ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠧᠩ ᠵᠢᠶᠠ ᠬᠤᠶ ᠬᠠᠤᠯᠢ ᠪᠠᠷ ᠵᠠᠰᠠᠬᠤ ᠬᠢᠴᠢᠶᠡᠯ
ᠨᠡᠶᠢᠲᠡᠯᠡᠭᠰᠡᠨ ᠴᠠᠭ᠄
2021/11/25
    ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠰᠢᠰᠲ᠋ᠧᠮ ᠤᠨ ᠤᠳᠤᠷᠢᠳᠬᠤ ᠺᠠᠳ᠋ᠷ ᠤᠨ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠧᠩ ᠵᠢᠶᠠ ᠵᠢᠤᠢ 《 ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ 》 ᠪᠠᠷ ᠭᠤᠤᠯ ᠰᠡᠳᠦᠪ ᠪᠣᠯᠭᠠᠨ᠂ ᠲᠢᠩᠬᠢᠮ ᠤᠨ ᠪᠠᠶᠢᠭᠤᠯᠭ᠎ᠠ ᠶᠢᠨ ᠪᠥᠬᠦ ᠠᠵᠢᠯᠲᠠᠨ ᠪᠠ ᠲᠢᠩᠬᠢᠮ ᠤᠨ ᠬᠠᠷᠢᠶ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ ᠳᠤ ᠬᠠᠤᠯᠢ ᠪᠠᠷ ᠵᠠᠰᠠᠬᠤ ᠠᠮᠢᠳᠤᠯᠢᠭ ᠬᠢᠴᠢᠶᠡᠯ   ᠢ ᠶᠠᠷᠢᠵᠤ ᠥᠭᠪᠡ  ᠃ᠹᠧᠩ ᠵᠢᠶᠠ ᠵᠢᠤᠢ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠡᠦᠬᠡᠲᠦ ᠠᠴᠢ ᠬᠤᠯᠪᠣᠭᠳᠠᠯ ᠤᠨ ᠲᠣᠭᠤᠷᠢᠨ ᠳᠤ᠂ ᠨᠠᠮ ᠤᠨ ᠬᠠᠤᠯᠢ ᠪᠠᠷ ᠤᠯᠤᠰ ᠢᠶᠠᠨ ᠵᠠᠰᠠᠬᠤ ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠵᠤ᠂ ᠬᠠᠤᠯᠢ ᠪᠠᠷ ᠤᠯᠤᠰ  ᠢᠶᠠᠨ ᠵᠠᠰᠠᠬᠤ ᠦᠨᠳᠦᠰᠦᠨ ᠠᠷᠭ᠎ᠠ ᠪᠤᠳᠤᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ  ᠪᠠᠷ ᠣᠷᠣᠨ ᠢᠶᠠᠨ ᠵᠠᠰᠠᠬᠤ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠦᠢᠯᠡᠳᠦᠯᠭᠡᠵᠢᠭᠦᠯᠬᠦ ᠵᠡᠷᠭᠡ ᠲᠠᠯ᠎ᠠ ᠪᠠᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ  ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ ᠲᠢᠩᠬᠢᠮ ᠤᠨ ᠰᠢᠰᠲ᠋ᠧᠮ ᠤᠨ ᠥᠷᠭᠡᠨ ᠤᠯᠠᠨ ᠺᠠᠳ᠋ᠷ ᠠᠵᠢᠯᠳᠠᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠬᠠᠤᠯᠢᠵᠢᠯ ᠤᠨ ᠤᠬᠠᠭᠤᠯᠭ᠎ᠠ ᠲᠠᠶᠢᠯᠪᠤᠷᠢᠯᠠᠯᠲᠠ ᠬᠢᠵᠡᠢ  ᠃
      ᠹᠧᠩ ᠵᠢᠶᠠ ᠵᠢᠤᠢ ᠱᠠᠭᠠᠷᠳᠠᠭᠰᠠᠨ ᠨᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠢᠶᠠᠷᠤᠯᠲᠠ ᠶᠢᠨ ᠠᠵᠢᠯ ᠤᠨ ᠳᠤᠮᠳᠠ᠂ ᠬᠠᠤᠯᠢ ᠴᠠᠭᠠᠵᠠ ᠭᠡᠬᠦ ᠡᠨᠡ ᠬᠦ ᠪᠠᠷᠢᠮᠵᠢᠶ᠎ᠠ ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠢᠶᠠᠷᠤᠯᠲᠠ ᠶᠢ ᠬᠠᠤᠯᠢ ᠪᠠᠷ ᠵᠠᠰᠠᠬᠤ ᠶᠢ ᠦᠨᠡᠨ ᠬᠦ ᠠᠬᠢᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠭᠦᠶᠴᠡᠳ ᠬᠡᠷᠡᠭᠯᠡᠨ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ  ᠃ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠢᠭᠡᠳ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠶᠢᠨ ᠭᠦᠨᠵᠡᠭᠡᠶ ᠠᠭᠤᠰᠤᠯᠴᠠᠯ ᠢ ᠭᠦᠨᠵᠡᠭᠡᠶ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠶᠢᠨ ᠬᠠᠤᠯᠢ ᠪᠠᠷ ᠵᠠᠰᠠᠬᠤ ᠰᠠᠭᠤᠷᠢ ᠶᠢ ᠪᠠᠬᠢᠵᠢᠭᠦᠯᠦᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢ ᠪᠡᠶᠡᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠨ᠎ᠠ  ᠃ ᠬᠠᠤᠯᠢ ᠶᠣᠰᠣᠭᠠᠷ ᠣᠷᠣᠨ  ᠢᠶᠠᠨ ᠵᠠᠰᠠᠬᠤ ᠠᠵᠢᠯ ᠢ ᠬᠦᠴᠦᠯᠡᠨ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠵᠦ᠂ ᠬᠢᠯᠢ ᠬᠢᠵᠠᠭᠠᠷ ᠤᠨ ᠠᠮᠤᠷ ᠲᠣᠭᠲᠠᠭᠤᠨ᠂ ᠦᠨᠳᠦᠰᠦᠲᠡᠨ ᠤ ᠪᠦᠯᠬᠦᠮᠳᠡᠯ ᠢ ᠬᠦᠴᠦᠯᠡᠨ ᠠᠬᠢᠭᠤᠯᠵᠤ᠂ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠶ ᠠᠬᠢᠭᠤᠯᠬᠤ᠂ ᠣᠳᠣᠬᠢᠴᠢᠯᠠᠭᠰᠠᠨ ᠥᠪᠥᠷ ᠮᠣᠩᠭᠤᠯ ᠢ ᠪᠥᠲᠥᠭᠡᠨ ᠪᠠᠶᠢᠭᠤᠯᠬᠤ᠂ ᠮᠠᠨ ᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号