︽ᠲᠤᠰᠬᠠᠶ ᠠᠰᠢᠭ ᠤᠨ ᠡᠷᠬᠡ ᠶᠢᠨ ᠳᠠᠨᠵᠢᠯᠠᠭ᠎ᠠ ᠶᠢ ᠳᠠᠩᠰᠠᠯᠠᠬᠤ ᠠᠷᠭ᠎ᠠ 》 ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/11/23
      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ 《 ᠲᠠᠯᠪᠢᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠩ ᠵᠢᠷᠤᠮᠵᠢᠭᠤᠨ᠂ ᠳᠥᠭᠦᠮ ᠳᠥᠲᠡ᠂ ᠥᠨᠳᠥᠷ ᠪᠦᠲᠦᠮᠵᠢᠲᠡᠶ ᠲᠤᠰᠬᠠᠶ ᠠᠰᠢᠭ ᠢ ᠳᠠᠨᠵᠢᠯᠠᠨ ᠳᠠᠩᠰᠠᠯᠠᠬᠤ ᠦᠶᠯᠡᠴᠢᠯᠡᠭᠡ ᠬᠠᠩᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠶᠴᠡᠳᠬᠡᠬᠦ ᠳᠤ ᠨᠠᠩ ᠶᠡᠭᠡ ᠬᠡᠮᠵᠢᠶ᠎ᠡ ᠪᠠᠷ ᠲᠥᠬᠦᠮ ᠦᠵᠡᠭᠦᠯᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢ ᠤᠯᠠᠷᠢᠭᠤᠯᠬᠤ ᠶᠢ ᠠᠬᠢᠭᠤᠯᠬᠤ ᠶᠢᠨ ᠲᠥᠯᠥᠭᠡ᠂ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠠᠴᠠ 2021 ᠣᠨ ᠤ 11 ᠳ᠋ᠦ᠋ᠭᠡᠷ ᠰᠠᠷ᠎ᠠ ᠶᠢᠨ 15 ᠤ ᠡᠳᠦᠷ ᠵᠠᠰᠠᠪᠤᠷᠢ ᠣᠷᠣᠭᠤᠯᠤᠭᠰᠠᠨ ᠤ ᠳᠠᠷᠠᠭᠠᠬᠢ 《 ᠲᠤᠰᠬᠠᠶ ᠠᠰᠢᠭ ᠤᠨ ᠡᠷᠬᠡ ᠶᠢ ᠳᠠᠨᠵᠢᠯᠠᠨ ᠳᠠᠩᠰᠠᠯᠠᠬᠤ ᠠᠷᠭ᠎ᠠ 》 ᠶᠢ ᠵᠠᠷᠯᠠᠨ ᠨᠡᠶᠢᠲᠡᠯᠡᠪᠡ  ᠃ ᠣᠳᠣ ᠳᠣᠣᠷᠠᠬᠢ ᠮᠡᠲᠦ ᠲᠠᠶᠢᠯᠪᠤᠷᠢᠯᠠᠶ᠎ᠠ  ᠃         ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ       2010 ᠣᠨ ᠳᠤ᠂ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠠᠴᠠ 《 ᠲᠤᠰᠬᠠᠶ ᠠᠰᠢᠭ ᠤᠨ ᠡᠷᠬᠡ ᠶᠢ ᠳᠠᠨᠵᠢᠯᠠᠨ ᠳᠠᠩᠰᠠᠯᠠᠬᠤ ᠠᠷᠭ᠎ᠠ 》 ( ᠲᠣᠪᠴᠢᠶ᠎ᠠ ᠶᠢᠨ ᠵᠠᠷᠯᠢᠭ 56 ᠳ᠋ᠤᠭᠠᠷ ᠲᠣᠭᠠᠲᠤ᠂ ᠳᠣᠷᠣᠭᠰᠢ 《 ᠠᠷᠭ᠎ᠠ 》 ᠭᠡᠵᠦ ᠲᠣᠪᠴᠢᠯᠠᠨ᠎ᠠ ) ᠶᠢ ᠲᠣᠭᠲᠠᠭᠠᠨ ᠨᠡᠶᠢᠲᠡᠯᠡᠪᠡ  ᠃ 《 ᠠᠷᠭ᠎ᠠ 》  ᠶᠢ ᠬᠡᠷᠡᠭᠵᠢᠭᠦᠯᠦᠭᠰᠡᠨ ᠨᠢ ᠲᠤᠰᠬᠠᠶ ᠠᠰᠢᠭ ᠤᠨ ᠡᠷᠬᠡ ᠶᠢ ᠳᠠᠨᠵᠢᠯᠠᠨ ᠳᠠᠩᠰᠠᠯᠠᠬᠤ ᠶᠢ ᠵᠢᠷᠤᠮᠵᠢᠭᠤᠯᠵᠤ᠂ ᠲᠤᠰᠬᠠᠶ ᠠᠰᠢᠭ ᠤᠨ ᠡᠷᠬᠡ ᠶᠢᠨ ᠬᠡᠷᠡᠭᠯᠡᠯᠲᠡ ᠪᠠ ᠪᠠᠯᠠ ᠮᠥᠩᠭᠦ ᠶᠢᠨ ᠭᠦᠶᠯᠭᠡᠭᠡᠨ ᠢ ᠠᠬᠢᠭᠤᠯᠬᠤ ᠳᠤ ᠢᠳᠡᠪᠬᠢᠲᠡᠶ ᠦᠶᠯᠡᠳᠦᠯ ᠦᠵᠡᠭᠦᠯᠪᠡ  ᠃ ᠣᠶᠢᠷ᠎ᠠ ᠶᠢᠨ ᠵᠢᠯ ᠤᠳ ᠲᠤ᠂ ᠲᠤᠰᠬᠠᠶ ᠠᠰᠢᠭ ᠤᠨ ᠳᠠᠨᠵᠢᠯᠠᠭ᠎ᠠ ᠲᠠᠢ ᠪᠠᠯᠠ ᠲᠣᠬᠢᠷᠠᠭᠤᠯᠭ᠎ᠠ ᠨᠢ ᠨᠢᠭᠡᠨᠲᠡ ᠠᠵᠤ ᠠᠬᠤᠶᠢᠯᠠᠯ ᠤᠨ ᠳᠠᠯᠳᠠ ᠬᠥᠷᠥᠩᠭᠡ ᠶᠢ ᠴᠢᠯᠥᠭᠡᠲᠡᠶ ᠴᠢᠯᠥᠭᠡᠲᠡᠶ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠳᠣᠭᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠶᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠵᠣ᠂ ᠨᠢᠭᠡ ᠪᠦᠯᠦᠭ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢ ᠪᠦᠲᠦᠮᠵᠢᠲᠡᠶ ᠳᠡᠮᠵᠢᠪᠡ  ᠃       ᠣᠳᠣᠬᠠᠨ ᠳᠤ᠂ ᠲᠤᠰᠬᠠᠶ ᠠᠰᠢᠭ ᠤᠨ ᠳᠠᠨᠵᠢᠯᠠᠭ᠎ᠠ ᠶᠢ ᠳᠠᠩᠰᠠᠯᠠᠬᠤ ᠠᠵᠢᠯ ᠳᠤ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠲᠤᠯᠭᠠᠷᠠᠵᠤ ᠪᠠᠶᠢᠨ᠎ᠠ  ᠃ ᠨᠢᠭᠡ ᠳᠤ ᠲᠥᠪ ᠬᠤᠷᠢᠶ᠎ᠠ ᠠᠴᠠ ᠲᠣᠳᠣᠷᠬᠠᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠲᠠᠢ ᠪᠠᠶᠢᠨ᠎ᠠ  ᠃ ᠡᠨᠡ ᠵᠢᠯ ᠤᠨ 4 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ  ᠶᠢᠨ ᠬᠤᠷᠠᠯᠳᠤᠭᠠᠨ ᠠᠴᠠ 《 ᠲᠤᠰᠬᠠᠶ ᠠᠰᠢᠭ ᠢ ᠤᠷᠢᠳ ᠢᠶᠠᠷ ᠬᠢᠨᠠᠨ ᠪᠠᠶᠢᠴᠠᠭᠠᠬᠤ ᠪᠠ ᠳᠠᠨᠵᠢᠯᠠᠨ ᠳᠠᠩᠰᠠᠯᠠᠭᠤᠯᠬᠤ ᠡᠯᠧᠺᠲᠷᠣᠨ ᠭᠤᠶᠤᠴᠢᠯᠠᠯ ᠤᠨ ᠪᠥᠬᠦ ᠶᠠᠪᠤᠴᠠ ᠶᠢ ᠰᠦᠯᠵᠢᠶ᠎ᠡ ᠪᠠᠷ ᠭᠦᠶᠴᠡᠳᠬᠡᠬᠦ ᠶᠢ ᠳᠥᠯᠭᠢᠨ ᠠᠬᠢᠭᠤᠯᠬᠤ ᠬᠡᠷᠡᠭᠲᠡᠶ 》 《 ᠲᠠᠸᠠᠷ ᠤᠨ ᠲᠡᠮᠳᠡᠭᠲᠦ ᠪᠠ ᠲᠤᠰᠬᠠᠶ ᠠᠰᠢᠭ ᠢ ᠳᠠᠨᠵᠢᠯᠠᠨ ᠳᠠᠩᠰᠠᠯᠠᠭᠤᠯᠬᠤ ᠵᠡᠷᠭᠡ  ᠶᠢ ᠬᠢᠨᠠᠨ ᠵᠥᠪᠰᠢᠶᠡᠷᠡᠬᠦ ᠳᠤ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠬᠡᠷᠡᠭᠲᠡᠶ 》 ᠭᠡᠵᠦ ᠱᠠᠭᠠᠷᠳᠠᠪᠠ︔ 10 ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ 《 〈 ᠠᠷᠪᠠᠨ ᠳᠥᠷᠪᠡᠳᠦᠭᠡᠷ ᠲᠠᠪᠤᠨ ᠵᠢᠯ 〉 ᠤᠨ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠪᠠ ᠬᠡᠷᠡᠭᠯᠡᠬᠦ ᠲᠥᠯᠥᠪᠵᠢᠭᠦᠯᠭᠡ 》 ᠳᠤ 《 ᠮᠡᠳᠡᠯᠭᠡ ᠶᠢᠨ ᠥᠮᠴᠢᠯᠡᠯ ᠤᠨ ᠡᠷᠬᠡ ᠶᠢ ᠳᠠᠨᠵᠢᠯᠠᠨ ᠳᠠᠩᠰᠠᠯᠠᠬᠤ ᠪᠠ ᠰᠢᠯᠵᠢᠭᠦᠯᠦᠨ ᠥᠭᠬᠦ ᠵᠥᠪᠰᠢᠶᠡᠷᠡᠯ ᠤᠨ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ 》 ᠭᠡᠵᠦ ᠳᠤᠷᠠᠳᠴᠠᠶ  ᠃ ᠬᠤᠶᠠᠷ ᠲᠤ ᠣᠶᠢᠷ᠎ᠠ ᠶᠢᠨ ᠵᠢᠯ ᠤᠳ ᠲᠤ ᠮᠥᠩᠭᠦᠨ ᠭᠦᠶᠯᠭᠡᠭᠡᠨ  ᠤ ᠪᠠᠶᠢᠭᠤᠯᠤᠮᠵᠢ ᠪᠠ ᠰᠢᠨ᠎ᠡ ᠶᠢ ᠡᠭᠦᠳᠬᠦ ᠪᠡᠶᠡᠴᠢ ᠴᠣᠭᠴᠠ ᠠᠴᠠ ᠲᠤᠰᠬᠠᠶ ᠠᠰᠢᠭ ᠢ ᠳᠠᠨᠵᠢᠯᠠᠨ ᠳᠠᠩᠰᠠᠯᠠᠭᠤᠯᠬᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠦᠶᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ ᠰᠢᠨ᠎ᠡ ᠬᠡᠷᠡᠭᠴᠡᠭᠡ ᠳᠤᠷᠠᠳᠪᠠ  ᠃ ᠭᠤᠷᠪᠠ ᠳᠤ 《 ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠲᠤᠰᠬᠠᠶ ᠬᠡᠷᠡᠭᠯᠡᠬᠦ ᠡᠷᠬᠡ ᠶᠢ ᠳᠠᠨᠵᠢᠯᠠᠨ ᠳᠠᠩᠰᠠᠯᠠᠬᠤ ᠲᠠᠰ ᠳᠠᠷᠠᠭᠠᠯᠠᠯ ᠤᠨ ᠲᠣᠭᠲᠠᠭᠠᠯ 》 ᠢ 2020 ᠣᠨ ᠤ 5 ᠳ᠋ᠤᠭᠠᠷ ᠰᠠᠷ᠎ᠠ  ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠬᠤᠯᠪᠣᠭᠳᠠᠯ ᠪᠥᠬᠦᠶ ᠲᠣᠭᠲᠠᠭᠠᠯ ᠢ ᠵᠣᠯᠭᠠᠭᠤᠯᠬᠤ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠴᠢᠬᠤᠯᠠᠲᠠᠶ  ᠃        ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠨᠢ ᠠᠵᠤ ᠠᠬᠤᠶᠢᠯᠠᠯ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠪᠠᠶᠢᠴᠠᠭᠠᠨ ᠰᠤᠳᠤᠯᠬᠤ ᠶᠢᠨ ᠬᠠᠮᠲᠤ ᠨᠡᠶᠢᠭᠡᠮ ᠤᠨ ᠬᠢᠨ ᠤ ᠰᠠᠨᠠᠯ ᠢ ᠢᠯᠡ ᠪᠠᠷ ᠬᠤᠷᠢᠶᠠᠭᠰᠠᠨ ᠰᠠᠭᠤᠷᠢᠨ ᠳᠡᠭᠡᠷ᠎ᠡ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭᠠᠬᠢ 《 ᠠᠷᠭ᠎ᠠ 》 ᠶᠢ ᠪᠦᠷᠢᠯᠳᠦᠭᠦᠯᠵᠦ᠂ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠠᠯᠪᠠᠨ ᠵᠠᠷ ᠪᠣᠯᠭᠠᠨ ᠨᠡᠶᠢᠲᠡᠯᠡᠪᠡ  ᠃ ᠤᠤᠯ ᠤᠨ 《 ᠠᠷᠭ᠎ᠠ 》 ᠶᠢ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠢ ᠬᠦᠴᠦᠨ ᠥᠬᠡᠶ ᠪᠣᠯᠭᠠᠬᠤ ᠵᠢᠷᠤᠮ ᠶᠣᠰᠣᠭᠠᠷ ᠴᠠᠭ ᠲᠤᠨᠢ ᠳᠣᠭᠢᠷᠠᠭᠤᠯᠤᠨ ᠬᠦᠴᠦᠨ ᠥᠬᠡᠶ ᠪᠣᠯᠭᠠᠨ᠎ᠠ  ᠃        ᠬᠤᠶᠠᠷ᠂ ᠰᠡᠳᠬᠢᠴᠡ ᠳᠤ ᠵᠠᠰᠠᠪᠤᠷᠢ ᠣᠷᠣᠭᠤᠯᠬᠤ  ᠃ᠲᠣᠰ ᠤᠳᠠᠭ᠎ᠠ ᠵᠠᠰᠠᠪᠤᠷᠢ ᠣᠷᠣᠭᠤᠯᠤᠭᠰᠠᠨ ᠨᠢ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠷᠢᠶᠡᠨ ᠳᠠᠬᠢ 《 ᠪᠠᠭᠤᠯᠭᠠᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠶᠢᠨ ᠨᠠᠩ ᠵᠢᠷᠤᠮᠵᠢᠭᠤᠨ᠂ ᠳᠥᠭᠦᠮ ᠳᠥᠲᠡ᠂ ᠥᠨᠳᠥᠷ ᠪᠦᠲᠦᠮᠵᠢᠲᠡᠶ ᠲᠤᠰᠬᠠᠶ ᠠᠰᠢᠭ ᠤᠨ ᠳᠠᠨᠵᠢᠯᠠᠨ ᠳᠠᠩᠰᠠᠯᠠᠬᠤ ᠦᠶᠯᠡᠴᠢᠯᠡᠭᠡ ᠥᠷᠨᠢᠭᠦᠯᠬᠦ ᠳᠤ ᠪᠠᠲᠤ ᠪᠠᠬᠢ ᠲᠦᠷᠢᠮ ᠤᠨ ᠪᠠᠲᠤᠯᠠᠭ᠎ᠠ ᠬᠠᠩᠭᠠᠵᠤ᠂ ᠲᠤᠰᠬᠠᠶ ᠠᠰᠢᠭ ᠤᠨ ᠳᠠᠨᠵᠢᠯᠠᠨ ᠪᠠᠯᠠ ᠳᠣᠭᠢᠷᠠᠭᠤᠯᠬᠤ ᠶᠢ ᠳᠥᠯᠭᠢᠨ ᠠᠬᠢᠭᠤᠯᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠥᠷᠲᠡᠭ ᠢ ᠭᠦᠶᠴᠡᠳ ᠪᠡᠶᠡᠯᠡᠭᠦᠯᠬᠦ ᠶᠢᠨ ᠲᠥᠯᠥᠭᠡ ᠶᠤᠮ  ᠃ ᠪᠣᠳᠠᠲᠠᠶ ᠪᠠᠷ ᠬᠡᠯᠡᠪᠡᠯ᠂ ᠨᠢᠭᠡ ᠳᠤ 《 ᠪᠠᠭᠤᠯᠭᠠᠬᠤ 》 ᠲᠠᠯ᠎ᠠ ᠪᠠᠷ ᠬᠦᠴᠦᠯᠡᠵᠦ᠂ ᠡᠬᠢ ᠪᠠᠶᠠᠯᠢᠭ ᠢ ᠲᠣᠬᠢᠷᠠᠭᠤᠯᠬᠤ ᠳᠤᠮᠳᠠᠬᠢ ᠵᠠᠬ᠎ᠠ ᠳᠡᠯᠭᠡᠭᠦᠷ ᠤᠨ ᠰᠢᠶᠳᠪᠦᠷᠢᠯᠡᠬᠦ ᠴᠢᠨᠠᠷᠲᠠᠶ ᠦᠶᠯᠡᠳᠦᠯ ᠢ ᠪᠠᠳᠠᠷᠠᠭᠤᠯᠵᠤ᠂ ᠳᠠᠨᠵᠢᠯᠠᠵᠤ ᠳᠠᠩᠰᠠᠯᠠᠭᠤᠯᠬᠤ ᠶᠢᠨ ᠭᠦᠶᠴᠡᠳᠬᠡᠬᠦ ᠨᠥᠬᠦᠴᠡᠯ ᠢ ᠠᠭᠤᠵᠢᠭᠤ ᠲᠠᠯᠪᠢᠵᠤ ᠂ ᠲᠦᠭᠰᠢᠭᠦᠷᠢ ᠶᠢ ᠮᠡᠳᠡᠭᠳᠡᠭᠰᠡᠨ ᠤᠷᠢᠲᠠᠯ ᠳᠣᠤᠷ᠎ᠠ᠂ ᠲᠤᠬᠠᠶᠢᠲᠠᠶ ᠬᠥᠮᠦᠨ ᠤ ᠳᠠᠩᠰᠠᠯᠠᠭᠤᠯᠬᠤ ᠬᠦᠰᠡᠯ ᠡᠷᠡᠮᠡᠯᠵᠡᠯ ᠪᠠ ᠡᠷᠬᠡ ᠶᠢ ᠬᠦᠨᠳᠦᠳᠬᠡᠨ᠎ᠡ︔ ᠬᠤᠶᠠᠷ ᠲᠤ᠂ 《 ᠬᠠᠮᠢᠶᠠᠷᠬᠤ 》 ᠲᠠᠯ᠎ᠠ ᠪᠠᠷ ᠴᠢᠩᠭᠠᠳᠬᠠᠵᠤ᠂ ᠲᠤᠬᠠᠶ ᠶᠢᠨ ᠬᠥᠮᠦᠨ ᠤ ᠠᠮᠠᠯᠠᠯᠲᠠ ᠶᠢᠨ ᠠᠷᠭ᠎ᠠ ᠬᠡᠯᠪᠡᠷᠢ ᠪᠠᠷ ᠲᠤᠰᠬᠠᠶ ᠠᠰᠢᠭ ᠤᠨ ᠡᠷᠬᠡ ᠶᠢ ᠳᠠᠨᠵᠢᠯᠠᠨ ᠳᠠᠩᠰᠠᠯᠠᠬᠤ ᠬᠠᠮᠢᠶ᠎ᠠ ᠪᠥᠬᠦᠶ ᠭᠠᠷᠳᠠᠮ ᠢ ᠭᠦᠶᠴᠡᠳᠬᠡᠬᠦ ᠶᠢ ᠵᠥᠪᠰᠢᠶᠡᠷᠡᠬᠦ ᠶᠢᠨ ᠬᠠᠮᠲᠤ᠂ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠶᠢᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ︔ ᠭᠤᠷᠪᠠ ᠳᠤ 《 ᠦᠶᠯᠡᠴᠢᠯᠡᠬᠦ 》 ᠲᠠᠯ᠎ᠠ ᠪᠠᠷ ᠰᠢᠯᠢᠳᠡᠭᠵᠢᠭᠦᠯᠵᠦ᠂ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠶᠢᠨ ᠳᠡᠩᠰᠡᠯᠡᠨ ᠲᠡᠮᠳᠡᠭᠯᠡᠬᠦ ᠶᠢ ᠭᠦᠶᠴᠡᠳᠬᠡᠬᠦ ᠶᠢᠨ ᠬᠢᠨᠠᠨ ᠪᠠᠶᠢᠴᠠᠭᠠᠬᠤ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶᠢᠯᠠᠨ ᠪᠠᠭᠠᠰᠬᠠᠵᠤ᠂ ᠲᠤᠬᠠᠶᠢᠲᠠᠶ ᠬᠥᠮᠦᠨ ᠳᠤ ᠳᠡᠩᠰᠡᠯᠡᠨ ᠲᠡᠮᠳᠡᠭᠯᠡᠭᠰᠡᠨ ᠮᠠᠲ᠋ᠧᠷᠢᠶᠠᠯ ᠢ ᠪᠠᠶᠢᠴᠠᠭᠠᠨ ᠦᠵᠡᠵᠦ ᠪᠠᠭᠤᠯᠭᠠᠨ ᠠᠪᠬᠤ᠂ ᠲᠤᠰᠬᠠᠶ ᠠᠰᠢᠭ ᠤᠨ ᠡᠷᠬᠡ ᠶᠢᠨ ᠪᠠᠶᠢᠳᠠᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠳᠡᠬᠦ ᠵᠡᠷᠭᠡ ᠨᠠᠩ ᠣᠯᠠᠨ ᠲᠥᠬᠦᠮ ᠦᠵᠡᠭᠦᠯᠬᠦ ᠦᠶᠯᠡᠴᠢᠯᠡᠭᠡ ᠬᠠᠩᠭᠠᠨ᠎ᠠ  ᠃         ᠭᠤᠷᠪᠠ᠂ ᠭᠤᠣᠯ ᠵᠠᠰᠠᠪᠤᠷᠢ ᠣᠷᠣᠭᠤᠯᠤᠭᠰᠠᠨ ᠠᠭᠤᠯᠭ᠎ᠠ       ᠵᠠᠰᠠᠪᠤᠷᠢ ᠣᠷᠣᠭᠤᠯᠤᠭᠰᠠᠨ ᠤ ᠳᠠᠷᠠᠭᠠᠬᠢ 《 ᠠᠷᠭ᠎ᠠ 》 ᠨᠢ ᠤᠤᠯ ᠤᠨ 《 ᠠᠷᠭ᠎ᠠ 》 ᠲᠠᠢ ᠬᠠᠷᠢᠴᠠᠭᠤᠯᠪᠠᠯ᠂ ᠵᠢᠷᠭᠤᠳᠤᠭᠠᠷ᠂ ᠳᠣᠯᠣᠳᠤᠭᠠᠷ᠂ ᠠᠷᠪᠠᠳᠤᠭᠠᠷ᠂ ᠠᠷᠪᠠᠨ ᠨᠢᠭᠡᠳᠦᠭᠡᠷ᠂ ᠠᠷᠪᠠᠨ ᠭᠤᠷᠪᠠᠳᠤᠭᠠᠷ᠂ ᠠᠷᠪᠠᠨ ᠳᠥᠷᠪᠡᠳᠦᠭᠡᠷ᠂ ᠠᠷᠪᠠᠨ ᠵᠢᠷᠭᠤᠳᠤᠭᠠᠷ᠂ ᠠᠷᠪᠠ ᠶᠢᠰᠦᠳᠦᠭᠡᠷ᠂ ᠬᠤᠷᠢᠳᠤᠭᠠᠷ ᠵᠦᠶᠯ ᠵᠡᠷᠭᠡ ᠵᠦᠶᠯ ᠵᠤᠷᠪᠤᠰ  ᠲᠤ ᠨᠡᠯᠢᠶᠡᠳ ᠴᠢᠬᠤᠯᠠ ᠮᠥᠨ ᠴᠢᠨᠠᠷ ᠤᠨ ᠵᠠᠰᠠᠪᠤᠷᠢ ᠣᠷᠣᠭᠤᠯᠵᠤ᠂ ᠪᠤᠰᠤᠳ ᠬᠤᠯᠪᠣᠭᠳᠠᠯ ᠪᠥᠬᠦᠶ ᠵᠦᠶᠯ ᠵᠤᠷᠪᠤᠰ ᠲᠤ ᠲᠣᠬᠢᠷᠠᠭᠤᠯᠤᠯᠲᠠ ᠬᠢᠬᠦ ᠲᠠᠰ ᠳᠠᠷᠠᠭᠠᠯᠠᠯ᠂ ᠰᠢᠯᠢᠳᠡᠭᠵᠢᠭᠦᠯᠦᠨ ᠴᠣᠮᠬᠠᠳᠬᠠᠬᠤ ᠠᠭᠤᠯᠭ᠎ᠠ᠂ ᠵᠢᠷᠤᠮᠵᠢᠭᠤᠯᠤᠨ ᠥᠭᠦᠯᠡᠬᠦ ᠵᠡᠷᠭᠡ ᠰᠢᠯᠲᠠᠭᠠᠨ ᠠᠴᠠ ᠪᠣᠯᠵᠣ᠂ ᠥᠰᠥᠭ ᠪᠢᠴᠢᠭ ᠢᠶᠠᠷ ᠵᠠᠰᠠᠪᠤᠷᠢ ᠣᠷᠣᠭᠤᠯᠪᠠ  ᠃ ᠭᠤᠣᠯ ᠵᠦᠢᠯ ᠳᠤ ᠵᠠᠰᠠᠪᠤᠷᠢ ᠣᠷᠣᠭᠤᠯᠤᠭᠰᠠᠨ ᠠᠭᠤᠯᠭ᠎ᠠ ᠨᠢ ᠳᠣᠣᠷᠠᠬᠢ ᠮᠡᠲᠦ᠄        ( ᠨᠢᠭᠡ ) ᠠᠮᠠᠯᠠᠯᠲᠠ ᠶᠢᠨ ᠠᠷᠭ᠎ᠠ ᠮᠠᠶ᠋ᠢᠭ ᠢᠶᠠᠷ ᠳᠠᠨᠵᠢᠯᠠᠭ᠎ᠠ ᠶᠢ ᠳᠠᠩᠰᠠᠯᠠᠬᠤ ᠭᠠᠷ ᠭᠦᠢᠴᠡᠳᠬᠡᠯ ᠬᠢᠬᠦ ᠶᠢ ᠬᠡᠷᠡᠭᠵᠢᠭᠦᠯᠦᠨ᠎ᠡ  ᠃ ᠲᠤᠬᠠᠶ ᠶᠢᠨ ᠬᠥᠮᠦᠨ ᠨᠢ ᠠᠮᠠᠯᠠᠯᠲᠠ ᠶᠢᠨ ᠠᠷᠭ᠎ᠠ ᠮᠠᠶ᠋ᠢᠭ ᠢᠶᠠᠷ ᠲᠤᠰᠬᠠᠶ ᠠᠰᠢᠭ ᠤᠨ ᠡᠷᠬᠡ  ᠶᠢ ᠳᠠᠨᠵᠢᠯᠠᠨ ᠳᠠᠩᠰᠠᠯᠠᠭᠤᠯᠬᠤ ᠬᠠᠮᠢᠶ᠎ᠠ ᠪᠥᠬᠦᠶ ᠭᠠᠷ ᠭᠦᠶᠴᠡᠳᠬᠡᠯ ᠢ ᠰᠣᠩᠭᠤᠵᠤ ᠪᠣᠯᠬᠤ ᠶᠢ ᠲᠣᠳᠣᠷᠬᠠᠶᠢᠯᠠᠵᠤ᠂ ᠲᠤᠬᠠᠶ ᠶᠢᠨ ᠬᠥᠮᠦᠨ ᠨᠢ ᠬᠠᠮᠢᠶ᠎ᠠ ᠪᠥᠬᠦᠶ ᠠᠮᠠᠯᠠᠯᠲᠠ ᠶᠢᠨ ᠪᠢᠴᠢᠭ ᠢᠶᠠᠨ ᠲᠤᠰᠢᠶᠠᠪᠠᠯ᠂ ᠪᠡᠶ᠎ᠡ ᠶᠢᠨ ᠭᠡᠷᠡᠴᠢ᠂ ᠬᠤᠪᠢᠷᠠᠭᠤᠯᠤᠭᠰᠠᠨ ᠭᠡᠷᠡᠴᠢ᠂ ᠬᠦᠴᠦᠨ ᠥᠬᠡᠶ ᠪᠣᠯᠭᠠᠭᠰᠠᠨ ᠭᠡᠷᠡᠴᠢ ᠵᠡᠷᠭᠡ ᠭᠡᠷᠡᠴᠢ ᠮᠠᠲ᠋ᠧᠷᠢᠶᠠᠯ ᠢᠶᠠᠨ ᠲᠤᠰᠢᠶᠠᠬᠤ ᠴᠢᠬᠤᠯᠠ ᠥᠬᠡᠶ︔ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠤᠳᠠᠯ ᠬᠠᠭᠤᠷᠮᠠᠭ ᠠᠮᠠᠯᠠᠯᠲᠠ ᠬᠢᠭᠰᠡᠨ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠵᠣᠬᠢᠴᠠᠩᠭᠤᠶ ᠠᠷᠭ᠎ᠠ ᠬᠡᠮᠵᠢᠶ᠎ᠡ ᠠᠪᠤᠨ᠎ᠠ  ᠃ ( ᠳᠣᠯᠣᠳᠤᠭᠠᠷ ᠵᠦᠢᠯ᠂ ᠠᠷᠪᠠᠨ ᠭᠤᠷᠪᠠᠳᠤᠭᠠᠷ ᠵᠦᠢᠯ᠂ ᠠᠷᠪᠠᠨ ᠳᠥᠷᠪᠡᠳᠦᠭᠡᠷ ᠵᠦᠢᠯ᠂ ᠬᠤᠷᠢᠳᠤᠭᠠᠷ ᠵᠦᠢᠯ )        ( ᠬᠤᠶᠠᠷ ) ᠲᠠᠨᠭᠰᠠᠯᠠᠵᠦ ᠥᠭᠬᠦ ᠦᠭᠡᠢ ᠪᠠᠶᠢᠳᠠᠯ ᠢ ᠪᠠᠭᠠᠰᠬᠠᠨ᠎ᠠ  ᠃ ᠨᠢᠭᠡ ᠳᠤ ᠤᠤᠯ ᠤᠨ 《 ᠠᠷᠭ᠎ᠠ 》 ᠳᠠᠬᠢ ᠲᠤᠰᠬᠠᠢ ᠠᠰᠢᠭ ᠤᠨ ᠡᠷᠬᠡ ᠶᠢᠨ ᠬᠦᠴᠦᠨ ᠦᠭᠡᠢ ᠪᠣᠯᠭᠠᠬᠤ ᠪᠠᠷ ᠵᠠᠷᠯᠠᠬᠤ ᠵᠢᠷᠤᠮ ᠢ ᠨᠢᠭᠡᠨᠲᠡ ᠡᠬᠢᠯᠡᠭᠦᠯᠦᠭᠰᠡᠨ ᠪᠠᠶᠢᠳᠠᠯ ᠳᠤ ᠲᠠᠨᠭᠰᠠᠯᠠᠵᠦ ᠥᠭᠬᠦ ᠦᠭᠡᠢ ᠭᠡᠰᠡᠨ ᠲᠣᠭᠲᠠᠭᠠᠯ ᠢ ᠲᠤᠬᠠᠢ ᠶᠢᠨ ᠬᠥᠮᠦᠨ ᠨᠢ ᠮᠡᠳᠡᠭᠳᠡᠭᠰᠡᠨ ᠤ ᠲᠠᠷᠠᠭ᠎ᠠ ᠲᠦᠭᠰᠢᠭᠦᠷᠢ ᠶᠢ ᠬᠦᠯᠢᠶᠡᠨ ᠠᠪᠬᠤ ᠳᠤᠷᠠᠲᠠᠢ ᠭᠡᠵᠦ ᠮᠥᠨ ᠯᠡ ᠢᠯᠡᠷᠬᠡᠶᠢᠯᠡᠭᠰᠡᠨ ᠪᠠᠶᠢᠳᠠᠯ  ᠳᠤ ᠲᠠᠨᠭᠰᠠᠯᠠᠯᠳᠡ ᠬᠢᠯᠭᠡᠬᠦ ᠶᠢ ᠵᠥᠪᠰᠢᠶᠡᠷᠡᠨ᠎ᠡ︔ ᠬᠤᠶᠠᠷ ᠲᠤ᠂ 《 ᠢᠷᠭᠡᠨ ᠤ ᠬᠠᠤᠯᠢ ᠶᠢᠨ ᠪᠢᠴᠢᠭ 》 ᠤᠨ ᠬᠠᠮᠤᠭ ᠤᠨ ᠰᠢᠨ᠎ᠡ ᠲᠣᠭᠲᠠᠭᠠᠯ ᠢ ᠦᠨᠳᠦᠰᠦᠯᠡᠪᠡᠯ᠂ ᠳᠠᠨᠵᠢᠯᠠᠭ᠎ᠠ ᠶᠢᠨ ᠭᠡᠷ᠎ᠡ ᠳᠤ ᠥᠭᠴᠡᠭᠡ ᠲᠦᠯᠦᠬᠦ ᠬᠤᠭᠤᠴᠠᠭ᠎ᠠ ᠳᠠᠭᠤᠰᠤᠭᠠᠳ ᠳᠠᠨᠵᠢᠯᠠᠭ᠎ᠠ ᠶᠢᠨ ᠡᠷᠬᠡ ᠲᠠᠢ ᠬᠥᠮᠦᠨ ᠲᠥᠯᠥᠪᠦᠷᠢ ᠣᠯᠤᠭᠠᠳᠤᠢ ᠦᠶ᠎ᠡ ᠳᠤ ᠲᠤᠰᠬᠠᠢ ᠠᠰᠢᠭ ᠤᠨ ᠡᠷᠬᠡ ᠨᠢ ᠳᠠᠨᠵᠢᠯᠠᠭ᠎ᠠ ᠶᠢᠨ ᠡᠷᠬᠡ ᠲᠠᠢ ᠬᠥᠮᠦᠨ ᠳᠤ ᠥᠮᠴᠢᠯᠡᠭᠳᠡᠨ᠎ᠡ ᠭᠡᠵᠦ ᠪᠣᠯᠵᠣᠨ ᠲᠣᠭᠲᠠᠭᠰᠠᠨ ᠪᠠᠶᠢᠳᠠᠯ ᠳᠤ ᠲᠡᠡᠭ᠌ᠰᠡᠯᠡᠯᠳᠠ ᠬᠢᠬᠦ ᠶᠢ ᠵᠥᠪᠰᠢᠶᠡᠷᠡᠨ᠎ᠡ︔ ᠭᠤᠷᠪᠠ ᠳᠤ ᠪᠣᠳᠠᠲᠤ ᠶᠠᠪᠤᠳᠠᠯ ᠤᠨ ᠳᠤᠮᠳᠠᠬᠢ ᠪᠣᠯᠪᠠᠰᠤᠷᠠᠩᠭᠤᠢ ᠠᠷᠭ᠎ᠠ ᠶᠢ ᠰᠢᠩᠭᠡᠭᠡᠨ ᠠᠪᠴᠤ᠂ ᠳᠠᠨᠵᠢᠯᠠᠬᠤ ᠲᠠᠨᠭᠰᠠᠯᠠᠯᠳᠠ ᠬᠢᠯᠭᠡᠬᠦ ᠪᠠᠷ ᠭᠤᠶᠤᠴᠢᠯᠠᠭᠰᠠᠨ ᠪᠣᠳᠠᠲᠤ ᠬᠡᠷᠡᠭᠴᠡᠭᠡᠲᠦ ᠰᠢᠨ᠎ᠡ ᠬᠡᠯᠪᠡᠷᠢ ᠶᠢᠨ ᠠᠳᠠᠯᠢᠬᠠᠨ ᠡᠭᠦᠳᠦᠯᠲᠡ ᠪᠦᠲᠦᠭᠡᠯᠲᠡ ᠨᠢ ᠠᠳᠠᠯᠢ ᠡᠳᠦᠷ ᠲᠤ ᠡᠭᠦᠳᠦᠯᠲᠡ ᠶᠢᠨ ᠲᠤᠰᠬᠠᠢ ᠠᠰᠢᠭ ᠢ ᠨᠢᠭᠡᠨᠲᠡ ᠭᠤᠶᠤᠴᠢᠯᠠᠭᠰᠠᠨ ᠪᠠᠶᠢᠪᠠᠯ᠂ ᠲᠤᠬᠠᠢ ᠶᠢᠨ ᠬᠥᠮᠦᠨ ᠨᠢ ᠮᠡᠳᠡᠭᠳᠡᠭᠰᠡᠨ ᠤ ᠲᠠᠷᠠᠭ᠎ᠠ ᠲᠦᠭᠰᠢᠭᠦᠷᠢ ᠶᠢ ᠭᠦᠯᠢᠶᠡᠨ ᠠᠪᠬᠤ ᠳᠤᠷᠠᠲᠠᠢ ᠭᠡᠵᠦ ᠮᠥᠨ ᠯᠡ ᠢᠯᠡᠷᠬᠡᠶᠢᠯᠡᠭᠰᠡᠨ ᠪᠠᠶᠢᠳᠠᠯ ᠳᠣᠣᠷ᠎ᠠ᠂ ᠲᠠᠨᠭᠰᠠᠯᠠᠯᠳᠠ ᠬᠢᠬᠦ ᠶᠢ ᠨᠢ ᠵᠥᠪᠰᠢᠶᠡᠷᠡᠨ᠎ᠡ  ᠃ ( ᠠᠷᠪᠠᠨ ᠨᠢᠭᠡᠳᠦᠭᠡᠷ ᠵᠦᠢᠯ )         ( ᠭᠤᠷᠪᠠ ) ᠳᠠᠩᠰᠠᠯᠠᠵᠤ ᠬᠢᠨᠠᠨ ᠪᠠᠶᠢᠴᠠᠭᠠᠬᠤ ᠬᠤᠭᠤᠴᠠᠭ᠎ᠠ ᠶᠢ ᠪᠣᠭᠤᠨᠢᠰᠬᠠᠨ᠎ᠠ  ᠃ ᠨᠢᠭᠡ ᠳᠤ ᠬᠢᠨᠠᠨ ᠪᠠᠶᠢᠴᠠᠭᠠᠬᠤ ᠬᠤᠭᠤᠴᠠᠭ᠎ᠠ ᠶᠢ ᠪᠣᠭᠤᠨᠢᠰᠬᠠᠵᠤ᠂ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ  ᠶᠢᠨ ᠲᠤᠰᠬᠠᠶ ᠠᠰᠢᠭ ᠤᠨ ᠡᠷᠬᠡ ᠶᠢᠨ ᠳᠠᠨᠵᠢᠯᠠᠨ ᠳᠠᠩᠰᠠᠯᠠᠭᠤᠯᠬᠤ ᠭᠠᠷ ᠭᠦᠶᠴᠡᠳᠬᠡᠯ ᠢ ᠬᠢᠨᠠᠨ ᠪᠠᠶᠢᠴᠠᠭᠠᠬᠤ ᠬᠤᠭᠤᠴᠠᠭ᠎ᠠ ᠶᠢ ᠤᠤᠯ ᠤᠨ ᠲᠣᠭᠲᠠᠭᠠᠭᠰᠠᠨ 7 ᠠᠵᠢᠯᠯᠠᠬᠤ ᠡᠳᠦᠷ ᠠᠴᠠ 5 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠰᠦᠯᠵᠢᠶᠡᠨ ᠳᠡᠭᠡᠷ᠎ᠡ ᠬᠢᠨᠠᠨ ᠪᠠᠶᠢᠴᠠᠭᠠᠯᠭᠠᠬᠤ ᠪᠠᠷ ᠭᠤᠶᠤᠴᠢᠯᠠᠬᠤ ᠬᠤᠭᠤᠴᠠᠭ᠎ᠠ ᠶᠢ ᠤᠯᠠᠮ ᠨᠢᠭᠡ ᠠᠯᠬᠤᠮ ᠪᠣᠭᠤᠨᠢᠰᠬᠠᠭᠠᠳ 2 ᠠᠵᠢᠯᠯᠠᠬᠤ ᠡᠳᠦᠷ ᠪᠣᠯᠭᠠᠪᠠ ( ᠠᠷᠪᠠᠳᠤᠭᠠᠷ ᠵᠦᠶᠯ )︔ ᠬᠤᠶᠠᠷ ᠲᠤ ᠲᠤᠰᠬᠠᠶ ᠠᠰᠢᠭ ᠤᠨ ᠡᠷᠬᠡ ᠶᠢᠨ ᠳᠠᠨᠵᠢᠯᠠᠭ᠎ᠠ ᠶᠢᠨ ᠳᠡᠩᠰᠡᠯᠡᠯᠲᠡ ᠶᠢ ᠬᠤᠪᠢᠷᠠᠭᠤᠯᠬᠤ ᠭᠠᠷ ᠭᠦᠶᠴᠡᠳᠬᠡᠯ ᠪᠠ ᠬᠦᠴᠦᠨ ᠥᠬᠡᠶ ᠪᠣᠯᠭᠠᠬᠤ ᠭᠠᠷ ᠭᠦᠶᠴᠡᠳᠬᠡᠯ ᠢ ᠭᠦᠶᠴᠡᠳᠬᠡᠬᠦ ᠵᠣᠬᠢᠴᠠᠩᠭᠤᠶ ᠬᠢᠨᠠᠨ ᠪᠠᠶᠢᠴᠠᠭᠠᠬᠤ ᠬᠤᠭᠤᠴᠠᠭ᠎ᠠ ᠶᠢ ᠲᠣᠳᠣᠷᠬᠠᠶ ᠲᠣᠭᠲᠠᠭᠠᠵᠤ᠂ ᠠᠷᠪᠠᠳᠤᠭᠠᠷ ᠵᠦᠶᠯ ᠳᠤ ᠲᠣᠭᠲᠠᠭᠠᠭᠰᠠᠨ ᠳᠠᠩᠰᠠᠯᠠᠭᠤᠯᠬᠤ ᠭᠠᠷ ᠭᠦᠶᠴᠡᠳᠬᠡᠯ ᠢ ᠭᠦᠶᠴᠡᠳᠬᠡᠬᠦ ᠬᠤᠭᠤᠴᠠᠭ᠎ᠠ ( ᠠᠷᠪᠠᠨ ᠭᠤᠷᠪᠠᠳᠤᠭᠠᠷ ᠵᠦᠶᠯ᠂ ᠠᠷᠪᠠᠨ ᠳᠥᠷᠪᠡᠳᠦᠭᠡᠷ ᠵᠦᠶᠯ ) ᠶᠣᠰᠣᠭᠠᠷ ᠭᠦᠶᠴᠡᠳᠬᠡᠨ᠎ᠡ  ᠃        ( ᠳᠥᠷᠪᠡ ) ᠳᠡᠩᠰᠡᠯᠡᠨ ᠲᠡᠮᠳᠡᠭᠯᠡᠬᠦ ᠬᠠᠮᠢᠶ᠎ᠠ ᠪᠥᠬᠦᠶ ᠦᠶᠯᠡᠴᠢᠯᠡᠭᠡᠨ ᠢ ᠰᠢᠯᠢᠳᠡᠭᠵᠢᠭᠦᠯᠦᠨ᠎ᠡ  ᠃ ᠨᠢᠭᠡ  ᠳᠤ ᠳᠡᠩᠰᠡᠯᠡᠨ ᠭᠦᠶᠴᠡᠳᠬᠡᠬᠦ ᠠᠷᠭ᠎ᠠ ᠵᠠᠮ ᠢ ᠥᠷᠭᠡᠳᠬᠡᠵᠦ᠂ ᠲᠤᠬᠠᠶᠢᠲᠠᠶ ᠬᠥᠮᠦᠨ ᠢᠨᠲ᠋ᠧᠷ ᠰᠦᠯᠵᠢᠶ᠎ᠡ ᠪᠠᠷ ᠰᠦᠯᠵᠢᠶᠡᠨ ᠳᠡᠭᠡᠷ᠎ᠡ ᠭᠦᠶᠴᠡᠳᠬᠡᠵᠦ ᠪᠣᠯᠬᠤ ᠶᠢ ᠲᠣᠳᠣᠷᠬᠠᠶᠢᠯᠠᠨ᠂ ᠭᠤᠶᠤᠴᠢᠯᠠᠭᠴᠢ ᠳᠤ ᠲᠥᠬᠦᠮ ᠦᠵᠡᠭᠦᠯᠦᠨ᠎ᠡ ( ᠵᠢᠷᠭᠤᠳᠤᠭᠠᠷ ᠵᠦᠶᠯ )︔ ᠬᠤᠶᠠᠷ ᠲᠤ ᠲᠤᠰᠬᠠᠢ ᠠᠰᠢᠭ ᠤᠨ ᠡᠷᠬᠡ ᠶᠢᠨ ᠳᠠᠨᠵᠢᠯᠠᠭ᠎ᠠ ᠶᠢᠨ ᠲᠠᠨᠭᠰᠠᠯᠠᠯᠳᠠ ᠶᠢᠨ ᠮᠠᠲ᠋ᠧᠷᠢᠶᠠᠯ ᠢ ᠪᠠᠶᠢᠴᠠᠭᠠᠨ ᠦᠵᠡᠬᠦ ᠪᠤᠶᠤ ᠪᠠᠭᠤᠯᠭᠠᠨ ᠠᠪᠬᠤ ᠵᠢᠷᠤᠮ ᠵᠢᠴᠢ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠵᠤ᠂ ᠲᠤᠬᠠᠢ ᠶᠢᠨ ᠬᠥᠮᠦᠨ ᠤ ᠳᠠᠨᠵᠢᠯᠠᠭ᠎ᠠ ᠶᠢᠨ ᠲᠠᠨᠭᠰᠠᠯᠠᠯᠳᠠ ᠶᠢᠨ ᠬᠤᠯᠪᠣᠭᠳᠠᠯ ᠪᠦᠭᠦᠢ ᠪᠢᠴᠢᠭ ᠮᠠᠲ᠋ᠧᠷᠢᠶᠠᠯ ᠢ ᠪᠠᠶᠢᠴᠠᠭᠠᠨ ᠯᠠᠪᠯᠠᠬᠤ ᠳᠤ ᠲᠦᠭᠦᠮ ᠦᠵᠡᠭᠦᠯᠦᠨ᠎ᠡ ( ᠠᠷᠪᠠᠨ ᠵᠢᠷᠭᠤᠳᠤᠭᠠᠷ ᠵᠦᠢᠯ )︔ ᠭᠤᠷᠪᠠ ᠳᠤ ᠲᠤᠰᠬᠠᠢ ᠠᠰᠢᠭ ᠤᠨ ᠡᠷᠬᠡ ᠶᠢ ᠳᠠᠨᠵᠢᠯᠠᠬᠤ ᠬᠤᠭᠤᠴᠠᠭᠠᠨ ᠳᠤ᠂ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ  ᠶᠢᠨ ᠲᠣᠪᠴᠢᠶ᠎ᠠ ᠠᠴᠠ ᠳᠠᠨᠵᠢ ᠶᠢᠨ ᠡᠷᠬᠡᠲᠦ ᠬᠥᠮᠦᠨ ᠳᠤ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ ᠪᠠᠶᠢᠳᠠᠯ᠂ ᠰᠢᠨ᠎ᠡ ᠪᠠᠷ ᠨᠡᠮᠡᠭᠳᠡᠭᠰᠡᠨ ᠲᠤᠰᠬᠠᠢ ᠠᠰᠢᠭ ᠤᠨ ᠡᠷᠬᠡ ᠶᠢᠨ ᠬᠠᠷᠢᠶᠠᠯᠠᠯ ᠳᠤ ᠵᠢᠭᠤᠷᠠᠯᠳᠤᠭᠠᠨ ᠡᠭᠦᠰᠦᠭᠰᠡᠨ ᠪᠤᠶᠤ ᠬᠠᠮᠠᠭᠠᠯᠠᠨ ᠬᠠᠳᠠᠭᠠᠯᠠᠬᠤ ᠠᠷᠭ᠎ᠠ ᠬᠡᠮᠵᠢᠶ᠎ᠡ ᠠᠪᠤᠭᠤᠯᠤᠭᠰᠠᠨ ᠪᠠᠶᠢᠳᠠᠯ ᠳᠤ ᠴᠢᠭᠯᠡᠭᠦᠯᠦᠨ᠂ ᠲᠤᠰᠬᠠᠢ ᠠᠰᠢᠭ ᠤᠨ ᠡᠷᠬᠡ ᠶᠢᠨ ᠠᠯᠳᠠᠭᠳᠠᠵᠤ ᠮᠡᠳᠡᠬᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠨᠵᠢ ᠶᠢᠨ ᠡᠷᠬᠡᠲᠦ ᠬᠥᠮᠦᠨ  ᠳᠤ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ ( ᠠᠷᠪᠠ ᠶᠢᠰᠦᠳᠦᠭᠡᠷ ᠵᠦᠢᠯ )  ᠃
 
ᠢᠷᠡᠯᠲᠡ᠄ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号