ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠳᠤ ᠣᠷᠣᠭᠤᠯᠬᠤ 》 ᠠᠵᠢᠯᠯᠠᠭ᠎ᠠ ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2021/4/20
   《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠭᠦᠨᠵᠡᠭᠡᠶ   ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠳᠤᠷᠢᠳᠤᠮᠵᠢ ᠶᠢᠨ ᠦᠶᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠪᠣᠳᠠᠲᠠᠶ  ᠶᠢ ᠡᠷᠬᠢᠮᠯᠡᠬᠦ ᠰᠤᠷᠲᠠᠯ ᠢ ᠪᠠᠳᠠᠷᠠᠭᠤᠯᠤᠨ ᠦᠨᠡᠨ ᠬᠦ 《 ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ 》  ᠶᠢᠨ ᠲᠥᠯᠥᠭᠡ᠂ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ 2021 ᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ 4 ᠳ᠋ᠦ᠋ᠭᠡᠷ ᠰᠠᠷ᠎ᠠ ᠳᠤ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠳᠤ ᠣᠷᠣᠭᠤᠯᠬᠤ 》 ᠤᠬᠠᠭᠤᠯᠭ᠎ᠠ ᠶᠢᠨ ᠰᠠᠷ᠎ᠠ ᠶᠢ ᠲᠣᠭᠲᠠᠭᠠᠭᠰᠠᠨ ᠪᠥᠭᠡᠳ ᠲᠣᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠪᠠ᠃      4 ᠰᠠᠷ᠎ᠠ ᠶᠢᠨ 9 ᠤ ᠡᠳᠦᠷ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠦᠷᠢᠶᠡᠯᠡᠩ ᠲᠣᠭᠤᠷᠢᠭ ᠲᠤ ᠣᠷᠣᠬᠤ᠂ ᠠᠵᠤ ᠠᠬᠤᠶᠢᠯᠠᠯ ᠳᠤ ᠣᠷᠣᠬᠤ 》 ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠰᠢᠩ ᠾᠧ ᠰᠢᠶᠠᠨ ᠳᠤ ᠵᠢᠩᠬᠢᠨᠢ ᠪᠠᠷ ᠡᠬᠢᠯᠡᠪᠡ᠃ 4 ᠰᠠᠷ᠎ᠠ ᠶᠢᠨ 12 ᠠᠴᠠ 14 ᠤ ᠡᠳᠦᠷ ᠪᠣᠯᠲᠠᠯ᠎ᠠ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠵᠢᠨᠢᠩ ᠲᠣᠭᠤᠷᠢᠭ᠂ ᠹᠧᠩᠵᠧᠨ ᠬᠤᠲᠠ ᠵᠡᠷᠭᠡ ᠭᠠᠵᠠᠷ ᠲᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠡᠷᠭᠢᠯᠡᠵᠦ᠂ ᠨᠡᠶᠢᠲᠡ 97 ᠠᠵᠤ ᠠᠬᠤᠶᠢᠯᠠᠯ ᠠᠵᠢᠯᠯᠠᠭ᠎ᠠ ᠳᠤ ᠣᠷᠣᠯᠴᠠᠵᠠᠶ᠃      ᠠᠵᠢᠯᠯᠠᠭ᠎ᠠ ᠳᠤᠮᠳᠠ᠂ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ  ᠶᠢᠨ ᠤᠳᠤᠷᠢᠳᠤᠯᠭ᠎ᠠ ᠪᠣᠯᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠠᠵᠢᠯᠲᠠᠨ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 30 ᠵᠤᠷᠪᠤᠰ 》 ᠤᠨ ᠲᠥᠷᠥ ᠶᠢᠨ ᠪᠣᠳᠣᠯᠭ᠎ᠠ ᠳᠤᠮᠳᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠦᠶᠯᠡᠳᠦᠯ ᠢ ᠪᠠᠳᠠᠷᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠬᠤ ᠵᠡᠷᠭᠡ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠲᠠᠶᠢᠯᠤᠮᠵᠢ ᠬᠢᠵᠡᠶ᠃ ᠵᠢᠨᠢᠩ ᠲᠣᠭᠤᠷᠢᠭ᠂ ᠹᠧᠩᠵᠧᠨ ᠬᠤᠳᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠰᠢᠩᠾᠧ ᠰᠢᠶᠠᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠲᠤᠰ ᠭᠠᠵᠠᠷ ᠣᠷᠣᠨ ᠤ ᠪᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠣᠳᠣᠬᠢ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠰᠡᠳᠬᠢᠴᠡ  ᠶᠢ ᠲᠠᠨᠢᠯᠴᠠᠭᠤᠯᠪᠠ᠃ ᠹᠧᠩᠵᠧᠨ ᠤ ᠹᠯᠣᠷ ᠬᠢᠮᠢ ᠶᠢᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠴᠠᠬᠠᠷ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠰᠢᠩ ᠾᠧ ᠰᠢᠶᠠᠨ ᠤ ᠰᠢᠩ ᠸᠠᠩ ᠵᠢᠶᠤᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠪᠠᠭᠰᠢ  ᠠᠴᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠬᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠤᠨ ᠪᠥᠲᠥᠭᠡᠨ ᠪᠠᠶᠢᠭᠤᠯᠤᠯᠲᠠ ᠵᠢᠴᠢ ᠭᠤᠶᠤᠴᠢᠯᠠᠨ ᠮᠡᠳᠡᠭᠦᠯᠬᠦ ᠲᠤᠬᠠᠶ ᠨᠠᠷᠢᠨ ᠲᠠᠶᠢᠯᠤᠮᠵᠢ ᠬᠢᠪᠠ᠃      ᠠᠵᠢᠯᠯᠠᠭ᠎ᠠ ᠳᠤᠮᠳᠠ᠂ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ  ᠤ ᠳᠠᠷᠤᠭ᠎ᠠ ᠸᠠᠩ ᠴᠢᠩ ᠪᠦᠯᠬᠦᠮ ᠳᠠᠭᠠᠭᠤᠯᠤᠨ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠰᠢᠶᠳᠪᠦᠷᠢᠯᠡᠬᠦ ᠴᠢᠬᠤᠯᠠᠲᠠᠶ ᠠᠰᠠᠭᠤᠳᠠᠯ ᠢ ᠶᠠᠷᠢᠯᠴᠠᠨ ᠰᠣᠯᠢᠯᠴᠠᠵᠤ᠂ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠳᠤ ᠲᠤᠬᠠᠶ ᠶᠢᠨ ᠲᠠᠯᠠᠪᠠᠶ ᠳᠤ ᠬᠠᠷᠢᠭᠤᠯᠲᠠ ᠥᠭᠪᠡ᠃     ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠠᠵᠤ ᠠᠬᠤᠶᠢᠯᠠᠯ ᠳᠤ ᠰᠣᠯᠢᠯᠴᠠᠭᠠᠨ ᠤ ᠲᠠᠪᠴᠠᠩ ᠪᠠᠶᠢᠭᠤᠯᠤᠨ ᠥᠭᠴᠦ᠂ ᠵᠠᠰᠠᠭ ᠠᠵᠤ ᠠᠬᠤᠶᠢᠯᠠᠯ ᠤᠨ ᠨᠢᠭᠤᠷᠲᠠᠨ ᠨᠡᠪᠲᠡᠷᠡᠯᠴᠡᠬᠦ ᠶᠢ ᠴᠢᠩᠭᠠᠳᠬᠠᠨ᠂ ᠠᠵᠤ ᠠᠬᠤᠶᠢᠯᠠᠯ ᠤᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠣᠶᠢᠯᠠᠭᠠᠵᠤ ᠡᠵᠡᠮᠰᠢᠪᠡ᠃ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠬᠦ᠂ ᠰᠢᠨ᠎ᠡ ᠶᠢ ᠡᠭᠦᠳᠬᠦ ᠴᠢᠳᠠᠪᠤᠷᠢ ᠶᠢ ᠨᠡᠮᠡᠭᠳᠡᠭᠦᠯᠬᠦ ᠶᠢᠨ ᠴᠢᠬᠤᠯᠠ ᠴᠢᠨᠠᠷ ᠤᠨ ᠲᠤᠬᠠᠢ ᠠᠵᠤ ᠠᠬᠤᠶᠢᠯᠠᠯ ᠤᠨ ᠲᠠᠨᠢᠯᠲᠠ ᠶᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ ᠠᠵᠤ ᠠᠬᠤᠶᠢᠯᠠᠯ  ᠤᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠭᠤᠶᠤᠴᠢᠯᠠᠨ ᠮᠡᠳᠡᠭᠦᠯᠬᠦ ᠳᠤ ᠰᠠᠭᠤᠷᠢ ᠲᠠᠯᠪᠢᠵᠤ᠂ ᠲᠣᠰ ᠠᠵᠢᠯᠯᠠᠭ᠎ᠠ ᠶᠢ ᠪᠠᠰᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠱᠠᠩᠳᠤ ᠰᠢᠶᠠᠨ᠂ ᠬᠤᠸᠠᠳᠧ ᠰᠢᠶᠠᠨ ᠵᠡᠷᠭᠡ ᠭᠠᠵᠠᠷ ᠲᠤ ᠦᠷᠭᠦᠯᠵᠢᠯᠡᠨ ᠥᠷᠨᠢᠭᠦᠯᠬᠦ ᠪᠣᠯᠤᠨ᠎ᠠ᠃
 
ᠢᠷᠡᠯᠲᠡ᠄ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号