ᠶᠡᠷᠦᠩᠬᠡᠶ ᠨᠡᠷᠡᠰ ᠤᠨ ᠵᠢᠭᠰᠠᠭᠠᠯᠲᠠ 1 . 15 ᠳ᠋ᠦᠩᠰᠢᠭᠤᠷ        ᠣᠷᠳᠣᠰ ᠬᠤᠲᠠ 《 ᠵᠠᠷᠯᠠᠯ ᠨᠡᠶᠢᠲᠡᠯᠡᠵᠦ ᠮᠠᠩᠯᠠᠶᠢᠯᠠᠬᠤ 》 ᠮᠡᠳᠡᠭᠳᠡᠯ ᠨᠡᠶᠢᠲᠡᠯᠡᠪᠡ
ᠨᠡᠶᠢᠲᠡᠯᠡᠭᠰᠡᠨ ᠴᠠᠭ᠄
2021/11/26
 ᠲᠦᠷᠦᠭᠦᠬᠡᠨ᠂ ᠴᠢᠬᠤᠯᠠ ᠶᠡᠭᠡ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠳᠣᠰ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ 2021 ᠣᠨ ᠤ 《 ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ 》 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠶᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ᠳᠡᠯᠡᠬᠡᠶ ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠤᠷᠢᠵᠤ ᠵᠠᠷᠯᠠᠯ ᠨᠡᠶᠢᠲᠡᠯᠡᠵᠦ ᠪᠣᠭᠤᠮᠲᠠ ᠰᠢᠪᠲᠤᠯᠵᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠬᠦᠴᠢᠷ ᠠᠰᠠᠭᠤᠳᠠᠯ ᠢ ᠬᠠᠮᠲᠤ ᠪᠠᠷ ᠰᠢᠶᠳᠪᠦᠷᠢᠯᠡᠪᠡ  ᠃        ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠵᠦᠢᠯᠡᠰ ᠢ ᠵᠣᠬᠢᠶᠠᠨ ᠪᠠᠶᠢᠭᠤᠯᠵᠤ ᠬᠠᠮᠢᠶᠠᠷᠬᠤ ᠠᠷᠭ᠎ᠠ ᠮᠠᠶ᠋ᠢᠭ ᠢ ᠢᠳᠡᠪᠬᠢᠲᠡᠢ ᠰᠦᠪᠡᠭᠴᠢᠯᠡᠨ ᠥᠭᠡᠷᠡᠴᠢᠯᠡᠬᠦ ᠶᠢᠨ ᠲᠥᠯᠥᠭᠡ᠂ ᠣᠷᠳᠣᠰ ᠬᠤᠲᠠ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠡᠭᠦᠷᠭᠡ ᠶᠢᠨ 《 ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ 》 ᠲᠣᠭᠲᠠᠴᠠ ᠶᠢ ᠬᠡᠷᠡᠭᠵᠢᠭᠦᠯᠬᠦ ᠶᠢ ᠠᠬᠢᠭᠤᠯᠪᠠ᠂ ᠭᠤᠤᠯᠳᠠᠯᠭ᠎ᠠ ᠲᠠᠢ ᠠᠵᠤ ᠦᠶᠯᠡᠰ ᠤᠨ ᠬᠥᠭᠵᠢᠯᠲᠡ ᠶᠢᠨ 《 ᠪᠣᠭᠤᠮᠢ 》 ᠮᠡᠷᠭᠡᠵᠢᠯ ᠢ ᠡᠯᠰᠡᠬᠦ ᠪᠠᠷ ᠳᠠᠮᠵᠢᠭᠤᠯᠤᠨ᠂ ᠠᠵᠤ ᠠᠬᠤᠢᠯᠠᠯ ᠤᠨ ᠪᠠᠴᠢᠮ ᠬᠡᠷᠡᠭᠰᠡᠬᠦ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ᠂ ᠠᠵᠤ ᠦᠶᠯᠡᠰ ᠤᠨ ᠬᠥᠭᠵᠢᠯᠲᠡ ᠶᠢᠨ ᠳᠤᠲᠠᠭᠳᠠᠵᠤ ᠪᠠᠶᠭ᠎ᠠ ᠮᠡᠷᠭᠡᠵᠢᠯ᠂ 《 ᠬᠠᠲᠤᠨ ᠭᠤᠤᠯ ᠳᠠᠭᠠᠤ ᠶᠢᠨ ᠲᠠᠷᠢᠶᠠᠨ ᠭᠠᠵᠠᠷ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠪᠠ ᠵᠢᠱᠢᠶ᠎ᠡ ᠦᠵᠡᠭᠦᠯᠬᠦ 》 ᠶᠢ ᠰᠢᠯᠢᠨ ᠭᠠᠷᠭᠠᠪᠠ᠂ 《 ᠣᠷᠳᠣᠰ ᠬᠤᠲᠠ ᠶᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠵᠠᠰᠠᠯᠲᠠ ᠶᠢᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠰᠤᠳᠤᠯᠤᠨ ᠨᠡᠭᠡᠭᠡᠬᠦ ᠵᠢᠴᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ 》᠂ 《 ᠣᠷᠳᠣᠰ ᠤᠨ ᠭᠠᠵᠠᠷ ᠣᠷᠣᠨ ᠤ ᠬᠠᠷᠰᠢᠮᠠᠲᠠᠭᠠᠶ ᠬᠠᠮᠠᠷ  ᠤᠨ ᠦᠷᠪᠢᠰᠦᠯ ᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠵᠢᠴᠢ ᠰᠡᠷᠭᠡᠶᠢᠯᠡᠨ ᠵᠠᠰᠠᠬᠤ ᠮᠡᠷᠭᠡᠵᠢᠯ  ᠤᠨ ᠰᠤᠳᠤᠯᠤᠨ ᠨᠡᠭᠡᠭᠡᠯᠲᠡ 》᠂ 《 N ᠬᠡᠯᠪᠡᠷᠢ ᠶᠢᠨ ᠳᠡᠭᠡᠳᠦ ᠴᠡᠪᠡᠷ ᠴᠠᠬᠢᠭᠤᠷ ᠮᠠᠲ᠋ᠧᠷᠢᠶᠠᠯ ᠢ ᠰᠤᠳᠤᠯᠤᠨ ᠨᠡᠭᠡᠭᠡᠬᠦ ᠪᠠ ᠬᠡᠷᠡᠭᠯᠡᠬᠦ 》᠂ 《 ᠴᠠᠬᠢᠭᠤᠷᠲᠤ ᠬᠠᠶᠢᠯᠤᠰᠢ ᠶᠢᠨ ᠠᠭᠤᠷᠬᠠᠶ ᠶᠢᠨ ᠢᠯᠴᠢ ᠶᠢᠨ ᠵᠤᠤᠬ᠎ᠠ ᠶᠢᠨ ᠡᠮᠦᠨᠡᠬᠢ ᠠᠵᠢᠯᠯᠠᠬᠤ ᠮᠠᠰᠢᠨ ᠬᠥᠮᠦᠨ ᠤ ᠨᠡᠭᠡᠭᠡᠯᠲᠡ 》 ᠪᠠ 《 350 MW ᠬᠡᠲᠦ ᠵᠠᠭᠠᠭ ᠤᠨ CFB ᠭᠦᠸᠧᠯᠦ ᠶᠢᠨ ᠭᠦᠨ ᠲᠣᠬᠢᠷᠠᠭᠤᠯᠤᠯᠲᠠ ᠶᠢᠨ ᠣᠷᠭᠢᠯ ᠤᠨ ᠬᠤᠭᠤᠴᠠᠭᠠᠨ ᠤ ᠠᠵᠢᠯ ᠤᠨ ᠪᠠᠶᠢᠳᠠᠯ ᠳᠣᠤᠷ᠎ᠠ NOx ᠬᠡᠲᠦ ᠳᠣᠤᠷ᠎ᠠ ᠭᠠᠳᠠᠭᠰᠢᠯᠠᠭᠤᠯᠬᠤ ᠮᠡᠷᠭᠡᠵᠢᠯ ᠢ ᠰᠤᠳᠤᠯᠤᠨ ᠨᠡᠭᠡᠭᠡᠬᠦ 》 6 ᠴᠢᠬᠤᠯᠠ ᠶᠡᠭᠡ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠬᠦᠴᠢᠷ ᠠᠰᠠᠭᠤᠳᠠᠯ᠂ ᠶᠡᠷᠦᠩᠬᠡᠢ ᠰᠤᠳᠤᠯᠤᠨ ᠨᠡᠭᠡᠭᠡᠬᠦ ᠲᠥᠰᠦᠪ ᠤᠨ ᠣᠷᠣᠭᠤᠯᠤᠯᠲᠠ 11577 . 9 ᠲᠦᠮᠡᠨ ᠲᠥᠭᠦᠷᠢᠭ  ᠃       ᠲᠣᠰ ᠤᠳᠠᠭ᠎ᠠ ᠶᠢᠨ ᠨᠡᠷᠡᠰ ᠤᠨ ᠵᠢᠭᠰᠠᠭᠠᠯᠲᠠ ᠨᠢ ᠰᠢᠨ᠎ᠡ ᠮᠠᠲ᠋ᠧᠷᠢᠶᠠᠯ᠂ ᠲᠡᠷᠢᠭᠦᠨ ᠤ ᠦᠶᠯᠡᠳᠬᠦ ᠦᠶᠯᠡᠰ ᠂ ᠡᠮ ᠡᠮᠨᠡᠯᠭᠡ ᠡᠷᠡᠭᠦᠯ ᠬᠠᠮᠠᠭᠠᠯᠠᠯ᠂ ᠡᠬᠢ ᠪᠠᠶᠠᠯᠢᠭ ᠬᠢᠭᠡᠳ ᠣᠷᠴᠢᠨ ᠲᠣᠭᠤᠷᠢᠨ ᠵᠡᠷᠭᠡ ᠬᠦᠷᠢᠶ᠎ᠡ ᠳᠤ ᠬᠤᠯᠪᠣᠭᠳᠠᠵᠤ᠂ ᠮᠡᠳᠡᠭᠳᠡᠯ ᠢ ᠦᠨᠳᠦᠰᠦᠯᠡᠪᠡᠯ᠂ ᠰᠠᠨᠠᠭᠠᠴᠢᠯᠠᠭ᠎ᠠ ᠲᠠᠢ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ  ᠳᠡᠭᠡᠨ ᠲᠥᠷᠥᠯ ᠵᠦᠶᠯ ᠤᠨ ᠨᠡᠷᠡᠰ ᠤᠨ ᠵᠢᠭᠰᠠᠭᠠᠯᠲᠠ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠵᠢᠴᠢ ᠲᠣᠰ ᠪᠡᠶ᠎ᠡ  ᠶᠢᠨ ᠴᠢᠳᠠᠪᠤᠷᠢ ᠲᠠᠢ ᠤᠶᠠᠯᠳᠤᠭᠤᠯᠤᠨ᠂ 2021 ᠣᠨ ᠤ 12 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ 《 ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ 〈 ᠵᠠᠷᠯᠠᠯ ᠨᠡᠶᠢᠲᠡᠯᠡᠬᠦ ᠪᠠᠷ ᠮᠠᠩᠯᠠᠶᠢᠯᠠᠭᠤᠯᠬᠤ 〉 ᠲᠥᠷᠥᠯ ᠵᠦᠶᠯ ᠤᠨ ᠬᠡᠷᠡᠭᠵᠢᠭᠦᠯᠬᠦ ᠲᠥᠰᠦᠯ 》 ᠢ ᠲᠠᠭᠯᠠᠬᠤ ᠶᠢᠨ ᠬᠠᠮᠲᠤ ᠭᠠᠷ ᠤᠨ ᠥᠰᠥᠭ ᠵᠢᠷᠤᠭᠰᠠᠨ ᠰᠢᠷᠪᠢᠯᠲᠡ ᠶᠢᠨ ᠮᠠᠲ᠋ᠧᠷᠢᠶᠠᠯ ᠵᠢᠴᠢ ᠡᠯᠧᠺᠲᠷᠣᠨ ᠬᠡᠪᠯᠡᠯ ᠢ fzjhjj @ 163 . com ᠬᠦᠷᠲᠡᠯ᠎ᠡ ᠲᠠᠷᠬᠠᠭᠠᠵᠤ ᠪᠣᠯᠤᠨ᠎ᠠ  ᠃       ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ 〈 ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ 〉 ᠶᠢ ᠬᠡᠷᠡᠭᠵᠢᠭᠦᠯᠬᠦ ᠠᠷᠭ᠎ᠠ 》 ᠶᠢ ᠨᠡᠶᠢᠲᠡᠯᠡᠵᠦ᠂ ᠡᠯ᠎ᠡ ᠠᠶᠢᠮᠠᠭ ᠬᠤᠲᠠ ᠶᠢ ᠬᠥᠲᠥᠯᠥᠨ ᠵᠢᠯᠣᠭᠤᠳᠴᠤ ᠳᠠᠶᠢᠴᠢᠯᠠᠨ 《 ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ 》 ᠰᠢᠨ᠎ᠡ ᠬᠡᠯᠪᠡᠷᠢ ᠶᠢᠨ ᠲᠥᠷᠥᠯ ᠵᠦᠶᠯ  ᠤᠨ ᠵᠣᠬᠢᠶᠠᠨ ᠪᠠᠶᠢᠭᠤᠯᠤᠯᠲᠠ ᠶᠢᠨ ᠲᠣᠭᠲᠠᠴᠠ ᠶᠢ ᠢᠳᠡᠪᠬᠢᠲᠡᠶ ᠰᠦᠪᠡᠭᠴᠢᠯᠡᠵᠦ᠂ ᠬᠤᠯᠪᠣᠭᠠᠯᠠᠨ ᠬᠥᠳᠡᠯᠦᠯᠴᠡᠬᠦ ᠪᠠᠶᠢᠳᠠᠯ ᠢ ᠪᠦᠷᠢᠯᠳᠦᠭᠦᠯᠦᠨ᠂ ᠣᠷᠣᠨ ᠤ ᠳᠣᠲᠣᠷᠠᠬᠢ ᠨᠢᠭᠡᠴᠢ ᠪᠣᠯᠤᠨ ᠨᠠᠩ ᠣᠯᠠᠨ ᠳᠡᠭᠡᠳᠦ ᠲᠠᠰ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠲᠤᠶᠢᠯ ᠤᠨ ᠣᠨᠣᠪᠴᠢᠲᠠᠶ ᠪᠠᠷ ᠵᠣᠯᠭᠠᠭᠤᠯᠬᠤ ᠶᠢ ᠠᠬᠢᠭᠤᠯᠵᠤ᠂ ᠬᠠᠮᠲᠤᠷᠠᠯᠴᠠᠵᠤ ᠬᠠᠮᠲᠤ  ᠪᠠᠷ ᠠᠰᠢᠭ ᠭᠥᠷᠳᠡᠬᠦ ᠶᠢ ᠪᠡᠶᠡᠯᠡᠭᠦᠯᠦᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠪᠠ  ᠃       ᠳᠣᠣᠷᠠᠬᠢ ᠴᠥᠷᠬᠡᠯᠡᠭᠡ ᠶᠢ ᠳᠣᠶ᠋ᠢᠵᠤ᠂ ᠨᠠᠷᠢᠨ ᠵᠢᠭᠰᠠᠭᠠᠯᠲᠠ ᠶᠢ ᠪᠠᠶᠢᠴᠠᠭᠠᠨ ᠦᠵᠡᠨ᠎ᠡ᠄ ttps://mp.weixin.qq.com/s/ueVYTBUd98wc9vZkoLJ3yA
 
ᠢᠷᠡᠯᠲᠡ᠄ ᠣᠷᠳᠣᠰ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号