ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠠᠮ ᠤᠨ ᠬᠤᠷᠢᠶ᠎ᠠ ( ᠥᠷᠭᠡᠳᠬᠡᠭᠰᠡᠨ ) ᠶᠢᠨ ᠬᠤᠷᠠᠯ ᠬᠤᠷᠠᠯᠳᠤᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠾᠧᠩ ᠰᠢᠶᠤᠤ ᠹᠠᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/11/26
     11 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠠᠮ ᠤᠨ ᠬᠤᠷᠢᠶᠠᠨ ᠤ ( ᠥᠷᠭᠡᠳᠬᠡᠭᠰᠡᠨ ) ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ   ᠶᠢ ᠤᠯᠠᠮᠵᠢᠯᠠᠨ ᠰᠤᠷᠤᠯᠴᠠᠨ ᠲᠤᠭᠤᠰᠢᠯᠠᠭᠤᠯᠪᠠ  ᠃ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ  ᠃      ᠬᠤᠷᠠᠯ ᠠᠴᠠ ᠱᠠᠭᠠᠷᠳᠠᠭᠰᠠᠨ ᠨᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ  ᠶᠢ ᠣᠳᠣᠬᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠭᠤᠤᠯᠳᠠᠯᠭ᠎ᠠ ᠲᠠᠢ ᠠᠭᠤᠯᠭ᠎ᠠ ᠪᠣᠯᠭᠠᠵᠤ᠂ ᠤᠳᠤᠷᠢᠳᠬᠤ ᠺᠠᠳ᠋ᠷᠴᠤᠳ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠥᠷᠭᠡᠨ ᠳᠡᠯᠭᠡᠷ ᠭᠦᠨᠵᠡᠭᠡᠶ ᠤᠬᠠᠭᠤᠯᠤᠨ ᠲᠠᠶᠢᠯᠪᠤᠷᠢᠯᠠᠵᠤ᠂ ᠲᠦᠷᠦᠭᠦᠯᠡᠨ ᠰᠤᠷᠤᠯᠴᠠᠵᠤ᠂ ᠲᠦᠷᠦᠭᠦᠯᠡᠨ ᠪᠣᠳᠣᠯᠬᠢᠯᠠᠵᠤ᠂ ᠲᠦᠷᠦᠭᠦᠯᠡᠨ ᠨᠠᠶᠢᠳᠠᠪᠤᠷᠢᠵᠢᠭᠤᠯᠵᠤ᠂ ᠥᠷᠭᠡᠨ ᠣᠯᠠᠨ ᠠᠷᠠᠳ ᠤᠨ ᠴᠠᠭᠳᠠᠭ᠎ᠠ ᠳᠤ ᠰᠠᠶᠢᠨ ᠥᠯᠢᠭᠡᠷ ᠳᠠᠭᠤᠷᠢᠶᠠᠯ ᠪᠣᠯᠵᠣ᠂ ᠰᠠᠶᠢᠨ ᠥᠯᠢᠭᠡᠷ ᠳᠠᠭᠤᠷᠢᠶᠠᠯ ᠪᠣᠯᠬᠤ ᠬᠡᠷᠡᠭᠲᠡᠶ ᠭᠡᠪᠡ  ᠃ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠴᠠᠭᠳᠠᠭ᠎ᠠ ᠶᠢᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠴᠢᠬᠤᠯᠠ ᠠᠭᠤᠯᠭ᠎ᠠ ᠪᠣᠯᠭᠠᠵᠤ᠂ ᠰᠠᠯᠠᠭ᠎ᠠ ᠮᠥᠴᠢᠷ ᠤᠨ ᠴᠠᠭᠳᠠᠭᠠᠨ ᠤ ᠲᠥᠷᠥᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠣᠯᠠᠨ ᠲᠠᠰ ᠳᠠᠪᠬᠤᠷᠭ᠎ᠠ ᠶᠢᠨ ᠰᠤᠷᠤᠯᠴᠠᠨ ᠲᠤᠭᠤᠰᠢᠯᠠᠭᠤᠯᠬᠤ ᠠᠵᠢᠯᠯᠠᠭ᠎ᠠ ᠶᠢ ᠥᠷᠨᠢᠭᠦᠯᠵᠦ᠂ 《 ᠳᠥᠷᠪᠡᠨ ᠲᠡᠮᠦᠷ ᠮᠡᠲᠦ ᠪᠠᠲᠤ ᠴᠢᠩᠭ᠎ᠠ 》 ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ 《 ᠬᠤᠶᠠᠷ ᠬᠠᠯᠬᠠᠪᠴᠢ 》 ᠶᠢᠨ ᠰᠢᠳᠤᠷᠭᠤ ᠬᠠᠮᠠᠭᠠᠯᠠᠭᠴᠢ ᠪᠣᠯᠬᠤ ᠬᠡᠷᠡᠭᠲᠡᠶ  ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠡᠭᠦᠷᠭᠡ ᠶᠢ ᠪᠠᠲᠤ ᠡᠵᠡᠮᠳᠡᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠡᠯ᠎ᠡ ᠲᠦᠷᠦᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠠᠮᠤᠷ ᠲᠦᠪᠰᠢᠨ ᠤ ᠴᠢᠩᠭ᠎ᠠ ᠴᠣᠬᠢᠯᠲᠠ ᠥᠭᠬᠦ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ  ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号