ᠨᠢᠭᠡ᠂ ᠲᠤᠭᠤᠷᠪᠢᠨ ᠪᠢᠴᠢᠭᠰᠡᠨ ᠠᠬᠤᠢ ᠪᠠᠶᠢᠳᠠᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ | ᠭᠤᠷᠪᠠᠳᠤᠭᠠᠷ ᠪᠥᠬᠦᠳᠡ ᠬᠤᠷᠠᠯ᠂ 2021 ᠣᠨ ᠤ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠣᠷᠣᠭᠤᠯᠤᠯᠲᠠ ᠶᠢᠨ | ᠴᠢᠨᠭᠳᠠᠯᠢᠭ ᠴᠢᠨᠠᠷᠲᠠᠶ ᠨᠡᠮᠡᠭᠳᠡᠯ ᠤᠨ ᠲᠣᠭᠲᠠᠴᠠ ᠪᠠ ᠨᠡᠶᠢᠭᠡᠮ ᠤᠨ ᠣᠯᠠᠨ ᠠᠷᠭ᠎ᠠ ᠵᠠᠮ ᠤᠨ ᠣᠷᠣᠭᠤᠯᠤᠯᠲᠠ ᠶᠢᠨ | ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ | ᠠᠵᠢᠯᠯᠠᠭ᠎ᠠ ᠶᠢ ᠬᠡᠷᠡᠭᠵᠢᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ | ᠤᠨ ᠵᠠᠰᠠᠭ ᠤᠨ ᠣᠷᠳᠣᠨ ᠤ ᠠᠯᠪᠠᠨ ᠲᠢᠩᠬᠢᠮ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ( | 2021-2025 ᠣᠨ ) 》 ( ᠥᠪᠥᠷ ᠵᠠᠰᠠᠭ ᠠᠯᠪᠠᠨ ᠲᠠᠷᠬᠠᠭᠠᠭᠰᠠᠨ 〔2021〕35 ᠳ᠋ᠤᠭᠠᠷ ᠲᠣᠭᠠᠲᠤ ) | ( ᠳᠣᠷᠣᠭᠰᠢ 《 ᠲᠥᠰᠦᠯ 》 ᠭᠡᠵᠦ ᠲᠣᠪᠴᠢᠯᠠᠨ᠎ᠠ ) ᠢ ᠲᠣᠭᠲᠠᠭᠠᠪᠠ ᠃ | ᠬᠤᠶᠠᠷ᠂ ᠭᠤᠣᠯ ᠠᠭᠤᠯᠭ᠎ᠠ | 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ | ᠶᠢ ᠭᠦᠨᠵᠡᠭᠡᠶ ᠬᠡᠷᠡᠭᠵᠢᠭᠦᠯᠵᠦ᠂ ᠪᠥᠬᠦ ᠨᠡᠶᠢᠭᠡᠮ ᠢ ᠬᠥᠲᠥᠯᠥᠨ ᠵᠢᠯᠣᠭᠤᠳᠴᠤ ᠳᠠᠶᠢᠴᠢᠯᠠᠨ ᠰᠤᠳᠤᠯᠤᠨ ᠨᠡᠭᠡᠭᠡᠬᠦ | ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠥᠬᠦ ᠣᠷᠣᠨ ᠤ ᠰᠤᠳᠤᠯᠤᠨ ᠨᠡᠭᠡᠭᠡᠬᠦ ᠣᠷᠣᠭᠤᠯᠤᠯᠲᠠ | ᠶᠢᠨ ᠬᠢᠷᠢ ᠬᠡᠮᠵᠢᠶ᠎ᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ 《 ᠲᠥᠰᠦᠯ 》 ᠨᠢ ᠵᠠᠰᠠᠭ ᠤᠨ ᠣᠷᠳᠣᠨ ᠤ ᠬᠥᠲᠥᠯᠥᠨ | ᠵᠢᠯᠣᠭᠤᠳᠴᠤ ᠳᠠᠶᠢᠴᠢᠯᠠᠬᠤ᠂ ᠰᠠᠯᠠᠭ᠎ᠠ ᠮᠥᠴᠢᠷ ᠤᠨ ᠬᠠᠮᠵᠢᠯᠴᠠᠨ ᠬᠠᠮᠲᠤᠷᠠᠨ ᠬᠥᠳᠡᠯᠦᠯᠴᠡᠬᠦ᠂ ᠲᠥᠷᠥ ᠶᠢᠨ | ᠪᠣᠳᠣᠯᠭ᠎ᠠ ᠶᠢᠨ ᠣᠨᠢᠨ ᠳᠡᠭᠡᠷ᠎ᠡ ᠨᠢ ᠬᠦᠴᠦᠯᠡᠬᠦ᠂ ᠬᠢᠨᠠᠨ ᠰᠢᠯᠭᠠᠵᠤ ᠦᠨᠡᠯᠡᠬᠦ ᠵᠡᠷᠭᠡ ᠲᠠᠯ᠎ᠠ ᠶᠢᠨ ᠲᠣᠭᠤᠷᠢᠨ ᠳᠤ | 20 ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤᠷᠠᠳᠪᠠ ᠃ | ᠨᠢᠭᠡ ᠳᠤ᠂ ᠪᠣᠭᠤᠮᠲᠠ ᠰᠢᠪᠲᠤᠯᠬᠤ ᠬᠠᠷᠠᠯᠲᠠ ᠶᠢ ᠲᠣᠳᠣᠷᠬᠠᠶᠢᠯᠠᠨ᠎ᠠ ᠃ ᠲᠥᠰᠦᠯ ᠳᠤ᠂ 《 ᠠᠷᠪᠠᠨ | ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠪᠥᠬᠦ ᠨᠡᠶᠢᠭᠡᠮ ᠤᠨ | ᠰᠤᠳᠤᠯᠤᠨ ᠨᠡᠭᠡᠭᠡᠬᠦ ( R D ) ᠵᠠᠷᠤᠳᠠᠯ ᠤᠨ ᠣᠷᠣᠭᠤᠯᠤᠯᠲᠠ ᠶᠢ ᠵᠢᠯ ᠳᠤᠮᠳᠠᠴᠢ ᠪᠠᠷ 20 % ᠪᠠᠷ | ᠨᠡᠮᠡᠭᠳᠡᠭᠦᠯᠵᠦ᠂ 2025 ᠣᠨ ᠪᠣᠯᠬᠤ ᠳᠤ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ(R&D)ᠵᠠᠷᠤᠳᠠᠯ ᠤᠨ | ᠣᠷᠣᠭᠤᠯᠤᠯᠲᠠ ᠶᠢᠨ ᠬᠡᠪᠴᠢᠶ᠎ᠡ ᠶᠢ 370 ᠳ᠋ᠦᠩᠰᠢᠭᠤᠷ ᠲᠥᠭᠦᠷᠢᠭ ᠣᠷᠴᠢᠮ ᠳᠤ ᠬᠦᠷᠦᠭᠦᠯᠦᠨ᠎ᠡ ᠃ | ᠬᠤᠶᠠᠷ ᠲᠤ᠂ ᠬᠠᠮᠵᠢᠯᠴᠠᠨ ᠬᠦᠴᠦᠯᠡᠬᠦ ᠶᠢ ᠳᠣᠪᠣᠶᠢᠯᠭᠠᠨ᠎ᠠ ᠃ ᠨᠢᠭᠡ ᠲᠠᠯ᠎ᠠ ᠪᠠᠷ᠂ ᠡᠯ᠎ᠡ ᠱᠠᠲᠤᠨ ᠤ | ᠵᠠᠰᠠᠭ ᠤᠨ ᠣᠷᠳᠣᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠣᠷᠣᠭᠤᠯᠤᠯᠲᠠ ᠶᠢᠨ | ᠴᠢᠨᠭᠳᠠᠯᠢᠭ ᠴᠢᠨᠠᠷᠲᠠᠶ ᠨᠡᠮᠡᠭᠳᠡᠯ ᠤᠨ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠪᠣᠯᠤᠨ ᠪᠥᠬᠦ ᠨᠡᠶᠢᠭᠡᠮ ᠤᠨ | ᠬᠢᠨ ᠢ ᠬᠥᠲᠥᠯᠥᠨ ᠵᠢᠯᠣᠭᠤᠳᠴᠤ ᠳᠠᠶᠢᠴᠢᠯᠠᠨ ᠪᠠᠯᠠ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ | 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠳᠤ᠂ ᠪᠥᠬᠦ ᠨᠡᠶᠢᠭᠡᠮ ᠤᠨ ᠰᠤᠳᠤᠯᠤᠨ | ᠨᠡᠭᠡᠭᠡᠬᠦ(R&D)ᠵᠠᠷᠤᠳᠠᠯ ᠤᠨ ᠣᠷᠣᠭᠤᠯᠤᠯᠲᠠ ᠶᠢᠨ ᠳᠤᠮᠳᠠ ᠵᠠᠰᠠᠭ ᠤᠨ ᠣᠷᠳᠣᠨ ᠤ ᠪᠠᠯᠠ ᠮᠥᠩᠭᠦ ᠶᠢ ᠵᠢᠯ | ᠳᠤᠮᠳᠠᠴᠢ ᠪᠠᠷ 20 % ᠠᠴᠠ ᠳᠡᠭᠡᠭᠰᠢ ᠨᠡᠮᠡᠭᠳᠡᠭᠦᠯᠵᠦ᠂ 56 ᠳ᠋ᠦᠩᠰᠢᠭᠤᠷ ᠲᠥᠭᠦᠷᠢᠭ ᠲᠤ ᠬᠦᠷᠦᠭᠦᠯᠬᠦ ᠬᠡᠷᠡᠭᠲᠡᠶ | ᠃ ᠨᠥᠭᠦᠭᠡ ᠲᠠᠯ᠎ᠠ ᠪᠠᠷ᠂ ᠠᠵᠤ ᠠᠬᠤᠶᠢᠯᠠᠯ ᠤᠨ ᠬᠢᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠦᠶᠯᠡᠳᠦᠯ | ᠢᠶᠠᠨ ᠪᠠᠳᠠᠷᠠᠭᠤᠯᠵᠤ᠂ ᠲᠣᠰ ᠪᠡᠶ᠎ᠡ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠵᠦ᠂ ᠬᠡᠪᠴᠢᠶᠡᠵᠢᠯ | ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ 《 ᠠᠷᠪᠠᠨ ᠳᠥᠷᠪᠡᠳᠦᠭᠡᠷ ᠲᠠᠪᠤᠨ ᠵᠢᠯ 》 | ᠤᠨ ᠰᠡᠭᠦᠯᠴᠢ ᠶᠢᠨ R&D ᠶᠢᠨ ᠣᠷᠣᠭᠤᠯᠤᠯᠲᠠ ᠶᠢᠨ ᠡᠵᠡᠩᠨᠡᠯᠲᠡ ᠶᠢᠨ ᠣᠷᠣᠯᠭ᠎ᠠ ᠳᠤ ᠡᠵᠡᠯᠡᠬᠦ ᠬᠤᠪᠢ ᠶᠢᠨ | ᠵᠢᠩ ᠢ 1 . 5 % ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ ᠃ ᠡᠭᠦᠨ ᠠᠴᠠ ᠭᠠᠳᠠᠨ᠎ᠠ᠂ ᠡᠯ᠎ᠡ ᠱᠠᠲᠤᠨ ᠤ | ᠮᠥᠩᠭᠦᠨ ᠭᠦᠶᠯᠭᠡᠭᠡᠨ ᠤ ᠰᠠᠯᠠᠭ᠎ᠠ ᠮᠥᠴᠢᠷ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠨᠤᠭᠤᠳ ᠢᠲᠡᠭᠡᠮᠵᠢᠲᠦ | ᠵᠢᠭᠡᠯᠡᠯᠭᠡ᠂ ᠪᠠᠯᠠ ᠲᠣᠬᠢᠷᠠᠭᠤᠯᠭ᠎ᠠ᠂ ᠳᠠᠭᠠᠭᠠᠯᠲᠠ ᠬᠢᠬᠦ᠂ ᠵᠠᠬ᠎ᠠ ᠳᠡᠯᠭᠡᠭᠦᠷ ᠲᠤ ᠭᠠᠷᠭᠠᠬᠤ ᠵᠡᠷᠭᠡ ᠲᠠᠯ᠎ᠠ ᠪᠠᠷ | ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠦᠷᠢᠨ ᠲᠡᠭᠦᠯᠳᠡᠷ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ | ᠭᠦᠶᠯᠭᠡᠭᠡᠨ ᠤ ᠰᠢᠰᠲ᠋ᠧᠮᠵᠢ ᠶᠢ ᠪᠦᠷᠢᠯᠳᠦᠭᠦᠯᠦᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠᠯᠠ ᠮᠥᠩᠭᠦ | ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠲᠠᠰᠤᠷᠠᠯᠲᠠ ᠥᠬᠡᠶ ᠰᠢᠶᠳᠪᠦᠷᠢᠯᠡᠬᠦ ᠬᠡᠷᠡᠭᠲᠡᠶ ᠃ | ᠭᠤᠷᠪᠠ ᠳᠤ᠂ ᠵᠣᠷᠢᠭᠵᠢᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ ᠃ ᠥᠪᠡᠷᠲᠡᠭᠡᠨ ᠵᠠᠰᠠᠬᠤ | ᠣᠷᠣᠨ ᠠᠴᠠ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ ᠶᠡᠭᠡ ᠪᠠᠷ ᠪᠣᠶᠢᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ | ᠵᠦᠶᠯ ᠤᠨ ᠪᠦᠷᠢᠯᠳᠦᠬᠦ ᠲᠣᠭᠲᠠᠴᠠ ᠶᠢ ᠥᠭᠡᠷᠡᠴᠢᠯᠡᠵᠦ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠨᠡᠭᠡᠭᠡᠯᠲᠡ ᠬᠢᠵᠦ ᠬᠠᠮᠲᠤᠷᠠᠯᠴᠠᠬᠤ ᠶᠡᠭᠡ ᠪᠠᠶᠢᠷᠢᠰᠢᠯ ᠢ ᠪᠠᠶᠢᠭᠤᠯᠬᠤ | ᠵᠡᠷᠭᠡ ᠲᠠᠯ᠎ᠠ ᠪᠠᠷ ᠤᠷᠮᠠᠰᠢᠭᠤᠯᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠤᠨ᠎ᠠ ᠃ ᠵᠢᠱᠢᠶᠡᠯᠡᠪᠡᠯ᠄ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠭᠤᠤᠯᠳᠠᠯᠭ᠎ᠠ ᠲᠠᠢ ᠲᠥᠷᠥᠯ ᠵᠦᠶᠯ ᠢᠶᠠᠷ ᠠᠵᠤ ᠠᠬᠤᠶᠢᠯᠠᠯ | ᠢ ᠳᠡᠮᠵᠢᠬᠦ ᠬᠠᠷᠢᠴᠠᠯ ᠢ 60 % ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ︔ 《 ᠵᠠᠷ ᠨᠡᠶᠢᠲᠡᠯᠡᠨ | ᠮᠠᠩᠯᠠᠶᠢᠯᠠᠭᠤᠯᠬᠤ 》᠂ 《 ᠮᠣᠷᠢᠨ ᠤᠷᠤᠯᠳᠤᠭᠠᠨ ᠤ ᠳᠦᠷᠢᠮ 》 ᠵᠡᠷᠭᠡ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠠᠮᠢᠶᠠᠷᠬᠤ ᠠᠷᠭ᠎ᠠ ᠮᠠᠶ᠋ᠢᠭ ᠢ ᠠᠪᠴᠤ᠂ ᠠᠵᠤ ᠠᠬᠤᠶᠢᠯᠠᠯ | ᠢ ᠬᠥᠲᠥᠯᠥᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠢ ᠨᠡᠮᠡᠭᠳᠡᠭᠦᠯᠦᠨ᠂ ᠠᠵᠤ | ᠠᠬᠤᠶᠢᠯᠠᠯ ᠤᠨ ᠭᠤᠣᠯᠳᠠᠯᠭ᠎ᠠ ᠲᠠᠢ ᠵᠠᠩᠭᠢᠯᠠᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠰᠢᠶᠳᠪᠦᠷᠢᠯᠡᠨ᠎ᠡ︔ | ᠠᠩᠬ᠎ᠠ ᠤᠳᠠᠭ᠎ᠠ ᠵᠥᠪᠰᠢᠶᠡᠷᠡᠯ ᠣᠯᠤᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ 30 ᠲᠦᠮᠡᠨ | ᠲᠥᠭᠦᠷᠢᠭ ᠤᠨ ᠱᠠᠩᠨᠠᠯ ᠣᠯᠭᠤᠨ᠎ᠠ︔ ᠤᠯᠤᠰ ᠤᠨ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠪᠣᠯᠤᠨ ᠬᠤᠤᠰ ᠲᠡᠷᠢᠭᠦᠨ ᠲᠠᠰ ᠤᠨ ᠶᠡᠭᠡ ᠰᠤᠷᠭᠠᠭᠤᠯᠢ ᠶᠢᠨ ᠮᠠᠨ ᠤ ᠣᠷᠣᠨ ᠳᠤ ᠢᠷᠡᠵᠦ ᠰᠢᠨ᠎ᠡ | ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠳᠤ 1000 ᠲᠦᠮᠡᠨ ᠲᠥᠭᠦᠷᠢᠭ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠦᠵᠡᠭᠦᠯᠵᠦ ᠪᠣᠯᠤᠨ᠎ᠠ ᠭᠡᠬᠦ ᠮᠡᠲᠦ ᠃ | ᠳᠥᠷᠪᠡ ᠳᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ ᠃ ᠥᠪᠡᠷᠲᠡᠭᠡᠨ ᠵᠠᠰᠠᠬᠤ | ᠣᠷᠣᠨ ᠠᠴᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠬᠢᠭᠡᠳ ᠰᠢᠯᠭᠠᠨ ᠬᠢᠨᠠᠵᠤ | ᠦᠨᠡᠯᠡᠬᠦ ᠶᠢ ᠴᠢᠩᠭᠠᠳᠬᠠᠵᠤ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢᠨ | ᠡᠯ᠎ᠡ ᠵᠦᠶᠯ ᠤᠨ ᠡᠭᠦᠷᠭᠡ ᠶᠢᠨ ᠬᠠᠷᠠᠯᠲᠠ ᠶᠢ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠃ |