ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠯᠲᠡ ᠳᠠᠬᠢ ︽ᠭᠠᠭᠴᠠ ᠥᠭᠦᠯᠡᠯ︾ ᠤᠨ ᠮᠠᠭᠤ ᠤᠳᠤᠷᠢᠳᠤᠮᠵᠢ ᠶᠢ | ᠡᠪᠲᠡᠬᠦ ᠲᠤᠬᠠᠶ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠲᠥᠷᠥᠯ ᠵᠦᠶ᠋ᠯ ᠢ ᠬᠢᠨᠠᠨ ᠲᠣᠭᠲᠠᠭᠠᠬᠤ᠂ ᠴᠢᠳᠠᠪᠤᠷᠢᠲᠠᠨ ᠢ | ᠦᠨᠡᠯᠡᠬᠦ᠂ ᠪᠠᠶᠢᠭᠤᠯᠤᠮᠵᠢ ᠶᠢ ᠦᠨᠡᠯᠡᠨ ᠵᠢᠱᠢᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾᠂ ︽ | ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ ᠰᠤᠷᠲᠠᠯ ᠢ ᠴᠢᠩᠬᠠᠳᠬᠠᠬᠤ | ᠪᠠ ᠰᠤ ᠷᠤᠯᠴᠠᠬᠤ ᠰᠤᠷᠲᠠᠯ ᠤᠨ ᠪᠠᠶᠢᠭᠤᠯᠤᠯᠲᠠ ᠶᠢ ᠴᠢᠩᠬᠠᠳᠬᠠᠬᠤ ᠲᠤᠬᠠᠶ ᠰᠠᠨᠠᠯ︾ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢ ᠦᠨᠡᠯᠡᠬᠦ ᠰᠢᠰᠲ᠋ᠧᠮ ᠢ ᠰᠠᠶᠢᠵᠢᠷᠠᠭᠤᠯᠬᠤ ᠶᠢᠨ ᠲᠥᠯᠥᠭᠡ᠂ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶ᠋ᠯ᠂ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ᠲᠥᠪ ᠤᠨ ᠲᠠᠰ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯ ᠦᠶ᠋ᠯᠡᠰ ᠤᠨ ᠨᠢᠭᠡᠴᠡ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ᠂ | ᠰᠢᠨ᠎ᠡ ᠶᠢ ᠡᠭᠦᠳᠬᠦ ᠴᠢᠳᠠᠪᠤᠷᠢᠲᠠᠨ ᠢ ᠠᠬᠢᠭᠤᠯᠬᠤ ᠲᠥᠯᠥᠪᠯᠡᠭᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ | ᠦᠨᠡᠯᠡᠯᠲᠡ ᠳᠤ ᠥᠭᠦᠯᠡᠯ ᠤᠨ ᠲᠤᠭ᠎ᠠ ᠬᠡᠮᠵᠢᠶᠡᠨ ᠤ ᠣᠯᠠᠨ ᠴᠥᠭᠡᠨ ᠢ ᠬᠡᠲᠦᠷᠬᠡᠶ ᠴᠢᠬᠤᠯᠠᠴᠢᠯᠠᠵᠤ᠂ | ᠨᠥᠯᠥᠭᠡᠯᠡᠭᠴᠢ ᠶᠢᠨ ᠶᠡᠭᠡ ᠪᠠᠭ᠎ᠠ ᠶᠢ ᠨᠥᠯᠥᠭᠡᠯᠡᠵᠦ᠂ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠤᠨ ᠶᠠᠰᠤ | ᠴᠢᠨᠠᠷ᠂ ᠬᠤᠪᠢ ᠨᠡᠮᠡᠷᠢ ᠪᠠ ᠨᠥᠯᠥᠭᠡ ᠵᠡᠷᠭᠡ ︽ᠭᠠᠭᠴᠠ ᠥᠭᠦᠯᠡᠯ︾ ᠤᠨ ᠮᠠᠭᠤ ᠤᠳᠤᠷᠢᠳᠤᠮᠵᠢ ᠶᠢ | ᠣᠮᠲᠣᠭᠠᠶᠢᠯᠠᠵᠤ᠂ ᠲᠥᠷᠥᠯ ᠬᠤᠪᠢᠶᠠᠨ ᠦᠨᠡᠯᠡᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠵᠠᠷᠴᠢᠮ ᠤᠨ | ᠶᠣᠰᠣᠭᠠᠷ᠂ ᠡᠳ᠋ ᠤᠨ ᠵᠠᠰᠠᠭ ᠤᠨ ᠶᠠᠮᠤᠨ ᠡᠷᠬᠢᠯᠡᠵᠦ᠂ ᠡᠳᠦᠭᠡ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠳᠤᠷᠠᠳᠪᠠ᠃ | ᠨᠢᠭᠡ᠂ ᠲᠥᠷᠥᠯ ᠬᠤᠪᠢᠶᠠᠨ ᠰᠢᠯᠭᠠᠨ ᠬᠢᠨᠠᠵᠤ ᠦᠨᠡᠯᠡᠬᠦ ᠤᠳᠤᠷᠢᠳᠤᠮᠵᠢ ᠶᠢ ᠴᠢᠩᠭᠠᠷᠠᠭᠤᠯᠬᠤ ᠬᠡᠷᠡᠭᠲᠡᠶ᠃ | ᠲᠥᠷᠥᠯ ᠬᠤᠪᠢᠶᠠᠨ ᠰᠢᠯᠭᠠᠨ ᠬᠢᠨᠠᠵᠤ ᠦᠨᠡᠯᠡᠬᠦ ᠶᠢ ᠬᠡᠷᠡᠭᠵᠢᠭᠦᠯᠵᠦ᠂ ᠪᠡᠯᠭᠡ ᠲᠡᠮᠳᠡᠭ ᠤᠨ ᠴᠢᠨᠠᠷᠲᠠᠶ ᠦᠷ᠎ᠡ | ᠪᠦᠲᠦᠭᠡᠯ ᠤᠨ ᠶᠠᠰᠤ ᠴᠢᠨᠠᠷ᠂ ᠬᠤᠪᠢ ᠨᠡᠮᠡᠷᠢ ᠪᠠ ᠨᠥᠯᠥᠭᠡ ᠶᠢ ᠴᠢᠬᠤᠯᠠᠴᠢᠯᠠᠨ᠎ᠠ᠃ | ︵ᠨᠢᠭᠡ︶ ᠰᠠᠭᠤᠷᠢ ᠰᠤᠳᠤᠯᠭᠠᠨ ᠤ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠳᠤ᠂ | ᠰᠢᠨ᠎ᠡ ᠢᠯᠡᠷᠡᠭᠦᠯᠦᠯᠲᠡ᠂ ᠰᠢᠨ᠎ᠡ ᠦᠵᠡᠯᠲᠡ᠂ ᠰᠢᠨ᠎ᠡ ᠦᠨᠳᠦᠰᠦᠯᠡᠯ᠂ ᠰᠢᠨ᠎ᠡ ᠲᠣᠭᠲᠠᠴᠠ ᠵᠡᠷᠭᠡ ᠪᠡᠯᠭᠡ | ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠤᠨ ᠶᠠᠰᠤ ᠴᠢᠨᠠᠷ᠂ ᠬᠤᠪᠢ ᠨᠡᠮᠡᠷᠢ ᠪᠠ ᠨᠥᠯᠥᠭᠡ ᠶᠢ ᠦᠨᠡᠯᠡᠬᠦ ᠶᠢ | ᠴᠢᠬᠤᠯᠠᠴᠢᠯᠠᠨ᠎ᠠ᠃ ᠥᠭᠦᠯᠡᠯ ᠢ ᠦᠨᠡᠯᠡᠬᠦ ᠳᠤ ᠲᠥᠯᠥᠭᠡᠯᠡᠬᠦ ᠪᠦᠲᠦᠭᠡᠯ ᠤᠨ ᠲᠦᠷᠢᠮ ᠢ ᠬᠡᠷᠡᠭᠵᠢᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯᠯᠠᠭᠠᠨ ᠤ ᠣᠨᠴᠠᠯᠢᠭ ᠢ ᠦᠨᠳᠦᠰᠦᠯᠡᠨ᠂ ᠲᠥᠯᠥᠭᠡᠯᠡᠬᠦ ᠪᠦᠲᠦᠭᠡᠯ ᠤᠨ ᠲᠤᠭ᠎ᠠ | ᠬᠡᠮᠵᠢᠶ᠎ᠡ ᠶᠢ ᠵᠦᠶ ᠵᠣᠬᠢᠰᠲᠠᠶ ᠲᠣᠭᠲᠠᠭᠠᠨ᠎ᠠ᠂ ᠡᠭᠦᠨ ᠳᠤ᠂ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠤᠭᠤᠴᠠᠭᠠᠳᠤ ᠰᠡᠳᠬᠦᠯ ᠤᠨ ᠥᠭᠦᠯᠡᠯ ᠢ ᠵᠠᠷᠴᠢᠮ ᠳᠡᠭᠡᠷ᠎ᠡ ᠪᠠᠨ 1/3 ᠠᠴᠠ ᠳᠤᠲᠠᠭᠤ ᠥᠬᠡᠶ | ᠪᠠᠶᠢᠯᠭᠠᠬᠤ ᠬᠡᠷᠡᠭᠲᠡᠶ᠃ ᠲᠥᠯᠥᠭᠡᠯᠡᠬᠦ ᠪᠦᠲᠦᠭᠡᠯ ᠢ ᠠᠵᠢᠯ ᠨᠢᠭᠡᠲᠡᠨ ᠤ ᠦᠨᠡᠯᠡᠬᠦ ᠶᠢ ᠴᠢᠩᠭᠠᠳᠬᠠᠵᠤ᠂ ᠲᠣᠭᠲᠠᠭᠰᠠᠨ | ᠬᠡᠮᠵᠢᠶᠡᠨ ᠤ ᠦᠨᠡᠯᠡᠯᠲᠡ ᠪᠠ ᠴᠢᠨᠠᠷ ᠤᠨ ᠦᠨᠡᠯᠡᠯᠲᠡ ᠶᠢ ᠬᠠᠷᠢᠯᠴᠠᠨ ᠤᠶᠠᠯᠳᠤᠭᠤᠯᠵᠤ᠂ ᠲᠡᠭᠦᠨ ᠤ ᠡᠷᠳᠡᠮ | ᠰᠢᠨᠵᠢᠯᠡᠭᠡᠨ ᠤ ᠦᠨ᠎ᠡ ᠦᠷᠲᠡᠭ ᠵᠢᠴᠢ ᠨᠥᠯᠥᠭᠡ᠂ ᠲᠣᠰ ᠤᠳᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠦᠨᠡᠯᠡᠯᠲᠡ ᠲᠠᠢ ᠬᠤᠯᠪᠣᠭᠳᠠᠬᠤ ᠴᠢᠨᠠᠷ ᠵᠢᠴᠢ ᠬᠠᠮᠢᠶ᠎ᠠ ᠪᠦᠬᠦᠢ ᠬᠥᠮᠦᠰ ᠤᠨ ᠬᠤᠪᠢ ᠨᠡᠮᠡᠷᠢ ᠵᠡᠷᠭᠡ ᠶᠢ | ᠭᠤᠤᠯᠳᠠᠯᠭ᠎ᠠ ᠲᠠᠢ ᠦᠨᠡᠯᠡᠵᠦ᠂ ᠲᠦᠯᠦᠬᠡᠯᠡᠬᠦ ᠪᠦᠲᠦᠭᠡᠯ ᠤᠨ ᠲᠤᠭ᠎ᠠ ᠬᠡᠮᠵᠢᠶ᠎ᠡ ᠶᠢᠨ ᠣᠯᠠᠨ ᠴᠥᠭᠡᠨ᠂ ᠨᠥᠯᠥᠭᠡᠯᠡᠬᠦ | ᠡᠯᠧᠮᠧᠨ᠋ᠲ ᠤᠨ ᠥᠨᠳᠥᠷ ᠳᠣᠤᠷ᠎ᠠ ᠶᠢ ᠬᠡᠮᠵᠢᠶᠡᠵᠢᠭᠦᠯᠦᠨ ᠬᠢᠨᠠᠨ ᠰᠢᠯᠭᠠᠵᠤ ᠦᠨᠡᠯᠡᠬᠦ ᠭᠦᠶ᠋ᠴᠡᠳᠬᠡᠯ ᠲᠤᠭ᠎ᠠ ᠪᠣᠯᠭᠠᠬᠤ | ᠥᠬᠡᠶ᠃ | ︵ᠬᠤᠶᠠᠷ︶ ᠬᠡᠷᠡᠭᠯᠡᠭᠡᠨ ᠤ ᠰᠤᠳᠤᠯᠤᠯ᠂ ᠮᠡᠷᠭᠡᠵᠢᠯ ᠤᠨ ᠨᠡᠭᠡᠭᠡᠯᠲᠡ ᠶᠢᠨ ᠲᠥᠷᠥᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯᠯᠠᠭ᠎ᠠ ᠳᠤ ᠰᠢᠨ᠎ᠡ ᠮᠡᠷᠭᠡᠵᠢᠯ᠂ ᠰᠢᠨ᠎ᠡ ᠤᠷᠠᠯᠢᠭ᠂ ᠰᠢᠨ᠎ᠡ ᠦᠶ᠋ᠯᠡᠳᠬᠦᠨ᠂ ᠰᠢᠨ᠎ᠡ ᠮᠠᠲ᠋ᠧᠷᠢᠶᠠᠯ᠂ | ᠰᠢᠨ᠎ᠡ ᠲᠥᠬᠦᠭᠡᠷᠦᠮᠵᠢ ᠵᠢᠴᠢ ᠵᠠᠩᠭᠢᠯᠠᠭ᠎ᠠ ᠶᠢᠨ ᠤᠭᠰᠠᠷᠠᠭ᠎ᠠ ᠲᠣᠨᠤᠭ᠂ ᠲᠤᠷᠰᠢᠯᠲᠠ ᠶᠢᠨ ᠲᠣᠨᠣᠭᠯᠠᠯ / ᠰᠢᠰᠲ᠋ᠧᠮ᠂ | ᠬᠡᠷᠡᠭᠯᠡᠭᠡᠨ ᠤ ᠰᠢᠶ᠋ᠳᠪᠦᠷᠢᠯᠡᠬᠦ ᠲᠥᠰᠦᠯ᠂ ᠰᠢᠨ᠎ᠡ ᠣᠨᠣᠰᠢᠯᠠᠨ ᠡᠮᠨᠡᠬᠦ ᠲᠥᠰᠦᠯ᠂ ᠡᠮᠴᠢᠯᠡᠭᠡᠨ ᠤ ᠵᠦᠭᠯᠡᠭᠦᠷ / | ᠵᠢᠷᠤᠮᠵᠢᠯ᠂ ᠰᠢᠨᠵᠢᠯᠡᠬᠦ ᠤᠬᠠᠭᠠᠨ ᠤ ᠲᠤᠭ᠎ᠠ ᠪᠠᠷᠢᠮᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠦᠯᠦᠯᠲᠡ᠂ | ᠵᠥᠭᠡᠯᠡᠨ ᠲᠣᠨᠤᠭ ᠵᠡᠷᠭᠡ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠤᠨ ᠶᠠᠰᠤ ᠴᠢᠨᠠᠷ᠂ ᠬᠤᠪᠢ ᠨᠡᠮᠡᠷᠢ ᠪᠠ | ᠨᠥᠯᠥᠭᠡ ᠶᠢ ᠴᠢᠬᠤᠯᠠᠴᠢᠯᠠᠨ ᠦᠨᠡᠯᠡᠵᠦ᠂ ᠥᠭᠦᠯᠡᠯ ᠢ ᠭᠤᠤᠯ ᠪᠣᠯᠬᠤ ᠦᠨᠡᠯᠡᠬᠦ ᠦᠨᠳᠦᠰᠦᠯᠡᠯ ᠪᠠ ᠬᠢᠨᠠᠨ ᠰᠢᠯᠭᠠᠬᠤ | ᠭᠦᠶ᠋ᠴᠡᠳᠬᠡᠯ ᠲᠤᠭ᠎ᠠ ᠪᠣᠯᠭᠠᠬᠤ ᠥᠬᠡᠶ᠃ | ︵ᠭᠤᠷᠪᠠ︶ ᠴᠢᠨᠠᠷ ᠰᠠᠶᠢᠲᠠᠶ ᠦᠷ᠎ᠡ ᠪᠦᠲᠦᠭᠡᠯ ᠢ ᠰᠢᠯᠭᠠᠨ ᠬᠢᠨᠠᠵᠤ ᠦᠨᠡᠯᠡᠬᠦ ᠡᠷᠬᠡ ᠶᠢ ᠳᠡᠭᠡᠭᠰᠢᠯᠡᠭᠦᠯᠦᠨ᠎ᠡ᠃ | ᠵᠣᠬᠢᠬᠤ ᠬᠡᠮᠵᠢᠶᠡᠨ ᠤ ᠡᠷᠳᠡᠮ ᠰᠢᠨᠵᠢᠯᠡᠭᠡᠨ ᠤ ᠨᠥᠯᠥᠭᠡ ᠲᠠᠢ ᠪᠤᠶᠤ ᠪᠣᠳᠠᠲᠠᠶ ᠬᠡᠷᠡᠭᠯᠡᠭᠡᠨ ᠤ ᠦᠷ᠎ᠡ ᠪᠦᠲᠦᠮᠵᠢ | ᠣᠯᠤᠭᠰᠠᠨ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠢ ᠴᠢᠨᠠᠷ ᠰᠠᠶᠢᠲᠠᠶ ᠦᠷ᠎ᠡ ᠪᠦᠲᠦᠭᠡᠯ ᠪᠣᠯᠭᠠᠵᠤ᠂ | 10% ᠪᠣᠯᠲᠠᠯ᠎ᠠ ᠨᠡᠮᠡᠭᠳᠡᠭᠦᠯᠵᠦ ᠪᠣᠯᠤᠨ᠎ᠠ︔ ᠴᠢᠬᠤᠯᠠ ᠡᠷᠳᠡᠮ ᠰᠢᠨᠵᠢᠯᠡᠭᠡᠨ ᠤ ᠨᠥᠯᠥᠭᠡ ᠲᠠᠢ᠂ ᠬᠠᠮᠢᠶ᠎ᠠ ᠪᠥᠬᠦᠶ | ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠳᠠᠶᠢᠴᠢᠯᠠᠬᠤ ᠦᠶ᠋ᠯᠡᠳᠦᠯ ᠲᠠᠢ | ᠪᠠᠶᠢᠪᠠᠯ᠂ 30% ᠳᠤ ᠬᠦᠷᠲᠡᠯ᠎ᠡ ᠨᠡᠮᠡᠭᠳᠡᠭᠦᠯᠵᠦ ᠪᠣᠯᠤᠨ᠎ᠠ︔ ᠨᠢᠭᠡᠨᠲᠡ ᠦᠶ᠋ᠯᠡᠳᠦᠯᠭᠡ ᠶᠢᠨ ᠳᠤᠮᠳᠠ ᠬᠡᠷᠡᠭᠯᠡᠵᠦ᠂ | ᠠᠵᠤ ᠠᠬᠤᠶ ᠨᠡᠶᠢᠭᠡᠮ ᠤᠨ ᠬᠥᠭᠵᠢᠯᠲᠡ ᠪᠠ ᠤᠯᠤᠰ ᠤᠨ ᠠᠮᠤᠷ ᠲᠦᠪᠰᠢᠨ ᠳᠤ ᠴᠢᠬᠤᠯᠠ ᠬᠤᠪᠢ ᠨᠡᠮᠡᠷᠢ | ᠦᠵᠡᠭᠦᠯᠦᠭᠰᠡᠨ ᠪᠠᠶᠢᠪᠠᠯ᠂ 50% ᠪᠣᠯᠲᠠᠯ᠎ᠠ ᠨᠡᠮᠡᠭᠳᠡᠭᠦᠯᠵᠦ ᠪᠣᠯᠤᠨ᠎ᠠ᠃ ᠪᠣᠳᠠᠲᠠᠶ ᠡᠷᠬᠡ ᠶᠢᠨ ᠬᠦᠨᠳᠦ ᠶᠢ ᠬᠠᠮᠢᠶ᠎ᠠ | ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠯᠲᠡ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠨᠢᠭᠡᠴᠡ ︵ | ᠪᠠᠶᠢᠭᠤᠯᠤᠮᠵᠢ︶ ᠠᠴᠠ ᠪᠣᠳᠠᠲᠤ ᠪᠠᠶᠢᠳᠠᠯ ᠢᠶᠠᠨ ᠦᠨᠳᠦᠰᠦᠯᠡᠨ ᠳᠣᠭᠳᠠᠭᠠᠨ᠎ᠠ᠃ | ᠴᠢᠨᠠᠷ ᠰᠠᠶᠢᠲᠠᠶ ᠥᠭᠦᠯᠡᠯ ᠨᠡᠶᠢᠲᠡᠯᠡᠬᠦ ᠶᠢ ᠵᠣᠷᠢᠭᠵᠢᠭᠤᠯᠤᠨ᠎ᠠ᠂ ᠡᠭᠦᠨ ᠳᠤ ᠳᠡᠯᠡᠬᠡᠶ ᠳᠡᠭᠡᠷ᠎ᠡ ᠨᠥᠯᠥᠭᠡᠯᠡᠬᠦ | ᠬᠦᠴᠦᠨ ᠪᠥᠬᠦᠶ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠭᠤᠴᠠᠭᠠᠲᠤ ᠰᠡᠳᠬᠦᠯ᠂ | ᠠᠵᠢᠯ ᠲᠥᠷᠥᠯ ᠤᠨ ᠬᠢᠨ ᠤ ᠨᠡᠶᠢᠲᠡ ᠳᠤ ᠮᠡᠳᠡᠷᠡᠭᠳᠡᠭᠰᠡᠨ ᠣᠯᠠᠨ ᠤᠯᠤᠰ ᠤᠨ ᠲᠡᠷᠢᠭᠦᠨ ᠲᠠᠰ ᠤᠨ ᠪᠤᠶᠤ ᠴᠢᠬᠤᠯᠠ | ᠰᠢᠨᠵᠢᠯᠡᠬᠦ ᠤᠬᠠᠭᠠᠨ ᠮᠡᠷᠭᠡᠵᠢᠯ ᠤᠨ ᠬᠤᠭᠤᠴᠠᠭᠠᠲᠤ ᠰᠡᠳᠬᠦᠯ ᠳᠤ ᠨᠡᠶᠢᠲᠡᠯᠡᠭᠰᠡᠨ ᠥᠭᠦᠯᠡᠯ ᠵᠢᠴᠢ ᠤᠯᠤᠰ ᠤᠨ | ᠳᠣᠲᠣᠭᠠᠳᠤ ᠭᠠᠳᠠᠭᠠᠳᠤ ᠶᠢᠨ ᠲᠡᠷᠢᠭᠦᠨ ᠲᠠᠰ ᠤᠨ ᠡᠷᠳᠡᠮ ᠰᠢᠨᠵᠢᠯᠡᠭᠡᠨ ᠤ ᠬᠤᠷᠠᠯ ᠳᠡᠭᠡᠷ᠎ᠡ ᠢᠯᠡᠳᠬᠡᠭᠰᠡᠨ ᠥᠭᠦᠯᠡᠯ | ︵ᠳᠣᠷᠣᠭᠰᠢ ︽ᠭᠤᠷᠪᠠᠨ ᠲᠥᠷᠥᠯ ᠤᠨ ᠴᠢᠨᠠᠷ ᠰᠠᠶᠢᠲᠠᠶ ᠥᠭᠦᠯᠡᠯ︾ ᠭᠡᠵᠦ ᠲᠣᠪᠴᠢᠯᠠᠨ᠎ᠠ︶ ᠢ ᠪᠠᠭᠲᠠᠭᠠᠨ᠎ᠠ᠃ | ᠳᠡᠭᠡᠷ᠎ᠡ ᠳᠤᠷᠠᠳᠤᠭᠰᠠᠨ ᠰᠡᠳᠬᠦᠯ᠂ ᠡᠷᠳᠡᠮ ᠰᠢᠨᠵᠢᠯᠡᠭᠡᠨ ᠤ ᠬᠤᠷᠠᠯ ᠤᠨ ᠪᠣᠳᠠᠲᠠᠶ ᠬᠦᠷᠢᠶ᠎ᠡ ᠬᠡᠪᠴᠢᠶ᠎ᠡ ᠶᠢ ᠲᠤᠰ | ᠨᠢᠭᠡᠴᠢ ᠶᠢᠨ ᠡᠷᠳᠡᠮ ᠰᠢᠨᠵᠢᠯᠡᠭᠡᠨ ᠤ ᠵᠥᠪᠯᠡᠯ ᠠᠴᠠ ᠴᠥᠭᠡᠨ ᠮᠥᠷᠲᠡᠭᠡᠨ ᠨᠠᠷᠢᠯᠢᠭ ᠪᠠᠶᠢᠬᠤ ᠵᠠᠷᠴᠢᠮ ᠢᠶᠠᠷ | ᠳᠣᠭᠲᠠᠭᠠᠨ᠎ᠠ᠂ ᠡᠭᠦᠨ ᠤ ᠳᠣᠲᠣᠷ᠎ᠠ᠂ ᠳᠡᠯᠡᠬᠡᠶ ᠳᠡᠭᠡᠷ᠎ᠡ ᠨᠥᠯᠥᠭᠡᠯᠡᠬᠦ ᠬᠦᠴᠦᠨ ᠲᠠᠢ ᠤᠯᠤᠰ ᠤᠨ ᠳᠣᠲᠣᠭᠠᠳᠤ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠤᠭᠤᠴᠠᠭᠠᠲᠤ ᠰᠡᠳᠬᠦᠯ ᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠤᠭᠤᠴᠠᠭᠠᠲᠤ ᠰᠡᠳᠬᠦᠯ ᠤᠨ ᠭᠠᠷᠮᠠᠭᠠᠶ ᠠᠵᠢᠯᠯᠠᠭᠠᠨ ᠤ ᠲᠥᠯᠥᠪᠯᠡᠭᠡ ᠪᠠᠷ ᠯᠠᠪᠯᠠᠯᠲᠠ ᠪᠣᠯᠭᠠᠨ | ᠰᠣᠩᠭᠤᠭᠳᠠᠬᠤ ᠬᠤᠭᠤᠴᠠᠭᠠᠲᠤ ᠰᠡᠳᠬᠦᠯ ᠤᠨ ᠭᠠᠷᠴᠠᠭ ᠢ ᠲᠣᠭᠲᠠᠭᠠᠨ᠎ᠠ︔ ᠠᠵᠢᠯ ᠲᠥᠷᠥᠯ ᠤᠨ ᠬᠢᠨ ᠤ | ᠨᠡᠶᠢᠲᠡ ᠳᠤ ᠵᠥᠪᠰᠢᠶᠡᠷᠡᠭᠳᠡᠭᠰᠡᠨ ᠣᠯᠠᠨ ᠤᠯᠤᠰ ᠠᠴᠠ ᠲᠡᠷᠢᠭᠦᠨ ᠳᠡᠰ ᠪᠤᠶᠤ ᠴᠢᠬᠤᠯᠠ ᠰᠢᠨᠵᠢᠯᠡᠬᠦ ᠤᠬᠠᠭᠠᠨ | ᠮᠡᠷᠭᠡᠵᠢᠯ ᠤᠨ ᠬᠤᠭᠤᠴᠠᠭᠠᠲᠤ ᠰᠡᠳᠬᠦᠯ᠂ ᠤᠯᠤᠰ ᠠᠴᠠ ᠳᠣᠲᠣᠭᠠᠳᠤ ᠭᠠᠳᠠᠭᠠᠳᠤ ᠶᠢᠨ ᠲᠡᠷᠢᠭᠦᠨ ᠲᠡᠰ ᠤᠨ ᠡᠷᠳᠡᠮ | ᠰᠢᠨᠵᠢᠯᠡᠭᠡᠨ ᠤ ᠬᠤᠷᠠᠯ ᠢ ᠲᠣᠰ ᠨᠢᠭᠡᠴᠡ ᠶᠢᠨ ᠡᠷᠳᠡᠮ ᠰᠢᠨᠵᠢᠯᠡᠭᠡᠨ ᠤ ᠺᠣᠮᠢᠰ ᠠᠴᠠ ᠬᠢᠴᠢᠶᠡᠯ ᠲᠥᠷᠥᠯ ᠪᠤᠶᠤ | ᠮᠡᠷᠭᠡᠵᠢᠯ ᠤᠨ ᠬᠦᠷᠢᠶ᠎ᠡ ᠲᠠᠢ ᠤᠶᠠᠯᠳᠤᠭᠤᠯᠤᠨ ᠰᠣᠩᠭᠤᠨ ᠲᠣᠭᠲᠠᠭᠠᠨ᠎ᠠ᠃ ︽ᠭᠤᠷᠪᠠᠨ ᠲᠥᠷᠥᠯ ᠤᠨ ᠴᠢᠨᠠᠷ | ᠰᠠᠶᠢᠲᠠᠶ ᠥᠭᠦᠯᠡᠯ︾ ᠤᠨ ᠰᠤᠳᠤᠯᠭᠠᠨ ᠤ ᠦᠷ᠎ᠡ ᠪᠦᠲᠦᠭᠡᠯ ᠢ ᠴᠢᠨᠠᠷ ᠰᠠᠶᠢᠲᠠᠶ ᠦᠷ ᠡ ᠪᠦᠲᠦᠭᠡᠯ ᠢᠶᠠᠷ ᠰᠢᠯᠭᠠᠨ | ᠬᠢᠨᠠᠵᠤ ᠦᠨᠡᠯᠡᠵᠦ ᠪᠣᠯᠤᠨ᠎ᠠ᠃ ᠴᠢᠨᠠᠷ ᠰᠠᠶᠢᠲᠠᠶ ᠦᠷ᠎ᠡ ᠪᠦᠲᠦᠭᠡᠯ ᠢ ᠬᠢᠨᠠᠨ ᠰᠢᠯᠭᠠᠵᠤ ᠦᠨᠡᠯᠡᠬᠦ ᠳᠤ ᠠᠵᠢᠯ | ᠨᠢᠭᠡᠲᠡᠨ ᠤ ᠦᠨᠡᠯᠡᠯᠲᠡ ᠶᠢᠨ ᠦᠢᠯᠡᠳᠦᠯ ᠢ ᠪᠠᠳᠠᠷᠠᠭᠤᠯᠤᠨ᠎ᠠ᠃ | ᠬᠤᠶᠠᠷ᠂ ᠤᠯᠤᠰ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶ᠋ᠯ ︵ᠰᠡᠳᠦᠪ︶ | ᠢ ᠬᠢᠨᠠᠨ ᠲᠣᠭᠲᠠᠭᠠᠵᠤ ᠦᠨᠡᠯᠡᠬᠦ ᠳᠤ ᠰᠢᠨ᠎ᠡ ᠶᠢ ᠡᠭᠦᠳᠬᠦ ᠶᠠᠰᠤ ᠴᠢᠨᠠᠷ ᠪᠣᠯᠤᠨ ᠶᠡᠷᠦᠩᠬᠡᠶᠢᠯᠡᠭᠰᠡᠨ ᠠᠮᠵᠢᠯᠲᠠ | ᠪᠦᠲᠦᠮᠵᠢ ᠶᠢ ᠳᠣᠪᠤᠶᠢᠯᠭᠠᠨ᠎ᠠ᠃ | ᠰᠡᠳᠦᠪ ᠲᠣᠭᠲᠠᠭᠠᠨ ᠬᠢᠨᠠᠨ ᠲᠣᠭᠲᠠᠭᠠᠬᠤ ᠳᠤ ᠲᠥᠷᠥᠯ ᠵᠦᠶ᠋ᠯ ︵ᠰᠡᠳᠦᠪ︶ ᠤᠨ ᠪᠣᠯᠤᠮᠵᠢᠲᠤ ᠴᠢᠨᠠᠷ ᠪᠠ | ᠲᠡᠷᠢᠭᠦᠨ ᠤ ᠴᠢᠨᠠᠷ ᠲᠤ ᠦᠨᠡᠯᠡᠯᠲᠡ ᠬᠢᠬᠦ ᠶᠢ ᠴᠢᠬᠤᠯᠠᠴᠢᠯᠠᠵᠤ᠂ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢᠨ | ᠦᠨᠡᠯᠡᠯᠯᠲᠡ ᠳᠤ ᠲᠥᠷᠥᠯ ᠵᠦᠶ᠋ᠯ ︵ᠰᠡᠳᠦᠪ︶ ᠤᠨ ᠭᠡᠷ᠎ᠡ ᠳᠤ ᠪᠣᠯᠵᠣᠨ ᠲᠣᠭᠲᠠᠭᠰᠠᠨ ᠪᠡᠯᠭᠡ ᠲᠡᠮᠳᠡᠭ ᠤᠨ | ᠴᠢᠨᠠᠷᠲᠠᠶ ᠦᠷ᠎ᠡ ᠪᠦᠲᠦᠭᠡᠯ ᠤᠨ ᠶᠠᠰᠤ ᠴᠢᠨᠠᠷ ᠪᠠ ᠨᠥᠯᠥᠭᠡ ᠳᠤ ᠦᠨᠡᠯᠡᠯᠲᠡ ᠬᠢᠬᠦ ᠶᠢ ᠴᠢᠬᠤᠯᠠᠴᠢᠯᠠᠨ᠎ᠠ᠃ | ︵ᠳᠥᠷᠪᠡ︶ ᠬᠡᠷᠡᠭᠯᠡᠭᠡᠨ ᠤ ᠰᠤᠳᠤᠯᠤᠯ᠂ ᠮᠡᠷᠭᠡᠵᠢᠯ ᠤᠨ ᠨᠡᠭᠡᠭᠡᠯᠲᠡ ᠶᠢᠨ ᠲᠥᠷᠥᠯ ᠤᠨ ᠲᠥᠷᠥᠯ ᠵᠦᠶ᠋ᠯ ︵ | ᠰᠡᠳᠦᠪ︶ ᠨᠢ ᠥᠭᠦᠯᠡᠯ ᠢ ᠭᠤᠶᠤᠴᠢᠯᠠᠨ ᠮᠡᠳᠡᠭᠦᠯᠬᠦ ᠵᠦᠭᠯᠡᠭᠦᠷ᠂ ᠰᠡᠳᠦᠪ ᠲᠣᠭᠲᠠᠭᠠᠨ ᠬᠢᠨᠠᠨ ᠲᠣᠭᠲᠠᠭᠠᠬᠤ᠂ | ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢ ᠦᠨᠡᠯᠡᠬᠦ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠵᠡᠷᠭᠡ ᠦᠨᠡᠯᠡᠬᠦ | ᠦᠨᠳᠦᠰᠦᠯᠡᠯ ᠪᠠ ᠬᠢᠨᠠᠨ ᠰᠢᠯᠭᠠᠬᠤ ᠭᠦᠶ᠋ᠴᠡᠳᠬᠡᠯ ᠲᠤᠭ᠎ᠠ ᠪᠣᠯᠭᠠᠬᠤ ᠦᠭᠡᠢ᠂ ᠭᠤᠶᠤᠴᠢᠯᠠᠨ ᠮᠡᠳᠡᠭᠦᠯᠬᠦ ᠪᠢᠴᠢᠭ᠂ | ᠡᠭᠦᠷᠭᠡ ᠶᠢᠨ ᠪᠢᠴᠢᠭ ᠤᠨ ᠮᠡᠳᠡᠭᠦᠯᠦᠯᠲᠡ ᠵᠡᠷᠭᠡ ᠮᠠᠲ᠋ᠧᠷᠢᠶᠠᠯ ᠳᠤ ᠥᠭᠦᠯᠡᠯ ᠨᠡᠶᠢᠲᠡᠯᠡᠭᠰᠡᠨ ᠪᠠᠶᠢᠳᠠᠯ ᠢ ᠲᠠᠭᠯᠠᠨ | ᠮᠡᠳᠡᠭᠦᠯᠬᠦ ᠪᠠᠷ ᠱᠠᠭᠠᠷᠳᠠᠵᠤ ᠪᠣᠯᠬᠤ ᠦᠭᠡᠢ᠃ | ︵ᠲᠠᠪᠤ︶ ᠰᠠᠭᠤᠷᠢ ᠰᠤᠳᠤᠯᠤᠯ ᠤᠨ ᠲᠥᠷᠥᠯ ᠤᠨ ᠲᠥᠷᠥᠯ ᠵᠦᠶ᠋ᠯ ︵ᠰᠡᠳᠦᠪ︶ ᠳᠤ ᠥᠭᠦᠯᠡᠯ ᠤᠨ | ᠦᠨᠡᠯᠡᠯᠲᠡ ᠳᠤ ᠲᠥᠯᠥᠭᠡᠯᠡᠭᠴᠢ ᠶᠢᠨ ᠠᠵᠢᠯ ᠬᠢᠬᠦ ᠳᠦᠷᠢᠮ ᠢ ᠬᠡᠷᠡᠭᠵᠢᠭᠦᠯᠵᠦ᠂ ᠲᠥᠯᠥᠭᠡᠯᠡᠭᠴᠢ ᠶᠢᠨ ᠠᠵᠢᠯ ᠤᠨ | ᠲᠤᠭ᠎ᠠ ᠬᠡᠮᠵᠢᠶ᠎ᠡ ᠶᠢ ᠵᠠᠷᠴᠢᠮ ᠳᠡᠭᠡᠷ᠎ᠡ ᠪᠠᠨ 5 ᠠᠩᠭᠢ ᠠᠴᠠ ᠬᠡᠲᠦᠷᠡᠭᠦᠯᠵᠦ ᠪᠣᠯᠬᠤ ᠦᠭᠡᠶ᠃ ᠮᠡᠳᠡᠭᠦᠯᠬᠦ ᠪᠢᠴᠢᠭ᠂ | ᠡᠭᠦᠷᠭᠡ ᠶᠢᠨ ᠪᠢᠴᠢᠭ᠂ ᠣᠨ ᠤ ᠮᠡᠳᠡᠭᠦᠯᠦᠯᠲᠡ ᠵᠡᠷᠭᠡ ᠮᠠᠲ᠋ᠧᠷᠢᠶᠠᠯ ᠳᠤ᠂ ᠲᠥᠯᠥᠭᠡᠯᠡᠭᠴᠢ ᠪᠦᠲᠦᠭᠡᠯ ᠤᠨ ᠬᠠᠮᠢᠶ᠎ᠠ | ᠪᠥᠬᠦᠶ ᠲᠥᠷᠥᠯ ᠵᠦᠶ᠋ᠯ ︵ᠰᠡᠳᠦᠪ︶ ᠳᠤ ᠦᠵᠡᠭᠦᠯᠬᠦ ᠲᠤᠯᠭᠠᠭᠤᠷᠢᠯᠠᠬᠤ ᠦᠶ᠋ᠯᠡᠳᠦᠯ ᠪᠠ ᠬᠤᠯᠪᠣᠭᠳᠠᠯᠳᠤ ᠴᠢᠨᠠᠷ ᠢ | ᠭᠤᠤᠯᠳᠠᠯᠭ᠎ᠠ ᠲᠠᠢ ᠲᠠᠭᠯᠠᠨ᠎ᠠ︔ ᠰᠡᠳᠦᠪ ᠲᠣᠭᠲᠠᠭᠠᠵᠤ ᠬᠢᠨᠠᠨ ᠲᠣᠭᠲᠠᠭᠠᠬᠤ᠂ ᠶᠡᠷᠦᠩᠬᠡᠶᠢᠯᠡᠭᠰᠡᠨ ᠠᠵᠢᠯ ᠤᠨ | ᠠᠮᠵᠢᠯᠲᠠ ᠪᠦᠲᠦᠮᠵᠢ ᠶᠢ ᠦᠨᠡᠯᠡᠬᠦ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠵᠡᠷᠭᠡ ᠭᠤᠭᠴᠤᠭ᠎ᠠ ᠳᠤ | ᠲᠥᠯᠥᠭᠡᠯᠡᠬᠦ ᠪᠦᠲᠦᠭᠡᠯ ᠤᠨ ᠶᠠᠰᠤ ᠴᠢᠨᠠᠷ ᠪᠠ ᠬᠡᠷᠡᠭᠯᠡᠭᠡᠨ ᠤ ᠪᠠᠶᠢᠳᠠᠯ ᠢ ᠭᠤᠤᠯᠳᠠᠯᠭ᠎ᠠ ᠲᠠᠢ ᠬᠢᠨᠠᠨ ᠰᠢᠯᠭᠠᠵᠤ | ᠦᠨᠡᠯᠡᠬᠦ ᠬᠡᠷᠡᠭᠲᠡᠶ᠃ | ᠭᠤᠷᠪᠠ᠂ ᠤᠯᠤᠰ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ | ᠦᠨᠡᠯᠡᠨ ᠵᠢᠱᠢᠵᠦ ᠲᠤᠯᠭᠠᠭᠤᠷᠢᠯᠠᠬᠤ ᠦᠶ᠋ᠯᠡᠴᠢᠯᠡᠭᠡᠨ ᠤ ᠴᠢᠳᠠᠪᠤᠷᠢ ᠶᠢ ᠳᠣᠪᠤᠶᠢᠯᠭᠠᠬᠤ ᠬᠡᠷᠡᠭᠲᠡᠶ᠃ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠤᠯᠤᠰ ᠣᠷᠣᠨ ᠤ ᠴᠢᠬᠤᠯᠠ ᠶᠡᠭᠡ ᠬᠡᠷᠡᠭᠴᠡᠭᠡ | ᠱᠠᠭᠠᠷᠳᠠᠯᠭ᠎ᠠ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠶ᠋ᠯᠡᠴᠢᠯᠡᠬᠦ ᠲᠤᠯᠭᠠᠭᠤᠷᠢ ᠦᠶ᠋ᠯᠡᠳᠦᠯ ᠪᠠ ᠦᠷ᠎ᠡ | ᠪᠦᠲᠦᠮᠵᠢ ᠶᠢ ᠦᠨᠡᠯᠡᠨ ᠵᠢᠱᠢᠬᠦ ᠶᠢ ᠴᠢᠬᠤᠯᠠᠴᠢᠯᠠᠨ᠎ᠠ᠃ | ︵ᠵᠢᠷᠭᠤᠭ᠎ᠠ︶ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠤᠯᠤᠰ ᠤᠨ ᠡᠮᠴᠢᠯᠡᠭᠡᠨ ᠤ ᠠᠨᠠᠭᠠᠬᠤ | ᠤᠬᠠᠭᠠᠨ ᠤ ᠰᠤᠳᠤᠯᠤᠯ ᠤᠨ ᠲᠥᠪ ᠵᠡᠷᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ | ᠤᠯᠠᠷᠢᠭᠤᠯᠬᠤ ᠲᠥᠷᠥᠯ ᠤᠨ ᠰᠠᠭᠤᠷᠢᠨ ᠭᠠᠵᠠᠷ ᠲᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠪᠠ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠦᠵᠡᠭᠦᠯᠬᠦ ᠲᠤᠯᠭᠠᠭᠤᠷᠢᠯᠠᠬᠤ ᠦᠶ᠋ᠯᠡᠳᠦᠯ᠂ ᠴᠢᠬᠤᠯᠠ ᠶᠡᠭᠡ | ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠ ᠠᠵᠤ ᠦᠶᠢᠯᠡᠰᠵᠢᠯᠲᠡ ᠶᠢᠨ ᠬᠡᠷᠡᠭᠴᠡᠭᠡ ᠶᠢ ᠲᠤᠯᠭᠠᠭᠤᠷᠢᠯᠠᠬᠤ ᠪᠠ | ᠲᠤᠯᠠᠬᠤ ᠦᠶ᠋ᠯᠡᠳᠦᠯ ᠢ ᠦᠨᠡᠯᠡᠨ ᠵᠢᠱᠢᠬᠦ ᠶᠢ ᠴᠢᠬᠤᠯᠠᠴᠢᠯᠠᠬᠤ ᠬᠡᠷᠡᠭᠲᠡᠶ᠃ ᠥᠭᠦᠯᠡᠯ ᠢ ᠦᠨᠡᠯᠡᠬᠦ ᠭᠤᠤᠯ | ᠦᠨᠳᠦᠰᠦᠯᠡᠯ ᠪᠠ ᠬᠢᠨᠠᠨ ᠰᠢᠯᠭᠠᠬᠤ ᠭᠦᠶ᠋ᠴᠡᠳᠬᠡᠯ ᠲᠤᠭ᠎ᠠ ᠪᠣᠯᠭᠠᠬᠤ ᠦᠭᠡᠢ᠃ | ︵ᠳᠣᠯᠤᠭ᠎ᠠ︶ ᠤᠯᠤᠰ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ | ᠦᠢᠯᠡᠴᠢᠯᠡᠭᠡᠨ ᠤ ᠲᠠᠪᠴᠠᠩ᠂ ᠤᠯᠤᠰ ᠠᠴᠠ ᠬᠡᠭᠡᠷ᠎ᠡ ᠭᠠᠳᠠᠨᠠᠬᠢ ᠰᠢᠨᠵᠢᠯᠡᠬᠦ ᠤᠬᠠᠭᠠᠨ ᠤ ᠠᠵᠢᠭᠯᠠᠨ ᠰᠢᠨᠵᠢᠵᠦ | ᠰᠤᠳᠤᠯᠠᠬᠤ ᠥᠷᠲᠡᠭᠡ ᠵᠡᠷᠭᠡ ᠰᠠᠭᠤᠷᠢ ᠲᠤᠯᠭᠠᠭᠤᠷᠢ ᠬᠢᠭᠡᠳ ᠨᠥᠬᠦᠴᠡᠯ ᠢ ᠪᠠᠲᠤᠯᠠᠬᠤ ᠲᠥᠷᠥᠯ ᠤᠨ ᠰᠠᠭᠤᠷᠢᠨ | ᠭᠠᠵᠠᠷ ᠲᠤ ᠦᠨᠡᠯᠡᠨ ᠵᠢᠱᠢᠬᠦ ᠭᠠᠳᠠᠭᠠᠳᠤ ᠦᠶ᠋ᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ | ᠴᠢᠬᠤᠯᠠᠴᠢᠯᠠᠨ᠎ᠠ᠃ ᠥᠭᠦᠯᠡᠯ ᠢ ᠦᠨᠡᠯᠡᠬᠦ ᠭᠤᠤᠯ ᠦᠨᠳᠦᠰᠦᠯᠡᠯ ᠪᠠ ᠬᠢᠨᠠᠨ ᠰᠢᠯᠭᠠᠬᠤ ᠭᠦᠶ᠋ᠴᠡᠳᠬᠡᠯ ᠲᠤᠭ᠎ᠠ | ᠪᠣᠯᠭᠠᠬᠤ ᠦᠭᠡᠢ᠃ | ︵ᠨᠠᠶ᠋ᠮᠠ︶ ᠤᠯᠤᠰ ᠤᠨ ᠲᠤᠷᠰᠢᠯᠲᠠ ᠶᠢᠨ ᠲᠠᠰᠤᠭ᠂ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ | ᠲᠠᠰᠤᠭ ᠵᠡᠷᠭᠡ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠰᠤᠳᠤᠯᠤᠯ ᠤᠨ ᠲᠥᠷᠥᠯ ᠤᠨ ᠰᠠᠭᠤᠷᠢᠨ | ᠭᠠᠵᠠᠷ ᠲᠤ᠂ ᠠᠩᠬᠠᠨ ᠤ ᠰᠢᠨ᠎ᠡ ᠶᠢ ᠡᠭᠦᠳᠬᠦ ᠴᠢᠳᠠᠪᠤᠷᠢ᠂ ᠣᠯᠠᠨ ᠤᠯᠤᠰ ᠤᠨ ᠰᠢᠨᠵᠢᠯᠡᠬᠦ ᠤᠬᠠᠭᠠᠨ ᠤ | ᠤᠷᠢᠳᠴᠢᠯᠠᠭᠰᠠᠨ ᠥᠷᠢᠰᠥᠯᠳᠦᠬᠦ ᠬᠦᠴᠦᠨ᠂ ᠤᠯᠤᠰ ᠤᠨ ᠴᠢᠬᠤᠯᠠ ᠶᠡᠭᠡ ᠬᠡᠷᠡᠭᠴᠡᠭᠡ ᠶᠢ ᠬᠠᠩᠭᠠᠬᠤ ᠴᠢᠳᠠᠪᠤᠷᠢ | ᠵᠡᠷᠭᠡ ᠶᠢ ᠦᠨᠡᠯᠡᠨ ᠵᠢᠱᠢᠬᠦ ᠶᠢ ᠴᠢᠬᠤᠯᠠᠴᠢᠯᠠᠨ᠎ᠠ᠃ ᠥᠭᠦᠯᠡᠯ ᠢ ᠦᠨᠡᠯᠡᠬᠦ ᠳᠤ ᠲᠥᠯᠥᠭᠡᠯᠡᠬᠦ ᠪᠦᠲᠦᠭᠡᠯ ᠤᠨ | ᠲᠦᠷᠢᠮ ᠢ ᠬᠡᠷᠡᠭᠵᠢᠭᠦᠯᠵᠦ᠂ ᠦᠨᠡᠯᠡᠬᠦ ᠦᠶᠡᠯᠡᠯ ᠤᠨ ᠲᠦᠯᠦᠭᠡᠯᠡᠬᠦ ᠪᠦᠲᠦᠭᠡᠯ ᠤᠨ ᠲᠤᠭ᠎ᠠ ᠬᠡᠮᠵᠢᠶ᠎ᠡ ᠶᠢ ᠵᠠᠷᠴᠢᠮ | ᠳᠡᠭᠡᠷ᠎ᠡ ᠪᠠᠨ 20 ᠠᠴᠠ ᠬᠡᠲᠦᠷᠡᠭᠦᠯᠵᠦ ᠪᠣᠯᠬᠤ ᠥᠬᠡᠶ᠃ | ᠳᠥᠷᠪᠡ᠂ ᠲᠥᠪ ᠤᠨ ᠲᠠᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠦᠶ᠋ᠯᠡᠰ ᠤᠨ ᠨᠢᠭᠡᠴᠡ ᠶᠢᠨ | ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠲᠣᠪᠤᠶᠢᠮ᠎ᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠤᠯᠤᠰ ᠤᠨ ᠡᠭᠦᠷᠭᠡ ᠬᠠᠷᠢᠭᠤᠴᠠᠯᠭ᠎ᠠ ᠪᠠ ᠵᠣᠷᠢᠯᠲᠠ ᠬᠠᠷᠠᠯᠲᠠ ᠪᠠᠨ | ᠭᠦᠶ᠋ᠴᠡᠳᠬᠡᠭᠰᠡᠨ ᠪᠠᠶᠢᠳᠠᠯ ᠵᠢᠴᠢ ᠦᠷ᠎ᠡ ᠪᠦᠲᠦᠭᠡᠯ ᠤᠨ ᠡᠷᠳᠡᠮ ᠰᠢᠨᠵᠢᠯᠡᠭᠡᠨ ᠤ ᠦᠨ᠎ᠡ ᠦᠷᠳᠡᠭ ᠪᠠ ᠨᠥᠯᠥᠭᠡᠯᠡᠬᠦ | ᠬᠦᠴᠦᠨ ᠢ ᠦᠨᠡᠯᠡᠨ ᠵᠢᠱᠢᠬᠦ ᠶᠢ ᠴᠢᠬᠤᠯᠠᠴᠢᠯᠠᠨ᠎ᠠ᠃ | ︵ᠶᠢᠰᠦ︶ ᠮᠡᠷᠭᠡᠵᠢᠯ ᠤᠨ ᠰᠤᠳᠤᠯᠤᠨ ᠨᠡᠭᠡᠭᠡᠬᠦ ᠲᠥᠷᠥᠯ ᠤᠨ ᠪᠠᠶᠢᠭᠤᠯᠤᠮᠵᠢ ᠳᠤ ᠦᠷ᠎ᠡ ᠪᠦᠲᠦᠭᠡᠯ ᠢᠶᠠᠨ | ᠬᠤᠪᠢᠷᠠᠭᠤᠯᠬᠤ᠂ ᠠᠵᠤ ᠦᠶ᠋ᠯᠡᠰ ᠤᠨ ᠬᠥᠭᠵᠢᠯᠲᠡ ᠶᠢ ᠲᠤᠯᠭᠠᠭᠤᠷᠢᠯᠠᠬᠤ ᠵᠡᠷᠭᠡ ᠲᠠᠯ᠎ᠠ ᠶᠢᠨ ᠠᠮᠵᠢᠯᠲᠠ | ᠪᠦᠲᠦᠮᠵᠢ ᠶᠢ ᠦᠨᠡᠯᠡᠨ ᠵᠢᠱᠢᠬᠦ ᠶᠢ ᠴᠢᠬᠤᠯᠠᠴᠢᠯᠠᠵᠤ᠂ ᠥᠭᠦᠯᠡᠯ ᠢ ᠭᠤᠤᠯ ᠦᠨᠡᠯᠡᠬᠦ ᠦᠨᠳᠦᠰᠦᠯᠡᠯ ᠪᠠ ᠬᠢᠨᠠᠨ | ᠰᠢᠯᠭᠠᠬᠤ ᠭᠦᠶ᠋ᠴᠡᠳᠬᠡᠬᠦ ᠲᠤᠭ᠎ᠠ ᠪᠣᠯᠭᠠᠬᠤ ᠦᠭᠡᠶ᠃ | ︵ᠠᠷᠪᠠ︶ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠤᠳᠤᠯᠤᠯ ᠤᠨ ᠲᠥᠷᠥᠯ ᠤᠨ | ᠪᠠᠶᠢᠭᠤᠯᠤᠮᠵᠢ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠤᠳᠤᠯᠤᠯ ᠤᠨ ᠦᠷ᠎ᠡ ᠪᠦᠲᠦᠭᠡᠯ ᠤᠨ ᠠᠮᠵᠢᠯᠲᠠ | ᠪᠦᠲᠦᠮᠵᠢ᠂ ᠨᠡᠶᠢᠭᠡᠮ ᠤᠨ ᠬᠠᠷᠢᠭᠤᠴᠠᠯᠭ᠎ᠠ ᠪᠠᠨ ᠭᠦᠶ᠋ᠴᠡᠳᠬᠡᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ | ᠴᠢᠬᠤᠯᠠᠴᠢᠯᠠᠬᠤ᠂ ᠥᠭᠦᠯᠡᠯ ᠢᠶᠠᠷ ᠭᠤᠤᠯ ᠦᠨᠡᠯᠡᠬᠦ ᠦᠨᠳᠦᠰᠦᠯᠡᠯ ᠪᠠ ᠬᠢᠨᠠᠨ ᠰᠢᠯᠭᠠᠬᠤ ᠭᠦᠶ᠋ᠴᠡᠳᠬᠡᠬᠦ ᠲᠤᠭ᠎ᠠ | ᠪᠣᠯᠭᠠᠬᠤ ᠦᠭᠡᠶ᠃ | ︵ᠠᠷᠪᠠᠨ ᠨᠢᠭᠡ︶ ᠰᠠᠭᠤᠷᠢ ᠰᠤᠳᠤᠯᠤᠯ ᠤᠨ ᠲᠥᠷᠥᠯ ᠤᠨ ᠪᠠᠶᠢᠭᠤᠯᠤᠮᠵᠢ ᠳᠤ ᠲᠥᠯᠥᠭᠡᠯᠡᠬᠦ ᠴᠢᠨᠠᠷᠲᠠᠶ ᠦᠷ᠎ᠡ | ᠪᠦᠳᠦᠭᠡᠯ ᠤᠨ ᠬᠢᠷᠢ ᠬᠡᠮᠵᠢᠶ᠎ᠡ᠂ ᠣᠯᠠᠨ ᠤᠯᠤᠰ ᠤᠨ ᠡᠷᠳᠡᠮ ᠰᠢᠨᠵᠢᠯᠡᠭᠡᠨ ᠤ ᠨᠥᠯᠥᠭᠡ᠂ ᠠᠵᠤ ᠠᠬᠤᠶ ᠨᠡᠶᠢᠭᠡᠮ ᠤᠨ | ᠬᠥᠭᠵᠢᠯᠲᠡ ᠪᠣᠯᠤᠨ ᠤᠯᠤᠰ ᠤᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠠᠬᠢ ᠬᠤᠪᠢ ᠨᠡᠮᠡᠷᠢ ᠵᠡᠷᠭᠡ ᠶᠢ | ᠦᠨᠡᠯᠡᠨ ᠵᠢᠱᠢᠬᠦ ᠶᠢ ᠴᠢᠬᠤᠯᠠᠴᠢᠯᠠᠨ᠎ᠠ᠃ ᠥᠭᠦᠯᠡᠯ ᠢ ᠦᠨᠡᠯᠡᠬᠦ ᠳᠤ ᠲᠥᠯᠥᠭᠡᠯᠡᠬᠦ ᠪᠦᠲᠦᠭᠡᠯ ᠤᠨ ᠲᠦᠷᠢᠮ ᠢ | ᠬᠡᠷᠡᠭᠵᠢᠭᠦᠯᠵᠦ᠂ ᠦᠨᠡᠯᠡᠬᠦ ᠦᠶᠡᠯᠡᠯ ᠤᠨ ᠳᠦᠯᠦᠭᠡᠯᠡᠬᠦ ᠪᠦᠲᠦᠭᠡᠯ ᠤᠨ ᠲᠤᠭ᠎ᠠ ᠶᠢ ᠵᠠᠷᠴᠢᠮ ᠳᠡᠭᠡᠷ᠎ᠡ ᠪᠠᠨ 40 | ᠬᠤᠪᠢ ᠠᠴᠠ ᠬᠡᠲᠦᠷᠡᠭᠦᠯᠵᠦ ᠪᠣᠯᠬᠤ ᠥᠬᠡᠶ᠃ | ᠲᠠᠪᠤ᠂ ᠤᠯᠤᠰ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ ᠬᠢᠨᠠᠨ ᠲᠣᠭᠲᠠᠭᠠᠬᠤ ᠳᠤ ᠲᠣᠪᠦ᠋ᠮ᠎ᠠ | ᠦᠷ᠎ᠡ ᠪᠦᠲᠦᠭᠡᠯ ᠤᠨ ᠶᠠᠰᠤ ᠴᠢᠨᠠᠷ ᠪᠣᠯᠤᠨ ᠬᠤᠪᠢ ᠨᠡᠮᠡᠷᠢ ᠦᠵᠡᠭᠦᠯᠬᠦ ᠬᠡᠷᠡᠭᠲᠡᠶ᠃ ᠬᠠᠮᠢᠶ᠎ᠠ ᠪᠦᠬᠦᠢ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠶᠠᠰᠤ ᠴᠢᠨᠠᠷ᠂ ᠦᠷ᠎ᠡ ᠪᠦᠲᠦᠮᠵᠢ ᠪᠠ ᠨᠥᠯᠥᠭᠡ ᠵᠢᠴᠢ ᠬᠠᠮᠢᠶ᠎ᠠ | ᠪᠦᠬᠦᠢ ᠬᠥᠮᠦᠰ ᠤᠨ ᠬᠤᠪᠢ ᠨᠡᠮᠡᠷᠢ ᠶᠢ ᠬᠢᠨᠠᠨ ᠲᠣᠭᠲᠠᠭᠠᠬᠤ ᠶᠢ ᠴᠢᠬᠤᠯᠠᠴᠢᠯᠠᠨ᠎ᠠ᠃ | ︵ᠠᠷᠪᠠᠨ ᠬᠤᠶᠠᠷ︶ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ ᠢ ᠦᠷ᠎ᠡ ᠪᠦᠲᠦᠭᠡᠯ ᠤᠨ ᠠᠩᠬᠠᠨ ᠤ | ᠡᠭᠦᠳᠦᠯᠲᠡ ᠶᠢᠨ ᠴᠢᠨᠠᠷ᠂ ᠨᠡᠶᠢᠲᠡ ᠳᠤ ᠵᠥᠪᠰᠢᠶᠡᠷᠡᠭᠳᠡᠭᠰᠡᠨ ᠬᠡᠮᠵᠢᠶ᠎ᠡ ᠪᠠ ᠰᠢᠨᠵᠢᠯᠡᠬᠦ ᠤᠬᠠᠭᠠᠨ ᠤ ᠦᠨ᠎ᠡ ᠥᠷᠲᠡᠭ | ᠵᠡᠷᠭᠡ ᠳᠤ ᠬᠢᠨᠠᠨ ᠲᠣᠭᠲᠠᠭᠠᠯᠲᠠ ᠬᠢᠬᠦ ᠶᠢ ᠴᠢᠬᠤᠯᠠᠴᠢᠯᠠᠨ᠎ᠠ᠃ ᠥᠭᠦᠯᠡᠯ ᠢ ᠦᠨᠡᠯᠡᠬᠦ ᠳᠤ ᠲᠥᠯᠥᠭᠡᠯᠡᠬᠦ | ᠪᠦᠲᠦᠭᠡᠯ ᠤᠨ ᠲᠦᠷᠢᠮ ᠢ ᠬᠡᠷᠡᠭᠵᠢᠭᠦᠯᠵᠦ᠂ ᠲᠥᠯᠥᠭᠡᠯᠡᠬᠦ ᠪᠦᠲᠦᠭᠡᠯ ᠤᠨ ᠲᠤᠭ᠎ᠠ ᠬᠡᠮᠵᠢᠶ᠎ᠡ ᠶᠢ ᠵᠠᠷᠴᠢᠮ ᠳᠡᠭᠡᠷ᠎ᠡ ᠪᠠᠨ | 5 ᠬᠤᠪᠢ ᠠᠴᠠ ᠬᠡᠲᠦᠷᠡᠭᠦᠯᠵᠦ ᠪᠣᠯᠬᠤ ᠥᠬᠡᠶ᠃ | ︵ᠠᠷᠪᠠᠨ ᠭᠤᠷᠪᠠ︶ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ ᠤᠬᠠᠭᠠᠨ ᠮᠡᠷᠭᠡᠵᠢᠯ ᠤᠨ | ᠳᠠᠪᠰᠢᠯᠲᠠ ᠶᠢᠨ ᠱᠠᠩᠨᠠᠯ ᠳᠤ ᠦᠷ᠎ᠡ ᠪᠦᠲᠦᠭᠡᠯ ᠤᠨ ᠰᠢᠨ᠎ᠡ ᠶᠢ ᠡᠭᠦᠳᠬᠦ ᠴᠢᠨᠠᠷ᠂ ᠲᠡᠷᠢᠭᠦᠨ ᠤ ᠴᠢᠨᠠᠷ᠂ | ᠬᠡᠷᠡᠭᠯᠡᠭᠡᠨ ᠤ ᠥᠷᠲᠡᠭ ᠪᠣᠯᠤᠨ ᠠᠵᠤ ᠠᠬᠤᠶ ᠨᠡᠶᠢᠭᠡᠮ ᠤᠨ ᠦᠷ᠎ᠡ ᠠᠰᠢᠭ ᠵᠡᠷᠭᠡ ᠶᠢ ᠬᠢᠨᠠᠨ ᠲᠣᠭᠲᠠᠭᠠᠬᠤ ᠶᠢ | ᠴᠢᠬᠤᠯᠠᠴᠢᠯᠠᠵᠤ᠂ ᠥᠭᠦᠯᠡᠯ ᠢᠶᠠᠷ ᠭᠤᠤᠯ ᠬᠢᠨᠠᠨ ᠲᠣᠭᠲᠠᠭᠠᠬᠤ ᠦᠨᠳᠦᠰᠦᠯᠡᠯ ᠪᠣᠯᠭᠠᠬᠤ ᠦᠭᠡᠶ᠃ | ︵ᠠᠷᠪᠠᠨ ᠳᠥᠷᠪᠡ︶ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ᠂ ᠣᠯᠠᠨ ᠤᠯᠤᠰ ᠤᠨ | ᠬᠤᠷᠰᠢᠯᠴᠠᠭᠠᠨ ᠤ ᠱᠠᠩᠨᠠᠯ ᠴᠤ ᠲᠥᠷᠥᠯ ᠬᠤᠪᠢᠶᠠᠨ ᠦᠨᠡᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠵᠢᠷᠭᠤᠭ᠎ᠠ᠂ ᠰᠢᠨ᠎ᠡ ᠶᠢ ᠡᠭᠦᠳᠬᠦ ᠴᠢᠳᠠᠪᠤᠷᠢᠲᠠᠨ ᠢ ᠠᠬᠢᠭᠤᠯᠬᠤ ᠲᠥᠯᠥᠪᠯᠡᠭᠡ ᠶᠢᠨ ᠴᠢᠳᠠᠪᠤᠷᠢᠲᠠᠨ ᠢ | ᠰᠢᠯᠭᠠᠷᠠᠭᠤᠯᠤᠨ ᠰᠣᠩᠭᠤᠬᠤ ᠳᠤ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ᠂ ᠴᠢᠳᠠᠪᠤᠷᠢ ᠪᠠ ᠠᠵᠢᠯ ᠤᠨ ᠠᠮᠵᠢᠯᠲᠠ | ᠪᠦᠲᠦᠮᠵᠢ ᠶᠢ ᠳᠣᠪᠤᠶᠢᠯᠭᠠᠬᠤ ᠬᠡᠷᠡᠭᠲᠡᠶ᠃ ᠡᠷᠳᠡᠮ ᠰᠢᠨᠵᠢᠯᠡᠭᠡᠨ ᠤ ᠶᠣᠰᠣ ᠮᠣᠷᠠᠯ ᠤᠨ ᠬᠢᠷᠢ ᠬᠡᠮᠵᠢᠶ᠎ᠡ ᠵᠢᠴᠢ | ᠰᠢᠨᠵᠢᠯᠡᠭᠡᠨ ᠤ ᠬᠦᠷᠢᠶᠡᠨ ᠳᠠᠬᠢ ᠢᠳᠡᠪᠬᠢ ᠬᠡᠮᠵᠢᠶ᠎ᠡ ᠪᠠ ᠨᠥᠯᠥᠭᠡᠯᠡᠬᠦ ᠬᠦᠴᠦᠨ᠂ ᠰᠤᠳᠤᠯᠤᠨ ᠨᠡᠭᠡᠭᠡᠭᠰᠡᠨ ᠦᠷ᠎ᠡ | ᠪᠦᠲᠦᠭᠡᠯ ᠤᠨ ᠠᠩᠬᠠᠨ ᠤ ᠡᠭᠦᠳᠦᠯᠲᠡ ᠶᠢᠨ ᠴᠢᠨᠠᠷ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠦᠷ᠎ᠡ ᠠᠰᠢᠭ | ᠂ ᠰᠢᠨᠵᠢᠯᠡᠬᠦ ᠤᠬᠠᠭᠠᠨ ᠮᠡᠷᠭᠡᠵᠢᠯ ᠤᠨ ᠦᠶ᠋ᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠵᠡᠷᠭᠡ ᠶᠢ ᠦᠨᠡᠯᠡᠬᠦ ᠶᠢ | ᠴᠢᠬᠤᠯᠠᠴᠢᠯᠠᠨ᠎ᠠ᠃ | ︵ᠠᠷᠪᠠᠨ ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ | ᠴᠢᠳᠠᠪ ᠤᠷᠢᠲᠠᠨ ᠳᠤ᠂ ᠠᠳᠠᠯ ᠦᠶ᠋ᠯᠡᠰ ᠴᠣᠭᠴᠠᠯᠠᠬᠤ ᠴᠢᠳᠠᠪᠤᠷᠢᠲᠠᠨ ᠤ ᠡᠭᠦᠳᠦᠨ ᠪᠠᠶᠢᠭᠤᠯᠬᠤ ᠠᠵᠤ | ᠠᠬᠤᠶᠢᠯᠠᠯ ᠤᠨ ᠠᠵᠢᠯ ᠣᠯᠭᠤᠯᠲᠠ ᠶᠢ ᠳᠠᠶᠢᠴᠢᠯᠠᠬᠤ᠂ ᠠᠵᠤ ᠦᠶ᠋ᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠠᠭᠤᠯᠤᠭᠳᠠᠴᠠ ᠵᠢᠴᠢ ᠠᠵᠤ ᠠᠬᠤᠶ ᠨᠡᠶᠢᠭᠡᠮ ᠤᠨ ᠦᠷ᠎ᠡ ᠠᠰᠢᠭ ᠵᠡᠷᠭᠡ ᠶᠢ ᠦᠨᠡᠯᠡᠬᠦ ᠶᠢ ᠴᠢᠬᠤᠯᠠᠴᠢᠯᠠᠵᠤ᠂ | ᠥᠭᠦᠯᠡᠯ ᠢᠶᠠᠷ ᠭᠤᠤᠯ ᠦᠨᠡᠯᠡᠬᠦ ᠦᠨᠳᠦᠰᠦᠯᠡᠯ ᠪᠠ ᠬᠢᠨᠠᠨ ᠰᠢᠯᠭᠠᠬᠤ ᠭᠦᠶ᠋ᠴᠡᠳᠬᠡᠯ ᠲᠤᠭ᠎ᠠ ᠪᠣᠯᠭᠠᠬᠤ ᠥᠬᠡᠶ᠃ | ︵ᠠᠷᠪᠠᠨ ᠵᠢᠷᠭᠤᠭ᠎ᠠ︶ ᠢᠳᠡᠷ ᠵᠠᠯᠠᠭᠤ ᠨᠠᠰᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠳᠠᠭᠠᠭᠤᠯᠤᠭᠴᠢ ᠴᠢᠳᠠᠪᠤᠷᠢᠲᠠᠨ ᠳᠤ ᠨᠢᠭᠡᠨᠲᠡ ᠣᠯᠤᠭᠰᠠᠨ ᠭᠤᠤᠯ ᠦᠷ᠎ᠡ ᠪᠦᠲᠦᠭᠡᠯ ᠤᠨ ᠰᠢᠨ᠎ᠡ ᠶᠢ ᠡᠭᠦᠳᠬᠦ ᠴᠢᠨᠠᠷ | ᠪᠠ ᠡᠷᠳᠡᠮ ᠰᠢᠨᠵᠢᠯᠡᠭᠡᠨ ᠤ ᠨᠥᠯᠥᠭᠡ ᠶᠢ ᠴᠢᠬᠤᠯᠠᠴᠢᠯᠠᠨ ᠦᠨᠡᠯᠡᠨ᠎ᠡ᠃ ᠥᠭᠦᠯᠡᠯ ᠢ ᠦᠨᠡᠯᠡᠬᠦ ᠳᠤ ᠲᠥᠯᠥᠭᠡᠯᠡᠬᠦ | ᠪᠦᠲᠦᠭᠡᠯ ᠤᠨ ᠲᠦᠷᠢᠮ ᠢ ᠬᠡᠷᠡᠭᠵᠢᠭᠦᠯᠵᠦ᠂ ᠲᠥᠯᠥᠭᠡᠯᠡᠬᠦ ᠪᠦᠲᠦᠭᠡᠯ ᠤᠨ ᠲᠤᠭ᠎ᠠ ᠬᠡᠮᠵᠢᠶ᠎ᠡ ᠶᠢ ᠵᠠᠷᠴᠢᠮ ᠳᠡᠭᠡᠷ᠎ᠡ ᠪᠠᠨ | 5 ᠬᠤᠪᠢ ᠠᠴᠠ ᠬᠡᠲᠦᠷᠡᠭᠦᠯᠵᠦ ᠪᠣᠯᠬᠤ ᠥᠬᠡᠶ᠃ | ︵ᠠᠷᠪᠠᠨ ᠳᠣᠯᠤᠭ᠎ᠠ︶ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠰᠢᠨ᠎ᠡ ᠶᠢ ᠡᠭᠦᠳᠬᠦ ᠪᠦᠯᠬᠦᠮ ᠨᠡᠶᠢᠲᠡ ᠳᠤ᠂ | ᠪᠦᠯᠬᠦᠮ ᠨᠡᠶᠢᠲᠡ ᠶᠢᠨ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠵᠢᠴᠢ ᠪᠦᠯᠬᠦᠮ ᠨᠡᠶᠢᠲᠡ ᠶᠢᠨ | ᠬᠠᠷᠢᠭᠤᠴᠠᠯᠭᠠᠲᠠᠨ ᠤ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠤᠳᠤᠷᠢᠳᠬᠤ ᠬᠦᠴᠦᠨ ᠢ ᠦᠨᠡᠯᠡᠬᠦ ᠶᠢ | ᠴᠢᠬᠤᠯᠠᠴᠢᠯᠠᠨ᠎ᠠ᠃ ᠥᠭᠦᠯᠡᠯ ᠢ ᠦᠨᠡᠯᠡᠬᠦ ᠳᠤ ᠲᠥᠯᠥᠭᠡᠯᠡᠬᠦ ᠪᠦᠲᠦᠭᠡᠯ ᠤᠨ ᠲᠦᠷᠢᠮ ᠢ ᠬᠡᠷᠡᠭᠵᠢᠭᠦᠯᠵᠦ᠂ | ᠲᠥᠯᠥᠭᠡᠯᠡᠬᠦ ᠪᠦᠲᠦᠭᠡᠯ ᠤᠨ ᠲᠤᠭ᠎ᠠ ᠨᠢ ᠵᠠᠷᠴᠢᠮ ᠳᠡᠭᠡᠷ᠎ᠡ ᠪᠠᠨ 10 ᠬᠤᠪᠢ ᠠᠴᠠ ᠬᠡᠲᠦᠷᠡᠵᠦ ᠪᠣᠯᠬᠤ ᠥᠬᠡᠶ᠃ | ︵ᠠᠷᠪᠠᠨ ᠨᠠᠶ᠋ᠮᠠ︶ ᠪᠤᠰᠤᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠥᠯᠥᠪᠯᠡᠭᠡ ᠶᠢ ᠴᠦ | ᠲᠥᠷᠥᠯ ᠬᠤᠪᠢᠶᠠᠨ ᠦᠨᠡᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠳᠣᠯᠤᠭ᠎ᠠ᠂ ᠳᠤᠮᠳᠠᠳᠤ ᠤᠯᠤᠰ ᠠᠴᠠ ᠴᠢᠨᠠᠷ ᠰᠠᠶᠢᠲᠠᠶ ᠰᠢᠨᠵᠢᠯᠡᠬᠦ ᠤᠬᠠᠭᠠᠨ ᠮᠡᠷᠭᠡᠵᠢᠯ ᠤᠨ ᠬᠤᠭᠤᠴᠠᠭᠠᠲᠤ | ᠰᠡᠳᠬᠦᠯ ᠢ ᠪᠤᠶᠢᠵᠢᠭᠤᠯᠤᠨ ᠪᠠᠶᠢᠭᠤᠯᠤᠨ᠎ᠠ᠃ ᠳᠡᠯᠡᠬᠡᠶ ᠶᠢᠨ ᠲᠡᠷᠢᠭᠦᠨ ᠵᠡᠷᠭᠡ ᠶᠢᠨ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠤᠭᠤᠴᠠᠭᠠᠲᠤ ᠰᠡᠳᠬᠦᠯ ᠢ ᠪᠤᠶᠢᠵᠢᠭᠤᠯᠬᠤ ᠪᠠᠷ ᠬᠠᠷᠠᠯᠲᠠ ᠪᠣᠯᠭᠠᠵᠤ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠭᠤᠴᠠᠭᠠᠲᠤ ᠰᠡᠳᠬᠦᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠳᠤ | ᠦᠶ᠋ᠯᠡᠴᠢᠯᠡᠨᠡ᠃ | ︵ᠠᠷᠪᠠ ᠶᠢᠰᠦ︶ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠭᠤᠴᠠᠭᠠᠲᠤ ᠰᠡᠳᠬᠦᠯ ᠤᠨ | ᠭᠠᠷᠮᠠᠭᠠᠢ ᠊ ᠠᠵᠢᠯᠯᠠᠭᠠᠨ ᠤ ᠲᠥᠯᠥᠪᠯᠡᠭᠡ ᠶᠢ ᠲᠦᠷᠭᠡᠳᠬᠡᠨ ᠬᠡᠷᠡᠭᠵᠢᠭᠦᠯᠵᠦ᠂ ᠳᠠᠶᠢᠴᠢᠯᠠᠭᠴᠢ ᠶᠢᠨ ᠬᠤᠭᠤᠴᠠᠭᠠᠲᠤ | ᠰᠡᠳᠬᠦᠯ ᠤᠨ ᠪᠠᠶᠢᠭᠤᠯᠤᠯᠲᠠ ᠶᠢ ᠠᠬᠢᠭᠤᠯᠤᠨ᠂ ᠭᠤᠤᠯᠳᠠᠯᠭ᠎ᠠ ᠲᠠᠢ ᠬᠤᠭᠤᠴᠠᠭᠠᠲᠤ ᠰᠡᠳᠬᠦᠯ᠂ ᠱᠠᠲᠤᠯᠵᠢᠨ | ᠡᠩᠨᠡᠭᠡ ᠶᠢᠨ ᠬᠤᠭᠤᠴᠠᠭᠠᠲᠤ ᠰᠡᠳᠬᠦᠯ ᠢ ᠪᠤᠶᠢᠵᠢᠭᠤᠯᠵᠤ᠂ ᠥᠨᠳᠥᠷ ᠡᠬᠢᠯᠡᠯᠲᠡ ᠲᠠᠢ ᠠᠩᠭ᠍ᠯᠢ ᠬᠡᠯᠡᠨ ᠤ | ᠬᠤᠭᠤᠴᠠᠭᠠᠲᠤ ᠰᠡᠳᠬᠦᠯ ᠢ ᠡᠭᠦᠳᠦᠨ ᠡᠷᠭᠢᠯᠡᠬᠦ ᠶᠢ ᠵᠣᠷᠢᠭᠵᠢᠭᠤᠯᠤᠨ᠂ ᠬᠢᠲᠠᠳ ᠬᠡᠯᠡᠨ ᠤ ᠬᠤᠭᠤᠴᠠᠭᠠᠲᠤ | ᠰᠡᠳᠬᠦᠯ ᠤᠨ ᠠᠩᠭ᠍ᠯᠢ ᠬᠡᠯᠡᠨ ᠤ ᠲᠣᠪᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ︔ ᠳᠤᠮᠳᠠᠳᠤ ᠤᠯᠤᠰ ᠤᠨ | ᠣᠨᠴᠠᠯᠢᠭ ᠪᠦᠬᠦᠢ᠂ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ ᠲᠠᠢ ︽ᠰᠢᠨᠵᠢᠯᠡᠬᠦ ᠤᠬᠠᠭᠠᠨᠴᠢ ᠡᠰᠢ ᠲᠠᠲᠠᠭᠰᠠᠨ | ᠪᠢᠴᠢᠭ ᠤᠨ ᠬᠡᠯᠬᠢᠶᠡᠰᠦ︾ ᠶᠢᠨ ᠰᠢᠰᠲ᠋ᠧᠮ ᠢ ᠪᠠᠶᠢᠭᠤᠯᠤᠨ᠎ᠠ᠃ ᠡᠳ᠋ ᠤᠨ ᠵᠠᠰᠠᠭ ᠤᠨ ᠪᠠᠯᠠ ᠮᠥᠩᠭᠦ ᠪᠠᠷ ᠲᠤᠰᠠᠯᠠᠬᠤ | ᠥᠭᠦᠯᠡᠯ ᠢ ᠴᠢᠨᠠᠷ ᠰᠠᠶᠢᠲᠠᠶ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠭᠤᠴᠠᠭᠠᠲᠤ | ᠰᠡᠳᠬᠦᠯ ᠳᠤ ᠨᠡᠶᠢᠲᠡᠯᠡᠬᠦ ᠶᠢ ᠵᠣᠷᠢᠭᠵᠢᠭᠤᠯᠤᠨ᠎ᠠ᠃ | ︵ᠬᠤᠷᠢ︶ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ᠤᠨ ᠰᠡᠷᠡᠮᠵᠢᠯᠡᠭᠦᠯᠬᠦ ᠲᠣᠭᠲᠠᠴᠠ ᠶᠢ | ᠳᠡᠭᠦᠯᠲᠡᠷᠵᠢᠭᠦᠯᠵᠦ᠂ ᠤᠯᠤᠰ ᠤᠨ ᠳᠣᠲᠣᠭᠠᠳᠤ ᠪᠠ ᠤᠯᠠᠨ ᠤᠯᠤᠰ ᠤᠨ ᠡᠷᠳᠡᠮ ᠰᠢᠨᠵᠢᠯᠡᠭᠡᠨ ᠤ ᠬᠤᠭᠤᠴᠠᠭᠠᠲᠤ | ᠰᠡᠳᠬᠦᠯ ᠤᠨ ᠰᠡᠷᠡᠮᠵᠢᠯᠡᠭᠦᠯᠬᠦ ᠨᠡᠷᠡᠰ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠶᠢᠨ ᠬᠠᠮᠲᠤ ᠬᠥᠳᠡᠯᠦᠩᠭᠦᠢ | ᠮᠦᠷᠳᠡᠵᠦ᠂ ᠴᠠᠭ ᠲᠤᠬᠠᠢ ᠲᠤᠨᠢ ᠲᠤᠬᠢᠷᠠᠭᠤᠯᠤᠯᠳᠠ ᠬᠢᠬᠦ ᠶᠢ ᠬᠡᠷᠡᠭᠵᠢᠭᠦᠯᠦᠨ᠎ᠡ᠃ ᠬᠠᠮᠢᠶᠠᠷᠤᠯᠲᠠ ᠪᠠ ᠡᠷᠳᠡᠮ | ᠰᠢᠨᠵᠢᠯᠡᠭᠡᠨ ᠤ ᠢᠲᠡᠭᠡᠯ ᠬᠦᠨᠳᠦ ᠪᠠᠷᠤᠭᠲᠠᠶ᠂ ᠬᠤᠳᠠᠯᠳᠤᠭᠠᠨ ᠤ ᠠᠰᠢᠭ ᠲᠤᠰᠠ ᠡᠷᠬᠢᠮ ᠳᠡᠭᠡᠳᠦ ᠡᠷᠳᠡᠮ | ᠰᠢᠨᠵᠢᠯᠡᠭᠡᠨ ᠤ ᠬᠤᠭᠤᠴᠠᠭᠠᠲᠤ ᠰᠡᠳᠬᠦᠯ ᠢ ︽ᠬᠠᠷ᠎ᠠ ᠳᠠᠩᠰᠠ︾ ᠳᠤ ᠣᠷᠣᠭᠤᠯᠤᠨ᠎ᠠ᠃ | ᠨᠠᠶ᠋ᠮᠠ᠂ ᠥᠭᠦᠯᠡᠯ ᠨᠡᠶᠢᠲᠡᠯᠡᠬᠦ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ︽ᠥᠭᠦᠯᠡᠯ︾ ᠢ | ᠯᠡ ᠡᠷᠬᠢᠮᠯᠡᠬᠦ ᠤᠳᠤᠷᠢᠳᠤᠮᠵᠢ ᠶᠢ ᠠᠷᠢᠯᠭᠠᠬᠤ ᠲᠠᠢ ᠵᠣᠬᠢᠴᠠᠯᠳᠤᠭᠰᠠᠨ ᠪᠡᠯᠡ ᠮᠥᠩᠭᠦ ᠶᠢᠨ ᠬᠠᠮᠢᠶᠠᠷᠣᠯᠲᠠ ᠶᠢᠨ | ᠠᠷᠭ᠎ᠠ ᠬᠡᠮᠵᠢᠶ᠎ᠡ ᠶᠢ ᠪᠠᠶᠢᠭᠤᠯᠵᠤ᠂ ᠥᠭᠦᠯᠡᠯ ᠤᠨ ᠵᠣᠭᠤᠰ ᠮᠥᠩᠭᠦ ᠪᠠᠷ ᠲᠤᠰᠠᠯᠠᠬᠤ ᠬᠦᠷᠢᠶ᠎ᠡ ᠬᠡᠪᠴᠢᠶ᠎ᠡ ᠶᠢ ᠴᠢᠩᠭ᠎ᠠ | ᠬᠢᠵᠠᠭᠠᠷᠯᠠᠵᠤ᠂ ᠥᠭᠦᠯᠡᠯ ᠨᠡᠶᠢᠲᠡᠯᠡᠬᠦ ᠶᠢ ᠴᠢᠩᠭ᠎ᠠ ᠬᠠᠮᠢᠶᠠᠷᠤᠨ᠎ᠠ᠃ | ︵ᠬᠤᠷᠢᠨ ᠨᠢᠭᠡ︶ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶ᠋ᠯ ᠤᠨ | ᠪᠣᠶ ᠪᠣᠯᠤᠭᠰᠠᠨ ᠲᠥᠯᠥᠭᠡᠯᠡᠬᠦ ᠪᠦᠲᠦᠭᠡᠯ ᠪᠠ ︽ᠭᠤᠷᠪᠠᠨ ᠲᠥᠷᠥᠯ ᠤᠨ ᠶᠠᠰᠤ ᠴᠢᠨᠠᠷ ᠤᠨ ᠲᠤᠬᠠᠶ ᠥᠭᠦᠯᠡᠯ︾ ᠤᠨ | ᠨᠡᠶᠢᠲᠡᠯᠡᠭᠰᠡᠨ ᠵᠠᠷᠤᠯᠭ᠎ᠠ ᠶᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ | ᠵᠦᠶ᠋ᠯ ᠤᠨ ᠲᠤᠰᠬᠠᠶ ᠵᠦᠶ᠋ᠯ ᠤᠨ ᠪᠡᠯᠡ ᠮᠥᠩᠭᠦ ᠳᠤ ᠲᠣᠭᠲᠠᠭᠠᠯ ᠶᠣᠰᠣᠭᠠᠷ ᠪᠣᠳᠠᠲᠤ ᠪᠠᠶᠢᠳᠠᠯ ᠢ ᠦᠨᠳᠦᠰᠦᠯᠡᠨ | ᠵᠠᠷᠤᠯᠭ᠎ᠠ ᠵᠢᠭᠰᠠᠭᠠᠵᠤ ᠪᠣᠯᠤᠨ᠎ᠠ᠂ ᠪᠤᠰᠤᠳ ᠥᠭᠦᠯᠡᠯ ᠨᠡᠶᠢᠲᠡᠯᠡᠭᠰᠡᠨ ᠵᠠᠷᠤᠯᠭ᠎ᠠ ᠶᠢ ᠴᠥᠮ ᠵᠠᠷᠤᠯᠭ᠎ᠠ ᠵᠠᠭᠰᠠᠠᠭᠠᠵᠤ | ᠪᠣᠯᠬᠤ ᠦᠭᠡᠶ᠃ ᠭᠠᠭᠴᠠ ᠥᠭᠦᠯᠡᠯ ᠤᠨ ᠨᠡᠶᠢᠲᠡᠯᠡᠭᠳᠡᠭᠰᠡᠨ ᠵᠠᠷᠤᠯᠭ᠎ᠠ ᠨᠢ 2 ᠲᠦᠮᠡᠨ ᠲᠥᠭᠦᠷᠢᠭ ᠠᠷᠠᠳ ᠤᠨ | ᠵᠣᠭᠤᠰ ᠠᠴᠠ ᠬᠡᠲᠦᠷᠡᠭᠰᠡᠨ ᠪᠠᠶᠢᠪᠠᠯ᠂ ᠲᠤᠰ ᠥᠭᠦᠯᠡᠯ ᠤᠨ ᠴᠢᠮᠡᠭᠡᠯᠡᠯ ᠤᠨ ᠵᠣᠬᠢᠶᠠᠭᠴᠢ ᠪᠤᠶᠤ ᠨᠢᠭᠡᠳᠦᠭᠡᠷ | ᠵᠣᠬᠢᠶᠠᠭᠴᠢ ᠶᠢᠨ ᠪᠠᠶᠢᠭ᠎ᠠ ᠨᠢᠭᠡᠴᠢ ᠶᠢᠨ ᠡᠷᠳᠡᠮ ᠰᠢᠨᠵᠢᠯᠡᠭᠡᠨ ᠤ ᠺᠣᠮᠢᠰ ᠠᠴᠠ ᠥᠭᠦᠯᠡᠯ ᠨᠡᠶᠢᠲᠡᠯᠡᠬᠦ ᠶᠢᠨ ᠴᠢᠬᠤᠯᠠ | ᠴᠢᠨᠠᠷ ᠢ ᠬᠢᠨᠠᠨ ᠪᠠ ᠲᠤᠯᠠᠭᠰᠠᠨ ᠤ ᠲᠠᠷᠠᠭ᠎ᠠ ᠰᠠᠶ᠋ᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠥᠯᠥᠪᠯᠡᠭᠡ ᠶᠢᠨ ᠵᠦᠶ᠋ᠯᠡᠰ ᠤᠨ ᠲᠤᠰᠬᠠᠶ ᠪᠡᠯᠡ ᠮᠥᠩᠭᠦ ᠶᠢᠨ ᠳᠣᠲᠣᠷ᠎ᠠ ᠠᠴᠠ ᠭᠠᠷᠭᠠᠵᠤ ᠪᠣᠯᠤᠨ᠎ᠠ᠃ | ︵ᠬᠤᠷᠢᠨ ᠬᠤᠶᠠᠷ︶ ︽ᠬᠠᠷ᠎ᠠ ᠳᠠᠩᠰᠠ︾ ᠪᠠ ᠰᠡᠷᠡᠮᠵᠢᠯᠡᠭᠦᠯᠬᠦ ᠨᠡᠷᠡᠰ ᠤᠨ ᠡᠷᠳᠡᠮ ᠰᠢᠨᠵᠢᠯᠡᠭᠡᠨ ᠤ | ᠬᠤᠭᠤᠴᠠᠭ᠋ᠠ ᠰᠡᠳᠬᠦᠯ ᠳᠡᠭᠡᠷ᠎ᠡ ᠨᠡᠶᠢᠲᠡᠯᠡᠭᠰᠡᠨ ᠥᠭᠦᠯᠡᠯ ᠢ ᠬᠤᠯᠪᠣᠭᠳᠠᠯ ᠪᠦᠬᠦᠢ ᠥᠭᠦᠯᠡᠯ ᠤᠨ ᠨᠡᠶᠢᠲᠡᠯᠡᠭᠰᠡᠨ | ᠵᠠᠷᠤᠯᠭ᠎ᠠ ᠶᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶ᠋ᠯ ᠤᠨ ᠲᠤᠰᠬᠠᠶ | ᠵᠦᠶ᠋ᠯ ᠤᠨ ᠪᠡᠯᠡ ᠮᠥᠩᠭᠦ ᠠᠴᠠ ᠭᠠᠷᠭᠠᠵᠤ ᠪᠣᠯᠬᠤ ᠦᠭᠡᠶ᠃ ᠤᠯᠤᠰ ᠠᠴᠠ ᠰᠢᠨᠵᠢᠯᠡᠬᠦ ᠤᠬᠠᠭᠠᠨ ᠮᠡᠷᠭᠡᠵᠢᠯ ᠤᠨ | ᠲᠥᠯᠥᠪᠯᠡᠭᠡ ᠶᠢᠨ ᠲᠥᠷᠥᠯ ᠵᠦᠶ᠋ᠯ ᠤᠨ ᠲᠤᠰᠬᠠᠶ ᠵᠦᠶ᠋ᠯ ᠤᠨ ᠪᠡᠯᠡ ᠮᠥᠩᠭᠦ ᠶᠢᠨ ᠱᠠᠩᠨᠠᠯ ᠤᠨ ᠥᠭᠦᠯᠡᠯ | ᠨᠡᠶᠢᠲᠡᠯᠡᠬᠦ ᠶᠢ ᠵᠥᠪᠰᠢᠶᠡᠷᠡᠬᠦ ᠦᠭᠡᠢ᠂ ᠲᠣᠭᠲᠠᠭᠠᠯ ᠠᠴᠠ ᠵᠥᠷᠢᠴᠡᠭᠰᠡᠨ ᠪᠣᠯ ᠱᠠᠩᠨᠠᠯ ᠤᠨ ᠪᠡᠯᠡ ᠮᠥᠩᠭᠦ ᠪᠣᠯᠤᠨ | ᠬᠠᠮᠢᠶ᠎ᠠ ᠪᠦᠬᠦᠢ ᠲᠥᠷᠥᠯ ᠵᠦᠶ᠋ᠯ ᠤᠨ ᠦᠯᠡᠳᠡᠪᠦᠷᠢ ᠪᠡᠯᠡ ᠮᠥᠩᠭᠦ ᠶᠢ ᠨᠡᠬᠡᠮᠵᠢᠯᠡᠨ ᠠᠪᠴᠢᠷᠠᠬᠤ ᠬᠡᠷᠡᠭᠲᠡᠶ᠃ | ︵ᠬᠤᠷᠢᠨ ᠭᠤᠷᠪᠠ︶ ᠲᠥᠷᠥᠯ ᠵᠦᠶ᠋ᠯ ᠤᠨ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢ ᠦᠨᠡᠯᠡᠬᠦ ᠶᠠᠪᠤᠴᠠ ᠳᠤ | ᠂ ᠲᠥᠷᠥᠯ ᠵᠦᠶ᠋ᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠥᠯᠥᠪᠯᠡᠭᠡ ᠶᠢᠨ ᠲᠥᠷᠥᠯ ᠵᠦᠶ᠋ᠯ ᠤᠨ ᠲᠤᠰᠬᠠᠶ ᠵᠦᠶ᠋ᠯ ᠤᠨ ᠪᠡᠯᠡ ᠮᠥᠩᠭᠦ ᠶᠢᠨ ᠳᠣᠲᠣᠷ᠎ᠠ ᠥᠭᠦᠯᠡᠯ ᠨᠡᠶᠢᠲᠡᠯᠡᠭᠰᠡᠨ | ᠪᠠᠶᠢᠳᠠᠯ ᠢ ᠬᠢᠨᠠᠨ ᠰᠢᠯᠭᠠᠬᠤ ᠪᠠᠨ ᠴᠢᠩᠭᠠᠳᠬᠠᠬᠤ ᠬᠡᠷᠡᠭᠲᠡᠶ᠃ | ︵ᠬᠤᠷᠢᠨ ᠳᠥᠷᠪᠡ︶ ᠬᠠᠮᠢᠶ᠎ᠠ ᠪᠥᠬᠦᠶ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠵᠡᠷᠭᠡ ᠨᠢ ᠥᠭᠦᠯᠡᠯ ᠨᠡᠶᠢᠲᠡᠯᠡᠬᠦ ᠶᠢᠨ ᠴᠢᠬᠤᠯᠠ ᠴᠢᠨᠠᠷ ᠵᠢᠴᠢ ᠲᠥᠷᠥᠯ ᠵᠦᠶ᠋ᠯ ᠤᠨ | ᠰᠤᠳᠤᠯᠤᠯ ᠯᠤᠭ᠎ᠠ ᠬᠤᠯᠪᠣᠭᠳᠠᠬᠤ ᠴᠢᠨᠠᠷ ᠢ ᠬᠢᠨᠠᠨ ᠬᠠᠷᠭᠤᠭᠤᠯᠬᠤ ᠬᠡᠷᠡᠭᠲᠡᠶ︔ ᠤᠯᠤᠰ ᠤᠨ ᠠᠮᠤᠷ ᠲᠦᠪᠰᠢᠨ ᠪᠠ | ᠨᠢᠭᠤᠴᠠ ᠵᠡᠷᠭᠡ ᠳᠤ ᠬᠤᠯᠪᠣᠭᠳᠠᠵᠤ ᠮᠡᠳᠡᠬᠦ ᠥᠭᠦᠯᠡᠯ ᠢ ᠴᠢᠩᠭ᠎ᠠ ᠬᠢᠨᠠᠨ ᠬᠠᠷᠠᠭᠤᠭᠤᠯᠵᠤ᠂ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠲᠡᠶ᠃ ᠥᠭᠦᠯᠡᠯ ᠨᠡᠶᠢᠲᠡᠯᠡᠬᠦ ᠲᠤᠭ᠎ᠠ ᠬᠡᠮᠵᠢᠶ᠎ᠡ᠂ ᠨᠥᠯᠥᠭᠡᠯᠡᠬᠦ ᠬᠦᠴᠦᠨ ᠵᠡᠷᠭᠡ ᠶᠢ ᠱᠠᠩᠨᠠᠯ ᠤᠨ | ᠮᠥᠩᠭᠦ ᠲᠠᠢ ᠬᠤᠯᠪᠣᠭᠳᠠᠭᠤᠯᠬᠤ ᠶᠢ ᠵᠥᠪᠰᠢᠶᠡᠷᠡᠬᠦ ᠦᠭᠡᠢ᠃ | ᠶᠢᠰᠦ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠬᠤ ᠬᠡᠷᠡᠭᠲᠡᠶ᠃ ᠬᠢᠨᠠᠯᠲᠠ ᠲᠠᠯᠪᠢᠵᠤ ᠪᠠᠶᠢᠴᠠᠭᠠᠬᠤ | ᠵᠠᠷᠴᠢᠮ ᠢᠶᠠᠨ ᠴᠢᠩᠭᠠᠷᠠᠭᠤᠯᠵᠤ᠂ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ | ︵ᠬᠤᠷᠢᠨ ᠲᠠᠪᠤ︶ ︽ᠭᠠᠭᠴᠠ ᠥᠭᠦᠯᠡᠯ︾ ᠮᠠᠭᠤ ᠤᠳᠤᠷᠢᠳᠤᠮᠵᠢ ᠶᠢ ᠠᠷᠢᠯᠭᠠᠬᠤ ᠡᠯ᠎ᠡ ᠵᠦᠶ᠋ᠯ ᠤᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠬᠦ | ᠬᠡᠷᠡᠭᠲᠡᠶ᠃ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠂ ᠬᠦᠨᠳᠦ ᠨᠣᠴᠢᠲᠠᠶ ︽ᠭᠠᠭᠴᠠ ᠥᠭᠦᠯᠡᠯ ᠶᠢ | ᠡᠷᠬᠢᠮᠯᠡᠬᠦ︾ ᠠᠰᠠᠭᠤᠳᠠᠯ ᠣᠷᠣᠰᠢᠵᠤ ᠪᠠᠶᠢᠬᠤ ᠪᠤᠶᠤ ᠱᠠᠩᠨᠠᠯ ᠤᠨ ᠥᠭᠦᠯᠡᠯ ᠨᠡᠶᠢᠲᠡᠯᠡᠭᠰᠡᠨ ᠬᠠᠮᠢᠶ᠎ᠠ ᠪᠥᠬᠦᠶ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠵᠡᠷᠭᠡ ᠶᠢ ᠪᠣᠯᠵᠣᠨ ᠶᠠᠷᠢᠯᠴᠠᠬᠤ᠂ ᠵᠠᠷᠯᠠᠨ | ᠰᠢᠭᠦᠮᠵᠢᠯᠡᠬᠦ ᠵᠡᠷᠭᠡ ᠠᠷᠭ᠎ᠠ ᠮᠠᠶ᠋ᠢᠭ ᠢᠶᠠᠷ ᠰᠢᠶ᠋ᠳᠪᠦᠷᠢᠯᠡᠬᠦ ᠶᠢᠨ ᠬᠠᠮᠲᠤ ᠵᠠᠷᠯᠢᠭᠳᠠᠨ ᠴᠡᠭᠴᠡᠯᠡᠨ ᠰᠠᠶᠢᠵᠢᠷ ᠠᠭᠤᠯᠵᠤ᠂ | ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠯᠦᠪᠯᠡᠭᠡ ᠶᠢᠨ | ᠲᠥᠷᠥᠯ ᠵᠦᠶ᠋ᠯ ᠤᠨ ᠲᠤᠰᠬᠠᠶ ᠪᠠᠯᠠ ᠮᠥᠩᠭᠦ ᠠᠴᠠ ᠲᠣᠰ ᠨᠢᠭᠡᠴᠡ ᠶᠢᠨ ᠥᠭᠦᠯᠡᠯ ᠳᠤ ᠨᠡᠶᠢᠲᠡᠯᠡᠭᠰᠡᠨ ᠲᠤᠰᠠᠯᠠᠮᠵᠢ ᠶᠢ | ᠲᠦᠷ ᠵᠣᠭᠰᠣᠭᠠᠬᠤ ᠬᠡᠷᠡᠭᠲᠡᠶ᠃ ᠵᠥᠪᠯᠡᠯᠭᠡ ᠥᠭᠴᠦ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ | ᠪᠣᠯᠪᠠᠰᠤᠷᠠᠭᠤᠯᠤᠯ ᠢᠶᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠲᠥᠷᠥᠯ ᠵᠦᠶ᠋ᠯ ᠢ ᠬᠢᠨᠠᠨ ᠲᠣᠭᠲᠠᠭᠠᠬᠤ | ᠳᠤᠮᠳᠠ ︽ᠭᠠᠭᠴᠠ ᠦᠭᠦᠯᠡᠯ︾ ᠦᠵᠡᠭᠳᠡᠯ ᠣᠷᠣᠰᠢᠵᠤ ᠪᠠᠶ᠋ᠪᠠᠯ᠂ ᠴᠠᠭ ᠲᠤᠬᠠᠶ ᠳᠤᠨᠢ ᠵᠠᠯᠠᠷᠠᠭᠤᠯᠬᠤ ᠬᠡᠷᠡᠭᠲᠡᠶ᠃ | ︵ᠬᠤᠷᠢᠨ ᠵᠢᠷᠭᠤᠭ᠎ᠠ︶ ᠬᠠᠮᠢᠶ᠎ᠠ ᠪᠦᠬᠦᠢ ᠳᠡᠭᠡᠰᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ ᠤᠳ ᠥᠭᠦᠯᠡᠯ ᠨᠡᠶᠢᠲᠡᠯᠡᠬᠦ ᠭᠠᠷ ᠤᠨ ᠦᠰᠦᠭ ᠵᠢᠷᠤᠬᠤ ᠬᠠᠮᠢᠶᠠᠷᠤᠯᠲᠠ ᠪᠠᠨ ᠴᠢᠩᠭᠠᠳᠬᠠᠬᠤ | ᠬᠡᠷᠡᠭᠲᠡᠶ᠃ ︽ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ ᠣᠪᠣᠷ | ᠰᠤᠷᠲᠠᠯ ᠪᠠ ᠰᠤ ᠷᠤᠯᠭᠠ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ︾ ᠢ | ᠨᠡᠶᠢᠲᠡᠯᠡᠭᠰᠡᠨ ᠤ ᠳᠠᠷᠠᠭ᠎ᠠ᠂ ᠥᠭᠦᠯᠡᠯ ᠳᠤ ᠮᠥᠨ ᠯᠡ ︽ᠨᠡᠷ᠎ᠡ ᠵᠡᠭᠦᠯᠭᠡᠭᠰᠡᠨ︾ ᠥᠬᠡᠶ ᠪᠠᠶᠢᠪᠠᠯ᠂ ᠲᠦᠷᠢᠮ | ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ︵ᠬᠤᠷᠢᠨ ᠳᠣᠯᠤᠭ᠎ᠠ︶ ᠵᠥᠪ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠤᠬᠠᠭᠤᠯᠭ᠎ᠠ ᠶᠢ | ᠴᠢᠩᠭᠠᠳᠬᠠᠵᠤ᠂ ᠵᠥᠪ ᠣᠨᠣᠪᠴᠢᠲᠠᠶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠤᠢ ᠪᠣᠯᠭᠠᠬᠤ ᠬᠡᠷᠡᠭᠲᠡᠶ᠃ | ᠥᠭᠦᠯᠡᠯ ᠨᠡᠶᠢᠲᠡᠯᠡᠭᠰᠡᠨ ᠪᠠᠶᠢᠳᠠᠯ ᠢ ᠬᠡᠲᠦᠷᠬᠡᠶ ᠤᠬᠠᠭᠤᠯᠵᠤ ᠪᠣᠯᠬᠤ ᠦᠭᠡᠢ᠂ ᠥᠭᠦᠯᠡᠯ ᠤᠨ ᠲᠤᠭ᠎ᠠ ᠬᠡᠮᠵᠢᠶ᠎ᠡ᠂ | ᠨᠥᠯᠥᠭᠡᠯᠡᠬᠦ ᠬᠦᠴᠦᠨ ᠵᠦᠶ᠋ᠯ ᠢᠶᠠᠷ ᠤᠬᠠᠭᠤᠯᠭ᠎ᠠ ᠮᠡᠳᠡᠭᠡᠯᠡᠯ᠂ ᠠᠵᠢᠯ ᠤᠨ ᠳ᠋ᠦᠩᠨᠡᠯᠲᠡ᠂ ᠣᠨ ᠤ | ᠮᠡᠳᠡᠭᠦᠯᠦᠯᠲᠡ ᠶᠢᠨ ᠴᠢᠬᠤᠯᠠ ᠠᠭᠤᠯᠭ᠎ᠠ ᠪᠣᠯᠭᠠᠬᠤ ᠶᠢ ᠰᠠᠨᠠᠭᠠᠴᠢᠯᠠᠬᠤ ᠦᠭᠡᠢ᠃ |