︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠰᠢᠨ᠎ᠡ ᠬᠥᠳᠡᠯᠭᠡᠭᠦᠷ  ᠢ ᠬᠥᠭᠵᠢᠭᠡᠪᠡ
ᠨᠡᠶᠢᠲᠡᠯᠡᠭᠰᠡᠨ ᠴᠠᠭ᠄
2021/11/29
     ᠳᠤᠮᠳᠠᠳᠤ ᠤᠯᠤᠰ ᠤᠨ ᠳᠥᠷᠪᠡᠳᠦᠭᠡᠷ ᠦᠶ᠎ᠡ ᠶᠢᠨ ᠨᠡᠭᠦᠷᠡᠰᠦᠨ ᠤ ᠭᠠᠵᠠᠷ ᠳᠣᠣᠷᠠᠬᠢ ᠬᠡᠶᠢᠵᠢᠭᠦᠯᠬᠦ ᠮᠡᠷᠭᠡᠵᠢᠯ  ᠢ ᠤᠷᠳᠤᠰ ᠲᠤ ᠠᠮᠵᠢᠯᠲᠠ ᠲᠠᠢ ᠬᠡᠷᠡᠭᠯᠡᠵᠦ᠂ ᠳᠡᠯᠡᠬᠡᠢ ᠶᠢᠨ ᠠᠩᠬᠠᠳᠠᠭᠴᠢ ᠤᠰᠤᠲᠥ᠋ᠷᠥᠭᠴᠢ ᠶᠢᠨ ᠰᠠᠭᠤᠷᠢ ᠬᠠᠶᠢᠯᠤᠭᠤᠯᠤᠨ ᠬᠠᠶᠢᠯᠤᠭᠤᠯᠬᠤ ᠮᠡᠷᠭᠡᠵᠢᠯ ᠢ ᠦᠬᠠᠢ ᠳᠤ ᠪᠣᠳᠠᠲᠠᠢ ᠳᠤ ᠤᠯᠠᠷᠢᠭᠤᠯᠤᠨ ᠬᠤᠪᠢᠷᠠᠭᠤᠯᠵᠤ᠂ ᠶᠤᠸᠠᠨ ᠯᠦᠩ ᠫᠢᠩ ᠤᠨ ᠡᠷᠯᠢᠰᠡᠵᠢᠭᠦᠯᠦᠭᠰᠡᠨ ᠤᠰᠤᠨ ᠲᠤᠲᠤᠷᠭ᠎ᠠ ᠶᠢᠨ ᠰᠢᠨ᠎ᠡ ᠪᠦᠲᠦᠭᠡᠭᠳᠡᠬᠦᠨ ᠬᠢᠩᠭᠠᠨ ᠠᠶᠢᠮᠠᠭ ᠲᠤ 《 ᠮᠦ ᠪᠦᠷᠢ ᠶᠢᠨ ᠤᠨᠠᠯᠲᠠ ᠶᠢ 100 ᠺᠢᠯᠣᠭ᠍ᠷᠠᠮ ᠨᠡᠮᠡᠭᠳᠡᠭᠦᠯᠬᠦ 》 ᠬᠠᠷᠠᠯᠲᠠ ᠶᠢ ᠪᠡᠶᠡᠯᠡᠭᠦᠯᠪᠡ 5 ᠵᠢᠯ ᠤᠨ ᠲᠤᠷᠰᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠮᠴᠢᠯᠠᠭ᠎ᠠ  ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠯᠬᠤᠭ᠎ᠠ ᠢᠳᠡᠷᠬᠡᠭ ᠬᠦᠴᠦᠲᠡᠢ ᠶᠠᠪᠤᠭᠳᠠᠪᠠ  ᠃       ᠡᠪᠡᠰᠦᠨ ᠲᠡᠵᠢᠭᠡᠯᠲᠦ ᠬᠡᠷ ᠤᠨ ᠲᠡᠵᠢᠭᠡᠪᠦᠷᠢ ᠶᠢᠨ ᠭᠤᠤᠯ ᠡᠰ ᠤᠨ ᠰᠤᠳᠤᠯᠭᠠᠨ᠂ ᠲᠥᠮᠥᠰᠥ ᠶᠢᠨ ᠡᠭᠦᠯᠳᠡᠷ ᠪᠣᠶᠢᠵᠢᠭᠤᠯᠬᠤ ᠰᠤᠳᠤᠯᠭᠠᠨ ᠬᠥᠰᠢᠶ᠎ᠡ ᠳᠤᠷᠠᠰᠬᠠᠯ ᠤᠨ ᠴᠢᠨᠠᠷᠲᠠᠶ ᠰᠢᠪᠲᠤᠯᠤᠯᠲᠠ ᠲᠠᠢ ᠪᠣᠯᠤᠭᠰᠠᠨ ᠠᠴᠠ᠂ ᠴᠠᠬᠢᠯᠭᠠᠨ ᠤ ᠠᠵᠢᠯ ᠤᠨ ᠪᠣᠯᠣᠳ ᠦᠶᠯᠡᠳᠬᠦ ᠲᠡᠶᠢᠰᠢ ᠲᠤᠶᠢᠯ ᠤᠨ ᠨᠢᠮᠭᠡᠨ ᠬᠠᠨᠳᠤᠭᠰᠠᠨ᠂ ᠬᠤᠪᠣᠷ ᠰᠢᠷᠣᠶ ᠶᠢᠨ ᠲᠡᠮᠦᠷ ᠤᠨ ᠬᠠᠶᠢᠯᠤᠰᠢ ᠦᠶᠯᠡᠳᠬᠦ ᠤᠷ᠎ᠠ ᠮᠡᠷᠭᠡᠰᠢᠯ ᠳᠡᠯᠡᠬᠡᠶ ᠶᠢᠨ ᠲᠡᠷᠢᠭᠦᠨ ᠤ ᠲᠦᠪᠰᠢᠨ ᠳᠤ ᠭᠦᠷᠦᠭᠰᠡᠨ ᠬᠦᠷᠲᠡᠯ᠎ᠡ᠂ ᠳᠠᠬᠢᠭᠠᠳ ᠬᠤᠯᠢᠮᠠᠭ ᠬᠥᠳᠡᠯᠭᠡᠬᠦ ᠬᠦᠴᠦᠨ ᠤ ᠠᠭᠤᠷᠬᠠᠶ ᠶᠢᠨ ᠲᠡᠷᠭᠡ᠂ ᠵᠢᠯᠣᠭᠤᠴᠢ ᠥᠬᠡᠶ ᠠᠭᠤᠷᠬᠠᠶ  ᠶᠢᠨ ᠲᠡᠷᠭᠡ ᠤᠯᠤᠰ ᠤᠨ ᠳᠣᠲᠣᠭᠠᠳᠤ ᠶᠢᠨ ᠬᠤᠭᠤᠰᠣᠨ ᠢ ᠨᠥᠬᠦᠪᠥᠷᠢᠯᠡᠭᠰᠡᠨ ᠬᠦᠷᠲᠡᠯ᠎ᠡ 5 ᠵᠢᠯ ᠤᠨ ᠲᠤᠷᠰᠢ᠂ ᠠᠯᠢ ᠣᠯᠠᠨ 《 ᠪᠣᠭᠤᠮᠢ 》 ᠶᠢᠨ ᠬᠦᠴᠢᠷ ᠠᠰᠠᠭᠤᠳᠠᠯ ᠢ ᠥᠪᠥᠷ ᠮᠣᠩᠭᠤᠯ ᠳᠤ ᠰᠢᠪᠲᠤᠯᠤᠯᠲᠠ ᠪᠣᠯᠭᠠᠨ ᠬᠤᠪᠢᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠬᠦᠴᠦᠷᠬᠡᠭ ᠬᠥᠳᠡᠯᠭᠡᠭᠦᠷ ᠪᠣᠯᠭᠠᠨ ᠬᠤᠪᠢᠷᠠᠭᠤᠯᠪᠠ  ᠃
     ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ 《 ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠭᠵᠢᠭᠡᠳᠦᠶ ᠭᠠᠵᠠᠷ ᠣᠷᠣᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠢ ᠭᠦᠨᠵᠡᠭᠡᠶ ᠰᠦᠪᠡᠭᠴᠢᠯᠡᠵᠦ᠂ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠤᠷᠢᠳᠠᠴᠢ ᠰᠢᠲᠠᠷ᠎ᠠ ᠶᠢ ᠬᠦᠴᠦᠯᠡᠨ ᠰᠠᠶᠢᠲᠤᠷ ᠲᠠᠯᠪᠢᠵᠤ᠂ ᠰᠢᠨ᠎ᠡ ᠶᠢ ᠡᠭᠦᠳᠬᠦ ᠰᠠᠶᠢᠨ ᠰᠠᠶᠢᠬᠠᠨ ᠣᠷᠴᠢᠨ ᠨᠥᠬᠦᠴᠡᠯ ᠢ ᠶᠡᠭᠡ  ᠪᠠᠷ ᠡᠭᠦᠳᠴᠦ᠂ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ  ᠃       ᠨᠡᠭᠡᠭᠡᠯᠲᠡ ᠬᠢᠵᠦ ᠬᠠᠮᠲᠤᠷᠠᠨ ᠠᠵᠢᠯᠯᠠᠵᠤ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠶ  ᠃ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠶᠢ ᠤᠯᠤᠰ ᠤᠨ ᠣᠷᠣᠨ ᠪᠦᠰᠡ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠪᠡᠭᠡᠵᠢᠩ ᠬᠤᠲᠠ᠂ ᠭᠤᠸᠠᠩᠳᠦ᠋ᠩ ᠮᠤᠵᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠢᠨᠵᠧᠨᠧᠷᠢᠩ ᠤᠨ ᠬᠦᠷᠢᠶᠡᠯᠡᠩ ᠵᠡᠷᠭᠡ ᠲᠠᠢ 《 4 + 8 + N 》 ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠨᠡᠭᠡᠭᠡᠯᠲᠡ ᠬᠢᠵᠦ ᠬᠠᠮᠲᠤᠷᠠᠯᠴᠠᠬᠤ ᠰᠢᠨ᠎ᠡ ᠪᠠᠶᠢᠷᠢᠰᠢᠯ ᠢ ᠪᠦᠷᠢᠯᠳᠦᠭᠦᠯᠪᠡ  ᠃      《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 〈 ᠠᠷᠪᠠᠨ ᠳᠥᠷᠪᠡᠳᠦᠭᠡᠷ ᠲᠠᠪᠤᠨ ᠵᠢᠯ 〉  ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠯᠥᠪᠵᠢᠭᠦᠯᠭᠡ 》 ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ  ᠢᠶᠠᠨ ᠮᠠᠨᠳᠤᠭᠤᠯᠬᠤ 30 ᠵᠤᠷᠪᠤᠰ 》᠂ 《 ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ 20 ᠵᠤᠷᠪᠤᠰ 》 ᠵᠡᠷᠭᠡ ᠠᠯᠢ ᠣᠯᠠᠨ ᠬᠦᠴᠦᠲᠡᠶ ᠠᠷᠭ᠎ᠠ ᠬᠡᠮᠵᠢᠶ᠎ᠡ ᠶᠢ ᠨᠡᠶᠢᠲᠡᠯᠡᠵᠦ᠂ ᠪᠦᠷᠢᠨ ᠲᠡᠭᠦᠯᠳᠡᠷ ᠦᠵᠦ ᠲᠥᠯᠥᠪᠯᠡᠭᠡ᠂ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠪᠠ  ᠃
       ᠡᠨᠡ ᠲᠠᠪᠤᠨ ᠵᠢᠯ ᠳᠤ᠂ ᠥᠪᠥᠷ ᠮᠣᠩᠭᠤᠯ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠴᠢᠬᠤᠯᠠ ᠶᠡᠭᠡ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠪᠣᠷ ᠰᠢᠷᠣᠶ᠂ ᠪᠠᠯ ᠴᠢᠯᠠᠭᠤᠨ ᠠᠯᠺᠧᠨ᠂ ᠤᠰᠤᠲᠥ᠋ᠷᠥᠭᠴᠢ ᠡᠨᠧᠷᠭᠢ᠂ ᠨᠡᠭᠦᠷᠡᠰᠦᠲᠥ᠋ᠷᠥᠭᠴᠢ ᠶᠢ ᠬᠤᠷᠢᠶᠠᠵᠤ ᠪᠢᠲᠡᠭᠦᠮᠵᠢᠯᠡᠨ ᠬᠠᠳᠠᠭᠠᠯᠠᠬᠤ᠂ ᠶᠡᠭᠡ ᠬᠡᠪᠴᠢᠶ᠎ᠡ ᠪᠠᠷ ᠡᠨᠧᠷᠭᠢ ᠬᠠᠳᠠᠭᠠᠯᠠᠬᠤ ᠵᠡᠷᠭᠡ ᠭᠤᠤᠯᠳᠠᠯᠭ᠎ᠠ ᠲᠠᠢ ᠬᠦᠷᠢᠶᠡᠨ ᠤ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠦᠷᠭᠦᠯᠵᠢᠯᠡᠨ ᠠᠬᠢᠭᠤᠯᠪᠠ  ᠃ ᠨᠡᠭᠦᠷᠡᠰᠦᠲᠥ᠋ᠷᠥᠭᠴᠢ ᠶᠢᠨ ᠬᠡᠮᠵᠢᠶ᠎ᠡ ᠶᠢᠨ ᠤᠷᠬᠢᠯ ᠨᠡᠭᠦᠷᠡᠰᠦᠲᠥ᠋ᠷᠥᠭᠴᠢ ᠶᠢᠨ ᠬᠡᠮᠵᠢᠶ᠎ᠡ ᠶᠢᠨ ᠳᠤᠮᠳᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠰᠬᠠᠢ ᠠᠵᠢᠯᠯᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠯᠭᠠᠭᠤᠷᠢᠯᠠᠬᠤ ᠠᠵᠢᠯᠯᠠᠭ᠎ᠠ ᠶᠢ ᠡᠬᠢᠯᠡᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠦᠷᠦᠯ ᠵᠦᠢᠯ ᠢ ᠬᠠᠶᠢᠨ ᠰᠦᠪᠡᠭᠴᠢᠯᠡᠵᠦ᠂ ᠤᠯᠤᠰ  ᠤᠨ ᠳᠣᠲᠣᠭᠠᠳᠤ ᠶᠢᠨ ᠳᠠᠪᠠᠭᠤᠯᠢᠭ ᠰᠢᠨ᠎ᠡ ᠶᠢ ᠡᠭᠦᠳᠬᠦ ᠡᠬᠢ ᠪᠠᠶᠠᠯᠢᠭ ᠢ ᠠᠵᠤ ᠠᠬᠤᠶᠢᠯᠠᠯ᠂ ᠠᠵᠤ ᠦᠢᠯᠡᠰ ᠲᠡᠶᠢᠰᠢ ᠲᠥᠪᠯᠡᠷᠡᠭᠦᠯᠵᠦ᠂ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠪᠠ  ᠃         ᠡᠨᠡ ᠲᠠᠪᠤᠨ ᠵᠢᠯ ᠳᠤ᠂ ᠥᠪᠥᠷ ᠮᠣᠩᠭᠤᠯ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠶ ᠳᠥᠯᠭᠢᠨ ᠠᠬᠢᠭᠤᠯᠪᠠ  ᠃ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠪᠤᠢ ᠪᠣᠯᠭᠠᠬᠤ ᠪᠠᠷ ᠬᠠᠷᠠᠯᠲᠠ ᠪᠣᠯᠭᠠᠵᠤ᠂ ᠮᠤᠵᠢ ᠶᠠᠮᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠬᠠᠮᠲᠤ ᠪᠠᠷ ᠪᠠᠶᠢᠭᠤᠯᠬᠤ ᠲᠠᠯ᠎ᠠ ᠪᠠᠷ ᠲᠡᠭ ᠲᠤ ᠰᠢᠪᠲᠤᠯᠤᠯᠲᠠ ᠭᠠᠷᠭᠠᠵᠤ᠂ 《 ᠭᠤᠷᠪᠠᠨ ᠣᠷᠣᠨ ᠬᠤᠶᠠᠷ ᠲᠥᠪ 》 ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠵᠤ᠂ ᠳᠠᠪᠠᠭᠤᠯᠢᠭ ᠪᠥᠭᠡᠳ ᠥᠪᠡᠷᠮᠢᠴᠡ ᠣᠨᠴᠠᠯᠢᠭ ᠪᠦᠬᠦᠢ ᠬᠦᠷᠢᠶ᠎ᠡ ᠶᠢ ᠬᠠᠮᠤᠷᠤᠭᠰᠠᠨ 151 ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠯᠠᠨ ᠵᠦᠢᠯ ᠤᠨ ᠠᠩᠬᠠᠨ ᠤ ᠡᠭᠦᠳᠦᠯᠲᠡ ᠶᠢᠨ ᠦᠷ᠎ᠡ ᠪᠦᠲᠦᠭᠡᠯ ᠢ ᠤᠯᠪᠠ︔ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠨᠡᠩ ᠪᠠᠬᠢᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠨᠢᠭᠡ ᠳᠠᠬᠢᠨ ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠰᠢᠨ᠎ᠡ ᠶᠢ ᠡᠭᠦᠳᠬᠦ ᠶᠡᠭᠡ ᠤᠷᠤᠰᠬᠠᠯ ᠤᠨ ᠳᠤᠮᠳᠠ ᠴᠢᠬᠤᠯᠠ ᠦᠢᠯᠡᠳᠦᠯ ᠦᠵᠡᠭᠦᠯᠵᠦ᠂ ᠭᠤᠣᠯ ᠲᠣᠭᠯᠠᠭᠴᠢ ᠪᠣᠯᠤᠨ᠎ᠠ︔ ᠰᠢᠨᠵᠢᠯᠡᠬᠦ ᠤᠬᠠᠭᠠᠨ  ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠪᠰᠢᠨ ᠪᠠ ᠴᠢᠳᠠᠪᠤᠷᠢᠲᠠᠨ ᠬᠥᠮᠦᠵᠢᠭᠦᠯᠬᠦ ᠴᠢᠳᠠᠪᠤᠷᠢ ᠶᠡᠭᠡ ᠪᠠᠷ ᠳᠡᠭᠡᠭᠰᠢᠯᠡᠵᠦ᠂ ᠡᠯ᠎ᠡ ᠱᠠᠲᠤᠨ ᠤ ᠡᠯ᠎ᠡ ᠲᠥᠷᠥᠯ  ᠤᠨ ᠰᠢᠨ᠎ᠡ ᠶᠢ ᠡᠭᠦᠳᠬᠦ ᠲᠠᠪᠴᠠᠩ᠂ ᠰᠤᠳᠤᠯᠤᠨ ᠨᠡᠭᠡᠭᠡᠬᠦ ᠪᠠᠶᠢᠭᠤᠯᠤᠮᠵᠢ ᠲᠠᠰᠤᠷᠠᠯᠲᠠ ᠥᠬᠡᠶ ᠴᠣᠯᠭᠤᠷᠠᠨ ᠭᠠᠷᠴᠤ᠂ ᠰᠢᠨ᠎ᠡ ᠶᠢ ᠡᠭᠦᠳᠬᠦ ᠪᠠ ᠠᠳᠠᠯ ᠦᠶᠯᠡᠰ ᠴᠣᠭᠴᠠᠯᠠᠬᠤ ᠬᠡᠪ ᠰᠤᠷᠲᠠᠯ ᠪᠣᠯᠵᠣ᠂ ᠰᠢᠨ᠎ᠡ ᠶᠢ ᠡᠭᠦᠳᠬᠦ ᠴᠢᠳᠠᠪᠤᠷᠢ  ᠶᠢᠨ ᠪᠠᠶᠢᠭᠤᠯᠤᠯᠲᠠ ᠲᠣᠪᠣᠶᠢᠮ᠎ᠠ ᠦᠷ᠎ᠡ ᠪᠦᠲᠦᠮᠵᠢ ᠤᠯᠪᠠ  ᠃        ᠵᠣᠷᠢᠭᠲᠠᠶ ᠪᠠᠷ ᠪᠡᠯᠡᠳᠬᠡᠯ ᠬᠢᠵᠦ᠂ ᠰᠠᠨᠠᠭᠠᠴᠢᠯᠠᠭᠠᠲᠤ ᠳᠠᠶᠢᠨ ᠬᠢᠬᠦ ᠳᠤ ᠴᠢᠳᠠᠮᠠᠭᠠᠶ ᠪᠠᠶᠬᠤ ᠬᠡᠷᠡᠭᠲᠡᠶ  ᠃ 5 ᠵᠢᠯ ᠢ ᠡᠷᠭᠢᠴᠡᠭᠦᠯᠬᠦᠶ᠎ᠡ᠂ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠢᠨ᠎ᠡ ᠶᠢ ᠡᠭᠦᠳᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠪᠥᠷ ᠮᠣᠩᠭᠤᠯ ᠬᠡᠮᠵᠢᠶᠡᠨ ᠤ ᠦᠰᠦᠷᠦᠯᠲᠡ ᠪᠠᠶᠢᠬᠤ ᠪᠠᠷ ᠪᠠᠷᠠᠬᠤ ᠦᠭᠡᠢ ᠪᠠᠰᠠ ᠴᠢᠨᠠᠷ ᠤᠨ ᠳᠡᠭᠡᠭᠰᠢᠯᠡᠯᠲᠡ ᠲᠠᠢ ᠪᠣᠯᠵᠠᠢ  ᠃       《 ᠬᠥᠬᠡᠬᠤᠲᠠ ᠶᠢᠨ ᠬᠡᠷᠡᠯ ᠭᠢᠯᠪᠠᠭ᠎ᠠ 》 ᠶᠢ ᠨᠠᠶᠢᠳᠠᠪᠤᠷᠢᠵᠢᠭᠤᠯᠵᠤ᠂ 《 ᠮᠧᠩ ᠰᠢᠨ 》 ᠰᠠᠴᠤᠷᠠᠭ  ᠤᠨ ᠳᠠᠪᠲᠠᠮᠵᠢ ᠶᠢᠨ ᠴᠢᠫ ᠢ ᠬᠡᠷᠡᠭᠯᠡᠬᠦ ᠠᠴᠠ ᠠᠪᠤᠭᠠᠳ ᠠᠩᠬᠠᠳᠠᠭᠴᠢ ᠤᠰᠤᠲᠥ᠋ᠷᠥᠭᠴᠢ ᠲᠦᠯᠡᠰᠢᠨ ᠳ᠋ᠢᠶᠠᠨ ᡂᠢ  ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠨᠳᠦ ᠺᠠᠷᠲ ᠢ ᠰᠦᠯᠵᠢᠶᠡᠨ ᠳᠤ ᠣᠷᠣᠭᠤᠯᠬᠤ ᠬᠦᠷᠲᠡᠯ᠎ᠡ᠂ ᠳᠡᠯᠡᠬᠡᠶ ᠳᠡᠭᠡᠷᠡᠬᠢ ᠬᠠᠮᠤᠭ ᠤᠨ ᠲᠣᠮᠣ ᠲᠠᠩ ᠪᠡᠶᠡᠲᠦ ᠪᠢᠳᠦᠷᠶ᠎ᠡ ᠪᠣᠶ ᠪᠣᠯᠵᠣ᠂ ᠪᠥᠬᠦ ᠳᠡᠯᠡᠬᠡᠶ ᠶᠢᠨ ᠠᠩᠬᠠᠳᠠᠭᠴᠢ 5 G ᠶᠢᠨ ᠠᠭᠤᠷᠬᠠᠶ ᠳᠤ ᠬᠡᠷᠡᠭᠯᠡᠬᠦ ᠵᠢᠯᠣᠭᠤᠴᠢ ᠥᠬᠡᠶ ᠲᠡᠷᠭᠡ ᠶᠢ ᠠᠵᠢᠯᠯᠠᠭᠤᠯᠪᠠ ᠠᠯᠢ ᠣᠯᠠᠨ ᠴᠢᠬᠤᠯᠠ ᠶᠡᠭᠡ ᠦᠷ᠎ᠡ ᠪᠦᠲᠦᠭᠡᠯ ᠨᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠠᠲᠠᠭᠤ ᠪᠣᠳᠠᠲᠤ ᠬᠦᠴᠦᠨ ᠢ ᠢᠯᠡᠷᠡᠭᠦᠯᠪᠡ  ᠃       《 135 》 ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠪᠠᠯᠠ ᠮᠥᠩᠭᠦ 2016 ᠣᠨ ᠳᠤ 9 . 12 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 2021 ᠣᠨ ᠳᠤ 15 . 2 ᠳ᠋ᠦᠩᠰᠢᠭᠤᠷ ᠲᠥᠭᠦᠷᠢᠭ ᠪᠣᠯᠪᠠ︔ ᠪᠦᠬᠦ ᠣᠷᠣᠨ ᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠲᠡ 1359 ᠲᠥᠷᠥᠯ ᠵᠦᠢᠯ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ 273 ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠮᠡᠷᠭᠡᠵᠢᠯ ᠤᠨ ᠰᠤᠳᠤᠯᠤᠨ ᠨᠡᠭᠡᠭᠡᠬᠦ ᠲᠥᠷᠥᠯ ᠵᠦᠢᠯ 2436 ᠶᠢ ᠬᠡᠷᠡᠭᠵᠢᠭᠦᠯᠪᠡ  ᠃ 2020 ᠣᠨ ᠳᠤ᠂ ᠥᠪᠥᠷ ᠮᠣᠩᠭᠤᠯ ᠤᠨ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ 161 . 07 ᠳ᠋ᠦᠩᠰᠢᠭᠤᠷ ᠲᠥᠭᠦᠷᠢᠭ ᠲᠤ ᠬᠦᠷᠴᠦ᠂ ᠲᠤᠰᠬᠠᠶ ᠠᠰᠢᠭ ᠭᠤᠶᠤᠴᠢᠯᠠᠭᠰᠠᠨ ᠶᠡᠷᠦᠩᠬᠡᠶ ᠬᠡᠮᠵᠢᠶ᠎ᠡ 24317 ᠬᠤᠪᠢ ᠳᠤ ᠬᠦᠷᠴᠦ ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 48 . 2 ᠳ᠋ᠦᠩᠰᠢᠭᠤᠷ ᠲᠥᠭᠦᠷᠢᠭ ᠲᠤ ᠬᠦᠷᠴᠡᠶ  ᠃         ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠂ ᠰᠢᠨ᠎ᠡ ᠶᠢ ᠡᠭᠦᠳᠦᠭᠴᠢ ᠯᠡ ᠳᠠᠪᠰᠢᠵᠤ᠂ ᠰᠢᠨ᠎ᠡ ᠶᠢ ᠡᠭᠦᠳᠦᠭᠴᠢ ᠯᠡ ᠬᠦᠴᠦᠷᠬᠡᠭᠵᠢᠵᠦ᠂ ᠰᠢᠨ᠎ᠡ ᠶᠢ ᠡᠭᠦᠳᠦᠭᠴᠢ ᠯᠡ ᠢᠯᠠᠨ᠎ᠠ  ᠃ ᠥᠨᠥᠳᠦᠷ ᠤᠨ ᠥᠪᠥᠷ ᠮᠣᠩᠭᠤᠯ ᠶᠠᠭ ᠰᠢᠨ᠎ᠡ ᠶᠢ ᠡᠭᠦᠳᠬᠦ ᠪᠠᠷ ᠬᠡᠯᠪᠡᠷᠢ ᠪᠠᠨ ᠬᠤᠪᠢᠷᠠᠭᠤᠯᠬᠤ ᠵᠠᠮ ᠢᠶᠠᠨ ᠬᠤᠪᠢᠷᠠᠭᠤᠯᠵᠤ᠂ ᠬᠥᠭᠵᠢᠯᠲᠡ ᠪᠠᠨ ᠪᠣᠶᠢᠵᠢᠭᠤᠯᠬᠤ ᠠᠵᠠ ᠲᠣᠬᠢᠶᠠᠯ ᠢᠶᠠᠷ ᠡᠬᠢᠯᠡᠯᠲᠡ  ᠶᠢᠨ ᠴᠢᠳᠠᠪᠤᠷᠢ ᠪᠠᠨ ᠬᠤᠷᠠᠮᠳᠤᠭᠤᠯᠵᠤ᠂ ᠣᠷᠭᠢᠯᠤᠮ᠎ᠠ ᠬᠠᠯᠠᠭᠤᠨ ᠬᠥᠳᠡᠯᠭᠡᠬᠦ ᠡᠨᠧᠷᠭᠢ ᠪᠠᠨ ᠪᠠᠳᠠᠷᠠᠭᠤᠯᠵᠤ ᠪᠠᠶᠢᠨ᠎ᠠ  ᠃        ᠰᠢᠨ᠎ᠡ ᠬᠥᠭᠵᠢᠯᠲᠡ ᠶᠢᠨ ᠱᠠᠲᠤ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ᠎ᠠ  ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠮᠦᠨ᠎ᠡ ᠡᠩᠨᠡᠭᠡ ᠳᠤ ᠬᠠᠨᠳᠤᠬᠤ᠂ ᠠᠵᠤ ᠠᠬᠤᠢ ᠶᠢᠨ ᠭᠤᠣᠯ ᠲᠠᠶᠢᠨ ᠤ ᠲᠠᠯᠠᠪᠤᠷ ᠲᠤ ᠬᠠᠨᠳᠤᠬᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠬᠠᠨᠳᠤᠬᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠤ ᠳᠤ ᠬᠠᠨᠳᠤᠬᠤ ᠶᠢ ᠪᠠᠷᠢᠮᠲᠠᠯᠠᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠬᠠᠷᠢᠭᠤᠴᠠᠯᠭ᠎ᠠ ᠮᠥᠷᠥᠨ ᠳᠡᠭᠡᠨ ᠲᠠᠯᠪᠢᠭᠳᠠᠵᠤ᠂ ᠡᠭᠦᠷᠢᠳᠡ ᠬᠤᠶᠢᠷᠭᠤᠰᠢᠬᠤ ᠦᠭᠡᠢ᠂ ᠴᠤᠴᠠᠯᠲᠠ ᠦᠭᠡᠢ ᠤᠷᠤᠭᠰᠢᠯᠠᠬᠤ ᠬᠡᠷᠡᠭᠲᠡᠢ︕
 
ᠢᠷᠡᠯᠲᠡ᠄ ᠰᠢᠨ᠎ᠡ ᠶᠢ ᠡᠭᠦᠳᠬᠦ ᠥᠪᠥᠷ ᠮᠣᠩᠭᠤᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号