ᠥᠪᠥᠷ ᠮᠣᠩᠭᠤᠯ ᠤᠨ ᠲᠡᠮᠦᠷᠯᠢᠭ ᠪᠣᠯᠪᠠᠰᠤᠷᠠᠭᠤᠯᠬᠤ ᠰᠤᠳᠤᠯᠭᠠᠨ ᠤ ᠬᠦᠷᠢᠶᠡᠯᠡᠩ ᠪᠥᠬᠦ ᠤᠯᠤᠰ ᠤᠨ ᠥᠩᠭᠡᠲᠦ ᠲᠡᠮᠦᠷᠯᠢᠭ ᠤᠨ ᠠᠵᠢᠯ ᠲᠥᠷᠥᠯ ᠤᠨ ᠲᠡᠷᠢᠭᠦᠨ ᠤ ᠬᠠᠮᠲᠤ ᠶᠢᠨ ᠱᠠᠩᠨᠠᠯ ᠢ ᠭᠥᠷᠳᠡᠪᠡ
ᠨᠡᠶᠢᠲᠡᠯᠡᠭᠰᠡᠨ ᠴᠠᠭ᠄
2021/4/21
     ᠲᠦᠷᠦᠭᠦᠬᠡᠨ ᠪᠡᠭᠡᠵᠢᠩ ᠳᠤ ᠬᠤᠷᠠᠯᠳᠤᠭᠰᠠᠨ ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠠᠵᠤ ᠦᠶᠯᠡᠳᠪᠦᠷᠢ ᠶᠢᠨ ᠨᠡᠶᠢᠭᠡᠮᠯᠢᠭ ᠤᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠬᠡᠷᠡᠭ ᠡᠷᠬᠢᠯᠡᠭᠴᠢᠳ ᠤᠨ ᠬᠤᠷᠠᠯ ᠤᠨ ᠬᠤᠭᠤᠴᠠᠭ᠎ᠠ ᠰᠣᠯᠢᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷᠯᠢᠭ ᠪᠣᠯᠪᠠᠰᠤᠷᠠᠭᠤᠯᠬᠤ ᠰᠤᠳᠤᠯᠭᠠᠨ ᠤ ᠬᠦᠷᠢᠶᠡᠯᠡᠩ ( ᠳᠣᠷᠣᠭᠰᠢ ᠲᠡᠮᠦᠷᠯᠢᠭ ᠬᠠᠶᠢᠯᠤᠭᠤᠯᠬᠤ ᠬᠦᠷᠢᠶᠡᠯᠡᠩ ᠭᠡᠵᠦ ᠲᠣᠪᠴᠢᠯᠠᠨ᠎ᠠ ) ᠨᠢ 《 ᠪᠥᠬᠦ ᠤᠯᠤᠰ  ᠤᠨ ᠥᠩᠭᠡᠲᠦ ᠲᠡᠮᠦᠷᠯᠢᠭ ᠤᠨ ᠠᠵᠢᠯ ᠲᠥᠷᠥᠯ ᠤᠨ ᠲᠡᠷᠢᠭᠦᠨ ᠤ ᠬᠠᠮᠲᠤ ᠨᠡᠶᠢᠲᠡ 》 ᠪᠠᠷ ᠬᠥᠬᠢᠭᠦᠯᠦᠭᠳᠡᠪᠡ᠃ ᠲᠣᠰ ᠢᠷᠠᠭᠤ ᠠᠯᠳᠠᠷ ᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠪᠣᠯᠤᠨ ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠠᠵᠤ ᠦᠶᠯᠡᠳᠪᠦᠷᠢ ᠶᠢᠨ ᠨᠡᠶᠢᠭᠡᠮᠯᠢᠭ ᠬᠠᠮᠲᠤ ᠪᠠᠷ ᠣᠯᠭᠤᠪᠠ᠂ ᠪᠦᠬᠦ ᠤᠯᠤᠰ ᠤᠨ ᠥᠩᠭᠡᠲᠦ ᠲᠡᠮᠦᠷᠯᠢᠭ ᠤᠨ ᠠᠵᠢᠯ ᠲᠥᠷᠥᠯ ᠳᠤ ᠴᠣᠯᠭᠤᠷᠠᠨ ᠭᠠᠷᠤᠭᠰᠠᠨ ᠲᠡᠷᠢᠭᠦᠨ ᠤ ᠬᠠᠮᠲᠤ ᠨᠡᠶᠢᠲᠡ ᠶᠢ ᠬᠥᠬᠢᠭᠦᠯᠦᠨ ᠰᠠᠶᠢᠰᠢᠶᠠᠬᠤ ᠶᠢᠨ ᠲᠥᠯᠥᠭᠡ ᠶᠤᠮ᠂ ᠪᠦᠬᠦ ᠤᠯᠤᠰ ᠤᠨ ᠥᠩᠭᠡᠲᠦ ᠲᠡᠮᠦᠷᠯᠢᠭ ᠤᠨ ᠠᠵᠢᠯ ᠲᠥᠷᠥᠯ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠬᠠᠷᠠᠭᠤᠯᠤᠨ᠎ᠠ᠂ ᠥᠷᠭᠡᠨ ᠣᠯᠠᠨ ᠠᠵᠢᠯᠲᠠᠨ ᠠᠵᠢᠯᠴᠢᠨ ᠤ ᠢᠳᠡᠪᠬᠢᠵᠢᠯ ᠪᠣᠯᠤᠨ ᠪᠦᠲᠦᠭᠡᠯᠴᠢ ᠴᠢᠨᠠᠷ ᠢ ᠤᠯᠠᠮ ᠨᠢᠭᠡ ᠠᠯᠬᠤᠮ ᠳᠠᠶᠢᠴᠢᠯᠠᠬᠤ ᠬᠡᠷᠡᠭᠲᠡᠶ᠂ ᠥᠩᠭᠡᠲᠦ ᠲᠡᠮᠦᠷᠯᠢᠭ  ᠤᠨ ᠠᠵᠢᠯ ᠲᠥᠷᠥᠯ ᠤᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠤᠢᠭᠡᠢ ᠪᠤᠶ ᠪᠣᠯᠭᠠᠨ᠎ᠠ᠃      ᠣᠷᠴᠢᠮ ᠤᠨ ᠵᠢᠯ᠂ ᠲᠡᠮᠦᠷᠯᠢᠭ ᠬᠠᠶᠢᠯᠤᠭᠤᠯᠬᠤ ᠰᠤᠳᠤᠯᠭᠠᠨ ᠤ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠡᠯᠪᠡᠭ ᠪᠠᠶᠠᠯᠢᠭ ᠥᠩᠭᠡᠲᠦ ᠲᠡᠮᠦᠷᠯᠢᠭ ᠤᠨ ᠡᠬᠢ ᠪᠠᠶᠠᠯᠢᠭ ᠲᠤ ᠲᠦᠰᠢᠭᠯᠡᠨ᠂ ᠮᠠᠨ ᠤ ᠣᠷᠣᠨ ᠤ ᠥᠩᠭᠡᠲᠦ ᠲᠡᠮᠦᠷᠯᠢᠭ ᠦᠶᠯᠡᠳᠪᠦᠷᠢᠯᠡᠬᠦ ᠠᠵᠤ ᠠᠬᠤᠶᠢᠯᠠᠯ ᠤᠨ ᠦᠶᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠬᠤ ᠬᠡᠷᠡᠭᠲᠡᠶ᠂ ᠦᠶᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠵᠠᠮ ᠢᠶᠠᠷ ᠵᠠᠮᠨᠠᠬᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷᠯᠢᠭ ᠪᠣᠯᠪᠠᠰᠤᠷᠠᠭᠤᠯᠬᠤ ᠰᠤᠳᠤᠯᠭᠠᠨ ᠤ ᠬᠦᠷᠢᠶᠡᠯᠡᠩ ᠤᠨ ᠬᠥᠷᠥᠰᠥ ᠰᠢᠷᠣᠶ ᠶᠢᠨ ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠶᠢ ᠪᠠᠶᠢᠭᠤᠯᠪᠠ᠂ ᠥᠪᠥᠷ ᠮᠣᠩᠭᠤᠯ ᠤᠨ ᠥᠩᠭᠡᠲᠦ ᠲᠡᠮᠦᠷᠯᠢᠭ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠥᠪᠥᠷ ᠮᠣᠩᠭᠤᠯ ᠤᠨ ᠥᠩᠭᠡᠲᠦ ᠲᠡᠮᠦᠷᠯᠢᠭ ᠤᠨ ᠠᠵᠤ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ ᠵᠡᠷᠭᠡ ᠰᠤᠳᠤᠯᠤᠨ ᠨᠡᠭᠡᠭᠡᠬᠦ ᠲᠠᠪᠴᠠᠩ᠂ ᠤᠯᠤᠰ ᠢ ᠡᠭᠦᠷᠭᠡᠯᠡᠬᠦ᠂ ᠥᠪᠡᠷᠲᠡᠭᠡᠨ ᠵᠠᠰᠠᠬᠤ ᠣᠷᠣᠨ ᠤ ᠥᠩᠭᠡᠲᠦ ᠲᠡᠮᠦᠷᠯᠢᠭ ᠤᠨ ᠬᠦᠷᠢᠶᠡᠨ  ᠤ ᠬᠠᠮᠢᠶ᠎ᠠ ᠪᠦᠬᠦᠢ ᠲᠥᠷᠥᠯ ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠩᠭᠡᠲᠦ ᠲᠡᠮᠦᠷᠯᠢᠭ  ᠤᠨ ᠬᠠᠮᠢᠶ᠎ᠠ ᠪᠦᠬᠦᠢ ᠪᠠᠷᠢᠮᠵᠢᠶ᠎ᠠ ᠵᠢᠴᠢ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 〈 125 〉 ᠶᠢᠨ ᠥᠩᠭᠡᠲᠦ ᠲᠡᠮᠦᠷᠯᠢᠭ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ 》 ᠶᠢ ᠨᠠᠶᠢᠷᠠᠭᠤᠯᠤᠨ ᠵᠣᠬᠢᠶᠠᠨ᠎ᠠ᠂ 《 ᠥᠪᠥᠷ ᠮᠣᠩᠭᠤᠯ ᠤᠨ ᠥᠩᠭᠡᠲᠦ ᠲᠡᠮᠦᠷᠯᠢᠭ ᠤᠨ ᠪᠠᠷᠢᠮᠵᠢᠶᠠᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ 》 ᠶᠢ ᠬᠡᠪᠯᠡᠭᠦᠯᠪᠡ᠂ 《 ᠥᠪᠥᠷ ᠮᠣᠩᠭᠤᠯ ᠤᠨ ᠥᠩᠭᠡᠲᠦ ᠲᠡᠮᠦᠷᠯᠢᠭ ᠤᠨ ᠠᠵᠤ ᠦᠶᠯᠡᠰ ᠤᠨ ᠬᠥᠭᠵᠢᠯᠲᠡ ᠶᠢᠨ ᠮᠡᠷᠭᠡᠵᠢᠯ ᠤᠨ ᠱᠤᠭᠤᠮ ᠤᠨ ᠵᠢᠷᠤᠭ 》᠂ ᠥᠪᠡᠷᠲᠡᠭᠡᠨ ᠵᠠᠰᠠᠬᠤ ᠣᠷᠣᠨ ᠤ ᠥᠩᠭᠡᠲᠦ ᠲᠡᠮᠦᠷᠯᠢᠭ ᠤᠨ ᠠᠵᠤ ᠦᠢᠯᠡᠰ ᠤᠨ ᠬᠥᠭᠵᠢᠯᠲᠡ ᠳᠤ ᠰᠢᠨᠵᠢᠯᠡᠬᠦ ᠤᠬᠠᠭᠠᠨᠴᠢ ᠰᠢᠶᠳᠪᠦᠷᠢᠲᠦ ᠪᠣᠳᠣᠯᠭ᠎ᠠ ᠲᠣᠭᠲᠠᠭᠠᠬᠤ ᠦᠨᠳᠦᠰᠦᠯᠡᠯ ᠬᠠᠩᠭᠠᠨ᠎ᠠ᠃ ᠡᠭᠦᠨ ᠤ ᠬᠠᠮᠲᠤ᠂ ᠲᠡᠮᠦᠷᠯᠢᠭ ᠬᠠᠶᠢᠯᠤᠭᠤᠯᠬᠤ ᠬᠦᠷᠢᠶᠡᠯᠡᠩ ᠪᠠᠰᠠ ᠥᠪᠡᠷᠲᠡᠭᠡᠨ ᠵᠠᠰᠠᠬᠤ ᠣᠷᠣᠨ ᠤ ᠪᠣᠯᠣᠳ ᠲᠡᠮᠦᠷ᠂ ᠥᠩᠭᠡᠲᠦ ᠲᠡᠮᠦᠷᠯᠢᠭ ᠵᠡᠷᠭᠡ ᠠᠵᠤ ᠠᠬᠤᠶᠢᠯᠠᠯ ᠳᠤ ᠡᠨᠧᠷᠭᠢ ᠠᠷᠪᠢᠯᠠᠬᠤ ᠶᠢ ᠦᠨᠡᠯᠡᠨ ᠵᠢᠱᠢᠬᠦ᠂ ᠡᠨᠧᠷᠭᠢ ᠳᠤ ᠬᠢᠨᠠᠨ ᠪᠣᠳᠣᠯᠲᠠ ᠬᠢᠬᠦ ᠪᠠ ᠡᠨᠧᠷᠭᠢ ᠠᠷᠪᠢᠯᠠᠬᠤ ᠲᠥᠯᠥᠪᠵᠢᠭᠦᠯᠭᠡ  ᠶᠢ ᠨᠠᠶᠢᠷᠠᠭᠤᠯᠤᠨ ᠵᠣᠬᠢᠶᠠᠬᠤ ᠦᠢᠯᠡᠴᠢᠯᠡᠭᠡᠨ ᠢ ᠢᠳᠡᠪᠬᠢᠲᠡᠶ ᠥᠷᠨᠢᠭᠦᠯᠪᠡ᠃ ᠦᠢᠯᠡᠴᠢᠯᠡᠭᠡᠨ ᠤ ᠠᠵᠢᠯ ᠲᠥᠷᠥᠯ  ᠯᠦᠭᠡ ᠬᠤᠯᠪᠣᠭᠳᠠᠬᠤ ᠨᠢ ᠣᠯᠠᠨ᠂ ᠬᠡᠪᠴᠢᠶ᠎ᠡ ᠨᠢ ᠥᠷᠭᠡᠨ ᠪᠣᠯᠬᠤᠷ᠂ ᠡᠨᠧᠷᠭᠢ ᠠᠷᠪᠢᠯᠠᠬᠤ ᠶᠢ ᠦᠨᠡᠯᠡᠨ ᠵᠢᠱᠢᠬᠦ᠂ ᠡᠨᠧᠷᠭᠢ ᠶᠢ ᠬᠢᠨᠠᠨ ᠪᠣᠳᠣᠬᠤ ᠪᠠ ᠡᠨᠧᠷᠭᠢ ᠠᠷᠪᠢᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠨᠡᠶᠢᠲᠡ 200 ᠭᠠᠷᠤᠶ ᠵᠦᠢᠯ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠠᠷᠪᠢᠯᠠᠬᠤ ᠵᠡᠷᠭᠡ ᠠᠵᠢᠯ ᠳᠤ ᠴᠢᠬᠤᠯᠠ ᠦᠢᠯᠡᠳᠦᠯ ᠢᠶᠠᠨ ᠪᠠᠳᠠᠷᠠᠭᠤᠯᠪᠠ᠃     ᠲᠡᠮᠦᠷᠯᠢᠭ ᠬᠠᠶᠢᠯᠤᠭᠤᠯᠬᠤ ᠬᠦᠷᠢᠶᠡᠯᠡᠩ ᠤᠨ ᠳᠠᠷᠤᠭ᠎ᠠ ᠯᠢ ᠯᠢᠨ ᠢᠯᠡᠷᠬᠡᠶᠢᠯᠡᠬᠦ ᠳᠡᠭᠡᠨ᠂ ᠲᠣᠰ ᠤᠳᠠᠭ᠎ᠠ ᠪᠥᠬᠦ ᠤᠯᠤᠰ ᠤᠨ ᠥᠩᠭᠡᠲᠦ ᠲᠡᠮᠦᠷᠯᠢᠭ ᠤᠨ ᠠᠵᠢᠯ ᠲᠥᠷᠥᠯ ᠤᠨ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠵᠦ ᠂ ᠲᠡᠮᠦᠷᠯᠢᠭ ᠬᠠᠶᠢᠯᠤᠭᠤᠯᠬᠤ ᠬᠦᠷᠢᠶᠡᠯᠡᠩ ᠤᠨ ᠬᠤᠶᠢᠰᠢᠳᠠ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ᠂ ᠲᠠᠪᠴᠠᠩ ᠢ ᠲᠠᠰ ᠳᠡᠪᠰᠢᠭᠦᠯᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠡᠯ᠎ᠡ ᠵᠦᠶᠯ ᠤᠨ ᠠᠵᠢᠯ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠴᠡᠶ᠃ ᠲᠡᠮᠦᠷᠯᠢᠭ ᠬᠠᠶᠢᠯᠤᠭᠤᠯᠬᠤ ᠬᠦᠷᠢᠶᠡᠯᠡᠩ ᠨᠢ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠦᠶᠯᠡᠳᠪᠦᠷᠢᠯᠡᠬᠦ ᠵᠢᠭᠠᠬᠤ ᠰᠤᠳᠤᠯᠬᠤ ᠶᠢᠨ ᠭᠦᠨᠵᠡᠭᠡᠶ ᠠᠭᠤᠰᠤᠯᠴᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠥᠩᠭᠡᠲᠦ ᠲᠡᠮᠦᠷᠯᠢᠭ ᠤᠨ ᠠᠵᠤ ᠦᠶᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠪᠠ ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠬᠦ ᠲᠣᠭᠤᠷᠢᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠶᠢ ᠥᠷᠨᠢᠭᠦᠯᠵᠦ᠂ ᠡᠯ᠎ᠡ ᠵᠦᠶᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶᠯᠡᠴᠢᠯᠡᠭᠡᠨ ᠤ ᠠᠵᠢᠯ ᠢ ᠦᠨᠡᠨ ᠬᠦ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠭᠦᠯᠬᠦ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠵᠠᠮᠨᠠᠬᠤ ᠳᠤ ᠨᠠᠩ ᠣᠯᠠᠨ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠭᠡ ᠵᠠᠩᠭᠢ ᠶᠢᠨ ᠰᠤᠳᠤᠯᠭᠠᠨ ᠤ ᠬᠦᠷᠢᠶᠡᠯᠡᠩ / ᠥᠪᠡᠷᠲᠡᠭᠡᠨ ᠵᠠᠰᠠᠬᠤ ᠣᠷᠣᠨ ᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号