠡᠰᠵᠢᠯᠲᠡ ᠶᠢᠨ ᠡᠴᠦᠰ ᠤᠨ ᠨᠢᠭᠡ ᠠᠯᠬᠤᠮ ᠢ ᠪᠡᠶᠡᠯᠡᠭᠦᠯᠵᠡᠶ᠃︾ ᠳᠤᠮᠳᠠᠳᠤ ᠤᠯᠤᠰ ᠠᠴᠠ ᠰᠢᠨᠵᠢᠯᠡᠬᠦ

ᠤᠬᠠᠭᠠᠨ ᠤ ᠬᠦᠷᠢᠶᠡᠯᠡᠩ ᠤᠨ ᠢᠨᠵᠧᠨᠧᠷᠢᠩ ᠤᠨ ᠢᠯᠴᠢ ᠶᠢᠨ ᠹᠢᠽᠢᠺ ᠰᠤᠳᠤᠯᠬᠤ ᠭᠠᠵᠠᠷ ᠤᠨ ᠬᠤᠪᠢᠶᠠᠷᠢ

ᠭᠠᠵᠠᠷ ᠤᠨ ᠵᠣ ᠵᠢᠶᠦ᠋ᠨ ᠴᠢᠶᠠᠩ ᠳᠣᠭᠳᠣᠯᠤᠭᠰᠠᠨ ᠰᠡᠳᠬᠢᠯᠭᠡ ᠪᠠᠨ ᠳᠠᠷᠤᠵᠤ ᠶᠠᠳᠠᠨ᠎ᠠ᠃

   ᠵᠥᠩ ᠰᠢ ᠶᠢᠨ ᠲᠤᠰᠬᠠᠶ ᠮᠡᠷᠭᠡᠵᠢᠯᠲᠡᠨ ᠠᠳᠡ ᠢᠷᠡᠵᠦ ᠡᠷᠳᠡᠮ ᠰᠢᠨᠵᠢᠯᠡᠭᠡ ᠬᠢᠬᠦ ᠨᠢ ︽ᠨᠢᠭᠡ ᠴᠣᠮᠣ ᠺᠣᠹᠧ︾

 ᠠᠴᠠ ᠡᠬᠢᠯᠡᠭᠰᠡᠨ ᠢ ᠬᠡᠨ ᠪᠣᠳᠣᠵᠤ ᠣᠯᠬᠤ ᠪᠤᠢ᠃ ᠵᠦ ᠵᠢᠶᠦ᠋ᠨ ᠴᠢᠶᠠᠩ ᠢᠨᠢᠶᠡᠮᠰᠦᠭᠯᠡᠨ ᠬᠡᠯᠡᠬᠦ ᠳᠡᠭᠡᠨ᠂

ᠨᠢᠳᠤᠨᠤᠨ ᠤ ᠨᠢᠭᠡ ᠤᠳᠠᠭᠠᠨ ᠤ ᠭᠡᠨᠡᠳᠲᠡ ᠶᠢᠨ ᠲᠣᠬᠢᠶᠠᠯ ᠢᠶᠠᠷ᠂ ᠲᠤᠬᠠᠶ ᠶᠢᠨ ᠭᠠᠵᠠᠷ ᠤᠨ ᠬᠥᠭᠵᠢᠭᠦᠯᠦᠯᠲᠡ

ᠥᠭᠡᠷᠡᠴᠢᠯᠡᠯᠲᠡ ᠶᠢᠨ ᠵᠥᠪᠯᠡᠯ ᠤᠨ ᠠᠵᠢᠯᠲᠠᠳ ᠪᠣᠯᠤᠨ ᠰᠤᠳᠤᠯᠭᠠᠨ ᠤ ᠭᠠᠵᠠᠷ ᠤᠨ ᠠᠵᠢᠯᠲᠠᠨ ᠺᠤᠹᠤ ᠤᠤᠭᠤᠵᠤ᠂

ᠲᠤᠬᠠᠶ ᠶᠢᠨ ᠣᠶᠢᠶ᠎ᠠ ᠳᠤ ᠵᠥᠩ ᠢᠦᠶ ᠶᠠᠭ ᠰᠢᠨ᠎ᠡ ᠰᠤᠳᠤᠯᠤᠨ ᠨᠡᠭᠡᠭᠡᠬᠦ ᠰᠠᠭᠤᠷᠢᠨ ᠭᠠᠵᠠᠷ ᠡᠷᠢᠵᠦ ᠪᠠᠶᠢᠪᠠ᠂

ᠭᠡᠲᠡᠯ᠎ᠡ ᠶᠠᠭ ᠰᠠᠶᠢᠬᠠᠨ ᠡᠨᠧᠷᠭᠢ ᠶᠢᠨ ᠰᠤᠷᠪᠤᠯᠵᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠠᠵᠠ ᠲᠣᠬᠢᠶᠠᠯ

ᠲᠣᠬᠢᠶᠠᠯᠳᠤᠵᠤ᠂ ᠨᠡᠭᠦᠷᠡᠰᠦ ᠶᠢ ᠴᠡᠪᠡᠷᠰᠢᠭᠦᠯᠦᠨ ᠬᠡᠷᠡᠭᠯᠡᠬᠦ ᠵᠦᠶ᠋ᠯᠡᠰ ᠢ ᠲᠤᠬᠠᠶ ᠶᠢᠨ ᠭᠠᠵᠠᠷ ᠲᠤ ᠨᠤᠲᠤᠭᠰᠢᠭᠤᠯᠬᠤ

ᠬᠦᠰᠡᠯ ᠢᠶᠠᠨ ᠲᠡᠷᠡ ᠳᠣᠤᠷ᠎ᠠ ᠨᠢ ᠲᠣᠭᠲᠠᠭᠠᠵᠠᠶ᠃

   ︽ᠥᠩᠭᠡᠷᠡᠭᠡᠭᠰᠡᠨ ᠳᠤ ᠦᠷ᠎ᠡ ᠪᠦᠲᠦᠭᠡᠯ ᠨᠢ ᠲᠤᠷᠰᠢᠯᠲᠠ ᠶᠢᠨ ᠲᠠᠰᠤᠭ ᠠᠴᠠ ᠭᠠᠷᠴᠤ ᠳᠠᠢᠯᠠᠬᠤ ᠦᠭᠡᠢ ᠠᠴᠠ

ᠠᠶᠤᠵᠤ ᠪᠠᠶᠢᠪᠠ᠂ ᠣᠳᠣ ᠪᠢᠳᠡᠨ ᠤ ᠠᠭᠤᠷᠬᠠᠶ ᠰᠣᠩᠭᠤᠬᠤ ᠮᠡᠷᠭᠡᠵᠢᠯ ᠽᠠᠮᠪᠢᠶ᠎ᠠ ᠳᠤ ᠠᠮᠵᠢᠯᠲᠠ ᠲᠠᠢ

ᠨᠠᠶᠢᠳᠠᠪᠤᠷᠢᠵᠢᠵᠠᠶ︕︾ ᠭᠡᠵᠡᠶ᠃

ᠵᠢᠱᠢᠶᠡᠯᠡᠪᠡᠯ᠂ ᠠᠰᠢᠭ ᠣᠷᠣᠯᠭ᠎ᠠ ᠶᠢ ᠬᠤᠪᠢᠷᠠᠭᠤᠯᠤᠨ ᠬᠠᠮᠲᠤ ᠪᠠᠷ ᠡᠳ᠋ᠯᠡᠬᠦ ᠲᠣᠭᠲᠠᠴᠠ ᠶᠢᠨ ᠲᠠᠯ᠎ᠠ ᠪᠠᠷ᠂ 1000

ᠲᠦᠮᠡᠨ ᠲᠥᠭᠦᠷᠢᠭ ᠠᠴᠠ ᠳᠣᠷᠣᠭᠰᠢᠬᠢ ᠠᠷᠠᠯᠵᠢᠶᠠᠨ ᠤ ᠵᠦᠶ᠋ᠯᠡᠰ ᠲᠤ᠂ ᠰᠤᠳᠤᠯᠤᠨ ᠨᠡᠭᠡᠭᠡᠬᠦ ᠠᠵᠢᠯᠲᠠᠨ ᠬᠢᠭᠡᠳ

ᠰᠤᠷᠭᠠᠭᠤᠯᠢ ᠶᠢᠨ ᠬᠤᠭᠤᠷᠣᠨᠳᠣ ᠬᠡᠷᠡᠭᠯᠡᠬᠦ ᠵᠥᠪᠰᠢᠶᠡᠷᠡᠯ ᠤᠨ ᠲᠥᠷᠥᠯ ᠨᠢ 9᠄ 1᠂ ᠦᠷ᠎ᠡ ᠪᠦᠲᠦᠭᠡᠯ ᠢ

ᠰᠢᠯᠵᠢᠭᠦᠯᠦᠨ ᠥᠭᠬᠦ ᠲᠥᠷᠥᠯ ᠨᠢ 8᠄ 2᠂ ᠦᠷ᠎ᠡ ᠪᠦᠲᠦᠭᠡᠯ ᠢᠶᠠᠷ ᠬᠤᠪᠢ ᠣᠷᠣᠭᠤᠯᠬᠤ ᠲᠥᠷᠥᠯ ᠨᠢ 7᠄

3 ᠶᠢᠨ ᠬᠠᠷᠢᠴᠠᠯ ᠢᠶᠠᠷ ᠬᠤᠪᠢᠶᠠᠷᠢᠯᠠᠨ᠎ᠠ︔ ᠠᠷᠠᠯᠵᠢᠶᠠᠯᠠᠭᠰᠠᠨ ᠲᠤᠭ᠎ᠠ ᠨᠢ 1000 ᠲᠦᠮᠡᠨ ᠲᠥᠭᠦᠷᠢᠭ ᠠᠴᠠ

ᠳᠡᠭᠡᠭᠰᠢᠬᠢ ᠲᠥᠷᠥᠯ ᠵᠦᠶ᠋ᠯ ᠨᠢ ᠬᠠᠮᠤᠭ ᠤᠨ ᠥᠨᠳᠥᠷ ᠲᠡᠭᠡᠨ ᠰᠤᠳᠤᠯᠤᠨ ᠨᠡᠭᠡᠭᠡᠬᠦ ᠪᠦᠯᠬᠦᠮ ᠳᠤ 92 % ᠤᠨ

ᠠᠰᠢᠭ ᠣᠷᠣᠯᠭ᠎ᠠ ᠣᠯᠭᠤᠵᠤ ᠪᠣᠯᠤᠨ᠎ᠠ᠃ ᠡᠭᠦᠨ ᠠᠴᠠ ᠭᠠᠳᠠᠨ᠎ᠠ᠂ ᠰᠤᠷᠭᠠᠭᠤᠯᠢ ᠨᠢ ᠣᠯᠠᠨ ᠡᠰᠢᠲᠦ

ᠦᠨᠡᠯᠡᠯᠲᠡ ᠶᠢᠨ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠰᠢᠨᠵᠢᠯᠡᠬᠦ

ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠶ᠋ᠯ ᠢ ᠡᠭᠦᠷᠭᠡᠯᠡᠬᠦ ᠶᠢ ᠵᠣᠷᠢᠭᠵᠢᠭᠤᠯᠬᠤ ᠶᠢᠨ

ᠬᠠᠮᠲᠤ᠂ ᠲᠡᠭᠦᠨ ᠢ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠪᠠ ᠠᠵᠢᠯ ᠶᠢᠨ ᠠᠮᠵᠢᠯᠲᠠ ᠶᠢ ᠬᠢᠨᠠᠨ

ᠰᠢᠯᠭᠠᠬᠤ ᠳᠤ ᠣᠷᠣᠭᠤᠯᠤᠨ᠎ᠠ᠃

   ᠰᠧᠴᠤᠸᠠᠨ ᠶᠡᠭᠡ ᠰᠤᠷᠭᠠᠭᠤᠯᠢ ᠠᠴᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠤᠷᠮᠠᠰᠢᠭᠤᠯᠤᠨ

ᠵᠣᠷᠢᠭᠵᠢᠭᠤᠯᠬᠤ ᠲᠠᠯ᠎ᠠ ᠪᠠᠷ ᠵᠣᠬᠢᠬᠤ ᠠᠮᠵᠢᠯᠲᠠ ᠣᠯᠤᠭᠰᠠᠨ ᠢ ᠣᠯᠵᠤ ᠮᠡᠳᠡᠵᠡᠢ᠃ ᠲᠣᠰ ᠰᠤᠷᠭᠠᠭᠤᠯᠢ ᠨᠢ

ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠬᠦ ᠡᠷᠬᠡ᠂ ᠠᠰᠢᠭ ᠬᠦᠷᠲᠡᠬᠦ ᠡᠷᠬᠡ ᠶᠢᠨ

ᠥᠭᠡᠷᠡᠴᠢᠯᠡᠯᠲᠡ ᠪᠠᠷ ᠭᠠᠷᠲᠠᠨ ᠪᠣᠯᠭᠠᠵᠤ᠂ ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ

ᠪᠦᠲᠦᠭᠡᠯ ᠤᠨ ᠥᠮᠴᠢᠯᠡᠬᠦ ᠡᠷᠬᠡ ᠶᠢᠨ ᠡᠷᠬᠡ ᠶᠢ ᠨᠤᠲᠠᠯᠠᠨ ᠲᠣᠭᠲᠠᠭᠠᠬᠤ ᠥᠭᠡᠷᠡᠴᠢᠯᠡᠯᠲᠡ ᠶᠢ ᠰᠦᠪᠡᠭᠴᠢᠯᠡᠵᠦ᠂

ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠢᠳᠡᠪᠬᠢᠵᠢᠯ ᠢ ᠬᠥᠭᠵᠢᠭᠡᠪᠡ᠃ ᠣᠳᠣᠬᠠᠨ ᠳᠤ᠂ ᠨᠢᠭᠡᠨᠲᠡ

80 ᠭᠠᠷᠤᠶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠳᠠᠨ ᠲᠣᠭᠲᠠᠭᠠᠵᠤ᠂ ᠰᠢᠨᠵᠢᠯᠡᠬᠦ

ᠤᠬᠠᠭᠠᠨ ᠤ ᠰᠤᠳᠤᠯᠭᠠᠨ ᠤ ᠠᠵᠢᠯᠲᠠᠨ 30 ᠭᠠᠷᠤᠶ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠢᠯᠠᠯ ᠢ

ᠡᠭᠦᠳᠦᠨ ᠪᠠᠶᠢᠭᠤᠯᠪᠠ᠃ ᠰᠤᠷᠭᠠᠭᠤᠯᠢ ᠪᠠᠰᠠ ᠲᠤᠰᠬᠠᠶ ᠲᠤᠰᠢᠶᠠᠯᠲᠤ ᠰᠢᠨᠵᠢᠯᠡᠬᠦ ᠤᠬᠠᠭᠠᠨ ᠤ ᠰᠤᠳᠤᠯᠭᠠᠨ ᠤ

ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠨᠤᠲᠤᠭ᠂ ᠠᠵᠤ ᠠᠬᠤᠶᠢᠯᠠᠯ ᠲᠠᠢ

ᠬᠠᠮᠲᠤ ᠪᠠᠷ ᠰᠤᠳᠤᠯᠤᠨ ᠨᠡᠭᠡᠭᠡᠬᠦ ᠲᠠᠪᠴᠠᠩ ᠪᠠᠶᠢᠭᠤᠯᠬᠤ ᠪᠠᠷ ᠳᠠᠮᠵᠢᠭᠤᠯᠤᠨ᠂ ᠢᠨᠵᠧᠨᠧᠷᠢᠩ ᠤᠨ ᠬᠡᠷᠡᠭᠯᠡᠭᠡᠨ ᠤ

ᠨᠡᠭᠡᠭᠡᠨ ᠬᠥᠭᠵᠢᠭᠦᠯᠦᠯᠲᠡ᠂ ᠵᠠᠪᠰᠠᠷ ᠤᠨ ᠲᠤᠷᠰᠢᠯᠲᠠ ᠶᠢᠨ ᠰᠤᠳᠤᠯᠤᠨ ᠨᠡᠭᠡᠭᠡᠯᠲᠡ ᠨᠢ ᠪᠣᠯᠪᠠᠰᠤᠷᠠᠩᠭᠤᠶ᠂ ᠦᠷ᠎ᠡ

ᠪᠦᠲᠦᠭᠡᠯ ᠢ ᠠᠵᠤ ᠦᠢᠯᠡᠰᠵᠢᠭᠦᠯᠬᠦ ᠪᠠᠷ ᠬᠦᠴᠦᠯᠡᠨ ᠴᠢᠷᠮᠠᠢᠭᠰᠠᠨ ᠨᠢᠭᠡᠨ ᠰᠠᠯᠠᠭ᠎ᠠ ᠲᠤᠰᠬᠠᠶ ᠲᠤᠰᠢᠶᠠᠯᠲᠤ

ᠡᠩᠨᠡᠭᠡ ᠶᠢ ᠪᠠᠶᠢᠭᠤᠯᠵᠤ᠂ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠠᠬᠤᠶᠢᠯᠠᠯ ᠤᠨ ᠥᠨᠳᠥᠷ ᠬᠢᠷᠢ

ᠲᠦᠪᠰᠢᠨ ᠪᠦᠬᠦᠢ ᠴᠢᠳᠠᠪᠤᠷᠢᠲᠠᠨ ᠢ ᠲᠠᠲᠠᠵᠤ ᠴᠢᠳᠠᠬᠤ ᠦᠭᠡᠢ ᠪᠠᠶ᠋ᠬᠤ ᠠᠰᠠᠭᠤᠳᠠᠯ ᠢ ᠰᠢᠶ᠋ᠳᠪᠦᠷᠢᠯᠡᠬᠦ ᠶᠢ ᠲᠦᠯᠬᠢᠨ

ᠠᠬᠢᠭᠤᠯᠪᠠ᠃

   ᠵᠠᠷᠢᠮ ᠳᠡᠭᠡᠰᠦ ᠰᠤᠷᠭᠠᠭᠤᠯᠢ ᠶᠢᠨ ᠤᠳᠤᠷᠢᠳᠬᠤ ᠺᠠᠳ᠋ᠷ ᠰᠢᠯᠵᠢᠭᠦᠯᠦᠨ ᠥᠭᠬᠦ ᠭᠤᠭᠴᠤᠭ᠎ᠠ ᠳᠤ ᠮᠥᠨ ᠯᠡ

ᠰᠡᠳᠬᠢᠯ ᠲᠠᠯᠪᠢᠵᠤ᠂ ᠵᠠᠷᠢᠮ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠲᠤᠰᠢᠶᠠᠯ ᠤᠨ ᠡᠭᠦᠳᠦᠯᠲᠡ ᠶᠢᠨ

ᠡᠷᠬᠡ ᠶᠢᠨ ᠬᠠᠷᠢᠶᠠᠯᠠᠯ ᠤᠨ ᠬᠤᠪᠢᠶᠠᠷᠢᠯᠠᠯᠲᠠ ᠳᠤ ᠮᠥᠨ ᠯᠡ ᠡᠷᠡᠭᠡᠯᠵᠡᠭᠡ ᠲᠠᠢ ᠪᠠᠶᠢᠵᠤ᠂ ᠵᠠᠬ᠎ᠠ ᠳᠡᠯᠭᠡᠭᠦᠷ ᠤᠨ

ᠬᠡᠷᠡᠭᠴᠡᠭᠡ ᠱᠠᠭᠠᠷᠳᠠᠯᠭ᠎ᠠ ᠶᠢᠨ ᠲᠤᠬᠠᠶ ᠣᠶᠢᠯᠠᠭᠠᠯᠲᠠ ᠳᠤᠲᠠᠮᠠᠭ ᠪᠠᠶᠢᠵᠤ᠂ ᠰᠢᠨ᠎ᠡ ᠶᠢ ᠡᠭᠦᠳᠦᠭᠰᠡᠨ ᠦᠷ᠎ᠡ

ᠪᠦᠲᠦᠭᠡᠯ ᠤᠨ ᠬᠤᠪᠢᠷᠠᠭᠤᠯᠤᠯᠲᠠ ᠶᠢᠨ ᠳᠣᠲᠣᠭᠠᠳᠤ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶᠢᠬᠤ ᠶᠢ ᠣᠯᠵᠤ

ᠮᠡᠳᠡᠵᠡᠢ᠃  ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ᠂ ᠦᠷ᠎ᠡ ᠪᠦᠲᠦᠭᠡᠯ ᠤᠨ

ᠰᠢᠯᠵᠢᠭᠦᠯᠦᠯᠲᠡ ᠪᠣᠯᠤᠨ ᠦᠷ᠎ᠡ ᠪᠦᠲᠦᠭᠡᠯ ᠤᠨ ᠡᠷᠬᠡ ᠶᠢᠨ ᠬᠠᠷᠢᠶᠠᠯᠠᠯ ᠤᠨ ᠲᠣᠭᠤᠷᠢᠨ ᠳᠤ᠂ ᠮᠠᠨ ᠤ ᠤᠯᠤᠰ

ᠨᠢᠭᠡᠨᠲᠡ ᠦᠯᠡᠮᠵᠢ ᠣᠯᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠨᠡᠶᠢᠲᠡᠯᠡᠵᠡᠶ᠃ ᠢᠷᠡᠭᠡᠳᠦᠢ ᠳᠤ᠂

ᠤᠳᠤᠷᠢᠳᠬᠤ ᠺᠠᠳ᠋ᠷᠴᠤᠳ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠴᠢᠬᠤᠯᠠᠴᠢᠯᠠᠬᠤ᠂ ᠰᠢᠨᠵᠢᠯᠡᠬᠦ ᠤᠬᠠᠭᠠᠨ ᠤ

ᠰᠤᠳᠤᠯᠭᠠᠨ ᠤ ᠠᠵᠢᠯᠲᠠᠳ ᠦᠷ᠎ᠡ ᠪᠦᠲᠦᠭᠡᠯ ᠢ ᠤᠯᠠᠷᠢᠭᠤᠯᠬᠤ ᠳᠤ ᠢᠳᠡᠪᠬᠢᠲᠡᠢ ᠣᠷᠣᠯᠴᠠᠬᠤ᠂ ᠬᠠᠮᠢᠶᠠᠷᠤᠯᠲᠠ ᠶᠢᠨ

ᠰᠠᠯᠠᠭ᠎ᠠ ᠮᠥᠴᠢᠷ ᠦᠷ᠎ᠡ ᠪᠦᠲᠦᠭᠡᠯ ᠢ ᠤᠯᠠᠷᠢᠭᠤᠯᠬᠤ ᠶᠢ ᠬᠠᠯᠠᠭᠤᠨ ᠢᠶᠠᠷ ᠠᠬᠢᠭᠤᠯᠬᠤ ᠨᠡᠶᠢᠯᠡᠮᠡᠯ ᠬᠦᠴᠦᠨ ᠢ ᠪᠤᠢ

ᠪᠣᠯᠭᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠬᠡᠷᠡᠭᠲᠡᠶ᠃ ︵ᠰᠤᠷᠪᠤᠯᠵᠢᠯᠠᠭᠴᠢ ᠴᠢᠦ ᠴᠤᠤ ᠢ  ᠬᠥ᠋

ᠶᠧ ᠺᠠᠶ  ᠬᠠᠨ ᠰᠢᠨ  ᠴᠢ ᡁᠢ ᠮᠢᠩ  ᠴᠢᠦᠶ ᠰᠢᠨ ᠮᠢᠩ︶  

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号