2021 ᠣᠨ ᠤ 11 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ 《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ 》 ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠨᠠᠩ ᠭᠦᠨ ᠳᠠᠪᠬᠤᠷᠭ᠎ᠠ ᠳᠠᠰᠢ ᠠᠬᠢᠭᠤᠯᠤᠨ᠂ ᠲᠦᠮᠡᠨ ᠲᠤᠰᠬᠠᠶ | ᠮᠡᠷᠭᠡᠵᠢᠯᠲᠡᠨ ᠴᠢᠳᠠᠪᠤᠷᠢᠲᠠᠨ ᠤ ᠦᠨᠳᠦᠰᠦᠨ ᠱᠠᠲᠤᠨ ᠳᠤ ᠦᠶᠯᠡᠴᠢᠯᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠶ | ᠥᠷᠨᠢᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠲᠠᠢ ᠣᠷᠭᠠᠨᠢᠭ ᠢᠶᠠᠷ ᠤᠶᠠᠯᠳᠤᠭᠤᠯᠬᠤ ᠶᠢᠨ ᠲᠥᠯᠥᠭᠡ ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠠᠵᠢᠯᠲᠠᠨ ᠤ | ᠶᠠᠪᠤᠳᠠᠯ ᠤᠨ ᠭᠠᠵᠠᠷ ᠤᠨ ᠨᠠᠮ ᠤᠨ ᠡᠭᠦᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠬᠠᠮᠢᠶᠠᠷᠬᠤ ᠪᠠ ᠤᠯᠠᠷᠢᠭᠤᠯᠬᠤ ᠭᠠᠵᠠᠷ ᠤᠨ ᠨᠠᠮ ᠤᠨ ᠡᠭᠦᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠲᠥᠪ ᠤᠨ ᠨᠠᠮ ᠤᠨ ᠡᠭᠦᠷ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ | ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠬᠤᠸᠠᠷ ᠴᠡᠴᠡᠭ ᠤᠨ ᠭᠠᠵᠠᠷ ᠤᠨ ᠨᠠᠮ ᠤᠨ | ᠡᠭᠦᠷ ᠬᠥᠬᠡᠬᠤᠲᠠ ᠶᠢᠨ ᠰᠠᠶᠢᠬᠠᠨ ᠲᠣᠭᠤᠷᠢᠭ ᠤᠨ ᠢᠦ᠋ᠶ ᠯᠢᠨ ᠪᠠᠯᠭᠠᠰᠤᠨ ᠤ ᠨᠠᠮ ᠤᠨ ᠬᠤᠷᠢᠶ᠎ᠠ ᠲᠠᠢ ᠬᠠᠮᠲᠤᠷᠠᠨ | ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ ᠃ ᠠᠵᠢᠯᠯᠠᠭ᠎ᠠ ᠶᠢ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠲᠥᠪ ᠤᠨ ᠨᠠᠮ ᠤᠨ ᠡᠭᠦᠷ ᠤᠨ | ᠱᠦᠵᠢ ᠮᠠ ᠵᠢᠶ ᠳ᠋ᠦᠩ ᠡᠷᠭᠢᠯᠡᠵᠦ᠂ ᠢᠦ᠋ᠶ ᠯᠢᠨ ᠪᠠᠯᠭᠠᠰᠤᠨ ᠤ ᠨᠠᠮ ᠤᠨ ᠬᠤᠷᠢᠶᠠᠨ ᠤ ᠬᠡᠰᠡᠭ ᠤᠳᠤᠷᠢᠳᠤᠯᠭ᠎ᠠ | ᠠᠵᠢᠯᠯᠠᠭ᠎ᠠ ᠳᠤ ᠣᠷᠣᠯᠴᠠᠵᠠᠶ ᠃ | | | | ᠠᠵᠢᠯᠯᠠᠭ᠎ᠠ ᠶᠢ ᠡᠩ ᠲᠡᠷᠢᠭᠦᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠦᠷ᠎ᠡ | ᠪᠦᠲᠦᠭᠡᠯ ᠤᠨ ᠭᠠᠵᠠᠷ ᠤᠨ ᠨᠠᠮ ᠤᠨ ᠡᠭᠦᠷ ᠤᠨ ᠱᠦᠵᠢ ᠶᠢᠨ ᠯᠦᠩ ᠨᠥᠬᠦᠷ ᠤᠯᠠᠨ ᠢ ᠳᠠᠭᠠᠭᠤᠯᠤᠨ 《 ᠨᠠᠮ | ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡ ᠶᠢᠨ ᠲᠤᠷᠰᠢᠯᠭ᠎ᠠ ᠶᠢᠨ | ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ 》 ᠶᠢ ᠰᠤᠷᠤᠯᠴᠠᠵᠠᠢ ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ ᠨᠠᠮ ᠤᠨ | ᠡᠭᠦᠷ ᠤᠨ ᠱᠦᠵᠢ ᠸᠠᠩ ᠰᠡᠴᠡᠨ ᠲᠦᠮᠡᠨ ᠲᠤᠰᠬᠠᠶ ᠮᠡᠷᠭᠡᠵᠢᠯᠲᠡᠨ ᠴᠢᠳᠠᠪᠤᠷᠢᠲᠠᠨ ᠤ ᠦᠨᠳᠦᠰᠦᠨ ᠱᠠᠲᠤᠨ ᠳᠤ | ᠦᠶᠯᠡᠴᠢᠯᠡᠬᠦ ᠠᠵᠢᠯᠯᠠᠭ᠎ᠠ ᠶᠢᠨ ᠲᠤᠬᠠᠶ ᠲᠠᠶᠢᠯᠤᠮᠵᠢ ᠬᠢᠭᠰᠡᠨ ᠪᠥᠭᠡᠳ ᠡᠷᠭᠢᠴᠡᠭᠦᠯᠦᠯ ᠪᠠ ᠳ᠋ᠦᠩᠨᠡᠯᠲᠡ ᠬᠢᠪᠡ᠂ | ᠢᠯᠠᠩᠭᠤᠶ᠎ᠠ 9 ᠰᠠᠷ᠎ᠠ ᠳᠤ ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠴᠡᠴᠡᠭ ᠡᠪᠡᠰᠦ ᠰᠤᠳᠤᠯᠬᠤ | ᠭᠠᠵᠠᠷ ᠤᠨ ᠵᠢᠶᠠᠩ ᠸᠧᠶ ᠰᠤᠳᠤᠯᠤᠭᠴᠢ ᠶᠢ ᠵᠣᠬᠢᠶᠠᠨ ᠪᠠᠶᠢᠭᠤᠯᠤᠨ᠎ᠠ᠂ ᠴᠢᠬᠡᠴᠢ ᠵᠣᠷᠢᠭᠲᠤ ᠰᠤᠳᠤᠯᠤᠭᠴᠢ᠂ ᠯᠢᠦ ᡁᠢ | ᠰᠢᠶᠦ᠋ᠩ ᠰᠤᠳᠤᠯᠤᠭᠴᠢ᠂ ᠵᠠᠩ ᠰᠢᠩ ᠹᠦ᠋ ᠳᠡᠳ᠋ ᠰᠤᠳᠤᠯᠤᠭᠴᠢ᠂ ᠰᠠᠶᠢᠬᠠᠨ ᠲᠣᠭᠤᠷᠢᠭ ᠤᠨ ᠬᠥᠳᠡᠭᠡ ᠲᠣᠰᠬᠤᠨ ᠤ | ᠠᠵᠤ ᠦᠢᠯᠡᠰ ᠤᠨ ᠬᠥᠭᠵᠢᠯᠲᠡ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠲᠠᠢ ᠨᠢᠭᠲᠠ | ᠤᠶᠠᠯᠳᠤᠭᠤᠯᠤᠨ ᠬᠤᠯᠪᠣᠭᠳᠠᠯ ᠪᠦᠬᠦᠢ ᠠᠵᠤ ᠠᠬᠤᠶᠢᠯᠠᠯ ᠪᠠ ᠲᠠᠷᠢᠶᠠᠴᠢᠨ ᠡᠷᠦᠬᠡ ᠲᠠᠢ ᠶᠠᠷᠢᠯᠴᠠᠪᠠ᠂ ᠦᠨᠳᠦᠰᠦᠨ | ᠱᠠᠲᠤᠨ ᠳᠤ ᠶᠠᠭᠤ ᠬᠡᠷᠡᠭᠰᠡᠬᠦ ᠪᠤᠢ᠂ ᠲᠤᠰᠬᠠᠶ ᠮᠡᠷᠭᠡᠵᠢᠯᠲᠡᠨ ᠶᠠᠭᠤ ᠬᠦᠷᠭᠡᠬᠦ 》 ᠶᠢᠨ ᠵᠣᠷᠢᠯᠲᠠ᠂ ᠡᠬᠢ ᠪᠠᠶᠠᠯᠢᠭ ᠤᠨ | ᠨᠠᠷᠢᠨ ᠬᠠᠭᠤᠳᠠᠰᠤ ᠪᠠ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ ᠡᠮᠬᠢᠯᠡᠨ ᠵᠣᠯᠭᠠᠭᠤᠯᠬᠤ ᠬᠡᠷᠡᠭᠲᠡᠶ᠂ | ᠦᠶᠯᠡᠴᠢᠯᠡᠭᠡᠨ ᠤ ᠠᠵᠢᠯᠯᠠᠭ᠎ᠠ ᠶᠢ ᠣᠨᠣᠪᠴᠢᠲᠠᠶ ᠥᠷᠨᠢᠭᠦᠯᠦᠨ᠎ᠡ ᠃ ᠲᠤᠰᠬᠠᠶ ᠮᠡᠷᠭᠡᠵᠢᠯᠲᠡᠨ ᠤ ᠪᠦᠯᠬᠦᠮ ᠤᠷᠢᠳ | ᠬᠤᠵᠢᠳ ᠰᠠᠶᠢᠬᠠᠨ ᠲᠣᠭᠤᠷᠢᠭ ᠤᠨ ᠢᠦ᠋ᠶ ᠯᠢᠨ ᠪᠠᠯᠭᠠᠰᠤᠨ ᠤ ᠳ᠋ᠦᠩ ᠭᠠᠨ ᠵᠠᠩ᠂ ᠡᠯ ᠳ᠋ᠤᠤ ᠾᠧ᠂ ᠲᠣᠪᠤᠴᠢ᠂ | ᠴᠤᠭᠤᠷᠠᠶ ᠵᠡᠷᠭᠡ ᠣᠯᠠᠨ ᠲᠣᠰᠬᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠬᠠᠶ ᠶᠢᠨ | ᠲᠠᠯᠠᠪᠠᠶ ᠳᠤ ᠵᠢᠭᠠᠨ ᠵᠢᠯᠣᠭᠤᠳᠪᠠ ᠃ ᠲᠠᠷᠢᠶᠠᠴᠢᠳ ᠤᠨ ᠵᠢᠮᠢᠰ ᠨᠣᠭᠤᠭ᠎ᠠ ᠶᠢᠨ ᠦᠷ᠎ᠡ ᠰᠣᠩᠭᠤᠬᠤ᠂ ᠬᠦᠯᠡᠮᠵᠢ | ᠶᠢᠨ ᠫᠧᠩ ᠲᠠᠷᠢᠬᠤ᠂ ᠰᠢᠷᠣᠶ ᠨᠡᠮᠡᠵᠦ ᠪᠣᠷᠳᠣᠭᠤᠷ ᠣᠷᠣᠭᠤᠯᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠵᠠᠰᠠᠬᠤ ᠵᠡᠷᠭᠡ ᠪᠦᠬᠦ ᠲᠠᠯ᠎ᠠ ᠠᠴᠠ ᠪᠣᠯᠪᠠᠰᠤᠷᠠᠭᠤᠯᠤᠯ ᠬᠢᠵᠦ ᠵᠢᠭᠠᠨ ᠵᠢᠯᠣᠭᠤᠳᠬᠤ ᠬᠡᠷᠡᠭᠲᠡᠶ ᠃ | ᠮᠡᠷᠭᠡᠵᠢᠯ ᠤᠨ ᠵᠢᠯᠣᠭᠤᠳᠣᠯᠭ᠎ᠠ᠂ ᠲᠥᠷᠥ ᠶᠢᠨ ᠪᠣᠳᠣᠯᠭ᠎ᠠ ᠶᠢᠨ ᠵᠥᠪᠯᠡᠯᠭᠡ᠂ ᠲᠥᠷᠥᠯ ᠵᠦᠶᠯ ᠤᠨ ᠬᠠᠮᠲᠤᠷᠠᠯᠴᠠᠭ᠎ᠠ | ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ | ᠲᠣᠰᠬᠤᠨ ᠤ ᠠᠷᠠᠳ ᠤᠨ ᠪᠡᠶᠡᠵᠢᠨ ᠴᠢᠨᠡᠭᠡᠯᠢᠭᠵᠢᠬᠦ ᠬᠠᠷᠠᠭ᠎ᠠ ᠪᠠ ᠰᠡᠳᠬᠢᠮᠵᠢ ᠶᠢ ᠥᠷᠭᠡᠳᠬᠡᠨ᠎ᠡ ᠃ ᠲᠤᠰᠬᠠᠶ | ᠮᠡᠷᠭᠡᠵᠢᠯᠲᠡᠨ ᠴᠢᠳᠠᠪᠤᠷᠢᠲᠠᠨ ᠬᠥᠳᠡᠭᠡ ᠲᠣᠰᠬᠤᠨ ᠳᠤ ᠣᠷᠣᠵᠤ 《 ᠣᠶᠤᠨ ᠴᠢᠳᠠᠪᠤᠷᠢ 》 ᠪᠠᠷ ᠬᠤᠶᠠᠷ ᠢ | ᠲᠡᠳᠬᠦᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠳᠤ 《 ᠴᠢᠰᠤ ᠶᠡᠭᠦᠯᠡᠬᠦ 》 ᠠᠴᠠ ᠦᠨᠳᠦᠰᠦᠨ ᠱᠠᠲᠤᠨ ᠳᠤ | 《 ᠴᠢᠰᠤ ᠪᠦᠲᠦᠭᠡᠬᠦ 》 ᠬᠦᠷᠲᠡᠯ᠎ᠡ᠂ ᠲᠤᠰᠬᠠᠶ ᠮᠡᠷᠭᠡᠵᠢᠯᠲᠡᠨ ᠤ ᠪᠦᠯᠬᠦᠮ ᠤᠨ ᠣᠶᠤᠨ ᠤᠬᠠᠭᠠᠨ ᠢᠶᠠᠷ | ᠲᠡᠮᠡᠭᠡᠲᠦ ᠪᠠᠯᠭᠠᠰᠤᠨ ᠤ ᠬᠥᠳᠡᠭᠡ ᠠᠵᠤ ᠠᠬᠤᠶ ᠬᠥᠳᠡᠭᠡ ᠲᠣᠰᠬᠤᠨ ᠤ ᠴᠢᠨᠠᠷ ᠰᠠᠶᠢᠲᠠᠶ ᠬᠥᠭᠵᠢᠯᠲᠡ ᠶᠢ | ᠢᠯᠡᠷᠡᠭᠦᠯᠵᠦ᠂ ᠲᠡᠮᠡᠭᠡᠲᠦ ᠪᠠᠯᠭᠠᠰᠤᠨ ᠤ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠪᠠ | ᠮᠡᠷᠭᠡᠵᠢᠯ ᠤᠨ ᠪᠠᠲᠤᠯᠠᠭ᠎ᠠ ᠬᠠᠩᠭᠠᠵᠤ᠂ ᠣᠶᠤᠨ ᠤᠬᠠᠭᠠᠨ ᠬᠥᠳᠡᠯᠭᠡᠬᠦ ᠬᠦᠴᠦᠨ ᠨᠡᠮᠡᠷᠢᠯᠡᠪᠡ ᠃ | ᠠᠵᠢᠯᠯᠠᠭ᠎ᠠ ᠶᠢᠨ ᠬᠤᠭᠤᠴᠠᠭᠠᠨ ᠳᠤ᠂ ᠵᠢᠶᠠᠩ ᠸᠧᠢ ᠰᠤᠳᠤᠯᠤᠭᠴᠢ ᠪᠠᠰᠠ ᠨᠢᠭᠡ ᠤᠳᠠᠭ᠎ᠠ ᠲᠠᠷᠢᠶᠠᠯᠠᠩ ᠤᠨ | ᠰᠡᠯᠡᠭᠦᠦ ᠤᠯᠠᠷᠢᠯ ᠳᠤ᠂ ᠲᠥᠬᠦᠭᠡᠷᠦᠮᠵᠢ ᠵᠠᠯᠭᠠᠭ᠎ᠠ ᠪᠠᠷ ᠬᠦᠯᠡᠮᠵᠢ ᠶᠢᠨ ᠡᠪᠡᠳᠴᠢᠨ ᠬᠤᠷᠣᠬᠠᠢ ᠶᠢᠨ ᠬᠥᠨᠥᠭᠡᠯ ᠢ | ᠰᠡᠷᠭᠡᠶᠢᠯᠡᠨ ᠵᠠᠰᠠᠬᠤ ᠲᠤᠬᠠᠢ ᠨᠠᠷᠢᠨ ᠲᠠᠶᠢᠯᠪᠤᠷᠢᠯᠠᠯᠲᠠ ᠬᠢᠵᠦ᠂ ᠢᠦ᠋ᠢ ᠯᠢᠨ ᠪᠠᠯᠭᠠᠰᠤᠨ ᠤ 30 ᠭᠠᠷᠤᠢ | ᠲᠠᠷᠢᠶᠠᠴᠢᠨ ᠰᠤᠷᠤᠯᠴᠠᠯᠭ᠎ᠠ ᠪᠣᠯᠪᠠᠰᠤᠷᠠᠯ ᠤᠨ ᠠᠵᠢᠯᠯᠠᠭ᠎ᠠ ᠳᠤ ᠣᠷᠣᠯᠴᠠᠪᠠ ᠃ | ᠃ᠠᠵᠢᠯᠯᠠᠭ᠎ᠠ ᠳᠤᠮᠳᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠶᠢ ᠡᠭᠦᠳᠬᠦ ᠬᠥᠭᠵᠢᠯᠲᠡ ᠶᠢᠨ ᠲᠥᠪ ᠤᠨ ᠨᠠᠮ ᠤᠨ ᠡᠭᠦᠷ ᠤᠨ ᠱᠦᠵᠢ ᠫᠧᠩ ᠱᠤᠸᠠᠩ ᠨᠥᠬᠦᠷ ᠪᠦᠬᠦ ᠨᠠᠮ ᠤᠨ | ᠭᠡᠰᠢᠭᠦᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠤᠩᠰᠢᠪᠠ ᠃ ᠬᠠᠮᠤᠭ ᠰᠡᠭᠦᠯ ᠳᠤ | ᠬᠤᠷᠠᠯ ᠳᠤ ᠣᠷᠣᠯᠴᠠᠭᠰᠠᠨ ᠪᠦᠬᠦ ᠬᠥᠮᠦᠰ ᠲᠤᠬᠠᠶ ᠶᠢᠨ ᠭᠠᠵᠠᠷ ᠤᠨ ᠲᠥᠬᠦᠭᠡᠷᠦᠮᠵᠢᠲᠦ ᠲᠠᠷᠢᠶᠠᠯᠠᠩ ᠤᠨ ᠰᠠᠭᠤᠷᠢᠨ | ᠭᠠᠵᠠᠷ ᠢ ᠲᠣᠭᠤᠷᠢᠨ ᠦᠵᠡᠪᠡ ᠃ | | | | ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠪᠠᠨ ᠰᠢᠶᠳᠪᠦᠷᠢ ᠳᠡᠭᠡᠷ᠎ᠡ | ᠨᠢᠭᠡᠳᠬᠡᠨ᠎ᠡ ᠭᠡᠵᠦ ᠣᠯᠠᠨ ᠢᠶᠠᠷ ᠢᠶᠠᠨ ᠢᠯᠡᠷᠬᠡᠶᠢᠯᠡᠵᠡᠶ︔ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ | ᠲᠠᠰᠢᠷᠠᠮ ᠳᠤ᠂ ᠨᠠᠮ ᠤᠨ ᠲᠥᠪ ᠬᠤᠷᠢᠶ᠎ᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠵᠢᠷᠭᠤᠳᠤᠭᠠᠷ ᠪᠦᠬᠦᠳᠠ ᠬᠤᠷᠠᠯ ᠢ ᠬᠤᠷᠠᠯᠳᠤᠭᠤᠯᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ | ᠠᠮᠵᠢᠯᠲᠠ ᠪᠦᠲᠦᠮᠵᠢ ᠪᠣᠯᠤᠨ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠭᠰᠡᠨ ᠤ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠮᠠᠨ ᠤ ᠨᠠᠮ ᠤᠨ ᠲᠡᠦᠬᠡ ᠶᠢᠨ ᠵᠢᠮ᠎ᠡ ᠶᠣᠰᠣ ᠶᠢ ᠴᠢᠬᠤᠯᠠᠴᠢᠯᠠᠬᠤ ᠪᠠ | ᠴᠢᠳᠠᠮᠠᠭᠠᠢ ᠬᠡᠷᠡᠭᠯᠡᠬᠦ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠦᠬᠦᠢ ᠮᠠᠷᠺᠰ ᠤᠨ ᠦᠵᠡᠯ ᠤᠨ | ᠲᠡᠦᠬᠡ ᠶᠢᠨ ᠪᠣᠳᠠᠰᠴᠢ ᠦᠵᠡᠯ ᠤᠨ ᠦᠵᠡᠯᠲᠡ ᠶᠢ ᠭᠦᠢᠴᠡᠳ ᠲᠠᠨᠢᠵᠤ᠂ ᠮᠠᠨ ᠤ ᠨᠠᠮ ᠤᠨ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠢᠲᠡᠭᠡᠯ | ᠪᠣᠯᠤᠨ ᠬᠠᠷᠢᠭᠤᠴᠠᠯᠭ᠎ᠠ ᠡᠭᠦᠷᠭᠡᠯᠡᠬᠦ ᠠᠭᠤᠤ ᠶᠡᠭᠡ ᠵᠣᠷᠢᠭ ᠰᠠᠨᠠᠭ᠎ᠠ ᠶᠢ ᠣᠨᠣᠪᠴᠢᠲᠠᠢ ᠡᠵᠡᠮᠳᠡᠬᠦ ᠬᠡᠷᠡᠭᠲᠡᠢ ᠃ 《 | ᠳᠥᠷᠪᠡᠨ ᠤᠬᠠᠮᠰᠠᠷ 》 ᠢᠶᠠᠨ ᠴᠢᠩᠭᠠᠳᠬᠠᠵᠤ᠂ 《 ᠳᠥᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ | ᠢ ᠬᠠᠮᠠᠭᠠᠯᠠᠬᠤ 》 ᠶᠢ ᠪᠡᠶᠡᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠨ᠂ ᠴᠤᠭ ᠰᠦᠯᠳᠡ ᠪᠠᠨ ᠪᠠᠳᠠᠷᠠᠭᠤᠯᠵᠤ᠂ | ᠦᠨᠳᠦᠰᠦᠨ ᠱᠠᠲᠤᠨ ᠳᠤ ᠦᠶᠯᠡᠴᠢᠯᠡᠬᠦ ᠠᠵᠢᠯ ᠢ ᠨᠠᠩ ᠯᠠᠪᠳᠠᠭᠤᠨ ᠪᠠᠲᠤᠲᠠᠶ ᠬᠢᠬᠦ ᠬᠡᠷᠡᠭᠲᠡᠶ ᠃ ᠢᠯᠠᠩᠭᠤᠶ᠎ᠠ | ᠲᠠᠷᠢᠶᠠᠴᠢᠨ ᠨᠠᠶᠢᠵᠠ ᠨᠠᠷ ᠡᠨᠡ ᠤᠳᠠᠭᠠᠨ ᠤ ᠥᠪᠡᠷᠮᠢᠴᠡ ᠣᠨᠴᠠᠯᠢᠭ ᠲᠠᠢ ᠭᠤᠣᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠶᠢ ᠰᠣᠨᠣᠰᠤᠭᠠᠳ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠭᠤᠤ ᠶᠡᠭᠡ ᠶᠢ ᠨᠡᠩ ᠢᠯᠡᠭᠦᠦ | ᠮᠡᠳᠡᠷᠡᠵᠦ᠂ ᠨᠠᠮ ᠪᠣᠯᠤᠨ ᠠᠷᠠᠳ ᠤᠯᠠᠨ ᠤ ᠴᠢᠰᠤ ᠮᠢᠬᠠᠨ ᠤ ᠬᠠᠷᠢᠴᠠᠭ᠎ᠠ ᠶᠢ ᠨᠡᠩ ᠢᠯᠡᠭᠦᠦ ᠮᠡᠳᠡᠷᠡᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠲᠠᠷᠢᠶᠠᠴᠢᠨ ᠨᠠᠶᠢᠵᠠ ᠨᠠᠷ ᠤᠨ ᠪᠠᠴᠢᠮ ᠬᠦᠴᠢᠷ | ᠵᠣᠪᠠᠭᠤᠷᠢ ᠶᠢ ᠰᠡᠳᠬᠢᠯ ᠳᠡᠭᠡᠨ ᠪᠤᠳᠤᠵᠦ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠤᠯᠠᠨ ᠲᠦᠮᠡᠨ ᠳᠤ | ᠦᠨᠡᠨ ᠬᠦ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠭᠦᠭᠰᠡᠨ ᠢ ᠨᠡᠩ ᠢᠯᠡᠭᠦᠦ | ᠮᠡᠳᠡᠷᠡᠪᠡ ᠃ | | | | | | |