ᠮᠠᠨ ᠤ ᠣᠷᠣᠨ ᠢᠳᠡᠭᠡᠨ ᠤ ᠠᠮᠤᠷ ᠲᠦᠪᠰᠢᠨ ᠤ ᠬᠠᠨᠤᠮᠵᠢ ᠶᠢᠨ ᠪᠠᠶᠢᠴᠠᠭᠠᠯᠲᠠ ᠶᠢ ᠠᠩᠬ᠎ᠠ ᠤᠳᠠᠭ᠎ᠠ ᠡᠬᠢᠯᠡᠭᠦᠯᠪᠡ
ᠨᠡᠶᠢᠲᠡᠯᠡᠭᠰᠡᠨ ᠴᠠᠭ᠄
2021/11/26
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠪᠥᠬᠦ ᠣᠷᠣᠨ ᠤ ᠡᠯ᠎ᠡ ᠭᠠᠵᠠᠷ ᠤᠨ ᠰᠠᠭᠤᠭᠠᠯᠢ ᠠᠷᠠᠳ ᠤᠨ ᠢᠳᠡᠭᠡᠨ ᠤ ᠠᠮᠤᠷ ᠲᠦᠪᠰᠢᠨ ᠤ ᠠᠵᠢᠯ ᠬᠢᠭᠡᠳ ᠣᠳᠣᠬᠢ ᠪᠠᠶᠢᠳᠠᠯ ᠳᠤ ᠬᠠᠨᠤᠮᠵᠢᠲᠠᠶ ᠪᠠᠶᠢᠬᠤ ᠬᠡᠮᠵᠢᠶ᠎ᠡ ᠶᠢ ᠪᠥᠬᠦ ᠲᠠᠯ᠎ᠠ ᠪᠠᠷ᠂ ᠪᠤᠰᠤᠳᠴᠢ ᠪᠠᠷ᠂ ᠲᠥᠪ ᠭᠤᠤᠯᠴᠢ ᠪᠠᠷ ᠡᠵᠡᠮᠰᠢᠵᠦ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠢᠳᠡᠭᠡᠨ ᠤ ᠠᠮᠤᠷ ᠲᠦᠪᠰᠢᠨ ᠤ ᠵᠥᠪ ᠥᠷᠲᠡᠭ ᠤᠨ ᠦᠵᠡᠯᠲᠡ ᠶᠢ ᠪᠣᠶ ᠪᠣᠯᠭᠠᠵᠤ᠂ ᠠᠶᠢᠮᠠᠭ ᠬᠤᠲᠠ ᠶᠢᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ  ᠤ ᠵᠥᠪᠯᠡᠯ ᠤᠨ ᠠᠯᠪᠠᠨ ᠬᠡᠷ ᠨᠢ 11 ᠳ᠋ᠦ᠋ᠭᠡᠷ ᠰᠠᠷ᠎ᠠ ᠶᠢᠨ 8 ᠤ ᠡᠳᠦᠷ ᠠᠴᠠ 12 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ᠂ ᠢᠳᠡᠭᠡᠨ ᠤ ᠠᠮᠤᠷ ᠲᠦᠪᠰᠢᠨ ᠤ ᠬᠠᠨᠤᠮᠵᠢᠲᠠᠶ ᠪᠠᠶᠢᠬᠤ ᠬᠡᠮᠵᠢᠶ᠎ᠡ ᠶᠢ ᠪᠠᠶᠢᠴᠠᠭᠠᠬᠤ ᠠᠰᠠᠭᠤᠯᠲᠠ  ᠶᠢᠨ ᠬᠠᠭᠤᠳᠠᠰᠤ ᠶᠢᠨ ᠠᠵᠢᠯᠯᠠᠭ᠎ᠠ ᠶᠢ 1 ᠰᠠᠷ᠎ᠠ ᠪᠠᠷ ᠶᠠᠪᠤᠭᠳᠠᠭᠤᠯᠬᠤ ᠪᠠᠷ ᠪᠠᠶᠢᠨ᠎ᠠ  ᠃ ᠡᠨᠡ ᠪᠣᠯ ᠮᠠᠨ ᠤ ᠣᠷᠣᠨ  ᠤ ᠠᠩᠬ᠎ᠠ ᠤᠳᠠᠭ᠎ᠠ ᠥᠷᠨᠢᠭᠦᠯᠦᠭᠰᠡᠨ ᠢᠳᠡᠭᠡᠨ ᠤ ᠠᠮᠤᠷ ᠲᠦᠪᠰᠢᠨ ᠤ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ  ᠶᠢᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢᠨ ᠠᠵᠢᠯᠯᠠᠭ᠎ᠠ ᠪᠣᠯᠤᠨ᠎ᠠ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢᠨ ᠦᠷ᠎ᠡ ᠳ᠋ᠦᠩ ᠨᠢ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠴᠢᠬᠤᠯᠠ ᠦᠨᠳᠦᠰᠦᠯᠡᠯ ᠬᠠᠩᠭᠠᠬᠤ ᠪᠣᠯᠤᠨ᠎ᠠ  ᠃       ᠣᠶᠢᠯᠠᠭᠠᠭᠰᠠᠨ ᠢᠶᠠᠷ᠂ ᠲᠣᠰ ᠤᠳᠠᠭᠠᠨ ᠤ ᠪᠠᠶᠢᠴᠠᠭᠠᠯᠲᠠ ᠶᠢᠨ ᠠᠭᠤᠯᠭ᠎ᠠ ᠳᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠢᠳᠡᠭᠡᠨ ᠤ ᠠᠮᠤᠷ ᠲᠦᠪᠰᠢᠨ ᠤ ᠪᠠᠶᠢᠳᠠᠯ᠂ ᠣᠯᠠᠨ ᠤ ᠠᠩᠬᠠᠷᠴᠤ ᠪᠠᠶᠢᠭ᠎ᠠ ᠭᠤᠤᠯ ᠢᠳᠡᠭᠡᠨ ᠤ ᠲᠥᠷᠥᠯ ᠵᠦᠶᠯ᠂ ᠦᠷᠭᠦᠯᠵᠢ ᠣᠴᠢᠳᠠᠭ ᠢᠳᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ᠂ ᠢᠳᠡᠭᠡᠨ ᠤ ᠠᠮᠤᠷ ᠲᠦᠪᠰᠢᠨ ᠤ ᠬᠠᠨᠤᠮᠵᠢ ᠶᠢᠨ ᠬᠡᠮᠵᠢᠶ᠎ᠡ ᠶᠢᠨ ᠪᠠᠶᠢᠳᠠᠯ ᠵᠢᠴᠢ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢᠨ ᠮᠡᠳᠡᠬᠦ ᠨᠣᠷᠮ᠎ᠠ ᠬᠢᠭᠡᠳ ᠳᠡᠮᠵᠢᠬᠦ ᠨᠣᠷᠮ᠎ᠠ ᠵᠡᠷᠭᠡ ᠪᠠᠭᠲᠠᠨ᠎ᠠ  ᠃ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠨᠢ 3 ᠵᠦᠶᠯ ᠤᠨ ᠣᠷᠣᠯᠴᠠᠬᠤ ᠠᠷᠭ᠎ᠠ ᠬᠡᠯᠪᠡᠷᠢ ᠲᠠᠢ᠂ ᠲᠣᠰ ᠲᠣᠰ ᠰᠦᠯᠵᠢᠶᠡᠨ ᠤ ᠠᠰᠠᠭᠤᠯᠲᠠ ᠶᠢᠨ ᠬᠠᠭᠤᠳᠠᠰᠤ᠂ ᠳ᠋ᠢᠶᠠᠩᠬᠤᠸᠠ ᠶᠢᠨ ᠪᠠᠶᠢᠴᠠᠭᠠᠯᠲᠠ ᠪᠠ ᠲᠤᠬᠠᠶ ᠶᠢᠨ ᠲᠠᠯᠠᠪᠤᠷ ᠤᠨ ᠲᠣᠬᠢᠶᠠᠯᠳᠤᠯ ᠰᠤᠷᠪᠤᠯᠵᠢᠯᠠᠭ᠎ᠠ ᠪᠣᠯᠤᠨ᠎ᠠ  ᠃ 11 ᠰᠠᠷ᠎ᠠ ᠶᠢᠨ 22  ᠤᠨ ᠡᠳᠦᠷ ᠪᠣᠯᠲᠠᠯ᠎ᠠ᠂ ᠰᠦᠯᠵᠢᠶᠡᠨ ᠤ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠥᠯᠢᠭᠡᠷ ᠶᠠᠩᠵᠤ ᠶᠢᠨ ᠬᠡᠮᠵᠢᠶ᠎ᠡ 10672᠂ ᠳ᠋ᠢᠶᠠᠩᠬᠤᠸᠠ ᠶᠢᠨ ᠪᠠᠶᠢᠴᠠᠭᠠᠯᠲᠠ ᠶᠢ 6834᠂ ᠲᠤᠬᠠᠶ ᠶᠢᠨ ᠲᠠᠯᠠᠪᠤᠷ ᠲᠤ ᠲᠣᠬᠢᠶᠠᠯᠳᠤᠯ ᠤᠨ ᠪᠠᠶᠢᠴᠠᠭᠠᠯᠲᠠ ᠶᠢ 3644 ᠪᠡᠶᠡᠯᠡᠭᠦᠯᠪᠡ  ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号