2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠤᠨ ᠲᠥᠯᠥᠪᠯᠡᠭᠡ ᠶᠢᠨ ᠲᠣᠬᠢᠷᠠᠭᠤᠯᠤᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2021/11/26
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2018 ᠣᠨ ᠤ ᠰᠢᠨᠵᠢᠯᠡᠬᠦ ᠤᠬᠠᠭᠠᠨ ᠮᠡᠷᠭᠡᠵᠢᠯ  ᠤᠨ ᠲᠥᠷᠥᠯ ᠵᠦᠶᠯ ᠤᠨ ᠲᠥᠯᠥᠪᠯᠡᠭᠡ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠷᠠᠭᠤᠯᠵᠤ᠂ ᠦᠷ᠎ᠡ ᠪᠦᠲᠦᠭᠡᠯ ᠢ ᠤᠯᠠᠷᠢᠭᠤᠯᠬᠤ ᠵᠢᠴᠢ ᠠᠵᠤ ᠦᠢᠯᠡᠰᠵᠢᠭᠦᠯᠬᠦ ᠶᠢ ᠬᠡᠷᠡᠭᠵᠢᠭᠦᠯᠦᠨ᠂ ᠰᠢᠨ᠎ᠡ ᠶᠢ ᠡᠭᠦᠳᠬᠦ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠭᠤᠤᠯ ᠪᠣᠯᠭᠠᠭᠰᠠᠨ ᠪᠥᠬᠦ ᠲᠠᠯ᠎ᠠ ᠪᠠᠷ ᠰᠢᠨ᠎ᠡ ᠶᠢ ᠡᠭᠦᠳᠬᠦ ᠶᠢ ᠠᠬᠢᠭᠤᠯᠵᠤ᠂ ᠣᠲᠣ ᠦᠶ᠎ᠡ ᠶᠢᠨ ᠠᠵᠤ ᠠᠬᠤᠶ ᠶᠢᠨ ᠰᠢᠰᠲ᠋ᠧᠮᠵᠢ ᠶᠢ ᠪᠠᠶᠢᠭᠤᠯᠬᠤ ᠪᠠ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠢ ᠪᠥᠲᠥᠭᠡᠨ ᠪᠠᠶᠢᠭᠤᠯᠬᠤ  ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ  ᠃      ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠮᠡᠷᠭᠡᠵᠢᠯ ᠤᠨ ᠰᠤᠳᠤᠯᠤᠯ ᠬᠢᠭᠡᠳ ᠨᠡᠭᠡᠭᠡᠯᠲᠡ ᠶᠢᠨ ᠪᠡᠯᠡ ᠮᠥᠩᠭᠦ ᠶᠢ ᠨᠡᠶᠢᠲᠡ 265 ᠵᠦᠢᠯ ᠲᠣᠬᠢᠷᠠᠭᠤᠯᠵᠤ᠂ ᠡᠭᠦᠨ ᠳᠤ ᠬᠡᠷᠡᠭᠯᠡᠭᠡᠨ ᠤ ᠮᠡᠷᠭᠡᠵᠢᠯ ᠤᠨ ᠰᠤᠳᠤᠯᠤᠯ ᠬᠢᠭᠡᠳ ᠨᠡᠭᠡᠭᠡᠯᠲᠡ ᠶᠢᠨ ᠪᠡᠯᠡ ᠮᠥᠩᠭᠦ 21470 ᠲᠦᠮᠡᠨ ᠲᠥᠭᠦᠷᠢᠭ᠂ ᠥᠪᠡᠷ ᠲᠡᠭᠡᠨ ᠴᠤᠭᠯᠠᠭᠤᠯᠤᠭᠰᠠᠨ ᠪᠡᠯᠡ ᠮᠥᠩᠭᠦ 25237 ᠲᠦᠮᠡᠨ ᠲᠥᠭᠦᠷᠢᠭ ᠪᠤᠶ  ᠃ ᠲᠥᠷᠥᠯ ᠵᠦᠶᠯ ᠤᠨ ᠲᠥᠷᠥᠯ ᠵᠦᠶᠯ ᠢᠶᠠᠷ ᠬᠤᠪᠢᠶᠠᠷᠢᠯᠠᠵᠤ᠂ ᠬᠡᠷᠡᠭᠯᠡᠭᠡᠨ  ᠤ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ᠶᠢᠨ 6 ᠲᠥᠷᠥᠯ ᠵᠦᠶᠯ ᠢ ᠳᠡᠮᠵᠢᠵᠦ᠂ 340 ᠲᠦᠮᠡᠨ ᠲᠥᠭᠦᠷᠢᠭ ᠤᠨ ᠵᠠᠷᠤᠳᠠᠯ ᠵᠠᠷᠤᠴᠠᠭᠤᠯᠪᠠ︔ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠢᠨᠵᠧᠨᠧᠷᠢᠩ ᠤᠨ 161 ᠲᠥᠷᠥᠯ ᠵᠦᠶᠯ ᠢ ᠳᠡᠮᠵᠢᠵᠦ᠂ 10997 ᠲᠦᠮᠡᠨ ᠲᠥᠭᠦᠷᠢᠭ ᠤᠨ ᠵᠠᠷᠤᠳᠠᠯ ᠵᠠᠷᠤᠴᠠᠭᠤᠯᠪᠠ︔ ᠰᠢᠨ᠎ᠡ ᠶᠢ ᠡᠭᠦᠳᠬᠦ ᠲᠠᠪᠴᠠᠩ ( ᠴᠢᠳᠠᠪᠤᠷᠢᠲᠠᠨ )  ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ 59 ᠲᠥᠷᠥᠯ ᠵᠦᠶᠯ ᠢ ᠳᠡᠮᠵᠢᠵᠦ᠂ 3265 ᠲᠦᠮᠡᠨ ᠲᠥᠭᠦᠷᠢᠭ ᠤᠨ ᠵᠠᠷᠤᠳᠠᠯ ᠵᠠᠷᠤᠴᠠᠭᠤᠯᠪᠠ︔ ᠰᠠᠭᠤᠷᠢ ᠰᠤᠳᠤᠯᠭᠠᠨ ᠤ ᠢᠨᠵᠧᠨᠧᠷᠢᠩ ᠣᠨ 3 ᠲᠥᠷᠦᠯ ᠵᠦᠢᠯ ᠢ ᠳᠠᠮᠵᠢᠵᠤ᠂ ᠵᠠᠷᠤᠳᠠᠯ 2620 ᠲᠦᠮᠡᠨ ᠲᠥᠭᠦᠷᠢᠭ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ 36 ᠲᠥᠷᠥᠯ ᠵᠦᠶᠯ ᠢ ᠳᠡᠮᠵᠢᠵᠦ᠂ 4248 ᠲᠦᠮᠡᠨ ᠲᠥᠭᠦᠷᠢᠭ ᠤᠨ ᠵᠠᠷᠤᠳᠠᠯ ᠵᠠᠷᠤᠴᠠᠭᠤᠯᠪᠠ  ᠃      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠤᠨ ᠪᠡᠯᠡ ᠮᠥᠩᠭᠦ ᠶᠢᠨ ᠣᠷᠣᠭᠤᠯᠤᠯᠲᠠ 41600 ᠲᠦᠮᠡᠨ ᠲᠥᠭᠦᠷᠢᠭ ᠪᠠᠶᠢᠵᠤ᠂ ᠨᠡᠶᠢᠲᠡ 65 ᠲᠥᠷᠥᠯ ᠵᠦᠢᠯ ᠢ ᠲᠣᠬᠢᠷᠠᠭᠤᠯᠪᠠ  ᠃ ᠲᠥᠷᠥᠯ ᠵᠦᠶᠯ ᠨᠢ ᠭᠤᠤᠯᠳᠠᠭᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠰᠢᠨ᠎ᠡ ᠡᠨᠧᠷᠭᠢ᠂ ᠨᠡᠭᠦᠷᠡᠰᠦ ᠬᠢᠮᠢ ᠶᠢᠨ ᠠᠵᠤ ᠦᠶᠯᠡᠳᠪᠦᠷᠢ᠂ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠶᠯᠡᠳᠪᠦᠷᠢ᠂ ᠲᠣᠨᠤᠭ ᠲᠥᠬᠦᠭᠡᠷᠦᠮᠵᠢ ᠦᠶᠯᠡᠳᠬᠦ᠂ ᠰᠢᠨ᠎ᠡ ᠮᠠᠲ᠋ᠧᠷᠢᠶᠠᠯ᠂ ᠮᠡᠳᠡᠭᠡ ᠵᠠᠩᠭᠢ ᠶᠢᠨ ᠮᠡᠷᠭᠡᠵᠢᠯ ( ᠲᠣᠮᠣ ᠳ᠋ᠠᠶᠢᠲ᠋ᠠ )᠂ ᠠᠮᠢᠳᠤ ᠪᠣᠳᠠᠰ ᠤᠨ ᠮᠡᠷᠭᠡᠵᠢᠯ᠂ ᠠᠮᠢ ᠠᠬᠤᠶ ᠣᠷᠴᠢᠨ ᠲᠣᠭᠤᠷᠢᠨ᠂ ᠠᠮᠢ ᠠᠬᠤᠶ ᠶᠢᠨ ᠵᠠᠰᠠᠯᠲᠠ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠦᠨᠳᠦᠰᠦᠲᠡᠨ ᠤ ᠡᠮ ᠡᠮᠨᠡᠯᠭᠡ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠵᠡᠷᠭᠡ ᠬᠦᠷᠢᠶ᠎ᠡ ᠶᠢ ᠬᠠᠮᠤᠷᠴᠠᠶ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号