2019 ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠶᠯ ᠤᠨ ᠲᠥᠯᠥᠪᠯᠡᠭᠡ ᠶᠢᠨ ᠲᠣᠬᠢᠷᠠᠭᠤᠯᠤᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2021/11/26
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019 ᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠦᠷ᠎ᠡ ᠪᠦᠲᠦᠭᠡᠯ ᠢ ᠤᠯᠠᠷᠢᠭᠤᠯᠬᠤ ᠵᠢᠴᠢ ᠠᠵᠤ ᠦᠢᠯᠡᠰᠵᠢᠭᠦᠯᠬᠦ ᠶᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠰᠢᠨ᠎ᠡ ᠶᠢ ᠡᠭᠦᠳᠬᠦ ᠴᠢᠳᠠᠪᠤᠷᠢ  ᠶᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠭᠤᠤᠯ ᠪᠣᠯᠭᠠᠭᠰᠠᠨ ᠪᠥᠬᠦ ᠲᠠᠯ᠎ᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠣᠲᠣ ᠦᠶ᠎ᠡ ᠶᠢᠨ ᠠᠵᠤ ᠠᠬᠤᠶ ᠶᠢᠨ ᠰᠢᠰᠲ᠋ᠧᠮᠵᠢ ᠶᠢ ᠪᠠᠶᠢᠭᠤᠯᠬᠤ ᠪᠠ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ  ᠃       2019 ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠢ ᠨᠡᠶᠢᠲᠡ 6 ᠲᠥᠷᠥᠯ ᠬᠤᠪᠢᠶᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠲᠤᠰᠬᠠᠶ ᠵᠠᠷᠤᠳᠠᠯ ᠨᠡᠶᠢᠲᠡ 116625 ᠲᠦᠮᠡᠨ ᠲᠥᠭᠦᠷᠢᠭ ᠪᠣᠯᠤᠨ᠎ᠠ  ᠃       ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠶᠯ ᠤᠨ ᠲᠥᠯᠥᠪᠯᠡᠭᠡ ᠳᠤ ᠨᠡᠶᠢᠲᠡ 29 ᠲᠥᠷᠥᠯ ᠵᠦᠶᠯ ᠳᠣᠭᠢᠷᠠᠭᠤᠯᠵᠤ᠂ ᠨᠡᠶᠢᠲᠡ 201702 . 17 ᠲᠦᠮᠡᠨ ᠲᠥᠭᠦᠷᠢᠭ ᠤᠨ ᠵᠠᠷᠤᠳᠠᠯ ᠣᠷᠣᠭᠤᠯᠪᠠ᠂ ᠡᠭᠦᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠦᠶᠯ ᠤᠨ ᠪᠠᠯᠠ ᠮᠥᠩᠭᠦ 29500 ᠲᠦᠮᠡᠨ ᠲᠥᠭᠦᠷᠢᠭ ᠂ ᠥᠪᠡᠷᠲᠡᠭᠡᠨ ᠴᠤᠭᠯᠠᠭᠤᠯᠤᠭᠰᠠᠨ ᠪᠠᠯᠠ ᠮᠥᠩᠭᠦ 172202 . 17 ᠲᠦᠮᠡᠨ ᠲᠥᠭᠦᠷᠢᠭ ᠪᠣᠶ  ᠃       ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠲᠥᠯᠥᠪᠯᠡᠭᠡ ᠳᠤ ᠨᠡᠶᠢᠲᠡ 329 ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠢ ᠳᠣᠭᠢᠷᠠᠭᠤᠯᠵᠤ᠂ ᠨᠡᠶᠢᠲᠡ 78662 . 43 ᠲᠦᠮᠡᠨ ᠲᠥᠭᠦᠷᠢᠭ ᠤᠨ ᠵᠠᠷᠤᠳᠠᠯ ᠣᠷᠣᠭᠤᠯᠵᠤ᠂ ᠡᠭᠦᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠪᠠᠯᠠ ᠮᠥᠩᠭᠦ 24800 ᠲᠦᠮᠡᠨ ᠲᠥᠭᠦᠷᠢᠭ᠂ ᠥᠪᠡᠷ ᠢᠶᠠᠨ ᠴᠤᠭᠯᠠᠭᠤᠯᠤᠭᠰᠠᠨ ᠪᠠᠯᠠ ᠮᠥᠩᠭᠦ 53862 . 43 ᠲᠦᠮᠡᠨ ᠲᠥᠭᠦᠷᠢᠭ ᠪᠣᠯᠤᠨ᠎ᠠ  ᠃       ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠦᠶᠯ ᠤᠨ ᠵᠠᠷᠤᠳᠠᠯ ᠨᠡᠶᠢᠲᠡ 48975 ᠲᠦᠮᠡᠨ ᠲᠥᠭᠦᠷᠢᠭ ᠪᠣᠯᠤᠨ᠎ᠠ  ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠤᠰᠬᠠᠶ ᠵᠦᠢᠯ ᠤᠨ ᠪᠡᠯᠡ ᠮᠥᠩᠭᠦ ᠶᠢᠨ ᠬᠥᠲᠥᠯᠥᠨ ᠵᠢᠯᠣᠭᠤᠳᠬᠤ ᠵᠦᠢᠯᠡᠰ 106 ᠵᠦᠢᠯ ᠪᠠᠶᠢᠨ᠎ᠠ︔ ᠬᠤᠶᠠᠷ ᠲᠤ᠂ ᠮᠡᠷᠭᠡᠵᠢᠯ ᠤᠨ ᠠᠷᠠᠯᠵᠢᠶ᠎ᠠ ᠶᠢᠨ ᠳᠠᠷᠠᠭᠠᠬᠢ ᠨᠥᠬᠦᠪᠥᠷᠢ 443 ᠵᠦᠢᠯ ᠪᠤᠢ︔ ᠭᠤᠷᠪᠠ ᠳᠤ ᠡᠯ᠎ᠡ ᠠᠶᠢᠮᠠᠭ ᠬᠤᠲᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠦᠶᠯ ᠤᠨ ᠵᠠᠷᠤᠳᠠᠯ ᠢ 2 ᠳ᠋ᠦᠩᠰᠢᠭᠤᠷ ᠲᠥᠭᠦᠷᠢᠭ ᠰᠢᠯᠵᠢᠭᠦᠯᠦᠨ ᠥᠭᠴᠦ᠂ ᠨᠡᠶᠢᠲᠡ 249 ᠲᠥᠷᠥᠯ ᠵᠦᠶᠯ ᠢ ᠳᠡᠮᠵᠢᠪᠡ  ᠃       ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠴᠢᠳᠠᠪᠤᠷᠢᠲᠠᠨ ᠳᠤ ᠨᠡᠶᠢᠲᠡ 320 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠨᠥᠬᠦᠪᠥᠷᠢ ᠥᠭᠬᠦ ᠪᠠᠷ ᠲᠥᠯᠥᠪᠯᠡᠵᠦ᠂ 6190 ᠲᠦᠮᠡᠨ ᠲᠥᠭᠦᠷᠢᠭ  ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠠᠷᠤᠳᠠᠯ ᠲᠣᠬᠢᠷᠠᠭᠤᠯᠤᠨ᠎ᠠ  ᠃       ᠰᠠᠭᠤᠷᠢ ᠰᠤᠳᠤᠯᠭᠠᠨ ᠤ ᠲᠥᠯᠥᠪᠯᠡᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠲᠥᠷᠥᠯ ᠤᠨ ᠵᠠᠷᠤᠳᠠᠯ 6000 ᠲᠦᠮᠡᠨ ᠲᠥᠭᠦᠷᠢᠭ᠂ ᠪᠠᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ 810 ᠲᠥᠷᠦᠯ ᠵᠦᠢᠯ ᠢ ᠳᠠᠮᠵᠢᠨ᠎ᠠ  ᠃       ᠰᠢᠨ᠎ᠡ ᠶᠢ ᠡᠭᠦᠳᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠲᠥᠯᠥᠪᠯᠡᠭᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠮᠪᠠᠷ᠎ᠠ ᠶᠢᠨ ᠫᠠᠶᠢᠰᠠ ᠡᠯᠭᠦᠭᠰᠡᠨ ᠠᠵᠤ ᠠᠬᠤᠶᠢᠯᠠᠯ ᠳᠤ ᠨᠡᠶᠢᠲᠡ 58 ᠨᠥᠬᠦᠪᠥᠷᠢ ᠥᠭᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠠᠷᠤᠳᠠᠯ 1160 ᠲᠦᠮᠡᠨ ᠲᠥᠭᠦᠷᠢᠭ ᠲᠣᠬᠢᠷᠠᠭᠤᠯᠤᠨ᠎ᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号