| | 3 ᠳ᠋ᠤᠭᠠᠷ ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠥᠪᠥᠷ ᠮᠣᠩᠭᠤᠯ ᠤᠨ ᠠᠮᠤ ᠪᠤᠳᠠᠭᠠᠨ ᠤ | ᠴᠢᠨᠠᠷ ᠰᠠᠶᠢᠲᠠᠶ ᠬᠥᠭᠵᠢᠯᠲᠡ ᠶᠢᠨ ᠵᠢᠭᠠᠯᠲᠠ ᠲᠤᠭ᠎ᠠ ᠶᠢ ᠪᠡᠭᠡᠵᠢᠩ ᠳᠤ ᠨᠡᠶᠢᠲᠡᠯᠡᠵᠦ᠂ ᠥᠪᠥᠷ ᠮᠣᠩᠭᠤᠯ ᠤᠨ ᠠᠮᠤ | ᠪᠤᠳᠠᠭᠠᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠲᠣᠭᠠᠴᠢᠯᠠᠨ ᠦᠨᠡᠯᠡᠬᠦ ᠶᠢ ᠵᠢᠭᠠᠵᠤ᠂ ᠤᠯᠤᠰ ᠤᠨ | ᠳᠣᠲᠣᠭᠠᠳᠤ ᠶᠢᠨ ᠠᠮᠤ ᠪᠤᠳᠠᠭᠠᠨ ᠤ ᠠᠵᠤ ᠠᠬᠤᠶ ᠶᠢᠨ ᠬᠥᠭᠵᠢᠯᠲᠡ ᠶᠢᠨ ᠲᠦᠪᠰᠢᠨ ᠢ ᠶᠡᠷᠦᠩᠬᠡᠶᠢᠯᠡᠨ ᠦᠨᠡᠯᠡᠬᠦ | ᠵᠢᠭᠠᠯᠲᠠ ᠲᠤᠭ᠎ᠠ ᠪᠣᠯᠤᠨ᠎ᠠ᠃ | ᠳᠤᠮᠳᠠᠳᠤ ᠤᠯᠤᠰ · ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠶ ᠬᠥᠭᠵᠢᠯᠲᠡ ᠶᠢᠨ ᠵᠢᠭᠠᠯᠲᠠ | ᠲᠤᠭ᠎ᠠ ᠶᠢ ᠳᠤᠮᠳᠠᠳᠤ ᠤᠯᠤᠰ ᠤᠨ ᠠᠵᠤ ᠠᠬᠤᠶ ᠶᠢᠨ ᠮᠡᠳᠡᠭᠡ ᠵᠠᠩᠭᠢ ᠶᠢᠨ ᠬᠤᠷᠢᠶ᠎ᠠ᠂ ᠥᠪᠥᠷ ᠮᠣᠩᠭᠤᠯ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠥᠷ ᠮᠣᠩᠭᠤᠯ ᠤᠨ ᠠᠮᠤ ᠪᠤᠳᠠᠭ᠎ᠠ ᠪᠠ ᠡᠳ᠋ ᠪᠣᠳᠠᠰ | ᠨᠥᠭᠡᠴᠡᠯᠡᠬᠦ ᠲᠣᠪᠴᠢᠶ᠎ᠠ ᠠᠴᠠ ᠬᠠᠮᠲᠤ ᠪᠠᠷ ᠨᠠᠶᠢᠷᠠᠭᠤᠯᠤᠨ ᠵᠣᠬᠢᠶᠠᠵᠤ ᠨᠡᠶᠢᠲᠡᠯᠡᠪᠡ᠃ ᠵᠢᠭᠠᠯᠲᠠ ᠲᠤᠭ᠎ᠠ ᠶᠢ ᠠᠮᠤ | ᠪᠤᠳᠠᠭᠠᠨ ᠤ ᠦᠢᠯᠡᠳᠪᠦᠷᠢᠯᠡᠯ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠡᠭᠡᠨ᠂ ᠠᠮᠤ ᠪᠤᠳᠠᠭ᠎ᠠ ᠡᠳ᠋ᠰᠢᠭᠦᠯᠬᠦ᠂ | ᠠᠮᠤ ᠪᠤᠳᠠᠭ᠎ᠠ ᠬᠤᠳᠠᠯᠳᠤᠨ ᠠᠪᠴᠦ ᠪᠣᠷᠣᠯᠠᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ᠂ | ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠵᠡᠷᠭᠡ ᠵᠢᠷᠭᠤᠭᠠᠨ ᠲᠠᠯ᠎ᠠ ᠠᠴᠠ ᠥᠪᠥᠷ ᠮᠣᠩᠭᠤᠯ ᠤᠨ ᠠᠮᠤ | ᠪᠤᠳᠠᠭᠠᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠦᠨᠡᠯᠡᠨ ᠵᠢᠱᠢᠨ᠎ᠡ᠃ | ᠠᠵᠢᠯᠯᠠᠭᠠᠨ ᠤ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ 2019 ᠣᠨ ᠳᠤ᠂ ᠳᠤᠮᠳᠠᠳᠤ ᠤᠯᠤᠰ ᠥᠪᠥᠷ | ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠶ ᠬᠥᠭᠵᠢᠯᠲᠡ ᠶᠢᠨ ᠵᠢᠭᠠᠯᠲᠠ ᠲᠤᠭ᠎ᠠ 122 . 97 ᠴᠡᠭ ᠲᠤ | ᠬᠦᠷᠴᠦ᠂ ᠰᠠᠭᠤᠷᠢ ᠬᠤᠭᠤᠴᠠᠭᠠᠨ ᠤ ᠬᠢ ᠠᠴᠠ 2015 ᠣᠨ ᠳᠤ 22 . 97 % ᠪᠠᠷ ᠳᠡᠭᠡᠭᠰᠢᠯᠡᠵᠦ᠂ ᠵᠢᠯ | ᠳᠤᠮᠳᠠᠴᠢ ᠶᠢᠨ ᠨᠡᠶᠢᠯᠡᠮᠡᠯ ᠨᠡᠮᠡᠭᠳᠡᠯ ᠤᠨ ᠨᠣᠷᠮ᠎ᠠ 5 . 30 % ᠳᠤ ᠬᠦᠷᠴᠦ᠂ ᠥᠪᠥᠷ ᠮᠣᠩᠭᠤᠯ ᠤᠨ ᠠᠮᠤ | ᠪᠤᠳᠠᠭᠠᠨ ᠤ ᠠᠵᠤ ᠦᠢᠯᠡᠰ ᠴᠢᠨᠠᠷ ᠰᠠᠶᠢᠲᠠᠶ ᠲᠣᠭᠲᠠᠭᠤᠨ ᠢᠶᠠᠷ ᠬᠥᠭᠵᠢᠬᠦ ᠰᠢᠨ᠎ᠡ ᠱᠠᠲᠤᠨ ᠳᠤ ᠤᠷᠤᠭᠰᠠᠨ ᠢ | ᠬᠠᠷᠠᠭᠤᠯᠪᠠ᠃ ᠲᠥᠷᠥᠯ ᠬᠤᠪᠢᠶᠠᠭᠰᠠᠨ ᠦᠷ᠎ᠡ ᠳ᠋ᠦᠩ ᠠᠴᠠ ᠦᠵᠡᠪᠡᠯ᠂ ᠥᠪᠥᠷ ᠮᠣᠩᠭᠤᠯ ᠠᠮᠤ ᠪᠤᠳᠠᠭᠠᠨ ᠤ | ᠦᠢᠯᠡᠳᠪᠦᠷᠢᠯᠡᠯ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠡᠭᠡ᠂ ᠠᠮᠤ ᠪᠤᠳᠠᠭ᠎ᠠ ᠡᠳ᠋ᠰᠢᠭᠦᠯᠬᠦ᠂ ᠠᠮᠤ | ᠪᠤᠳᠠᠭ᠎ᠠ ᠬᠤᠳᠠᠯᠳᠤᠨ ᠠᠪᠬᠤ ᠪᠣᠷᠣᠯᠠᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ᠂ ᠶᠡᠷᠦᠩᠬᠡᠶᠢᠯᠡᠭᠰᠡᠨ | ᠪᠠᠲᠤᠯᠠᠭ᠎ᠠ ᠶᠢᠨ ᠴᠢᠳᠠᠪᠤᠷᠢ ᠵᠡᠷᠭᠡ ᠲᠠᠯ᠎ᠠ ᠪᠠᠷ ᠬᠠᠶᠢᠨ ᠰᠥᠪᠡᠭᠴᠢᠯᠡᠯᠲᠡ ᠬᠢᠵᠦ ᠢᠯᠡᠳᠲᠡ ᠦᠷ᠎ᠡ ᠪᠦᠲᠦᠮᠵᠢ ᠤᠯᠪᠠ᠃ | | ᠵᠢᠭᠠᠯᠲᠠ ᠲᠤᠭ᠎ᠠ ᠶᠢᠨ ᠰᠤᠳᠤᠯᠭᠠᠨ ᠤ ᠲᠤᠰᠬᠠᠶ ᠰᠡᠳᠦᠪ ᠠᠴᠠ ᠦᠵᠡᠪᠡᠯ᠂ 2011 ᠣᠨ ᠠᠴᠠ 2019 | ᠤᠨ ᠪᠣᠯᠲᠠᠯ᠎ᠠ᠂ ᠥᠪᠥᠷ ᠮᠣᠩᠭᠤᠯ ᠤᠨ ᠠᠮᠤ ᠪᠤᠳᠠᠭᠠᠨ ᠤ ᠵᠢᠯ ᠤᠨ ᠳᠤᠮᠳᠠᠴᠢ ᠤᠨᠠᠯᠲᠠ ᠶᠢᠨ ᠬᠡᠮᠵᠢᠶ᠎ᠡ ᠪᠥᠬᠦ | ᠤᠯᠤᠰ ᠤᠨ ᠠᠮᠤ ᠪᠤᠳᠠᠭᠠᠨ ᠤ ᠵᠢᠯ ᠤᠨ ᠳᠤᠮᠳᠠᠴᠢ ᠤᠨᠠᠯᠲᠠ ᠶᠢᠨ ᠵᠢᠷᠭᠤᠭᠠᠨ ᠤ ᠨᠢᠭᠡ ᠬᠤᠪᠢ ᠶᠢ ᠡᠵᠡᠯᠡᠵᠦ | ᠪᠠᠶᠢᠨ᠎ᠠ᠃ 2019 ᠣᠨ ᠳᠤ ᠥᠪᠥᠷ ᠮᠣᠩᠭᠤᠯ ᠤᠨ ᠪᠥᠬᠦ ᠤᠯᠤᠰ ᠤᠨ ᠪᠤᠰᠤᠳ ᠮᠤᠵᠢ ᠣᠷᠣᠨ ᠳᠤ | ᠦᠵᠡᠭᠦᠯᠦᠭᠰᠡᠨ ᠠᠮᠤ ᠪᠤᠳᠠᠭᠠᠨ ᠤ ᠬᠤᠪᠢ ᠨᠡᠮᠡᠷᠢ ᠶᠢᠨ ᠬᠡᠮᠵᠢᠶ᠎ᠡ ᠪᠠᠷᠤᠭ 450 ᠳ᠋ᠦᠩᠰᠢᠭᠤᠷ ᠵᠢᠩ ᠪᠠᠶᠢᠵᠤ᠂ | ᠡᠭᠦᠨ ᠳᠤ ᠠᠮᠤ ᠪᠤᠳᠠᠭ᠎ᠠ ᠶᠢ ᠭᠠᠳᠠᠭᠰᠢ ᠭᠠᠷᠭᠠᠬᠤ ᠴᠡᠪᠡᠷ ᠬᠡᠮᠵᠢᠶ᠎ᠡ ᠪᠠᠷᠤᠭ 200 ᠳ᠋ᠦᠩᠰᠢᠭᠤᠷ ᠵᠢᠩ᠂ ᠠᠵᠤ | ᠦᠢᠯᠡᠳᠪᠦᠷᠢ ᠳᠤ ᠬᠡᠷᠡᠭᠯᠡᠬᠦ ᠠᠮᠤ ᠪᠤᠳᠠᠭ᠎ᠠ ᠪᠠᠷᠤᠭ 200 ᠳ᠋ᠦᠩᠰᠢᠭᠤᠷ ᠵᠢᠩ᠂ ᠮᠢᠬ᠎ᠠ ᠥᠨᠳᠡᠭᠡ ᠰᠦ ᠶᠢ | ᠭᠠᠳᠠᠭᠰᠢ ᠪᠣᠷᠣᠯᠠᠭᠤᠯᠬᠤ ᠳᠤ ᠬᠡᠷᠡᠭᠯᠡᠬᠦ ᠪᠣᠷᠳᠤᠭ᠎ᠠ ᠶᠢᠨ ᠠᠮᠤ ᠪᠤᠳᠠᠭ᠎ᠠ ᠪᠠᠷᠤᠭ 50 ᠳ᠋ᠦᠩᠰᠢᠭᠤᠷ ᠵᠢᠩ ᠪᠠᠶᠢᠬᠤ | ᠪᠥᠭᠡᠳ ᠠᠮᠤ ᠪᠤᠳᠠᠭᠠᠨ ᠤ ᠲᠠᠸᠠᠷ ᠤᠨ ᠨᠣᠷᠮ᠎ᠠ᠂ ᠠᠮᠤ ᠪᠤᠳᠠᠭ᠎ᠠ ᠡᠳ᠋ᠰᠢᠭᠦᠯᠬᠦ ᠦᠢᠯᠡᠰ ᠵᠡᠷᠭᠡ ᠲᠠᠯ᠎ᠠ ᠪᠠᠷ ᠪᠥᠬᠦ | ᠤᠯᠤᠰ ᠤᠨ ᠠᠮᠤ ᠪᠤᠳᠠᠭᠠᠨ ᠤ ᠠᠵᠤ ᠦᠢᠯᠡᠰ ᠤᠨ ᠬᠥᠭᠵᠢᠯᠲᠡ ᠪᠠ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠳᠤ ᠦᠵᠡᠭᠦᠯᠬᠦ ᠬᠤᠪᠢ ᠨᠡᠮᠡᠷᠢ ᠴᠥᠮ ᠢᠯᠡᠳᠲᠡ ᠳᠡᠭᠡᠭᠰᠢᠯᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ | ᠴᠦᠨ᠂ ᠳᠤᠮᠳᠠᠳᠤ ᠤᠯᠤᠰ ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠵᠢᠭᠠᠯᠲᠠ | ᠲᠤᠭ᠎ᠠ ᠶᠢ ᠨᠡᠶᠢᠲᠡᠯᠡᠭᠰᠡᠨ ᠨᠢ ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠢ ᠬᠥᠭᠵᠢᠯᠲᠡ ᠶᠢᠨ | ᠲᠣᠭᠠᠴᠢᠯᠠᠭᠰᠠᠨ ᠦᠨᠡᠯᠡᠯᠲᠡ ᠶᠢᠨ ᠰᠢᠰᠲ᠋ᠧᠮ ᠠᠩᠬ᠎ᠠ ᠠᠯᠬᠤᠮ ᠪᠦᠷᠢᠯᠳᠦᠭᠰᠡᠨ ᠢ ᠬᠠᠷᠠᠭᠤᠯᠵᠤ ᠪᠠᠶᠢᠨ᠎ᠠ᠃ ᠵᠢᠭᠠᠯᠲᠠ | ᠲᠤᠭ᠎ᠠ ᠶᠢᠨ ᠠᠵᠢᠯᠯᠠᠭᠠᠨ ᠪᠠ ᠬᠢᠨᠠᠨ ᠬᠡᠮᠵᠢᠯᠲᠡ ᠪᠠᠷ ᠳᠠᠮᠵᠢᠭᠤᠯᠤᠨ᠂ ᠪᠥᠬᠦ ᠣᠷᠣᠨ ᠤ ᠠᠮᠤ ᠪᠤᠳᠠᠭᠠᠨ ᠤ | ᠠᠵᠢᠯ ᠤᠨ ᠦᠷ᠎ᠡ ᠪᠦᠲᠦᠮᠵᠢ ᠪᠠ ᠳᠤᠲᠠᠭᠤᠳᠠᠯ ᠢ ᠪᠤᠰᠤᠳᠴᠢ ᠪᠠᠷ ᠲᠤᠰᠬᠠᠵᠤ᠂ ᠠᠮᠤ ᠪᠤᠳᠠᠭᠠᠨ ᠤ ᠴᠢᠨᠠᠷ ᠰᠠᠶᠢᠲᠠᠶ | ᠬᠥᠭᠵᠢᠯᠲᠡ ᠶᠢᠨ ᠠᠷᠭ᠎ᠠ ᠵᠠᠮ ᠢ ᠰᠦᠪᠡᠭᠴᠢᠯᠡᠬᠦ᠂ ᠠᠮᠤ ᠪᠤᠳᠠᠭᠠᠨ ᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠰᠤᠳᠤᠯᠤᠨ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ ᠪᠣᠯᠤᠨ᠎ᠠ᠃ | ᠰᠢᠨᠬᠤᠸᠠ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠷᠢᠨ ᠪᠢᠴᠢᠭ ᠤᠨ | ᠳᠠᠷᠤᠭ᠎ᠠ ᠬᠥᠩ ᠰᠢ ᠰᠢᠶᠠᠩ ᠵᠢᠭᠠᠵᠤ ᠭᠠᠷᠭᠠᠭᠰᠠᠨ ᠨᠢ᠂ ᠵᠢᠭᠠᠯᠲᠠ ᠲᠤᠭ᠎ᠠ ᠨᠢ ᠥᠪᠥᠷ ᠮᠣᠩᠭᠤᠯ ᠤᠨ ᠠᠮᠤ | ᠪᠤᠳᠠᠭᠠᠨ ᠤ ᠬᠥᠭᠵᠢᠯᠲᠡ ᠪᠠᠷ ᠣᠨᠴᠠᠯᠢᠭ ᠪᠥᠬᠦᠶ ᠥᠯᠢᠭᠡᠷ ᠬᠡᠪ ᠪᠣᠯᠭᠠᠵᠤ᠂ ᠲᠤᠭ᠎ᠠ ᠪᠠᠷᠢᠮᠲᠠ ᠪᠠᠷ ᠠᠮᠤ | ᠪᠤᠳᠠᠭᠠᠨ ᠤ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠮᠵᠢ ᠶᠢ ᠣᠨᠣᠪᠴᠢᠲᠠᠶ ᠬᠡᠮᠵᠢᠶᠡᠵᠢᠭᠦᠯᠵᠦ᠂ ᠠᠮᠤ | ᠪᠤᠳᠠᠭᠠᠨ ᠤ ᠠᠵᠢᠯ ᠲᠥᠷᠥᠯ ᠤᠨ ᠡᠯ᠎ᠡ ᠬᠠᠮᠢᠶ᠎ᠠ ᠪᠥᠬᠦᠶ ᠲᠠᠯ᠎ᠠ ᠳᠤ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ | ᠬᠠᠩᠭᠠᠪᠠ᠃ ᠵᠢᠭᠠᠯᠲᠠ ᠲᠤᠭ᠎ᠠ ᠶᠢᠨ ᠰᠤᠳᠤᠯᠭᠠᠨ ᠤ ᠦᠷ᠎ᠡ ᠪᠦᠲᠦᠭᠡᠯ ᠨᠢ ᠥᠪᠥᠷ ᠮᠣᠩᠭᠤᠯ ᠤᠨ ᠠᠮᠤ ᠪᠤᠳᠠᠭᠠᠨ ᠤ | ᠪᠥᠬᠦ ᠤᠯᠤᠰ ᠲᠠᠬᠢ ᠪᠠᠶᠢᠷᠢ ᠰᠠᠭᠤᠷᠢ ᠶᠢ ᠢᠯᠡᠷᠡᠭᠦᠯᠵᠦ᠂ ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠶ | ᠬᠥᠭᠵᠢᠯᠲᠡ ᠪᠠ ᠨᠥᠯᠥᠭᠡᠯᠡᠬᠦ ᠬᠦᠴᠦᠨ ᠤ ᠳᠡᠭᠡᠭᠰᠢᠯᠡᠯᠲᠡ ᠳᠤ ᠠᠰᠢᠭᠲᠠᠶ ᠶᠤᠮ᠃ |