2019 ᠤᠨ ᠥᠪᠡᠷᠲᠡᠭᠡᠨ ᠵᠠᠰᠠᠬᠤ ᠣᠷᠣᠨ ᠤ ᠲᠡᠬᠡᠲᠤ ᠰᠢᠨ᠎ᠡ ᠮᠡᠷᠭᠡᠵᠢᠯ ᠤᠨ ᠠᠵᠤ ᠠᠬᠤᠢᠯᠠᠯ ᠤᠨ | ᠪᠣᠯᠪᠠᠰᠤᠷᠠᠯ ᠤᠨ ᠬᠤᠷᠠᠯ ︵ᠪᠤᠭᠤᠲᠤ ᠶᠢᠨ ᠲᠤᠰᠬᠠᠶ ᠲᠠᠯᠠᠪᠠᠢ︶ ᠡᠷᠬᠢᠯᠡᠪᠡ | 8 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠲᠢᠩᠬᠢᠮ ᠠᠴᠠ ᠭᠤᠤᠯᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯᠪᠠᠮᠪᠠᠷ ᠤᠨ | ᠲᠥᠪ ᠪᠣᠯᠤᠨ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠮᠲᠤᠪᠠᠷ ᠳᠠᠭᠠᠭᠠᠨ | ᠡᠷᠬᠢᠯᠡᠭᠰᠡᠨ 2019 ᠤᠨ ᠥᠪᠡᠷᠲᠡᠭᠡᠨ ᠵᠠᠰᠠᠬᠤ ᠣᠷᠣᠨ ᠤ ᠳᠡᠭᠡᠰᠦ ᠰᠢᠨ᠎ᠡ ᠮᠡᠷᠭᠡᠵᠢᠯ ᠤᠨ ᠠᠵᠤ ᠠᠬᠤᠢᠯᠠᠯ ᠤᠨ | ᠪᠣᠯᠪᠠᠰᠤᠷᠠᠯ ᠤᠨ ᠬᠤᠷᠠᠯ ︵ᠪᠤᠭᠤᠲᠤ ᠬᠤᠲᠠ ᠶᠢᠨ ᠲᠤᠰᠬᠠᠶ ᠲᠠᠯᠠᠪᠤᠷ︶ ᠬᠤᠪᠣᠷ ᠰᠢᠷᠣᠶ ᠶᠢᠨ ᠲᠣᠮᠣ ᠠᠰᠠᠷ ᠲᠤ | ᠠᠮᠵᠢᠯᠲᠠ ᠲᠠᠢ ᠶᠠᠪᠤᠭᠳᠠᠵᠤ᠂ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ | ᠰᠢᠰᠲ᠋ᠧᠮ᠂ ᠡᠯ᠎ᠡ ᠬᠤᠰᠢᠭᠤ ᠰᠢᠶᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠤᠨ | ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠪᠤᠭᠤᠲᠤ ᠬᠤᠲᠠ ᠶᠢᠨ ᠳᠡᠭᠡᠰᠦ ᠰᠢᠨ᠎ᠡ ᠮᠡᠷᠭᠡᠵᠢᠯ ᠤᠨ ᠠᠵᠤ | ᠠᠬᠤᠢᠯᠠᠯ ᠤᠨ ᠬᠠᠷᠢᠭᠤᠴᠠᠯᠭᠠᠲᠠᠨ ᠵᠢᠴᠢ ᠲᠤᠬᠠᠶᠢᠯᠠᠭᠰᠠᠨ ᠠᠵᠢᠯ ᠶᠢᠨ ᠭᠤᠤᠯᠴᠢᠯᠠᠨ ᠬᠠᠮᠢᠶᠠᠷᠤᠭᠴᠢ ᠶᠢ ᠨᠡᠶᠢᠲᠡ | 130 ᠭᠠᠷᠤᠶ ᠬᠥᠮᠦᠨ ᠲᠤᠰ ᠤᠳᠠᠭ᠎ᠠ ᠶᠢᠨ ᠪᠣᠯᠪᠠᠰᠤᠷᠠᠯ ᠳᠤ ᠣᠷᠣᠯᠴᠠᠵᠤ᠂ ᠪᠤᠭᠤᠲᠤ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠵᠢᠩ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠭᠠᠯ ᠪᠠᠮᠪᠠᠷ ᠤᠨ | ᠲᠥᠪ ᠤᠨ ᠲᠡᠬᠡᠲᠤ ᠰᠢᠨ᠎ᠡ ᠮᠡᠷᠭᠡᠵᠢᠯ ᠤᠨ ᠦᠶ᠋ᠯᠡᠴᠢᠯᠡᠭᠡᠨ ᠤ ᠬᠡᠯᠲᠡᠰ ᠤᠨ ᠳᠡᠳ᠋ ᠳᠠᠷᠤᠭ᠎ᠠ ᠤᠯᠠᠭᠠᠨᠲᠤᠶᠠᠭ᠎ᠠ ᠳᠡᠭᠡᠰᠦ | ᠰᠢᠨ᠎ᠡ ᠮᠡᠷᠭᠡᠵᠢᠯ ᠤᠨ ᠠᠵᠤ ᠠᠬᠤᠢᠯᠠᠯ ᠢ ᠮᠠᠭᠠᠳᠯᠠᠨ ᠲᠣᠭᠲᠠᠭᠠᠬᠤ ᠲᠥᠷᠥ ᠶᠢᠨ ᠪᠣᠳᠣᠯᠭ᠎ᠠ᠂ ᠭᠤᠶᠤᠴᠢᠯᠠᠨ | ᠮᠡᠳᠡᠭᠦᠯᠬᠦ ᠲᠥᠷᠥ ᠶᠢᠨ ᠪᠣᠳᠣᠯᠭ᠎ᠠ ᠶᠢ ᠲᠠᠨᠢᠯᠴᠠᠭᠤᠯᠪᠠ︔ ᠥᠪᠥᠷ ᠮᠣᠩᠭᠤᠯ ᠤᠨ ᠭᠠᠯ ᠪᠠᠮᠪᠠᠷ ᠳᠡᠭᠡᠰᠦ | ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠬᠦ ᠲᠥᠪ ᠤᠨ ᠲᠤᠬᠠᠶᠢᠯᠠᠭᠰᠠᠨ ᠠᠵᠢᠯ ᠶᠢᠨ ᠭᠤᠷᠪᠠᠳᠤᠭᠠᠷ | ᠬᠡᠯᠲᠡᠰ ᠤᠨ ᠳᠠᠷᠤᠭ᠎ᠠ ᠵᠤᠤ ᠰᠦᠩ ᠪᠥᠸᠧ ᠰᠢᠰᠲ᠋ᠧᠮ ᠲᠡᠬᠡᠲᠤ ᠰᠢᠨ᠎ᠡ ᠮᠡᠷᠭᠡᠵᠢᠯ ᠤᠨ ᠠᠵᠤ ᠠᠬᠤᠢᠯᠠᠯ ᠢ | ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠵᠢᠯ ᠶᠢᠨ ᠰᠦᠯᠵᠢᠶᠡᠨ ᠤ ᠠᠵᠢᠯ ᠶᠢᠨ ᠰᠢᠰᠲ᠋ᠧᠮ ᠤᠨ ᠠᠵᠢᠯᠯᠠᠬᠤ | ᠭᠠᠷ ᠳᠡᠪᠲᠡᠷ ᠢ ᠠᠭᠤᠳᠠᠯᠪᠠ︔ ᠵᠢᠩᠬᠢᠨᠢ ᠳᠡᠭᠡᠰᠦ ᠵᠡᠷᠭᠡ ᠶᠢᠨ ᠨᠢᠭᠲᠠᠯᠠᠨ ᠪᠣᠳᠣᠭᠴᠢ᠂ ᠳᠠᠩᠰᠠᠯᠠᠭᠤᠯᠤᠭᠰᠠᠨ | ᠭᠠᠶᠢᠯᠢ ᠶᠢᠨ ᠶᠠᠪᠤᠳᠠᠯ ᠤᠨ ᠮᠡᠷᠭᠡᠵᠢᠯᠲᠡᠨ ᠱᠢ ᠵᠢᠶᠠᠨ ᠴᠤᠤ ᠲᠤᠰᠬᠠᠶ ᠵᠦᠢᠯ ᠤᠨ ᠬᠢᠨᠠᠨ ᠪᠣᠳᠣᠯᠲᠠ ᠵᠢᠴᠢ | ᠰᠤᠳᠤᠯᠤᠨ ᠨᠡᠭᠡᠭᠡᠬᠦ ᠵᠠᠷᠤᠳᠠᠯ ᠢ ᠨᠠᠷᠢᠨ ᠨᠢᠮᠪᠠᠶ ᠨᠡᠮᠡᠵᠡᠶ᠃ | ᠸᠠᠩ ᠵᠢᠩ ᠬᠤᠷᠠᠯ ᠳᠤ ᠣᠷᠣᠯᠴᠠᠭᠰᠠᠨ ᠠᠵᠤ ᠠᠬᠤᠢᠯᠠᠯ ᠤᠨ ᠬᠠᠷᠢᠭᠤᠴᠠᠯᠭᠠᠲᠠᠨ ᠪᠣᠯᠤᠨ ᠲᠤᠬᠠᠶᠢᠯᠠᠭᠰᠠᠨ | ᠠᠵᠢᠯ ᠶᠢᠨ ᠭᠤᠤᠯᠯᠠᠨ ᠬᠠᠮᠢᠶᠠᠷᠤᠭᠴᠢ ᠳᠤ ᠲᠡᠬᠡᠲᠤ ᠰᠢᠨ᠎ᠡ ᠮᠡᠷᠭᠡᠵᠢᠯ ᠤᠨ ᠠᠵᠤ ᠠᠬᠤᠢᠯᠠᠯ ᠤᠨ ᠠᠵᠤ | ᠠᠬᠤᠢᠯᠠᠯ ᠤᠨ ᠬᠥᠭᠵᠢᠯᠲᠡ ᠳᠤ ᠬᠦᠴᠦ ᠨᠡᠮᠡᠷᠢᠯᠡᠬᠦ ᠲᠠᠯ᠎ᠠ ᠪᠠᠷ ᠬᠢ ᠰᠠᠶᠢᠨ ᠲᠠᠢ ᠲᠠᠯ᠎ᠠ ᠪᠣᠯᠤᠨ ᠴᠢᠬᠤᠯᠠ ᠴᠢᠨᠠᠷ᠂ | ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠬᠤᠲᠠ ᠶᠢᠨ ᠳᠡᠭᠡᠰᠦ ᠰᠢᠨ᠎ᠡ ᠮᠡᠷᠭᠡᠵᠢᠯ ᠤᠨ ᠠᠵᠤ | ᠠᠬᠤᠢᠯᠠᠯ ᠢ ᠪᠤᠶᠢᠵᠢᠭᠤᠯᠵᠤ ᠮᠠᠭᠠᠳᠯᠠᠨ ᠲᠣᠭᠲᠠᠭᠠᠬᠤ ᠶᠢ ᠳᠡᠮᠵᠢᠬᠦ ᠲᠥᠷᠥ ᠶᠢᠨ ᠪᠣᠳᠣᠯᠭ᠎ᠠ ᠵᠢᠴᠢ ᠮᠠᠨ ᠤ | ᠬᠤᠲᠠ ᠶᠢᠨ ᠲᠡᠬᠡᠲᠤ ᠰᠢᠨ᠎ᠡ ᠮᠡᠷᠭᠡᠵᠢᠯ ᠤᠨ ᠠᠵᠤ ᠠᠬᠤᠢᠯᠠᠯ ᠤᠨ ᠣᠳᠣᠬᠢ ᠪᠠᠶᠢᠳᠠᠯ ᠢ ᠭᠤᠤᠯᠳᠠᠯᠭ᠎ᠠ ᠲᠠᠢ | ᠲᠠᠨᠢᠯᠴᠠᠭᠤᠯᠵᠤ᠂ ᠠᠵᠤ ᠠᠬᠤᠢᠯᠠᠯ ᠤᠨ ᠤᠯᠤᠰ ᠠᠴᠠ ᠲᠠᠰ ᠤᠨ ᠳᠡᠭᠡᠰᠦ ᠰᠢᠨ᠎ᠡ ᠮᠡᠷᠭᠡᠵᠢᠯ ᠤᠨ ᠠᠵᠤ | ᠠᠬᠤᠢᠯᠠᠯ ᠢᠶᠠᠷ ᠮᠠᠭᠠᠳᠯᠠᠨ ᠲᠣᠭᠲᠠᠭᠠᠯᠭᠠᠬᠤ ᠪᠠᠷ ᠢᠳᠡᠪᠬᠢᠲᠡᠶ ᠮᠡᠳᠡᠭᠦᠯᠬᠦ ᠶᠢ ᠵᠣᠷᠢᠭᠵᠢᠭᠤᠯᠪᠠ᠃ | ᠪᠣᠯᠪᠠᠰᠤᠷᠠᠯ ᠳᠤ ᠣᠷᠣᠯᠴᠠᠭᠰᠠᠨ ᠠᠵᠤ ᠠᠬᠤᠢᠯᠠᠯ ᠪᠣᠯᠪᠠᠰᠤᠷᠠᠯ ᠬᠢᠭᠰᠡᠨ ᠤ ᠳᠠᠷᠠᠭ᠎ᠠ᠂ ᠲᠤᠰ ᠤᠳᠠᠭ᠎ᠠ ᠶᠢᠨ | ᠪᠣᠯᠪᠠᠰᠤᠷᠠᠯ ᠨᠢ ᠠᠵᠤ ᠠᠬᠤᠢᠯᠠᠯ ᠢ ᠬᠠᠪᠰᠤᠷᠤᠨ ᠲᠠᠨᠢᠯᠲᠠ ᠶᠢ ᠨᠢ ᠳᠡᠭᠡᠭᠰᠢᠯᠡᠭᠦᠯᠵᠦ᠂ ᠠᠵᠢᠯ ᠢ ᠨᠢ | ᠲᠡᠭᠦᠯᠳᠡᠷᠵᠢᠭᠦᠯᠵᠦ᠂ ᠠᠵᠤ ᠠᠬᠤᠢᠯᠠᠯ ᠤᠨ ᠮᠡᠳᠡᠭᠦᠯᠬᠦ ᠮᠠᠲ᠋ᠧᠷᠢᠶᠠᠯ ᠤᠨ ᠶᠠᠰᠤ ᠴᠢᠨᠠᠷ ᠢ ᠪᠦᠲᠦᠮᠵᠢᠲᠡᠶ | ᠳᠡᠭᠡᠭᠰᠢᠯᠡᠭᠦᠯᠵᠦ᠂ ᠠᠵᠤ ᠠᠬᠤᠢᠯᠠᠯ ᠤᠨ ᠲᠡᠬᠡᠲᠤ ᠰᠢᠨ᠎ᠡ ᠮᠡᠷᠭᠡᠵᠢᠯ ᠤᠨ ᠠᠵᠤ ᠠᠬᠤᠢᠯᠠᠯ ᠤᠨ ᠮᠠᠭᠠᠳᠯᠠᠨ | ᠲᠣᠭᠲᠠᠭᠠᠬᠤ᠂ ᠳᠠᠬᠢᠨ ᠬᠢᠨᠠᠬᠤ ᠠᠵᠢᠯ ᠢᠶᠠᠷ ᠤᠷᠤᠭᠰᠢᠲᠠᠶ ᠥᠩᠭᠡᠷᠡᠬᠦ ᠳᠤ ᠴᠢᠬᠤᠯᠠ ᠦᠶ᠋ᠯᠡᠳᠦᠯ ᠦᠵᠡᠭᠦᠯᠬᠦ | ᠪᠣᠯᠤᠨ᠎ᠠ ᠭᠡᠵᠦ ᠢᠯᠡᠳᠬᠡᠵᠡᠭᠡᠪᠡ᠃ | ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠴᠤ ᠬᠤᠶᠢᠰᠢᠳᠠ ᠶᠢᠨ ᠠᠵᠢᠯ | ᠳᠤᠮᠳᠠ ᠪᠠᠨ ᠲᠡᠬᠡᠲᠤ ᠰᠢᠨ᠎ᠡ ᠮᠡᠷᠭᠡᠵᠢᠯ ᠤᠨ ᠠᠵᠤ ᠠᠬᠤᠢᠯᠠᠯ ᠤᠨ ᠭᠤᠶᠤᠴᠢᠯᠠᠨ ᠮᠡᠳᠡᠭᠦᠯᠵᠦ ᠮᠠᠭᠠᠳᠯᠠᠨ | ᠲᠣᠭᠲᠠᠭᠠᠬᠤ ᠪᠠ ᠬᠠᠮᠢᠶᠠᠷᠬᠤ ᠳᠤ ᠨᠡᠩ ᠰᠠᠶᠢᠨ ᠬᠠᠪᠰᠤᠷᠤᠯᠭ᠎ᠠ ᠪᠠ ᠦᠢᠯᠡᠴᠢᠯᠡᠭᠡ ᠬᠠᠩᠭᠠᠵᠤ᠂ ᠮᠠᠨ ᠤ | ᠬᠤᠲᠠ ᠶᠢᠨ ᠲᠡᠬᠡᠲᠤ ᠰᠢᠨ᠎ᠡ ᠮᠡᠷᠭᠡᠵᠢᠯ ᠤᠨ ᠠᠵᠤ ᠠᠬᠤᠢᠯᠠᠯ ᠤᠨ ᠮᠠᠭᠠᠳᠯᠠᠨ ᠲᠣᠭᠲᠠᠭᠠᠬᠤ ᠪᠠ ᠬᠠᠮᠢᠶᠠᠷᠬᠤ | ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠪᠣᠯᠤᠨ᠎ᠠ᠃ |