2018 ᠤᠨ ᠳᠡᠭᠡᠷ᠎ᠡ ᠬᠠᠭᠠᠰ ᠵᠢᠯ ᠤᠨ ᠥᠪᠥᠷ ᠮᠣᠩᠭᠤᠯ ᠤᠨ ᠮᠡᠷᠭᠡᠵᠢᠯ ᠤᠨ ᠠᠷᠠᠯᠵᠢᠶᠠᠨ ᠤ ᠪᠠᠢᠳᠠᠯ | 2018 ᠤᠨ ᠳᠡᠭᠡᠷ᠎ᠡ ᠬᠠᠭᠠᠰ ᠵᠢᠯ ᠳᠤ ᠪᠥᠬᠦ ᠣᠷᠣᠨ ᠳᠤ ᠡᠯ᠎ᠡ ᠲᠥᠷᠥᠯ ᠤᠨ ᠮᠡᠷᠭᠡᠵᠢᠯ ᠢ ᠨᠡᠶᠢᠲᠡ 951 | ᠵᠦᠶ᠋ᠯ ᠠᠷᠠᠯᠵᠢᠶᠠᠯᠠᠵᠤ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 95.59 | ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ᠂ | ᠮᠡᠷᠭᠡᠵᠢᠯ ᠤᠨ ᠵᠦᠶ᠋ᠯ ᠤᠨ ᠲᠤᠭ᠎ᠠ 28.92 % ᠢᠶᠠᠷ ᠪᠠᠭᠤᠷᠠᠵᠤ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ | ᠪᠦᠲᠦᠭᠰᠡᠨ ᠵᠣᠭᠤᠰ ᠤᠨ ᠲᠤᠭ᠎ᠠ 40.93 % ᠪᠠᠷ ᠨᠡᠮᠡᠭᠳᠡᠪᠡ᠃ | ᠡᠭᠦᠨ ᠳᠤ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠬᠤᠭᠤᠷᠣᠨᠳᠣ ᠡᠯ᠎ᠡ ᠲᠥᠷᠥᠯ ᠤᠨ ᠮᠡᠷᠭᠡᠵᠢᠯ ᠤᠨ | ᠰᠣᠯᠢᠯᠴᠠᠭ᠎ᠠ 65 ᠵᠦᠶ᠋ᠯ ᠢ ᠪᠡᠶᠡᠯᠡᠭᠦᠯᠵᠦ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ | 23464.64 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 109.68 | % ᠪᠠ 803.59 % ᠪᠠᠷ ᠨᠡᠮᠡᠭᠳᠡᠪᠡ᠃ | ᠪᠦᠬᠦ ᠣᠷᠣᠨ ᠳᠤ 72 ᠵᠦᠶ᠋ᠯ ᠤᠨ ᠮᠡᠷᠭᠡᠵᠢᠯ ᠬᠦᠷᠭᠡᠵᠦ᠂ 11 ᠮᠣᠵᠢ᠂ ᠬᠤᠲᠠ᠂ ᠥᠪᠡᠷᠲᠡᠭᠡᠨ ᠵᠠᠰᠠᠬᠤ | ᠣᠷᠣᠨ ᠢ ᠨᠥᠯᠥᠭᠡᠯᠡᠪᠡ︔ ᠪᠡᠶᠡᠯᠡᠭᠦᠯᠦᠭᠰᠡᠨ ᠭᠡᠷ᠎ᠡ ᠶᠢᠨ ᠵᠣᠭᠤᠰ ᠤᠨ ᠲᠤᠭ᠎ᠠ 12081.63 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠮᠡᠷᠭᠡᠵᠢᠯ ᠤᠨ ᠵᠦᠶ᠋ᠯ ᠤᠨ ᠲᠤᠭ᠎ᠠ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ 2 ᠳᠠᠬᠢᠨ ᠢᠯᠡᠭᠦᠤ ᠪᠣᠯᠵᠤ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ | ᠵᠣᠭᠤᠰ ᠤᠨ ᠲᠤᠭ᠎ᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3 ᠳᠠᠬᠢᠨ ᠢᠯᠡᠭᠦᠤ ᠪᠣᠯᠵᠠᠶ᠃ | ᠪᠥᠬᠦ ᠣᠷᠣᠨ ᠤ ᠭᠠᠳᠠᠨ᠎ᠠ ᠠᠴᠠ ᠣᠷᠣᠭᠤᠯᠤᠭᠰᠠᠨ ᠮᠡᠷᠭᠡᠵᠢᠯ 814 ᠵᠦᠶ᠋ᠯ ᠪᠠᠶᠢᠵᠤ᠂ ᠭᠤᠤᠯᠳᠠᠭᠤ ᠪᠥᠬᠦ | ᠤᠯᠤᠰ ᠠᠴᠠ 23 ᠮᠣᠵᠢ᠂ ᠬᠤᠲᠠ᠂ ᠥᠪᠡᠷᠲᠡᠭᠡᠨ ᠵᠠᠰᠠᠬᠤ ᠣᠷᠣᠨ ᠵᠢᠴᠢ ᠤᠯᠤᠰ ᠠᠴᠠ ᠭᠠᠳᠠᠭᠠᠳᠤ ᠠᠴᠠ | ᠢᠷᠡᠵᠦ᠂ ᠪᠥᠬᠦ ᠣᠷᠣᠨ ᠳᠤ ᠨᠡᠶᠢᠲᠡ 920360.60 ᠲᠦᠮᠡᠨ ᠲᠥᠭᠦᠷᠢᠭ ᠤᠨ ᠮᠡᠷᠭᠡᠵᠢᠯ ᠤᠨ ᠪᠠᠯᠠ ᠮᠥᠩᠭᠦ | ᠣᠷᠣᠭᠤᠯᠤᠨ᠂ ᠠᠳᠠᠯᠢ ᠬᠤᠭᠤᠴᠠᠭᠠᠨ ᠤ ᠬᠢ ᠠᠴᠠ ᠮᠡᠷᠭᠡᠵᠢᠯ ᠤᠨ ᠵᠦᠶ᠋ᠯ ᠤᠨ ᠲᠤᠭ᠎ᠠ 36.46 % ᠪᠠᠭᠤᠷᠠᠵᠤ᠂ | ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 36.90 % ᠨᠡᠮᠡᠭᠳᠡᠪᠡ᠃ | ᠮᠡᠷᠭᠡᠵᠢᠯ ᠤᠨ ᠰᠣᠯᠢᠯᠴᠠᠭᠠᠨ ᠤ ᠣᠨᠴᠠᠯᠢᠭ᠄ | 1. ᠮᠡᠷᠭᠡᠵᠢᠯ ᠤᠨ ᠭᠡᠷ᠎ᠡ ᠶᠢᠨ ᠲᠥᠷᠥᠯ ᠢᠯᠭᠠᠯ ᠪᠦᠷᠢᠨ | ᠮᠡᠷᠭᠡᠵᠢᠯ ᠤᠨ ᠵᠠᠬ᠎ᠠ ᠳᠡᠯᠭᠡᠭᠦᠷ ᠤᠨ ᠢᠯᠡᠷᠡᠭᠦᠯᠦᠯᠲᠡ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ ᠪᠥᠬᠦ | ᠣᠷᠣᠨ ᠤ ᠭᠡᠷ᠎ᠡ ᠳᠤ ᠠᠷᠠᠯᠵᠢᠶ᠎ᠠ ᠪᠦᠲᠦᠭᠰᠡᠨ 107 ᠵᠦᠶ᠋ᠯ ᠪᠠᠶᠢᠵᠤ᠂ ᠨᠢᠭᠡᠳᠦᠭᠡᠷ ᠲᠤ ᠣᠷᠣᠵᠤ᠂ ᠠᠳᠠᠯᠢ | ᠬᠤᠭᠤᠴᠠᠭᠠᠨ ᠤ ᠬᠢ ᠠᠴᠠ 214.71 % ᠪᠠᠷ ᠨᠡᠮᠡᠭᠳᠡᠨ᠂ ᠪᠥᠬᠦ ᠣᠷᠣᠨ ᠤ ᠳᠡᠭᠡᠷ᠎ᠡ ᠬᠠᠭᠠᠰ ᠵᠢᠯ ᠤᠨ | ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠭᠰᠠᠨ ᠵᠦᠶ᠋ᠯ ᠤᠨ ᠲᠤᠭ᠎ᠠ ᠶᠢᠨ 76.43 % ᠶᠢ | ᠡᠵᠡᠯᠡᠪᠡ︔ ᠮᠡᠷᠭᠡᠵᠢᠯ ᠤᠨ ᠦᠶ᠋ᠯᠡᠴᠢᠯᠡᠭᠡᠨ ᠤ ᠭᠡᠷ᠎ᠡ ᠶᠢᠨ ᠠᠷᠠᠯᠵᠢᠶ᠎ᠠ 21 ᠵᠦᠶ᠋ᠯ ᠪᠠᠶᠢᠵᠤ᠂ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ 21 ᠳᠠᠬᠢᠨ ᠪᠠᠶᠢᠵᠤ᠂ ᠪᠥᠬᠦ ᠣᠷᠣᠨ ᠤ ᠳᠡᠭᠡᠷ᠎ᠡ ᠬᠠᠭᠠᠰ ᠵᠢᠯ ᠤᠨ | ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠭᠰᠠᠨ ᠵᠦᠶ᠋ᠯ ᠤᠨ ᠲᠤᠭ᠎ᠠ ᠶᠢᠨ 15 % ᠶᠢ ᠡᠵᠡᠯᠡᠪᠡ︔ | 10 ᠮᠡᠷᠭᠡᠵᠢᠯ ᠢ ᠭᠡᠷ᠎ᠡ ᠲᠣᠭᠲᠠᠵᠤ᠂ ᠭᠤᠷᠪᠠᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 42.86 | % ᠨᠡᠮᠡᠭᠳᠡᠪᠡ︔ ᠮᠡᠷᠭᠡᠵᠢᠯ ᠤᠨ ᠯᠠᠪᠯᠠᠯᠭ᠎ᠠ ᠶᠢᠨ ᠭᠡᠷ᠎ᠡ ᠶᠢᠨ ᠠᠷᠠᠯᠵᠢᠶ᠎ᠠ 2 ᠵᠦᠶ᠋ᠯ ᠪᠠᠶᠢᠵᠤ᠂ ᠳᠥᠷᠪᠡᠳᠦᠭᠡᠷ ᠲᠤ | ᠣᠷᠣᠵᠤ᠂ ᠪᠦᠬᠦ ᠣᠷᠣᠨ ᠤ ᠳᠡᠭᠡᠷ᠎ᠡ ᠬᠠᠭᠠᠰ ᠵᠢᠯ ᠤᠨ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ | ᠳᠠᠩᠰᠠᠯᠠᠭᠰᠠᠨ ᠵᠦᠶ᠋ᠯ ᠤᠨ ᠲᠤᠭ᠎ᠠ ᠶᠢᠨ 1.43 % ᠶᠢ ᠯᠠ ᠡᠵᠡᠯᠡᠪᠡ᠃ | ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ ᠠᠴᠠ ᠦᠵᠡᠪᠡᠯ᠂ ᠭᠡᠷ᠎ᠡ ᠶᠢᠨ | ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 259 36 ᠲᠦᠮᠡᠨ ᠲᠥᠭᠦᠷᠢᠭ ᠲᠤ ᠬᠦᠷᠴᠦ᠂ ᠨᠢᠭᠡᠳᠦᠭᠡᠷ | ᠪᠠᠶᠢᠷᠢᠨ ᠳᠤ ᠣᠷᠣᠵᠤ᠂ ᠪᠥᠬᠦ ᠣᠷᠣᠨ ᠤ ᠳᠡᠭᠡᠷ᠎ᠡ ᠬᠠᠭᠠᠰ ᠵᠢᠯ ᠤᠨ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ | ᠪᠦᠲᠦᠭᠰᠡᠨ ᠵᠣᠭᠤᠰ ᠤᠨ 56.77 % ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 4 ᠲᠦᠮᠡᠨ ᠲᠥᠭᠦᠷᠢᠭ | ᠨᠡᠮᠡᠭᠳᠡᠪᠡ︔ ᠾᠧᠲ᠋ᠦ᠋ᠩ ᠤᠨ ᠪᠡᠶᠡᠯᠡᠭᠦᠯᠦᠭᠰᠡᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 12816. | 89 ᠲᠦᠮᠡᠨ ᠲᠥᠭᠦᠷᠢᠭ ᠲᠤ ᠬᠦᠷᠴᠦ᠂ ᠾᠧᠲ᠋ᠦ᠋ᠩ ᠳᠤ ᠰᠠᠭᠤᠵᠤ᠂ ᠠᠳᠠᠯᠢ ᠬᠤᠭᠤᠴᠠᠭᠠᠨ ᠤ ᠬᠢ ᠠᠴᠠ 29.29 | % ᠨᠡᠮᠡᠭᠳᠡᠪᠡ︔ ᠮᠡᠷᠭᠡᠵᠢᠯ ᠤᠨ ᠦᠶ᠋ᠯᠡᠴᠢᠯᠡᠭᠡᠨ ᠤ ᠭᠡᠷ᠎ᠡ ᠶᠢᠨ ᠪᠡᠶᠡᠯᠡᠭᠦᠯᠦᠭᠰᠡᠨ ᠭᠡᠷ᠎ᠡ ᠶᠢᠨ ᠵᠣᠭᠤᠰ ᠤᠨ ᠲᠤᠭ᠎ᠠ | 6629.94 ᠲᠦᠮᠡᠨ ᠲᠥᠭᠦᠷᠢᠭ ᠪᠠᠶᠢᠵᠤ᠂ ᠭᠤᠷᠪᠠᠳᠤᠭᠠᠷ ᠲᠤ ᠣᠷᠣᠵᠤ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 530 ᠳᠠᠬᠢᠨ ᠢᠯᠡᠭᠦᠤ ᠪᠣᠯᠪᠠ︔ ᠮᠡᠷᠭᠡᠵᠢᠯ ᠤᠨ ᠯᠠᠪᠯᠠᠯᠭ᠎ᠠ ᠶᠢᠨ ᠭᠡᠷ᠎ᠡ ᠶᠢᠨ ᠠᠷᠠᠯᠵᠢᠶ᠎ᠠ | ᠪᠦᠲᠦᠭᠰᠡᠨ ᠵᠣᠭᠤᠰ ᠤᠨ ᠲᠤᠭ᠎ᠠ 47.67 ᠲᠦᠮᠡᠨ ᠲᠥᠭᠦᠷᠢᠭ ᠲᠤ ᠬᠦᠷᠴᠦ᠂ ᠳᠥᠷᠪᠡᠳᠦᠭᠡᠷ ᠲᠤ ᠣᠷᠣᠵᠤ᠂ | ᠪᠥᠬᠦ ᠣᠷᠣᠨ ᠤ ᠳᠡᠭᠡᠷ᠎ᠡ ᠬᠠᠭᠠᠰ ᠵᠢᠯ ᠤᠨ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ | ᠲᠤᠭ᠎ᠠ ᠶᠢᠨ 0.11 % ᠶᠢ ᠡᠵᠡᠯᠡᠪᠡ᠃ | 2. ᠡᠯ᠎ᠡ ᠠᠶᠢᠮᠠᠭ ᠬᠤᠲᠠ ᠶᠢᠨ ᠭᠠᠳᠠᠭᠰᠢ ᠭᠠᠷᠭᠠᠬᠤ ᠮᠡᠷᠭᠡᠵᠢᠯ ᠲᠡᠩᠴᠡᠭᠦᠷᠢ ᠦᠭᠡᠢ ᠪᠠᠢᠨ᠎ᠠ | 2018 ᠤᠨ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ 8 ᠠᠢᠮᠠᠭ ᠬᠤᠲᠠ ᠶᠢᠨ ᠭᠠᠵᠠᠷ ᠣᠷᠣᠨ ᠤ | ᠭᠠᠷᠭᠠᠬᠤ ᠮᠡᠷᠭᠡᠵᠢᠯ 137 ᠪᠠᠶᠢᠵᠤ᠂ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 35546.17 | ᠲᠦᠮᠡᠨ ᠲᠥᠭᠦᠷᠢᠭ ᠲᠤ ᠬᠦᠷᠴᠦ᠂ ᠲᠤᠰ ᠲᠤᠰ ᠪᠥᠬᠦ ᠣᠷᠣᠨ ᠤ ᠮᠠᠭᠠᠳᠯᠠᠨ ᠲᠣᠭᠲᠠᠭᠠᠬᠤ ᠮᠡᠷᠭᠡᠵᠢᠯ ᠤᠨ | ᠭᠡᠷ᠎ᠡ ᠶᠢᠨ ᠵᠦᠶ᠋ᠯ ᠤᠨ ᠲᠤᠭ᠎ᠠ ᠪᠠ ᠵᠣᠭᠤᠰ ᠤᠨ ᠲᠤᠭ᠎ᠠ ᠶᠢᠨ 97.86 % ᠪᠠ 78.83 % ᠶᠢ ᠡᠵᠡᠯᠡᠪᠡ᠃ | ᠭᠡᠲᠡᠯ᠎ᠡ ᠭᠠᠳᠠᠭᠠᠳᠤ ᠳᠤ ᠭᠠᠷᠭᠠᠬᠤ ᠮᠡᠷᠭᠡᠵᠢᠯ ᠨᠢ ᠮᠡᠷᠭᠡᠵᠢᠯ ᠤᠨ ᠰᠣᠯᠢᠯᠴᠠᠭᠠᠨ ᠤ ᠵᠣᠭᠤᠰ ᠤᠨ ᠲᠤᠭ᠎ᠠ ᠪᠠ ᠡᠮᠦᠨ᠎ᠡ | ᠭᠤᠷᠪᠠ ᠳᠤ ᠤᠷᠤᠭᠰᠠᠨ ᠭᠠᠵᠠᠷ ᠣᠷᠣᠨ ᠨᠢ ᠲᠣᠰ ᠲᠣᠰ ᠬᠥᠬᠡᠬᠤᠲᠠ᠂ ᠤᠯᠠᠭᠠᠨᠬᠠᠳᠠ ᠵᠢᠴᠢ ᠬᠥᠯᠥᠨ ᠪᠤᠶᠢᠷ | ᠪᠣᠯᠤᠨ᠎ᠠ᠃ ᠡᠭᠦᠨ ᠳᠤ᠂ ᠬᠥᠬᠡᠬᠤᠲᠠ ᠣᠷᠣᠨ ᠤ ᠠᠷᠠᠯᠵᠢᠶ᠎ᠠ ᠪᠦᠲᠦᠭᠰᠡᠨ ᠮᠡᠷᠭᠡᠵᠢᠯ ᠤᠨ ᠭᠡᠷ᠎ᠡ ᠶᠢᠨ ᠵᠣᠭᠤᠰ ᠤᠨ | ᠲᠤᠭ᠎ᠠ 31156.92 ᠲᠦᠮᠡᠨ ᠲᠥᠭᠦᠷᠢᠭ ᠪᠠᠶᠢᠵᠤ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ | 12 ᠳᠠᠬᠢᠨ ᠪᠣᠯᠪᠠ︔ ᠡᠨᠡ ᠨᠢ ᠲᠡᠭᠦᠨ ᠤ ᠮᠡᠷᠭᠡᠵᠢᠯ ᠣᠷᠣᠭᠤᠯᠵᠤ ᠠᠪᠴᠢᠷᠠᠭᠰᠠᠨ ᠪᠡᠯᠡ ᠮᠥᠩᠭᠦ ᠶᠢᠨ 1 ᠳᠠᠬᠢᠨ | ᠢᠯᠡᠭᠦᠤ ᠪᠣᠯᠤᠨ᠎ᠠ᠃ ᠤᠯᠠᠭᠠᠨᠬᠠᠳᠠ ᠶᠢᠨ ᠠᠷᠠᠯᠵᠢᠶ᠎ᠠ ᠪᠦᠲᠦᠭᠰᠡᠨ ᠮᠡᠷᠭᠡᠵᠢᠯ ᠤᠨ ᠭᠡᠷ᠎ᠡ ᠶᠢᠨ ᠵᠣᠭᠤᠰ ᠤᠨ ᠲᠤᠭ᠎ᠠ | 1226.20 ᠲᠦᠮᠡᠨ ᠲᠥᠭᠦᠷᠢᠭ᠂ ᠰᠠᠭᠤᠭᠠᠯᠢ ᠠᠷᠠᠳ ᠰᠠᠭᠤᠵᠤ᠂ ᠠᠳᠠᠯᠢ ᠬᠤᠭᠤᠴᠠᠭᠠᠨ ᠤ ᠬᠢ ᠠᠴᠠ 24.36 | % ᠨᠡᠮᠡᠭᠳᠡᠪᠡ︔ ᠲᠡᠭᠦᠨ ᠤ ᠳᠡᠭᠡᠷ᠎ᠡ ᠬᠠᠭᠠᠰ ᠵᠢᠯ ᠳᠤ ᠰᠢᠩᠭᠡᠭᠡᠨ ᠠᠪᠤᠭᠰᠠᠨ ᠦᠭᠡᠢ ᠮᠡᠷᠭᠡᠵᠢᠯ ᠲᠣᠰ ᠭᠠᠵᠠᠷ | ᠣᠷᠣᠨ ᠳᠤ ᠣᠷᠣᠪᠠ᠃ ᠬᠥᠯᠥᠨ ᠪᠤᠶᠢᠷ ᠤᠨ ᠮᠡᠷᠭᠡᠵᠢᠯ ᠤᠨ ᠭᠡᠷ᠎ᠡ ᠲᠣᠭᠲᠠᠭᠰᠠᠨ ᠵᠣᠭᠤᠰ ᠤᠨ ᠲᠤᠭ᠎ᠠ 1118. | 14 ᠲᠦᠮᠡᠨ ᠲᠥᠭᠦᠷᠢᠭ ᠲᠤ ᠬᠦᠷᠴᠦ᠂ ᠭᠤᠷᠪᠠᠳᠤᠭᠠᠷ ᠲᠤ ᠣᠷᠣᠵᠤ᠂ ᠪᠥᠬᠦ ᠣᠷᠣᠨ ᠤ ᠭᠠᠷᠭᠠᠬᠤ ᠮᠡᠷᠭᠡᠵᠢᠯ ᠤᠨ | ᠭᠡᠷ᠎ᠡ ᠲᠣᠭᠲᠠᠭᠰᠠᠨ ᠵᠣᠭᠤᠰ ᠤᠨ 3.15 % ᠶᠢ ᠡᠵᠡᠯᠡᠪᠡ︔ ᠲᠡᠭᠦᠨ ᠤ ᠣᠷᠣᠭᠤᠯᠤᠭᠰᠠᠨ ᠮᠡᠷᠭᠡᠵᠢᠯ ᠤᠨ ᠪᠡᠯᠡ | ᠮᠥᠩᠭᠦ 18.14 ᠲᠦᠮᠡᠨ ᠲᠥᠭᠦᠷᠢᠭ ᠪᠠᠶᠢᠵᠤ᠂ ᠵᠥᠪᠬᠡᠨ ᠲᠡᠭᠦᠨ ᠤ ᠭᠠᠷᠭᠠᠬᠤ ᠮᠡᠷᠭᠡᠵᠢᠯ ᠤᠨ ᠣᠯᠤᠭᠰᠠᠨ | ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ ᠶᠢᠨ 1.62 % ᠢ ᠡᠵᠡᠯᠡᠪᠡ᠃ ᠬᠢᠩᠭᠠᠨ | ᠠᠢᠮᠠᠭ ᠪᠣᠯᠤᠨ ᠴᠢᠪᠠᠭ᠎ᠠ ᠶᠢᠨ ᠭᠠᠵᠠᠷ ᠣᠷᠣᠨ ᠤ ᠳᠡᠭᠡᠷ᠎ᠡ ᠬᠠᠭᠠᠰ ᠵᠢᠯ ᠤᠨ ᠭᠠᠳᠠᠭᠠᠳᠤ ᠳᠤ ᠭᠠᠷᠭᠠᠬᠤ ᠮᠡᠷᠭᠡᠵᠢᠯ ᠨᠢ | 0 ᠵᠦᠶ᠋ᠯ ᠪᠠᠶᠢᠵᠤ᠂ ᠲᠣᠰ ᠲᠣᠰ 1100 ᠲᠦᠮᠡᠨ ᠲᠥᠭᠦᠷᠢᠭ ᠪᠣᠯᠤᠨ 1214.14 ᠲᠦᠮᠡᠨ ᠲᠥᠭᠦᠷᠢᠭ | ᠣᠷᠣᠭᠤᠯᠵᠤ ᠢᠷᠡᠭᠰᠡᠨ ᠪᠠᠶᠢᠨ᠎ᠠ᠃ | 3. ᠮᠡᠷᠭᠡᠵᠢᠯ ᠤᠨ ᠣᠷᠣᠯᠴᠠᠯᠭ᠎ᠠ ᠣᠯᠠᠨ | 2018 ᠤᠨ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠨᠡᠶᠢᠲᠡ 5 ᠲᠥᠷᠥᠯ ᠤᠨ ᠪᠠᠶᠢᠭᠤᠯᠤᠮᠵᠢ | ᠮᠡᠷᠭᠡᠵᠢᠯ ᠤᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠵᠤ᠂ ᠨᠡᠯᠢᠶᠡᠳ ᠬᠥᠭᠵᠢᠶᠡᠨᠲᠡᠶ ᠨᠢ ᠠᠵᠢᠯ ᠦᠢᠯᠡᠰ ᠤᠨ | ᠬᠠᠤᠯᠢ ᠶᠢᠨ ᠡᠷᠬᠡᠲᠡᠨ ᠪᠠ ᠴᠢᠪᠠᠭ᠎ᠠ ᠶᠢᠨ ᠬᠥᠮᠦᠨ ᠪᠣᠯᠤᠨ᠎ᠠ᠃ ᠡᠭᠦᠨ ᠳᠤ᠂ ᠠᠵᠢᠯ ᠦᠢᠯᠡᠰ ᠤᠨ ᠬᠠᠤᠯᠢ ᠶᠢᠨ | ᠡᠷᠬᠡᠲᠡᠨ 75 ᠵᠦᠶ᠋ᠯ ᠤᠨ ᠮᠡᠷᠭᠡᠵᠢᠯ ᠢ ᠠᠷᠠᠯᠵᠢᠶᠠᠯᠠᠵᠤ᠂ ᠨᠢᠭᠡᠳᠦᠭᠡᠷ ᠲᠤ ᠣᠷᠣᠵᠤ᠂ ᠪᠥᠬᠦ ᠣᠷᠣᠨ ᠤ ᠳᠡᠭᠡᠷ᠎ᠡ | ᠬᠠᠭᠠᠰ ᠵᠢᠯ ᠤᠨ ᠮᠡᠷᠭᠡᠵᠢᠯ ᠤᠨ ᠠᠷᠠᠯᠵᠢᠶ᠎ᠠ ᠶᠢᠨ ᠮᠠᠭᠠᠳᠯᠠᠨ ᠲᠣᠭᠲᠠᠭᠠᠵᠤ ᠳᠠᠩᠰᠠᠯᠠᠬᠤ ᠵᠦᠶ᠋ᠯ ᠤᠨ ᠲᠤᠭ᠎ᠠ ᠶᠢᠨ | 53.57 % ᠶᠢ ᠡᠵᠡᠯᠡᠪᠡ︔ ᠪᠥᠬᠦ ᠣᠷᠣᠨ ᠤ ᠳᠡᠭᠡᠷ᠎ᠡ ᠬᠠᠭᠠᠰ ᠵᠢᠯ ᠤᠨ ᠮᠡᠷᠭᠡᠵᠢᠯ ᠤᠨ ᠭᠡᠷ᠎ᠡ ᠶᠢ ᠮᠠᠭᠠᠳᠯᠠᠨ | ᠲᠣᠭᠲᠠᠭᠠᠵᠤ ᠳᠠᠩᠰᠠᠯᠠᠭᠰᠠᠨ ᠵᠣᠭᠤᠰ ᠤᠨ ᠲᠤᠭ᠎ᠠ ᠶᠢᠨ 73.81 % ᠶᠢ ᠡᠵᠡᠯᠡᠪᠡ᠃ | ᠠᠵᠢᠯ ᠦᠢᠯᠡᠰ ᠤᠨ ᠬᠠᠤᠯᠢ ᠶᠢᠨ ᠡᠷᠬᠡᠲᠡᠨ ᠤ ᠳᠣᠲᠣᠷᠠᠬᠢ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠭᠠᠳᠠᠭᠰᠢ ᠭᠠᠷᠭᠠᠬᠤ ᠮᠡᠷᠭᠡᠵᠢᠯ 65 ᠵᠦᠶ᠋ᠯ ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 124.14 % ᠪᠠᠷ ᠨᠡᠮᠡᠭᠳᠡᠪᠡ︔ ᠲᠡᠭᠦᠨ ᠤ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ | ᠲᠤᠭ᠎ᠠ 8936.73 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ | 4 ᠳᠠᠬᠢᠨ ᠢᠯᠡᠭᠦᠤ ᠪᠠᠶᠢᠵᠤ᠂ ᠪᠥᠬᠦ ᠣᠷᠣᠨ ᠤ ᠳᠡᠭᠡᠷ᠎ᠡ ᠬᠠᠭᠠᠰ ᠵᠢᠯ ᠤᠨ ᠮᠡᠷᠭᠡᠵᠢᠯ ᠤᠨ ᠠᠷᠠᠯᠵᠢᠶ᠎ᠠ ᠶᠢᠨ | ᠵᠣᠭᠤᠰ ᠤᠨ ᠲᠤᠭ᠎ᠠ ᠶᠢᠨ 19.82 % ᠢ ᠡᠵᠡᠯᠡᠪᠡ︔ ᠳᠡᠭᠡᠰᠦ ᠵᠡᠷᠭᠡ ᠶᠢᠨ ᠰᠤᠷᠭᠠᠭᠤᠯᠢ 8 ᠵᠦᠶ᠋ᠯ ᠤᠨ ᠮᠡᠷᠭᠡᠵᠢᠯ | ᠭᠠᠷᠭᠠᠵᠤ᠂ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 240.42 ᠲᠦᠮᠡᠨ ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 60 % ᠪᠠ 353.62 % ᠢᠶᠠᠷ ᠨᠡᠮᠡᠭᠳᠡᠪᠡ᠃ | ᠠᠵᠤ ᠠᠬᠤᠶᠢᠯᠠᠯ ᠤᠨ ᠭᠠᠷᠭᠠᠬᠤ ᠮᠡᠷᠭᠡᠵᠢᠯ ᠤᠨ ᠪᠡᠶᠡᠯᠡᠭᠦᠯᠦᠭᠰᠡᠨ ᠭᠡᠷ᠎ᠡ ᠶᠢᠨ ᠵᠣᠭᠤᠰ ᠤᠨ ᠲᠤᠭ᠎ᠠ 33285. | 29 ᠲᠦᠮᠡᠨ ᠲᠥᠭᠦᠷᠢᠭ ᠪᠠᠶᠢᠵᠤ᠂ ᠨᠢᠭᠡᠳᠦᠭᠡᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 160.52 | % ᠢᠶᠠᠷ ᠨᠡᠮᠡᠭᠳᠡᠵᠦ᠂ ᠪᠥᠬᠦ ᠣᠷᠣᠨ ᠤ ᠳᠡᠭᠡᠷ᠎ᠡ ᠬᠠᠭᠠᠰ ᠵᠢᠯ ᠤᠨ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ | ᠳᠠᠩᠰᠠᠯᠠᠭᠰᠠᠨ ᠵᠣᠭᠤᠰ ᠤᠨ ᠲᠤᠭ᠎ᠠ 73.81 % ᠶᠢ ᠡᠵᠡᠯᠡᠪᠡ᠃ ᠡᠭᠦᠨ ᠳᠤ ᠳᠣᠲᠣᠭᠠᠳᠤ ᠪᠡᠯᠡ ᠶᠢᠨ ᠠᠵᠤ | ᠠᠬᠤᠶᠢᠯᠠᠯ ᠤᠨ ᠭᠠᠳᠠᠭᠰᠢ ᠭᠠᠷᠭᠠᠬᠤ ᠮᠡᠷᠭᠡᠵᠢᠯ 53 ᠵᠦᠶ᠋ᠯ ᠪᠠᠶᠢᠵᠤ᠂ ᠭᠡᠷ᠎ᠡ ᠶᠢᠨ ᠠᠷᠠᠯᠵᠢᠶ᠎ᠠ ᠪᠦᠲᠦᠭᠰᠡᠨ | ᠵᠣᠭᠤᠰ ᠤᠨ ᠲᠤᠭ᠎ᠠ 24911.76 ᠲᠦᠮᠡᠨ ᠲᠥᠭᠦᠷᠢᠭ ᠲᠤ ᠬᠦᠷᠴᠦ᠂ ᠲᠣᠰ ᠲᠣᠰ ᠠᠵᠤ ᠠᠬᠤᠶᠢᠯᠠᠯ ᠤᠨ | ᠭᠠᠳᠠᠭᠰᠢ ᠭᠠᠷᠭᠠᠬᠤ ᠮᠡᠷᠭᠡᠵᠢᠯ ᠤᠨ ᠵᠦᠶ᠋ᠯᠡᠰ ᠤᠨ ᠲᠤᠭ᠎ᠠ ᠪᠣᠯᠤᠨ ᠠᠷᠠᠯᠵᠢᠶ᠎ᠠ ᠪᠦᠲᠦᠭᠰᠡᠨ ᠵᠣᠭᠤᠰ ᠤᠨ | ᠲᠤᠭ᠎ᠠ ᠶᠢᠨ 92.98 % ᠪᠠ 74.84 % ᠶᠢ ᠡᠵᠡᠯᠡᠵᠦ᠂ ᠠᠵᠤ ᠠᠬᠤᠶᠢᠯᠠᠯ ᠤᠨ ᠲᠥᠷᠥᠯ ᠢᠯᠭᠠᠯ ᠤᠨ | ᠨᠢᠭᠡᠳᠦᠭᠡᠷ ᠪᠠᠶᠢᠷᠢ ᠶᠢ ᠡᠵᠡᠯᠡᠪᠡ᠃ | ᠤᠯᠤᠰ ᠠᠴᠠ ᠭᠠᠳᠠᠨᠠᠬᠢ 3 ᠵᠦᠢᠯ ᠤᠨ ᠮᠡᠷᠭᠡᠵᠢᠯ ᠢ ᠣᠷᠣᠭᠤᠯᠤᠨ ᠠᠪᠴᠢᠷᠠᠵᠤ᠂ 9547.69 ᠲᠦᠮᠡᠨ | ᠲᠥᠭᠦᠷᠢᠭ ᠤᠨ ᠪᠡᠯᠡ ᠣᠷᠣᠭᠤᠯᠵᠤ᠂ ᠲᠣᠰ ᠲᠣᠰ ᠠᠵᠤ ᠠᠬᠤᠶᠢᠯᠠᠯ ᠤᠨ ᠮᠡᠷᠭᠡᠵᠢᠯ ᠤᠨ ᠰᠣᠯᠢᠯᠴᠠᠭᠠᠨ ᠤ | ᠬᠡᠮᠵᠢᠶ᠎ᠡ ᠶᠢᠨ 5.26 % ᠪᠠ 28.68 % ᠶᠢ ᠡᠵᠡᠯᠡᠪᠡ᠃ | 4. ᠮᠡᠷᠭᠡᠵᠢᠯ ᠤᠨ ᠬᠦᠷᠢᠶᠡᠨ ᠤ ᠬᠤᠯᠪᠣᠭᠳᠠᠯ ᠥᠷᠭᠡᠨ | 2018 ᠤᠨ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠨᠡᠶᠢᠲᠡ 9 ᠲᠥᠷᠥᠯ ᠤᠨ ᠮᠡᠷᠭᠡᠵᠢᠯ ᠤᠨ ᠬᠦᠷᠢᠶ᠎ᠡ | ᠴᠠᠷᠠᠭ᠎ᠠ ᠶᠢ ᠮᠡᠷᠭᠡᠵᠢᠯ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠳᠤ ᠣᠷᠣᠭᠤᠯᠪᠠ᠃ ᠲᠠᠷᠢᠶᠠᠯᠠᠩ ᠤᠨ | ᠬᠦᠷᠢᠶᠡᠨ ᠳᠠᠬᠢ ᠮᠡᠷᠭᠡᠵᠢᠯ ᠤᠨ ᠰᠣᠯᠢᠯᠴᠠᠭᠠᠨ ᠤ ᠵᠣᠭᠤᠰᠣᠨ ᠲᠤᠭ᠎ᠠ 11446.52 ᠲᠦᠮᠡᠨ ᠲᠥᠭᠦᠷᠢᠭ ᠲᠤ | ᠬᠦᠷᠴᠦ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 131 ᠳᠠᠬᠢᠨ ᠢᠯᠡᠭᠦᠤ ᠪᠠᠶᠢᠵᠤ᠂ ᠪᠥᠬᠦ | ᠣᠷᠣᠨ ᠤ ᠳᠡᠭᠡᠷ᠎ᠡ ᠬᠠᠭᠠᠰ ᠵᠢᠯ ᠤᠨ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠭᠰᠠᠨ ᠵᠣᠭᠤᠰᠣᠨ | ᠲᠤᠭ᠎ᠠ ᠶᠢᠨ 25.38 % ᠶᠢ ᠡᠵᠡᠯᠡᠪᠡ︔ ᠲᠡᠷᠢᠭᠦᠨ ᠤ ᠦᠶ᠋ᠯᠡᠳᠬᠦ ᠬᠦᠷᠢᠶᠡᠨ ᠳᠠᠬᠢ ᠠᠷᠠᠯᠵᠢᠶ᠎ᠠ 8613.55 | ᠲᠦᠮᠡᠨ ᠲᠥᠭᠦᠷᠢᠭ ᠪᠠᠶᠢᠵᠤ᠂ ᠰᠠᠭᠤᠭᠠᠯᠢ ᠠᠷᠠᠳ ᠤᠨ ᠠᠮᠢᠳᠤᠷᠠᠯ ᠰᠠᠶᠢᠵᠢᠷᠠᠵᠤ᠂ ᠠᠳᠠᠯᠢ | ᠬᠤᠭᠤᠴᠠᠭᠠᠨ ᠤ ᠬᠢ ᠠᠴᠠ 40.28 % ᠨᠡᠮᠡᠭᠳᠡᠵᠦ᠂ ᠪᠥᠬᠦ ᠣᠷᠣᠨ ᠤ ᠳᠡᠭᠡᠷ᠎ᠡ ᠬᠠᠭᠠᠰ ᠵᠢᠯ ᠤᠨ ᠮᠡᠷᠭᠡᠵᠢᠯ ᠤᠨ | ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠭᠰᠠᠨ ᠵᠣᠭᠤᠰ ᠤᠨ 19.10 % ᠶᠢ ᠡᠵᠡᠯᠡᠪᠡ︔ ᠠᠭᠠᠷ ᠤᠨ ᠠᠶᠠᠯᠠᠯ | ᠰᠠᠨᠰᠠᠷ ᠤᠨ ᠠᠶᠠᠯᠠᠯ ᠤᠨ ᠬᠦᠷᠢᠶᠡᠨ ᠳᠠᠬᠢ ᠠᠷᠠᠯᠵᠢᠶ᠎ᠠ 8527.40 ᠲᠦᠮᠡᠨ ᠲᠥᠭᠦᠷᠢᠭ ᠲᠤ ᠬᠦᠷᠴᠦ᠂ | ᠭᠤᠷᠪᠠᠳᠤᠭᠠᠷ ᠲᠤ ᠣᠷᠣᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 473 ᠳᠠᠬᠢᠨ ᠢᠯᠡᠭᠦᠤ | ᠪᠣᠯᠪᠠ᠃ | 5. ᠮᠡᠳᠡᠯᠭᠡ ᠶᠢᠨ ᠥᠮᠴᠢᠯᠡᠬᠦ ᠡᠷᠬᠡ ᠶᠢᠨ ᠮᠡᠷᠭᠡᠵᠢᠯ ᠤᠨ ᠠᠷᠠᠯᠵᠢᠶ᠎ᠠ ᠲᠦᠷᠭᠡᠨ ᠳᠡᠭᠡᠭᠰᠢᠯᠡᠵᠦ ᠪᠠᠢᠨ᠎ᠠ | 2018 ᠤᠨ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠮᠡᠳᠡᠯᠭᠡ ᠶᠢᠨ ᠥᠮᠴᠢᠯᠡᠬᠦ ᠡᠷᠬᠡ 5 ᠲᠥᠷᠥᠯ ᠳᠤ | ᠬᠤᠯᠪᠣᠭᠳᠠᠵᠤ᠂ ᠲᠤᠰ ᠲᠤᠰ ᠮᠡᠷᠭᠡᠵᠢᠯ ᠤᠨ ᠨᠢᠭᠤᠴᠠ᠂ ᠲᠤᠰᠬᠠᠶ ᠠᠰᠢᠭ᠂ ᠺᠣᠮᠫᠢᠦ᠋ᠲ᠋ᠧᠷ ᠤᠨ ᠵᠥᠭᠡᠯᠡᠨ | ᠬᠡᠷᠡᠭᠰᠡᠯ ᠤᠨ ᠵᠣᠬᠢᠶᠠᠯ ᠪᠦᠲᠦᠭᠡᠯ ᠤᠨ ᠡᠷᠬᠡ᠂ ᠤᠷᠭᠤᠮᠠᠯ ᠰᠢᠨ᠎ᠡ ᠲᠥᠷᠥᠯ ᠵᠦᠶ᠋ᠯ ᠵᠢᠴᠢ ᠠᠮᠢᠳᠤ ᠪᠣᠳᠠᠰ ᠤᠨ ᠡᠮ | ᠡᠮᠨᠡᠯᠭᠡ ᠶᠢᠨ ᠰᠢᠨ᠎ᠡ ᠲᠥᠷᠥᠯ ᠵᠦᠶ᠋ᠯ ᠪᠠᠶᠢᠵᠤ᠂ 63 ᠵᠦᠶ᠋ᠯ ᠤᠨ ᠮᠡᠷᠭᠡᠵᠢᠯ ᠢ ᠵᠥᠪᠳᠡᠯᠴᠡᠨ᠂ ᠭᠡᠷ᠎ᠡ ᠶᠢᠨ | ᠵᠣᠭᠤᠰ ᠤᠨ ᠲᠤᠭ᠎ᠠ ᠶᠢ 34399.72 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ | 142.31 % ᠪᠠ 164.16 % ᠪᠠᠷ ᠨᠡᠮᠡᠭᠳᠡᠨ᠂ ᠲᠤᠰ ᠲᠤᠰ ᠪᠥᠬᠦ ᠣᠷᠣᠨ ᠤ ᠳᠡᠭᠡᠷ᠎ᠡ ᠬᠠᠭᠠᠰ ᠵᠢᠯ ᠤᠨ | ᠮᠠᠭᠠᠳᠯᠠᠨ ᠲᠣᠭᠲᠠᠭᠠᠵᠤ ᠳᠠᠩᠰᠠᠯᠠᠨ ᠲᠡᠮᠳᠡᠭᠯᠡᠭᠰᠡᠨ ᠮᠡᠷᠭᠡᠵᠢᠯ ᠤᠨ ᠭᠡᠷ᠎ᠡ ᠶᠢᠨ ᠠᠷᠠᠯᠵᠢᠶᠠᠯᠠᠬᠤ ᠵᠦᠶ᠋ᠯ ᠤᠨ ᠲᠤᠭ᠎ᠠ | ᠪᠠ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ ᠶᠢᠨ 45 % ᠪᠠ 76.28 % ᠶᠢ ᠡᠵᠡᠯᠡᠪᠡ᠃ ᠡᠭᠦᠨ ᠳᠤ | ᠲᠤᠰᠬᠠᠶ ᠠᠰᠢᠭ ᠤᠨ ᠮᠡᠷᠭᠡᠵᠢᠯ ᠤᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ ᠨᠢᠭᠡᠳᠦᠭᠡᠷ ᠲᠤ ᠣᠷᠣᠵᠤ᠂ | 14240.00 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 218.8 % ᠪᠠᠷ | ᠨᠡᠮᠡᠭᠳᠡᠪᠡ᠃ | 6. ᠡᠯ᠎ᠡ ᠠᠶᠢᠮᠠᠭ ᠬᠤᠲᠠ ᠶᠢᠨ ᠮᠠᠭᠠᠳᠯᠠᠨ ᠲᠣᠭᠲᠠᠭᠠᠵᠤ ᠳᠠᠩᠰᠠᠯᠠᠭᠤᠯᠤᠭᠰᠠᠨ ᠬᠡᠮᠵᠢᠶ᠎ᠡ ᠨᠢ ᠲᠣᠭᠲᠠᠪᠤᠷᠢ | ᠦᠭᠡᠢ ᠪᠠᠢᠨ᠎ᠠ | 2018 ᠤᠨ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ 12 ᠠᠶᠢᠮᠠᠭ ᠬᠤᠲᠠ ᠶᠢᠨ ᠮᠡᠷᠭᠡᠵᠢᠯ ᠤᠨ ᠵᠠᠬ᠎ᠠ | ᠳᠡᠯᠭᠡᠭᠦᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠡᠯ᠎ᠡ ᠲᠥᠷᠥᠯ ᠤᠨ ᠮᠡᠷᠭᠡᠵᠢᠯ ᠤᠨ ᠭᠡᠷ᠎ᠡ ᠶᠢ ᠨᠡᠶᠢᠲᠡ 140 | ᠵᠦᠶ᠋ᠯ ᠮᠠᠭᠠᠳᠯᠠᠨ ᠳᠠᠩᠰᠠᠯᠠᠵᠤ᠂ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 45093.86 ᠲᠦᠮᠡᠨ | ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 133.33 ᠪᠠ 197.64 % ᠪᠠᠷ | ᠨᠡᠮᠡᠭᠳᠡᠪᠡ᠃ ᠡᠭᠦᠨ ᠳᠤ 10 ᠠᠶᠢᠮᠠᠭ ᠬᠤᠲᠠ ᠨᠢ ᠮᠡᠷᠭᠡᠵᠢᠯ ᠤᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠵᠤ᠂ | ᠦᠬᠠᠶ ᠪᠣᠯᠤᠨ ᠰᠢᠯᠢ ᠶᠢᠨ ᠭᠤᠤᠯ ᠠᠢᠮᠠᠭ ᠤᠨ ᠬᠤᠭᠤᠷᠣᠨᠳᠣ ᠮᠡᠷᠭᠡᠵᠢᠯ ᠤᠨ ᠰᠣᠯᠢᠯᠴᠠᠭᠠᠨ ᠤ ᠠᠵᠢᠯᠯᠠᠭ᠎ᠠ | ᠭᠠᠷᠤᠭᠰᠠᠨ ᠥᠬᠡᠶ᠃ |