| | 2020 ᠣᠨ ᠤ 11 ᠳ᠋ᠦ᠋ᠭᠡᠷ ᠰᠠᠷ᠎ᠠ ᠶᠢᠨ 11 ᠤ ᠡᠳᠦᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ《 | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ 》 ( | ᠳᠣᠷᠣᠭᠰᠢ《 ᠰᠢᠨ᠎ᠡ〈 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ 〉ᠭᠡᠵᠦ ᠲᠣᠪᠴᠢᠯᠠᠨ᠎ᠠ ) ᠶᠢ ᠵᠢᠩᠬᠢᠨᠢ ᠪᠠᠷ | ᠨᠡᠶᠢᠲᠡᠯᠡᠭᠰᠡᠨ ᠪᠥᠭᠡᠳ 2021 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ ᠃ | ᠠᠵᠤ ᠠᠬᠤᠢ ᠶᠢᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠬᠤ ᠶᠢᠨ ᠬᠠᠮᠲᠤ ᠰᠢᠨ᠎ᠡ ᠮᠡᠷᠭᠡᠵᠢᠯ ᠠᠴᠠ | ᠪᠤᠯᠤᠭᠰᠠᠨ ᠬᠠᠤᠯᠢ ᠴᠠᠭᠠᠵᠠ ᠶᠢᠨ ᠰᠢᠨ᠎ᠡ ᠰᠣᠷᠢᠯᠲᠠ ᠳᠤ ᠬᠠᠨᠳᠤᠭᠤᠯᠵᠦ᠂ ᠬᠠᠤᠯᠢ ᠴᠠᠭᠠᠵᠠ ᠶᠢᠨ ᠦᠢᠯᠡᠳᠦᠯᠭᠡ | ᠶᠢᠨ ᠳᠤᠮᠳᠠ ᠲᠦᠷᠭᠡᠬᠡᠨ ᠰᠢᠢᠳᠪᠦᠷᠢᠯᠡᠬᠦ ᠴᠢᠬᠤᠯᠠᠲᠠᠢ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ | ᠮᠠᠨ ᠤ ᠤᠯᠤᠰ ᠤᠨ《 ᠵᠣᠬᠢᠶᠠᠯ ᠪᠦᠲᠦᠭᠡᠯ ᠤᠨ ᠡᠷᠬᠡ 》 ᠳᠤ ᠨᠢᠭᠡᠨᠲᠡ ᠬᠤᠶᠠᠷ ᠤᠳᠠᠭ᠎ᠠ ᠶᠡᠭᠡ ᠵᠠᠰᠠᠪᠤᠷᠢ | ᠣᠷᠣᠭᠤᠯᠵᠠᠢ᠂ ᠲᠡᠭᠡᠪᠡᠯ ᠡᠨᠡ ᠤᠳᠠᠭᠠᠨ ᠤ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ 》 ᠳᠤ ᠵᠠᠰᠠᠪᠤᠷᠢ | ᠣᠷᠣᠭᠤᠯᠤᠭᠰᠠᠨ ᠨᠢ ᠪᠠᠰᠠ ᠶᠠᠮᠠᠷ ᠬᠢᠯᠠᠰ ᠴᠡᠭ ᠪᠠᠶᠢᠬᠤ ᠪᠤᠢ︖ ᠵᠣᠬᠢᠶᠠᠭᠴᠢ ᠵᠣᠬᠢᠶᠠᠯ ᠪᠦᠲᠦᠭᠡᠯ ᠤᠨ ᠡᠷᠬᠡ ᠶᠢᠨ | ᠵᠠᠷᠭᠤ ᠶᠢᠨ ᠪᠣᠳᠠᠲᠤ ᠶᠠᠪᠤᠳᠠᠯ ᠢ ᠣᠯᠠᠨ ᠵᠢᠯ ᠤᠨ ᠲᠤᠷᠰᠢᠯᠭ᠎ᠠ ᠲᠠᠢ ᠤᠶᠠᠯᠳᠤᠭᠤᠯᠤᠨ᠂ ᠪᠣᠳᠠᠲᠤ ᠶᠠᠪᠤᠳᠠᠯ ᠤᠨ | ᠡᠭᠦᠳᠡᠨ ᠠᠴᠠ ᠲᠣᠪᠴᠢ ᠲᠠᠶᠢᠯᠪᠤᠷᠢ ᠬᠢᠪᠡ᠃ | | ᠨᠢᠭᠡ᠂ ᠨᠡᠭᠡᠭᠡᠯᠲᠡᠲᠦ ᠮᠠᠶ᠋ᠢᠭ ᠤᠨ ᠵᠦᠢᠯ ᠵᠤᠷᠪᠤᠰ ᠤᠨ ᠲᠣᠭᠲᠠᠭᠠᠯ ᠢᠶᠠᠷ《 ᠵᠣᠬᠢᠶᠠᠯ ᠪᠦᠲᠦᠭᠡᠯ ᠤᠨ ᠡᠷᠬᠡ | ᠶᠢᠨ ᠬᠠᠤᠯᠢ 》 ᠳᠤ ᠬᠠᠮᠠᠭᠠᠯᠠᠭᠳᠠᠵᠤ ᠪᠣᠯᠬᠤ ᠪᠦᠲᠦᠭᠡᠯ ᠤᠨ ᠲᠦᠷᠦᠯ ᠵᠦᠢᠯ ᠢ ᠲᠣᠭᠲᠠᠭᠠᠵᠤ᠂ ᠤᠶᠦᠠ ᠤ | ᠪᠦᠲᠦᠭᠡᠯ ᠤᠨ ᠵᠣᠬᠢᠶᠠᠨ ᠪᠦᠲᠦᠭᠡᠬᠦ ᠶᠢ ᠤᠯᠠᠮ ᠨᠢᠭᠡ ᠠᠯᠬᠤᠮ ᠵᠣᠷᠢᠭᠵᠢᠭᠤᠯᠤᠨ᠎ᠠ ᠃ | ᠵᠣᠬᠢᠶᠠᠯ ᠪᠦᠲᠦᠭᠡᠯ ᠤᠨ ᠡᠷᠬᠡ ᠳᠤ ᠬᠤᠯᠪᠣᠭᠳᠠᠬᠤ ᠬᠠᠤᠯᠢ ᠪᠠᠷᠢᠬᠤ ᠪᠣᠳᠠᠲᠤ ᠶᠠᠪᠤᠳᠠᠯ ᠤᠨ ᠳᠤᠮᠳᠠ᠂ | ᠲᠠᠰᠤᠯᠤᠨ ᠲᠣᠭᠲᠠᠭᠠᠭᠴᠢ ᠠᠴᠠ ᠪᠦᠲᠦᠭᠡᠯ ᠢ ᠲᠦᠷᠦᠯᠵᠢᠭᠦᠯᠬᠦ ᠴᠢᠬᠤᠯᠠᠲᠠᠢ ᠂ ᠤᠴᠢᠷ ᠨᠢ ᠠᠳᠠᠯᠢ ᠪᠤᠰᠤ | ᠪᠦᠲᠦᠭᠡᠯ ᠤᠨ ᠲᠦᠷᠦᠯ ᠵᠦᠢᠯ ᠨᠢ ᠥᠪᠡᠷᠮᠢᠴᠡ ᠪᠦᠲᠦᠭᠡᠯᠴᠢ ᠴᠢᠨᠠᠷ ᠤᠨ ᠮᠠᠭᠠᠳᠯᠠᠯᠲᠠ ᠶᠢᠨ ᠲᠠᠯ᠎ᠠ ᠪᠠᠷ ᠨᠡᠯᠢᠶᠡᠳ | ᠶᠡᠭᠡ ᠵᠥᠷᠢᠶ᠎ᠡ ᠣᠷᠤᠰᠢᠨ᠎ᠠ ᠃ ᠡᠶᠢᠮᠦ ᠠᠴᠠ ᠬᠠᠤᠯᠢ ᠴᠠᠭᠠᠵᠠ ᠶᠢᠨ ᠪᠣᠳᠠᠲᠤ ᠶᠠᠪᠤᠳᠠᠯ ᠤᠨ ᠳᠤᠮᠳᠠ ᠶᠡᠷᠦ ᠨᠢ | ᠬᠤᠶᠠᠷ ᠵᠦᠢᠯ ᠤᠨ ᠠᠳᠠᠯᠢ ᠪᠤᠰᠤ ᠦᠵᠡᠯᠲᠡ ᠣᠷᠣᠰᠢᠵᠤ᠂ ᠲᠤᠬᠠᠶᠢᠯᠠᠪᠠᠯ ᠪᠦᠲᠦᠭᠡᠯ ᠤᠨ ᠲᠦᠷᠦᠯ ᠵᠦᠢᠯ ᠢ | ᠡᠷᠬᠡᠪᠰᠢ ᠴᠢᠩᠭ᠎ᠠ ᠬᠠᠤᠯᠢ ᠪᠠᠷ ᠲᠣᠭᠲᠠᠭᠠᠭᠰᠠᠨ ( ᠲᠤᠬᠠᠶᠢᠯᠠᠪᠠᠯ ᠬᠠᠤᠯᠢ ᠪᠠᠷ ᠲᠣᠭᠲᠠᠭᠠᠨ ᠲᠦᠷᠦᠯ ᠬᠡᠯᠪᠡᠷᠢ ᠶᠢᠨ | ᠪᠦᠲᠦᠭᠡᠯ ᠳᠤ ᠲᠣᠭᠠᠴᠠᠭᠳᠠᠬᠤ ᠤᠢᠭᠡᠢ ᠪᠣᠯ ᠳᠠᠪᠠᠭᠤᠯᠵᠤ ᠪᠣᠯᠬᠤ ᠤᠢᠭᠡᠢ ) ᠦᠵᠡᠯᠲᠡ ᠪᠠ ᠪᠦᠲᠦᠭᠡᠯ ᠤᠨ | ᠲᠥᠷᠥᠯ ᠵᠦᠶᠯ ᠨᠢ ᠬᠠᠤᠯᠢ ᠪᠠᠷ ᠲᠣᠭᠲᠠᠭᠠᠭᠰᠠᠨ ᠪᠢᠰᠢ ᠵᠣᠬᠢᠰᠲᠠᠢ ᠪᠠᠷ ᠬᠠᠤᠯᠢ ᠠᠴᠠ ᠳᠠᠪᠠᠭᠤᠯᠤᠨ ᠬᠠᠮᠠᠭᠠᠯᠠᠵᠦ | ᠪᠣᠯᠬᠤ ᠦᠵᠡᠯᠲᠡ ᠣᠷᠣᠰᠢᠵᠦ ᠪᠠᠶᠢᠳᠠᠭ ᠃ ᠲᠠᠰᠤᠯᠤᠨ ᠲᠣᠭᠲᠠᠭᠠᠭᠴᠢ ᠶᠢᠨ ᠦᠵᠡᠯᠲᠡ ᠶᠢᠨ ᠠᠳᠠᠯᠢ ᠪᠤᠰᠤ ᠨᠢ | ᠲᠠᠰᠤᠯᠤᠨ ᠲᠣᠭᠲᠠᠭᠠᠯᠲᠠ ᠶᠢᠨ ᠡᠴᠦᠰ ᠤᠨ ᠦᠷ᠎ᠡ ᠳ᠋ᠦᠩ ᠢ ᠰᠢᠭᠤᠳ ᠨᠥᠯᠥᠭᠡᠯᠡᠬᠦ ᠪᠣᠯᠤᠨ᠎ᠠ ᠃ ᠰᠢᠨ᠎ᠡ《 | ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ 》 ᠶᠢᠨ ᠭᠤᠷᠪᠠᠳᠤᠭᠠᠷ ᠵᠦᠢᠯ ᠳᠤ《 ᠪᠦᠲᠦᠭᠡᠯ 》 ᠤᠨ ᠲᠤᠬᠠᠢ | ᠲᠣᠮᠢᠶᠠᠯᠠᠯ ᠬᠢᠭᠰᠡᠨ ᠪᠥᠭᠡᠳ ᠪᠦᠲᠦᠭᠡᠯ ᠤᠨ ᠲᠦᠷᠦᠯ ᠵᠦᠢᠯ ᠢ ᠵᠢᠭᠰᠠᠭᠠᠭᠰᠠᠨ ᠤ ᠬᠠᠮᠲᠤ᠂ ( ᠶᠢᠰᠦ ) ᠳ᠋ᠦ᠋ᠭᠡᠷ | ᠵᠤᠷᠪᠤᠰ ᠲᠤ《 ᠪᠦᠲᠦᠭᠡᠯ ᠤᠨ ᠣᠨᠴᠠᠯᠢᠭ ᠰᠢᠨᠵᠢ ᠳᠤ ᠨᠡᠶᠢᠴᠡᠭᠰᠡᠨ ᠪᠤᠰᠤᠳ ᠤᠶᠦᠠ ᠤ ᠦᠷ᠎ᠡ ᠪᠦᠲᠦᠭᠡᠯ | 》ᠭᠡᠬᠦ ᠨᠡᠭᠡᠭᠡᠯᠲᠡᠲᠦ ᠮᠠᠶ᠋ᠢᠭ ᠤᠨ ᠵᠦᠢᠯ ᠵᠤᠷᠪᠤᠰ ᠭᠠᠷᠭᠠᠵᠠᠢ ᠃ ᠡᠨᠡ ᠨᠢ ᠪᠦᠲᠦᠭᠡᠯ ᠤᠨ ᠲᠣᠮᠢᠶᠠᠯᠠᠯ ᠳᠤ | ᠨᠡᠶᠢᠴᠡᠳᠡᠭ ᠯᠡ ᠶᠤᠮ ᠪᠣᠯ ᠳᠠᠷᠤᠢ ᠵᠣᠬᠢᠶᠠᠯ ᠪᠦᠲᠦᠭᠡᠯ ᠤᠨ ᠬᠤᠪᠢ ᠪᠠᠷ《 ᠵᠣᠬᠢᠶᠠᠯ ᠪᠦᠲᠦᠭᠡᠯ ᠤᠨ ᠡᠷᠬᠡ ᠶᠢᠨ | ᠬᠠᠤᠯᠢ 》 ᠶᠢᠨ ᠬᠠᠮᠠᠭᠠᠯᠠᠯᠲᠠ ᠶᠢ ᠬᠦᠷᠳᠡᠨ᠎ᠡ ᠭᠡᠰᠡᠨ ᠢ ᠬᠠᠷᠠᠭᠤᠯᠵᠤ ᠪᠠᠶᠢᠨ᠎ᠠ᠂ ᠡᠨᠡ ᠨᠢ《 ᠵᠣᠬᠢᠶᠠᠯ ᠪᠦᠲᠦᠭᠡᠯ | ᠤᠨ ᠡᠷᠬᠡ ᠶᠢᠨ ᠬᠠᠤᠯᠢ 》 ᠶᠢᠨ ᠠᠮᠢᠳᠤᠯᠢᠭ ᠴᠢᠨᠠᠷ ᠢ ᠤᠯᠠᠮ ᠨᠢᠭᠡ ᠠᠯᠬᠤᠮ ᠴᠢᠭᠭᠠᠳᠬᠠᠰᠠᠨ ᠪᠥᠭᠡᠳ ᠰᠢᠨ᠎ᠡ | ᠲᠦᠷᠦᠯ ᠬᠡᠯᠪᠡᠷᠢ ᠶᠢᠨ ᠪᠦᠲᠦᠭᠡᠯ ᠢ ᠵᠣᠬᠢᠶᠠᠨ ᠪᠦᠲᠦᠭᠡᠬᠦ ᠪᠠ ᠳᠡᠯᠭᠡᠷᠡᠭᠦᠯᠬᠦ ᠶᠢ ᠵᠣᠷᠢᠭᠵᠢᠭᠤᠯᠬᠤ ᠭᠤᠣᠯᠯᠠᠬᠤ | ᠤᠢᠷᠳᠡᠭ ᠤᠨ ᠣᠶᠢᠯᠠᠭᠠᠭᠳᠠᠬᠤᠨ ᠢ ᠬᠠᠷᠠᠭᠤᠯᠤᠭᠰᠠᠨ ᠪᠠᠶᠢᠨ᠎ᠠ ᠃ | ᠬᠤᠶᠠᠷ᠂ ᠪᠦᠲᠦᠭᠡᠯ ᠤᠨ ᠲᠦᠷᠦᠯ ᠬᠡᠯᠪᠡᠷᠢ ᠨᠢ ᠺᠢᠨᠣ᠋ ᠶᠢᠨ ᠪᠦᠲᠦᠭᠡᠯ᠂《 ᠺᠢᠨᠣ᠋ ᠶᠢᠨ ᠵᠣᠬᠢᠶᠠᠨ ᠪᠦᠲᠦᠭᠡᠬᠦ | ᠠᠷᠭ᠎ᠠ ᠲᠠᠢ ᠠᠳᠠᠯᠢᠪᠲᠤᠷ ᠠᠷᠭ᠎ᠠ ᠪᠠᠷ ᠵᠤᠬᠢᠶᠠᠭᠰᠠᠨ ᠪᠦᠲᠦᠭᠡᠯ 》 ᠢ ᠬᠠᠷᠠᠭ᠎ᠠ ᠰᠣᠨᠣᠷ ᠤᠨ ᠪᠦᠲᠦᠭᠡᠯ ᠪᠣᠯᠭᠠᠨ | ᠨᠢᠭᠡᠳᠬᠡᠵᠦ᠂ ᠪᠦᠲᠦᠭᠡᠯ ᠤᠨ ᠲᠦᠷᠦᠯ ᠬᠡᠯᠪᠡᠷᠢ ᠤᠨ ᠦᠨᠡᠨ ᠪᠣᠳᠠᠲᠠᠢ ᠶᠢ ᠡᠷᠬᠢᠮᠯᠡᠭᠰᠡᠨ ᠪᠣᠯᠪᠠᠴᠤ《 ᠳᠦᠷᠰᠦ | ᠰᠢᠩᠭᠡᠭᠡᠯᠲᠡ ᠶᠢᠨ ᠪᠦᠲᠦᠭᠡᠭᠳᠡᠬᠦᠨ 》 ᠢ ᠦᠯᠡᠳᠡᠭᠡᠭᠰᠡᠨ ᠤ ᠲᠠᠷᠠᠭ᠎ᠠ᠂ ᠡᠨᠡ ᠬᠤᠶᠠᠷ ᠤᠨ ᠵᠠᠭᠠᠭ ᠢᠯᠭᠠᠭ᠎ᠠ ᠶᠢ | ᠬᠠᠤᠯᠢ ᠴᠠᠭᠠᠵᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠴᠢᠬᠤᠯᠠᠲᠠᠢ ᠃ | 2001 ᠣᠨ ᠳᠤ᠂ ᠮᠠᠨ ᠤ ᠤᠯᠤᠰ ᠤᠨ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ 》 | ᠳᠣᠲᠣᠷ᠎ᠠ《 ᠪᠧᠷᠨᠧ ᠶᠢᠨ ᠨᠡᠶᠢᠲᠡ ᠶᠢᠨ ᠭᠡᠷ᠎ᠡ 》 ᠳᠠᠬᠢ ᠲᠣᠭᠠᠴᠢᠯᠲᠠ ᠪᠠᠷ ᠯᠠᠪᠯᠠᠯᠲᠠ ᠪᠣᠯᠭᠠᠵᠦ《 ᠺᠢᠨᠣ᠋ ᠶᠢᠨ | ᠵᠣᠬᠢᠶᠠᠨ ᠪᠦᠲᠦᠭᠡᠬᠦ ᠠᠷᠭ᠎ᠠ ᠲᠠᠢ ᠠᠳᠠᠯᠢᠪᠲᠤᠷ ᠠᠷᠭ᠎ᠠ ᠪᠠᠷ ᠵᠤᠬᠢᠶᠠᠭᠰᠠᠨ ᠪᠦᠲᠦᠭᠡᠯ 》 ( ᠳᠣᠷᠣᠭᠰᠢ《 ᠺᠢᠨᠣ᠋ | ᠲᠠᠢ ᠠᠳᠠᠯᠢᠪᠲᠣᠷ ᠪᠦᠲᠦᠭᠡᠯ 》ᠭᠡᠵᠦ ᠲᠣᠪᠴᠢᠯᠠᠨ᠎ᠠ ) ᠢ ᠡᠰᠢᠯᠡᠨ ᠣᠷᠣᠭᠤᠯᠪᠠ᠂ ᠮᠠᠨ ᠤ ᠤᠯᠤᠰ ᠤᠨ《 | ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ ᠶᠢ ᠬᠡᠷᠡᠭᠵᠢᠭᠦᠯᠬᠦ ᠲᠦᠷᠢᠮ 》 ᠤᠨ ᠲᠣᠭᠲᠠᠭᠠᠯ ᠢ ᠦᠨᠳᠦᠰᠦᠯᠡᠪᠡᠯ᠂ | ᠺᠢᠨᠣ᠋ ᠶᠢᠨ ᠪᠦᠲᠦᠭᠡᠯ ᠪᠠ ᠺᠢᠨᠣ᠋ ᠶᠢᠨ ᠵᠣᠬᠢᠶᠠᠨ ᠪᠦᠲᠦᠭᠡᠬᠦ ᠠᠷᠭ᠎ᠠ ᠲᠠᠢ ᠠᠳᠠᠯᠢᠪᠲᠤᠷ ᠠᠷᠭ᠎ᠠ ᠪᠠᠷ ᠵᠤᠬᠢᠶᠠᠭᠰᠠᠨ | ᠪᠦᠲᠦᠭᠡᠯ ᠭᠡᠳᠡᠭ ᠨᠢ ᠵᠣᠬᠢᠬᠤ ᠵᠠᠭᠤᠴᠢ ᠳᠡᠭᠡᠷ᠎ᠡ᠂ ᠠᠯᠢ ᠤᠯᠠᠨ ᠬᠠᠮᠰᠠᠯ ᠳᠠᠭᠤ ᠪᠤᠶᠤ ᠬᠠᠮᠰᠠᠯ ᠳᠠᠭᠤ ᠦᠭᠡᠢ | ᠵᠢᠷᠤᠭ ᠢᠶᠠᠷ ᠪᠦᠷᠢᠯᠳᠦᠭᠰᠡᠨ ᠪᠥᠭᠡᠳ ᠵᠣᠬᠢᠰᠲᠠᠢ ᠲᠣᠨᠣᠭᠯᠠᠯ ᠢᠶᠠᠷ ᠺᠢᠨᠣ᠋ ᠭᠠᠷᠭᠠᠬᠤ ᠪᠤᠶᠤ ᠪᠤᠰᠤᠳ ᠠᠷᠭ᠎ᠠ ᠮᠠᠶ᠋ᠢᠭ | ᠢᠶᠠᠷ ᠤᠯᠠᠮᠵᠢᠯᠠᠨ ᠲᠠᠷᠬᠠᠭᠠᠭᠰᠠᠨ ᠪᠦᠲᠦᠭᠡᠯ ᠢ ᠵᠢᠭᠠᠵᠤ ᠪᠠᠶᠢᠨ᠎ᠠ ᠃ ᠭᠡᠪᠡᠴᠦ ᠬᠠᠤᠯᠢ ᠴᠠᠭᠠᠵᠠ ᠶᠢᠨ ᠪᠣᠳᠠᠲᠤ | ᠶᠠᠪᠤᠳᠠᠯ ᠤᠨ ᠳᠤᠮᠳᠠ᠂ ᠺᠢᠨᠣ᠋ ᠶᠢᠨ ᠵᠣᠬᠢᠶᠠᠨ ᠪᠦᠲᠦᠭᠡᠬᠦ ᠠᠷᠭ᠎ᠠ ᠲᠠᠢ ᠠᠳᠠᠯᠢᠪᠲᠤᠷ ᠠᠷᠭ᠎ᠠ ᠨᠢ ᠴᠤᠬᠤᠮ ᠶᠠᠭᠤ | ᠪᠣᠯᠬᠤ ᠲᠤᠬᠠᠶ ᠮᠥᠨ ᠴᠦ ᠮᠠᠷᠭᠤᠭᠠᠨ ᠲᠠᠢ ᠪᠠᠶᠢᠨ᠎ᠠ᠃ ᠮᠠᠨ ᠤ ᠤᠯᠤᠰ ᠤᠨ《 ᠵᠣᠬᠢᠶᠠᠯ ᠪᠦᠲᠦᠭᠡᠯ ᠤᠨ ᠡᠷᠬᠡ | ᠶᠢᠨ ᠬᠠᠤᠯᠢ 》 ᠳᠠᠬᠢ《 ᠪᠦᠲᠦᠭᠡᠯ 》 ᠢ ᠶᠡᠷᠦ ᠳᠡᠭᠡᠨ ᠲᠡᠭᠦᠨ ᠤ ᠢᠯᠡᠷᠡᠯ ᠤᠨ ᠬᠡᠯᠪᠡᠷᠢ ᠪᠠᠷ ᠠᠩᠭᠢᠯᠠᠳᠠᠭ᠃ | ᠵᠢᠱᠢᠶᠡᠯᠡᠪᠡᠯ ᠦᠰᠦᠭ ᠪᠢᠴᠢᠭ ᠤᠨ ᠪᠦᠲᠦᠭᠡᠯ᠂ ᠤᠷᠠᠨ ᠵᠢᠷᠤᠭ ᠤᠨ ᠪᠦᠲᠦᠭᠡᠯ ᠭᠡᠬᠦ ᠮᠡᠲᠦ᠂ ᠬᠡᠷᠪᠡ ᠺᠢᠨᠣ᠋ ᠶᠢᠨ | ᠪᠦᠲᠦᠭᠡᠯ ᠪᠣᠯᠤᠨ ᠺᠢᠨᠣ᠋ ᠲᠠᠢ ᠠᠳᠠᠯᠢᠪᠲᠤᠷ ᠪᠦᠲᠦᠭᠡᠯ ᠢ ᠲᠡᠭᠦᠨ ᠢ ᠵᠤᠬᠢᠶᠠᠨ ᠪᠦᠲᠦᠭᠡᠭᠰᠡᠨ ᠠᠷᠭ᠎ᠠ ᠬᠡᠯᠪᠡᠷᠢ ᠪᠠᠷ | ᠮᠠᠭᠠᠳᠯᠠᠨ ᠲᠣᠭᠲᠠᠭᠠᠬᠤ ᠪᠠᠷᠢᠮᠵᠢᠶ᠎ᠠ ᠪᠣᠯᠭᠠᠪᠠᠯ᠂ ᠲᠡᠷᠡ ᠨᠢ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ | 》 ᠶᠢᠨ ᠣᠶᠢᠯᠠᠭᠠᠭᠳᠠᠬᠤᠨ ᠲᠠᠢ ᠨᠡᠶᠢᠴᠡᠬᠦ ᠦᠭᠡᠢ ᠪᠠᠶᠢᠵᠤ ᠮᠡᠳᠡᠨ᠎ᠠ ᠃ ᠸᠢᠳᠢᠣ᠋ ᠶᠢᠨ ᠠᠵᠤ ᠦᠶᠯᠡᠰ ᠤᠨ | ᠬᠥᠭᠵᠢᠯᠲᠡ ᠶᠢ ᠳᠠᠭᠠᠯᠳᠤᠨ᠂ ᠴᠥᠭᠡᠨ ᠪᠤᠰᠤ ᠸᠢᠳᠢᠣ᠋᠂ ᠢᠯᠠᠩᠭᠤᠶ᠎ᠠ ᠬᠠᠤᠯᠢ ᠴᠠᠭᠠᠵᠠ ᠶᠢᠨ ᠦᠶᠯᠡᠳᠦᠯᠭᠡ ᠶᠢᠨ | ᠳᠤᠮᠳᠠ ᠦᠷᠭᠦᠯᠵᠢ ᠲᠣᠬᠢᠶᠠᠯᠳᠤᠳᠠᠭ ᠺᠠᠷᠲ᠋ᠣᠨ ᠵᠢᠷᠤᠭ᠂ Flash ᠪᠦᠲᠦᠭᠡᠯ ᠢ ᠪᠠᠭᠲᠠᠭᠠᠭᠰᠠᠨ ᠣᠬᠤᠷ ᠸᠢᠳᠢᠣ᠋ ᠶᠢ | ᠤᠯᠠᠮᠵᠢᠯᠠᠯᠲᠤ ᠺᠢᠨᠣ᠋ ᠰᠡᠭᠦᠳᠡᠷᠯᠡᠨ ᠦᠶᠯᠡᠳᠬᠦ ᠠᠷᠭ᠎ᠠ ᠪᠠᠷ ᠵᠣᠬᠢᠶᠠᠨ ᠪᠦᠲᠦᠭᠡᠭᠰᠡᠨ ᠪᠢᠰᠢ ᠶᠤᠮ᠂ ᠬᠡᠷᠪᠡ | ᠬᠠᠮᠠᠭᠠᠯᠠᠯᠲᠠ ᠶᠢᠨ ᠪᠠᠷᠢᠮᠵᠢᠶ᠎ᠠ ᠶᠢ《 ᠺᠢᠨᠣ᠋ ᠶᠢᠨ ᠵᠣᠬᠢᠶᠠᠨ ᠪᠦᠲᠦᠭᠡᠬᠦ ᠠᠷᠭ᠎ᠠ ᠲᠠᠢ ᠠᠳᠠᠯᠢᠪᠲᠤᠷ ᠠᠷᠭ᠎ᠠ ᠪᠠᠷ | ᠵᠤᠬᠢᠶᠠᠭᠰᠠᠨ ᠪᠦᠲᠦᠭᠡᠯ 》ᠭᠡᠵᠦ ᠲᠣᠭᠲᠠᠭᠠᠪᠠᠯ᠂ ᠬᠡᠲᠦ ᠮᠧᠬᠠᠨᠢᠭ ᠮᠥᠷᠲᠡᠭᠡᠨ《 ᠶᠡᠷᠦ ᠶᠢᠨ ᠮᠡᠳᠡᠯᠭᠡ 》 ᠳᠤ | ᠨᠡᠶᠢᠴᠡᠬᠦ ᠥᠬᠡᠶ ᠪᠣᠯᠤᠨ᠎ᠠ ᠃ | ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ᠂ ᠬᠠᠤᠯᠢ ᠲᠣᠭᠲᠠᠭᠠᠭᠴᠢ ᠬᠠᠤᠯᠢ ᠬᠡᠷᠡᠭᠵᠢᠭᠦᠯᠬᠦ | ᠦᠶᠯᠡᠳᠦᠯᠭᠡ ᠲᠠᠢ ᠤᠶᠠᠯᠳᠤᠭᠤᠯᠤᠨ᠂ ᠦᠷᠭᠦᠯᠵᠢᠯᠡᠭᠰᠡᠨ ᠵᠢᠷᠤᠭ ᠳᠦᠷᠰᠦ ᠢᠶᠠᠷ ᠢᠯᠡᠳᠬᠡᠬᠦ ᠬᠡᠯᠪᠡᠷᠢ ᠪᠣᠯᠭᠠᠭᠰᠠᠨ | ᠪᠦᠲᠦᠭᠡᠯ ᠢ ᠨᠢᠭᠡᠳᠦᠯᠲᠡᠶ ᠪᠠᠷ ᠬᠠᠷᠠᠭ᠎ᠠ ᠰᠣᠨᠣᠷ ᠤᠨ ᠪᠦᠲᠦᠭᠡᠯ ᠭᠡᠵᠦ ᠨᠡᠷᠡᠶᠢᠳᠪᠡ᠂ ᠡᠨᠡ ᠨᠢ ᠺᠢᠨᠣ᠋ ᠶᠢᠨ ᠪᠦᠲᠦᠭᠡᠯ | ᠪᠠ ᠺᠢᠨᠣ᠋ ᠲᠠᠢ ᠠᠳᠠᠯᠢᠪᠲᠣᠷ ᠪᠦᠲᠦᠭᠡᠯ ᠢ ᠬᠠᠮᠠᠭᠠᠯᠠᠬᠤ ᠲᠠᠯ᠎ᠠ ᠪᠠᠷ ᠬᠢ ᠪᠡᠷᠬᠡ ᠠᠰᠠᠭᠤᠳᠠᠯ ᠢ ᠰᠢᠶᠳᠪᠦᠷᠢᠯᠡᠭᠰᠡᠨ | ᠢᠶᠠᠷ ᠪᠠᠷᠠᠬᠤ ᠥᠬᠡᠶ᠂ ᠪᠠᠰᠠ ᠬᠠᠤᠯᠢ ᠲᠣᠭᠲᠠᠭᠠᠬᠤ ᠪᠠᠷᠢᠮᠵᠢᠶ᠎ᠠ ᠶᠢᠨ ᠲᠠᠯ᠎ᠠ ᠪᠠᠷ ᠨᠠᠩ ᠪᠣᠳᠠᠲᠠᠶ ᠶᠢ ᠡᠷᠬᠢᠮᠯᠡᠭᠰᠡᠨ | ᠪᠣᠯᠬᠤᠷ ᠡᠷᠬᠡᠲᠦ ᠬᠥᠮᠦᠨ ᠪᠠ ᠰᠢᠭᠦᠭᠴᠢ ᠶᠢᠨ ᠬᠡᠷᠡᠭᠯᠡᠯᠲᠡ ᠳᠤ ᠨᠠᠩ ᠠᠰᠢᠭᠲᠠᠶ ᠶᠤᠮ ᠃ | ᠡᠭᠦᠨ ᠠᠴᠠ ᠭᠠᠳᠠᠨ᠎ᠠ᠂ ᠳᠤᠷᠠᠳᠤᠭᠤᠰᠢᠲᠠᠢ ᠵᠦᠢᠯ ᠭᠡᠪᠡᠯ᠂ ᠰᠢᠨ᠎ᠡ《 ᠵᠣᠬᠢᠶᠠᠯ ᠪᠦᠲᠦᠭᠡᠯ ᠤᠨ ᠡᠷᠬᠡ ᠶᠢᠨ | ᠬᠠᠤᠯᠢ 》 ᠳᠤ ᠵᠣᠬᠢᠶᠠᠯ ᠪᠦᠲᠦᠭᠡᠯ ᠤᠨ ᠬᠠᠤᠯᠢ ᠪᠠᠷ ᠲᠣᠭᠲᠠᠭᠠᠭᠰᠠᠨ ᠲᠦᠷᠦᠯ ᠵᠦᠢᠯ ᠳᠤ《 ᠬᠠᠷᠠᠭ᠎ᠠ | ᠰᠣᠨᠣᠷ ᠤᠨ ᠪᠦᠲᠦᠭᠡᠯ 》 ᠢ ᠲᠣᠳᠣᠷᠬᠠᠶᠢᠯᠠᠭᠰᠠᠨ ᠤ ᠲᠠᠷᠠᠭ᠎ᠠ᠂ ᠬᠥᠷᠰᠢ ᠵᠡᠷᠭᠡᠯᠡᠳᠡᠭᠡ ᠶᠢᠨ ᠡᠷᠬᠡ ᠪᠦᠬᠦᠢ ᠬᠡᠰᠡᠭ | ᠲᠤ ᠮᠥᠨ ᠴᠦ《 ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ 》 ᠤ ᠤᠬᠠᠭᠳᠠᠬᠤᠨ ᠢ ᠦᠯᠡᠳᠡᠭᠡᠭᠰᠡᠨ ᠪᠠᠶᠢᠨ᠎ᠠ᠂ | ᠭᠡᠪᠡᠴᠦ ᠣᠳᠣᠬᠠᠨ ᠤ ᠬᠠᠤᠯᠢ ᠬᠡᠷᠡᠭᠵᠢᠭᠦᠯᠬᠦ ᠦᠢᠯᠡᠳᠦᠯᠭᠡ ᠳᠤ ᠰᠠᠭᠤᠷᠢᠯᠠᠨ᠂ ᠬᠠᠷᠠᠭ᠎ᠠ ᠰᠣᠨᠣᠷ ᠤᠨ ᠪᠦᠲᠦᠭᠡᠯ ᠪᠠ | ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ ᠤ ᠥᠪᠡᠷᠮᠢᠴᠡ ᠪᠦᠲᠦᠭᠡᠯᠴᠢ ᠴᠢᠨᠠᠷ ᠤᠨ ᠵᠠᠭᠠᠭ ᠨᠢ ᠲᠡᠶᠢᠮᠦ | ᠲᠣᠳᠣᠷᠬᠠᠢ ᠪᠢᠰᠢ ᠪᠠᠶᠢᠵᠤ᠂ ᠵᠣᠬᠢᠬᠤ ᠬᠡᠮᠵᠢᠶᠡᠨ ᠳᠤ ᠦᠵᠡᠯᠲᠡ ᠪᠣᠳᠣᠯ ᠤᠨ ᠵᠥᠷᠢᠯᠳᠦᠭᠡᠨ ᠣᠷᠣᠰᠢᠵᠤ ᠪᠠᠶᠢᠨ᠎ᠠ᠃ | ᠲᠤᠬᠠᠶᠢᠯᠠᠪᠠᠯ ᠶᠠᠮᠠᠷ ᠨᠢᠭᠡᠨ ᠦᠷᠭᠦᠯᠵᠢᠯᠡᠭᠰᠡᠨ ᠵᠢᠷᠤᠭ ᠨᠢ ᠬᠠᠷᠠᠭ᠎ᠠ ᠰᠣᠨᠣᠷ ᠤᠨ ᠪᠦᠲᠦᠭᠡᠯ ᠪᠤᠯᠵᠤ ᠪᠦᠷᠢᠯᠳᠦᠬᠦ | ᠶᠤᠮ ᠤᠤ ᠡᠰᠡᠬᠦᠯ᠎ᠡ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ ᠪᠣᠯᠵᠦ ᠪᠦᠷᠢᠯᠳᠦᠬᠦ ᠪᠠᠷᠢᠮᠵᠢᠶ᠎ᠠ ᠨᠢ ᠴᠤᠬᠤᠮ | ᠥᠪᠡᠷᠮᠢᠴᠡ ᠪᠦᠲᠦᠭᠡᠯᠴᠢ ᠴᠢᠨᠠᠷ ᠣᠷᠣᠰᠢᠬᠤ ᠡᠰᠡᠬᠦ ᠡᠰᠡᠬᠦᠯ᠎ᠡ ᠥᠪᠡᠷᠮᠢᠴᠡ ᠪᠦᠲᠦᠭᠡᠯᠴᠢ ᠴᠢᠨᠠᠷ ᠤᠨ ᠦᠨᠳᠦᠷ | ᠳᠣᠣᠷ᠎ᠠ ᠬᠡᠮᠵᠢᠶ᠎ᠡ ᠪᠠᠷ ᠲᠣᠭᠲᠠᠭᠠᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ ᠃ ᠬᠡᠷᠪᠡ ᠬᠤᠶᠢᠨᠠᠬᠢ ᠨᠢ ᠪᠣᠯ᠂ | ᠥᠨᠳᠥᠷ ᠳᠣᠤᠷ᠎ᠠ ᠶᠢ ᠬᠡᠷᠬᠢᠨ ᠮᠠᠭᠠᠳᠯᠠᠬᠤ ᠪᠠ ᠢᠯᠭᠠᠬᠤ ᠪᠤᠢ︖ ᠡᠨᠡ ᠬᠦ ᠦᠵᠡᠯᠲᠡ ᠶᠢᠨ ᠵᠥᠷᠢᠯᠳᠦᠭᠡᠨ ᠨᠢ | ᠵᠠᠷᠢᠮ ᠳᠠᠭᠠᠨ ᠬᠡᠷᠡᠭ ᠤᠨ ᠬᠠᠨᠳᠤᠰᠢ ᠶᠢ ᠦᠨᠳᠦᠰᠦᠨ ᠠᠴᠠ ᠨᠢ ᠨᠥᠯᠥᠭᠡᠯᠡᠬᠦ ᠪᠣᠯᠤᠨ᠎ᠠ ᠃ | ᠵᠢᠱᠢᠶᠡᠯᠡᠪᠡᠯ ( 2015 ) ᠵᠢᠩ ᡁᠢ ᠮᠢᠨ 1055 ᠳ᠋ᠤᠭᠠᠷ ᠲᠣᠭᠠᠲᠤ ᠬᠡᠷᠡᠭ ᠲᠤ᠂ ᠬᠤᠶᠠᠳᠤᠭᠠᠷ | ᠰᠢᠭᠦᠯᠲᠡ ᠶᠢᠨ ᠰᠢᠭᠦᠬᠦ ᠬᠤᠷᠢᠶ᠎ᠠ᠄《 ᠮᠠᠨ ᠤ ᠤᠯᠤᠰ ᠤᠨ ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ ᠳᠤ | ᠵᠣᠬᠢᠶᠠᠯ ᠪᠦᠲᠦᠭᠡᠯ ᠤᠨ ᠡᠷᠬᠡ ᠪᠠ ᠬᠥᠷᠰᠢ ᠵᠡᠷᠭᠡᠯᠡᠳᠡᠭᠡ ᠶᠢᠨ ᠡᠷᠬᠡ ᠭᠡᠵᠦ ᠬᠤᠶᠠᠷ ᠵᠦᠢᠯ ᠤᠨ ᠲᠦᠷᠢᠮ | ᠬᠤᠪᠢᠶᠠᠨ᠎ᠠ᠂ ᠲᠡᠷᠡᠴᠢᠯᠡᠨ ᠬᠤᠯᠪᠣᠭᠳᠠᠯ ᠪᠦᠬᠦᠢ ᠦᠷᠭᠦᠯᠵᠢᠯᠡᠭᠰᠡᠨ ᠵᠢᠷᠤᠭ ᠳᠦᠷᠰᠦ ᠶᠢ ᠺᠢᠨᠣ᠋ ᠶᠢᠨ ᠪᠦᠲᠦᠭᠡᠯ ᠪᠠ | ᠳᠦᠷᠰᠦ ᠰᠢᠩᠭᠡᠭᠡᠯᠲᠡ ᠶᠢᠨ ᠪᠦᠲᠦᠭᠡᠯ ᠭᠡᠵᠦ ᠬᠤᠪᠢᠶᠠᠭᠰᠠᠨ ᠪᠠᠶᠢᠳᠠᠯ ᠤᠨ ᠳᠣᠣᠷ᠎ᠠ᠂ ᠥᠪᠡᠷᠮᠢᠴᠡ ᠪᠦᠲᠦᠭᠡᠯᠴᠢ | ᠴᠢᠨᠠᠷ ᠤᠨ ᠬᠡᠮᠵᠢᠶᠡᠨ ᠤ ᠶᠡᠭᠡ ᠪᠠᠭ᠎ᠠ ᠪᠠᠷ ᠬᠤᠶᠠᠷ ᠵᠦᠢᠯ ᠢ ᠢᠯᠭᠠᠬᠤ ᠪᠠᠷᠢᠮᠵᠢᠶ᠎ᠠ ᠪᠣᠯᠭᠠᠬᠤ ᠬᠡᠷᠡᠭᠲᠡᠢ ᠃ ᠭᠡᠪᠡᠴᠦ᠂ | ᠥᠪᠡᠷᠮᠢᠴᠡ ᠪᠦᠲᠦᠭᠡᠯᠴᠢ ᠴᠢᠨᠠᠷ ᠤᠨ ᠬᠡᠮᠵᠢᠶᠡᠨ ᠤ ᠶᠡᠭᠡ ᠪᠠᠭ᠎ᠠ ᠨᠢ ᠮᠠᠭᠠᠳᠯᠠᠬᠤ ᠶᠢᠨ ᠠᠷᠭ᠎ᠠ ᠦᠭᠡᠢ ᠰᠡᠳᠦᠪ | ᠮᠠᠭᠠᠳ᠂ ᠬᠡᠷᠪᠡ ᠬᠡᠷᠪᠡ ᠬᠡᠮᠵᠢᠭᠳᠡᠬᠦᠨ ᠤ ᠮᠠᠭᠠᠳᠯᠠᠯ ᠣᠷᠣᠭᠤᠯᠪᠠᠯ᠂ ᠠᠳᠠᠯᠢ ᠪᠤᠰᠤ ᠬᠢᠨᠠᠭᠴᠢ ᠶᠢᠨ ᠥᠪᠡᠷᠮᠢᠴᠡ | ᠪᠦᠲᠦᠭᠡᠯᠴᠢ ᠴᠢᠨᠠᠷ ᠤᠨ ᠥᠨᠳᠥᠷ ᠳᠣᠣᠷ᠎ᠠ ᠶᠢ ᠮᠠᠭᠠᠳᠯᠠᠬᠤ ᠪᠠᠷᠢᠮᠵᠢᠶ᠎ᠠ ᠨᠢ ᠠᠳᠠᠯᠢ ᠦᠭᠡᠢ ᠪᠠᠶᠳᠠᠭ ᠮᠦᠷᠲᠡᠭᠡᠨ | ᠡᠷᠬᠡᠲᠦ ᠬᠥᠮᠦᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠭᠤᠶᠣᠴᠢᠯᠠᠬᠤ ᠦᠶᠡᠰ ᠶᠠᠭᠠᠬᠢᠬᠤ ᠪᠠᠨ ᠣᠯᠬᠤ ᠦᠭᠡᠢ | ᠪᠤᠯᠵᠦ ᠮᠡᠳᠡᠨ᠎ᠡ ᠃ ᠬᠠᠷᠢᠨ ( 2020 ) ᠵᠢᠩ ᠮᠢᠨ 128 ᠳ᠋ᠤᠭᠠᠷ ᠲᠣᠭᠠᠲᠤ ᠬᠡᠷᠡᠭ ᠲᠤ᠂ ᠲᠠᠬᠢᠨ ᠰᠢᠭᠦᠯᠲᠡ | ᠶᠢᠨ ᠰᠢᠭᠦᠬᠦ ᠬᠤᠷᠢᠶ᠎ᠠ《 ᠤᠳᠬ᠎ᠠ ᠵᠣᠬᠢᠶᠠᠯ ᠤᠨ ᠲᠠᠶᠢᠯᠪᠤᠷᠢᠯᠠᠯᠲᠠ 》᠂《 ᠰᠢᠰᠲ᠋ᠧᠮ ᠤᠨ ᠲᠠᠶᠢᠯᠪᠤᠷᠢᠯᠠᠯᠲᠠ | 》ᠵᠡᠷᠭᠡ ᠤᠯᠠᠨ ᠲᠠᠯ᠎ᠠ ᠠᠴᠠ ᠲᠣᠳᠣᠷᠬᠠᠶᠢᠯᠠᠨ ᠥᠭᠦᠯᠡᠵᠦ᠂ ᠺᠢᠨᠣ᠋ ᠲᠠᠢ ᠠᠳᠠᠯᠢᠪᠲᠣᠷ ᠪᠦᠲᠦᠭᠡᠯ ᠪᠣᠯᠤᠨ ᠳᠦᠷᠰᠦ | ᠰᠢᠩᠭᠡᠭᠡᠯᠲᠡ ᠶᠢᠨ ᠪᠦᠲᠦᠭᠡᠭᠳᠡᠬᠦᠨ ᠢ ᠬᠤᠪᠢᠶᠠᠷᠢᠯᠠᠬᠤ ᠪᠠᠷᠢᠮᠵᠢᠶ᠎ᠠ ᠪᠣᠯ ᠥᠪᠡᠷᠮᠢᠴᠡ ᠪᠦᠲᠦᠭᠡᠯᠴᠢ ᠴᠢᠨᠠᠷ ᠤᠨ | ᠪᠠᠶᠢᠬᠤ ᠡᠰᠡᠬᠦ ᠠᠴᠠ ᠪᠢᠰᠢ ᠥᠨᠳᠥᠷ ᠳᠣᠣᠷ᠎ᠠ ᠬᠡᠮᠵᠢᠶᠡᠨ ᠳᠤ ᠪᠠᠶᠢᠬᠤ ᠦᠭᠡᠢ ᠭᠡᠵᠦ ᠦᠵᠡᠪᠡ ᠃ ᠡᠶᠢᠮᠦ ᠠᠴᠠ᠂ | ᠡᠨᠡ ᠬᠤᠶᠠᠷ ᠤᠨ ᠥᠪᠡᠷᠮᠢᠴᠡ ᠪᠦᠲᠦᠭᠡᠯᠴᠢ ᠴᠢᠨᠠᠷᠲᠠᠢ ᠬᠢᠯᠢ ᠶᠢᠨ ᠵᠠᠭᠠᠭ ᠨᠢ ᠴᠤᠬᠤᠮ ᠬᠠᠮᠢᠭ᠎ᠠ ᠪᠠᠶᠢᠬᠤ ᠪᠤᠢ᠂ | ᠮᠥᠨ ᠯᠡ ᠢᠷᠡᠭᠡᠳᠦᠢ ᠶᠢᠨ ᠬᠠᠤᠯᠢ ᠬᠡᠷᠡᠭᠵᠢᠭᠦᠯᠬᠦ ᠦᠢᠯᠡᠳᠦᠯᠭᠡ ᠶᠢᠨ ᠳᠤᠮᠳᠠ ᠤᠯᠠᠮ ᠨᠢᠭᠡ ᠠᠯᠬᠤᠮ ᠨᠢᠭᠡᠳᠬᠡᠬᠦ | ᠴᠢᠬᠤᠯᠠᠲᠠᠢ ᠪᠦᠭᠡᠳ ᠪᠠᠰᠠ ᠲᠠᠰᠤᠯᠤᠨ ᠲᠣᠭᠲᠠᠭᠠᠭᠴᠢ ᠶᠢᠨ ᠤᠶᠤᠨ ᠤᠬᠠᠭᠠᠨ ᠢ ᠤᠯᠠᠮ ᠨᠢᠭᠡ ᠠᠯᠬᠤᠮ ᠰᠢᠯᠭᠠᠬᠤ | ᠪᠣᠯᠤᠨ᠎ᠠ ᠃ | ᠭᠤᠷᠪᠠ᠂ ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ ᠳᠤ ᠬᠠᠮᠠᠭᠠᠯᠠᠭᠳᠠᠬᠤ ᠦᠭᠡᠢ ᠠᠭᠤᠯᠭ᠎ᠠ ᠨᠢ《 | ᠴᠠᠭ ᠤᠨ ᠪᠠᠶᠢᠳᠠᠯ ᠤᠨ ᠰᠣᠨᠢᠨ ᠮᠡᠳᠡᠭᠡ 》 ᠠᠴᠠ《 ᠲᠠᠩ ᠭᠠᠭᠴᠠ ᠪᠣᠳᠠᠲᠤ ᠶᠠᠪᠤᠳᠠᠯ ᠤᠨ ᠮᠡᠳᠡᠭᠡ 》ᠬᠦᠷᠲᠡᠯ᠎ᠡ | ᠂ ᠦᠭᠡ ᠥᠭᠦᠯᠡᠪᠦᠷᠢ ᠨᠢ ᠨᠡᠩ ᠣᠨᠣᠪᠴᠢᠲᠠᠢ᠂ ᠬᠠᠤᠯᠢ ᠴᠠᠭᠠᠵᠠ ᠶᠢᠨ ᠪᠣᠳᠠᠲᠤ ᠶᠠᠪᠤᠳᠠᠯ ᠤᠨ ᠬᠡᠷᠡᠭᠴᠡᠭᠡ ᠳᠤ ᠨᠡᠩ | ᠨᠡᠶᠢᠴᠡᠨ᠎ᠡ ᠃ | ᠮᠠᠨ ᠤ ᠤᠯᠤᠰ ᠤᠨ ᠣᠳᠣᠬᠢᠨ ᠳᠤ ᠬᠡᠷᠡᠭᠵᠢᠭᠦᠯᠵᠦ ᠪᠠᠶᠢᠭ᠎ᠠ《 ᠵᠣᠬᠢᠶᠠᠯ ᠪᠦᠲᠦᠭᠡᠯ ᠤᠨ ᠡᠷᠬᠡ ᠶᠢᠨ | ᠬᠠᠤᠯᠢ 》 ᠳᠤ ᠲᠤᠰ ᠬᠠᠤᠯᠢ ᠶᠢ ᠴᠠᠭ ᠤᠨ ᠪᠠᠶᠢᠳᠠᠯ ᠤᠨ ᠰᠣᠨᠢᠨ ᠮᠡᠳᠡᠭᠡᠨ ᠳᠤ ᠬᠡᠷᠡᠭᠯᠡᠬᠦ ᠤᠢᠭᠡᠢ ᠭᠡᠵᠦ | ᠲᠣᠭᠲᠠᠭᠠᠵᠠᠢ ᠃ ᠲᠤᠰ ᠤᠳᠠᠭ᠎ᠠ ᠵᠠᠰᠠᠪᠤᠷᠢ ᠣᠷᠣᠭᠤᠯᠤᠭᠰᠠᠨ ᠰᠢᠨ᠎ᠡ《 ᠵᠣᠬᠢᠶᠠᠯ ᠪᠦᠲᠦᠭᠡᠯ ᠤᠨ ᠡᠷᠬᠡ ᠶᠢᠨ | ᠬᠠᠤᠯᠢ 》 ᠨᠢ《 ᠴᠠᠭ ᠤᠨ ᠪᠠᠶᠢᠳᠠᠯ ᠤᠨ ᠰᠣᠨᠢᠨ ᠮᠡᠳᠡᠭᠡ 》 ᠠᠴᠠ 《 ᠲᠠᠩ ᠭᠠᠭᠴᠠ ᠪᠣᠳᠠᠲᠤ ᠶᠠᠪᠤᠳᠠᠯ ᠤᠨ | ᠮᠡᠳᠡᠭᠡ 》 ᠶᠢᠨ ᠦᠭᠡ ᠥᠭᠦᠯᠡᠪᠦᠷᠢ ᠶᠢᠨ ᠬᠤᠪᠢᠷᠠᠯᠲᠠ ᠬᠦᠷᠲᠡᠯ᠎ᠡ᠂ ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ | ᠳᠤ ᠦᠯᠦ ᠬᠠᠮᠠᠭᠠᠯᠠᠭᠳᠠᠬᠤ《 ᠴᠠᠭ ᠤᠨ ᠪᠠᠶᠢᠳᠠᠯ ᠤᠨ ᠰᠣᠨᠢᠨ ᠮᠡᠳᠡᠭᠡ 》 ᠶᠢᠨ ᠮᠥᠨ ᠴᠢᠨᠠᠷ ᠢ ᠨᠡᠩ ᠰᠢᠭᠤᠳ | ᠬᠠᠷᠠᠭᠤᠯᠤᠭᠰᠠᠨ ᠪᠠᠶᠢᠨ᠎ᠠ ᠃ ᠳᠠᠩ ᠭᠠᠭᠴᠠ ᠪᠣᠳᠠᠲᠤ ᠶᠠᠪᠦᠳᠠᠯ ᠤᠨ ᠮᠡᠳᠡᠭᠡ ᠨᠢ《 ᠮᠡᠳᠡᠭᠡ 》 ᠶᠢᠨ ᠬᠡᠪᠴᠢᠶ᠎ᠡ ᠶᠢ | ᠤᠯᠠᠮ ᠨᠢᠭᠡ ᠠᠯᠬᠤᠮ ᠪᠠᠭᠠᠰᠬᠠᠵᠤ᠂ ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ ᠪᠠᠷ ᠬᠠᠮᠠᠭᠠᠯᠠᠬᠤ ᠦᠭᠡᠶ | ᠪᠤᠰᠤᠳᠴᠢ ᠴᠣᠭᠴᠠ ᠶᠢ《 ᠪᠣᠳᠠᠲᠤ ᠶᠠᠪᠦᠳᠠᠯ 》 ᠢᠶᠠᠷ ᠬᠢᠵᠠᠭᠠᠷᠯᠠᠵᠤ᠂ ᠵᠣᠬᠢᠶᠠᠯ ᠪᠦᠲᠦᠭᠡᠯ ᠤᠨ ᠡᠷᠬᠡ ᠶᠢᠨ | ᠬᠠᠤᠯᠢ ᠪᠠᠷ ᠬᠠᠮᠠᠭᠠᠯᠠᠬᠤ ᠪᠦᠲᠦᠭᠡᠯ ᠤᠨ ᠮᠥᠨ ᠴᠢᠨᠠᠷ——《 ᠥᠪᠡᠷᠮᠢᠴᠡ ᠪᠦᠲᠦᠭᠡᠯᠴᠢ ᠴᠢᠨᠠᠷᠲᠠᠶ ᠢᠯᠡᠳᠬᠡᠯ | 》 ᠲᠠᠢ ᠵᠣᠬᠢᠴᠠᠯᠳᠤᠭᠤᠯᠵᠠᠶ ᠃ | ᠡᠶᠢᠮᠦᠷᠬᠦᠦ ᠦᠭᠡ ᠥᠭᠦᠯᠡᠪᠦᠷᠢ ᠶᠢᠨ ᠵᠠᠰᠠᠪᠤᠷᠢ ᠨᠢ ᠪᠠᠰᠠ ᠣᠳᠣᠬᠢᠨ ᠳᠤ ᠬᠡᠷᠡᠭᠵᠢᠭᠦᠯᠵᠦ ᠪᠠᠶᠢᠭ᠎ᠠ ᠬᠠᠤᠯᠢ | ᠴᠠᠭᠠᠵᠠ ᠬᠠᠤᠯᠢ ᠲᠣᠭᠲᠠᠭᠠᠯ᠂ ᠬᠠᠤᠯᠢ ᠪᠠᠷᠢᠬᠤ ᠲᠠᠶᠢᠯᠪᠤᠷᠢᠯᠠᠯᠲᠠ ᠳᠠᠬᠢ ᠥᠭᠦᠯᠡᠯᠲᠡ ᠲᠠᠢ ᠨᠢᠭᠡᠳᠦᠯᠲᠡᠢ ᠪᠠᠶᠢᠵᠤ᠂ | ᠥᠩᠭᠡᠷᠡᠭᠰᠡᠨ ᠤ ᠬᠠᠤᠯᠢ ᠬᠡᠷᠡᠭᠵᠢᠭᠦᠯᠬᠦ ᠦᠢᠯᠡᠳᠦᠯᠭᠡ ᠶᠢᠨ ᠳᠤᠮᠳᠠᠬᠢ ᠰᠢᠭᠦᠬᠦ ᠬᠤᠷᠢᠶ᠎ᠠ ᠶᠢᠨ ᠨᠡᠯᠢᠶᠡᠳ | ᠪᠣᠯᠪᠠᠰᠤᠷᠠᠩᠭᠤᠢ ᠪᠣᠯᠤᠭᠰᠠᠨ ᠠᠷᠭ᠎ᠠ ᠬᠢᠳᠡᠯ ᠪᠤᠶᠤ ᠮᠠᠭᠠᠳᠯᠠᠨ ᠲᠣᠭᠲᠠᠭᠠᠯᠲᠠ ᠳᠤ ᠬᠠᠷᠢᠭᠤᠯᠲᠠ ᠥᠭᠴᠡᠢ ᠃ | ᠬᠠᠤᠯᠢ ᠬᠡᠷᠡᠭᠵᠢᠭᠦᠯᠬᠦ ᠦᠢᠯᠡᠳᠦᠯᠭᠡ ᠶᠢᠨ ᠳᠤᠮᠳᠠ᠂ ᠶᠡᠭᠡ ᠬᠡᠮᠵᠢᠶᠡᠨ ᠤ《 ᠴᠠᠭ ᠤᠨ ᠪᠠᠶᠢᠳᠠᠯ ᠤᠨ ᠰᠣᠨᠢᠨ | ᠮᠡᠳᠡᠭᠡ 》 ᠪᠠᠷ ᠡᠰᠡᠷᠭᠦᠴᠡᠨ ᠮᠠᠷᠭᠤᠯᠳᠤᠬᠤ ᠠᠭᠤᠯᠭ᠎ᠠ ᠨᠢ ᠲᠠᠩ ᠭᠠᠭᠴᠠ ᠪᠣᠳᠠᠲᠤ ᠶᠠᠪᠦᠳᠠᠯ ᠤᠨ ᠴᠢᠨᠠᠷᠲᠠᠢ | ᠮᠡᠳᠡᠭᠡ ᠪᠢᠰᠢ᠂ ᠶᠡᠷᠦ ᠨᠢ ᠮᠡᠳᠡᠭᠡᠯᠡᠭᠴᠢ ᠶᠢᠨ ᠬᠤᠪᠢ ᠬᠥᠮᠦᠨ ᠤ ᠰᠢᠭᠦᠮᠵᠢ ᠪᠤᠶᠤ ᠵᠣᠬᠢᠬᠤ ᠦᠷᠳᠡᠭ ᠤᠨ ᠬᠡᠯᠪᠡᠷᠢᠯ | ᠲᠠᠢ ᠥᠭᠦᠯᠡᠯᠲᠡ ᠬᠤᠯᠢᠯᠳᠤᠵᠤ ᠪᠠᠶᠢᠳᠠᠭ᠂ ᠬᠤᠯᠪᠣᠭᠳᠠᠯ ᠪᠦᠬᠦᠢ ᠠᠭᠤᠯᠭ᠎ᠠ ᠨᠢ ᠵᠣᠬᠢᠶᠠᠯ ᠪᠦᠲᠦᠭᠡᠯ ᠤᠨ ᠡᠷᠬᠡ ᠶᠢ | ᠡᠳ᠋ᠯᠡᠬᠦ《 ᠵᠣᠬᠢᠶᠠᠯ ᠪᠦᠲᠦᠭᠡᠯ 》 ᠤᠨ ᠠᠢ ᠳᠤ ᠲᠣᠭᠠᠴᠠᠭᠳᠠᠬᠤ ᠨᠢ ᠢᠯᠡᠷᠬᠡᠢ ᠶᠤᠮ ᠃ | ᠡᠭᠦᠨ ᠠᠴᠠ ᠭᠠᠳᠠᠨ᠎ᠠ᠂ ᠴᠠᠭ ᠤᠨ ᠪᠠᠶᠢᠳᠠᠯ ᠤᠨ ᠰᠣᠨᠢᠨ ᠮᠡᠳᠡᠭᠡ ᠶᠢ ᠲᠤᠰᠬᠠᠵᠦ ᠴᠢᠳᠠᠬᠤ ᠰᠡᠭᠦᠳᠡᠷ ᠨᠢ | ᠴᠠᠭ ᠤᠨ ᠪᠠᠶᠢᠳᠠᠯ ᠤᠨ ᠰᠣᠨᠢᠨ ᠮᠡᠳᠡᠭᠡ ᠳᠤ ᠲᠣᠭᠠᠴᠠᠭᠳᠠᠬᠤ ᠡᠰᠡᠬᠦ ᠂ ᠵᠣᠬᠢᠶᠠᠯ ᠪᠦᠲᠦᠭᠡᠯ ᠤᠨ ᠡᠷᠬᠡ ᠶᠢᠨ | ᠬᠠᠤᠯᠢ ᠶᠢᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠠᠴᠠ ᠭᠠᠳᠠᠭᠤᠷᠴᠢᠯᠠᠭᠳᠠᠬᠤ ᠡᠰᠡᠬᠦ ᠨᠢ ᠠᠳᠠᠯᠢ ᠪᠤᠰᠤ | ᠰᠢᠭᠦᠬᠦ ᠬᠤᠷᠢᠶ᠎ᠠ ᠂ ᠬᠠᠤᠯᠢ ᠬᠡᠷᠡᠭᠵᠢᠭᠦᠯᠬᠦ ᠦᠢᠯᠡᠳᠦᠯᠭᠡ ᠶᠢᠨ ᠳᠤᠮᠳᠠ ᠪᠠᠰᠠ ᠨᠡᠯᠢᠶᠡᠳ ᠶᠡᠭᠡ ᠵᠥᠷᠢᠯᠳᠦᠭᠡᠨ ᠲᠠᠢ | ᠪᠠᠶᠢᠨ᠎ᠠ᠂ ᠡᠭᠦᠨ ᠤ ᠰᠢᠯᠲᠠᠭᠠᠨ ᠨᠢ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ 》 ᠳᠤ ᠲᠣᠭᠲᠠᠭᠠᠭᠰᠠᠨ《 | ᠴᠠᠭ ᠤᠨ ᠪᠠᠶᠢᠳᠠᠯ ᠤᠨ ᠰᠣᠨᠢᠨ ᠮᠡᠳᠡᠭᠡ 》 ᠶᠢᠨ ᠲᠤᠬᠠᠢ ᠣᠶᠢᠯᠠᠭᠠᠯᠲᠠ ᠨᠢ ᠨᠢᠭᠡᠳᠦᠯ ᠦᠭᠡᠢ ᠪᠠᠶᠢᠬᠤ ᠳᠤ | ᠣᠷᠣᠰᠢᠨ᠎ᠠ ᠃ ᠲᠣᠰ ᠤᠳᠠᠭ᠎ᠠ ᠰᠢᠨ᠎ᠡ ᠪᠠᠷ ᠵᠠᠰᠠᠪᠤᠷᠢ ᠣᠷᠣᠭᠤᠯᠤᠭᠰᠠᠨ《 ᠵᠣᠬᠢᠶᠠᠯ ᠪᠦᠲᠦᠭᠡᠯ ᠤᠨ ᠡᠷᠬᠡ ᠶᠢᠨ | ᠬᠠᠤᠯᠢ 》 ᠨᠢ ᠬᠠᠤᠯᠢ ᠵᠦᠶ ᠶᠢᠨ ᠲᠠᠯ᠎ᠠ ᠠᠴᠠ ᠪᠣᠳᠠᠲᠤ ᠬᠡᠷᠡᠭ ᠨᠢ ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ | ᠶᠢᠨ ᠬᠠᠮᠠᠭᠠᠯᠠᠯᠲᠠ ᠶᠢᠨ ᠬᠡᠪᠴᠢᠶ᠎ᠡ ᠳᠤ ᠪᠠᠭᠲᠠᠬᠤ ᠦᠭᠡᠢ ᠭᠡᠳᠡᠭ ᠶᠡᠷᠦ ᠶᠢᠨ ᠮᠡᠳᠡᠯᠭᠡ ᠶᠢ ᠳᠠᠬᠢᠨᠲᠠ | ᠲᠣᠳᠣᠷᠬᠠᠶᠢᠯᠠᠭᠰᠠᠨ ᠪᠠᠶᠢᠨ᠎ᠠ᠃ ᠡᠨᠡ ᠨᠢ ᠬᠠᠤᠯᠢ ᠪᠠᠷᠢᠬᠤ ᠲᠠᠰᠤᠯᠤᠨ ᠲᠣᠭᠲᠠᠭᠠᠯᠲᠠ ᠵᠢᠴᠢ ᠬᠠᠤᠯᠢ ᠴᠠᠭᠠᠵᠠ ᠶᠢ | ᠬᠡᠷᠡᠭᠯᠡᠬᠦ ᠳᠤᠮᠳᠠ ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ ᠶᠢᠨ ᠮᠥᠨ ᠴᠢᠨᠠᠷ ᠲᠤ ᠪᠤᠴᠠᠬᠤ ᠳᠤ ᠠᠰᠢᠭᠲᠠᠢ | ᠪᠠᠶᠢᠳᠠᠭ᠂ ᠲᠤᠬᠠᠶᠢᠯᠠᠪᠠᠯ《 ᠵᠣᠬᠢᠶᠠᠯ ᠪᠦᠲᠦᠭᠡᠯ 》 ᠠᠴᠠ ᠡᠭᠦᠰᠴᠦ᠂ ᠶᠠᠮᠠᠷ ᠨᠢᠭᠡᠨ ᠪᠤᠰᠤᠳᠴᠢ ᠴᠣᠭᠴᠠ ᠨᠢ | ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ ᠶᠢᠨ ᠬᠠᠮᠠᠭᠠᠯᠠᠯᠲᠠ ᠶᠢ ᠣᠯᠵᠤ ᠴᠢᠳᠠᠬᠤ ᠡᠰᠡᠬᠦ ᠲᠤᠬᠠᠢ ᠲᠠᠰᠤᠯᠤᠨ | ᠲᠣᠭᠲᠠᠭᠠᠭᠴᠢ ᠨᠡᠩ ᠲᠣᠳᠣᠷᠬᠠᠢ ᠣᠨᠣᠪᠴᠢᠲᠠᠢ ᠬᠠᠷᠢᠭᠤᠯᠲᠠ ᠣᠯᠵᠤ᠂ ᠡᠷᠬᠡᠲᠦ ᠬᠥᠮᠦᠨ ᠴᠦ ᠡᠷᠬᠡ ᠪᠠᠨ | ᠬᠠᠮᠠᠭᠠᠯᠠᠬᠤ ᠬᠦᠰᠡᠯ ᠢᠶᠠᠨ ᠪᠡᠶᠡᠯᠡᠭᠦᠯᠵᠦ ᠴᠢᠳᠠᠨ᠎ᠠ ᠭᠡᠳᠡᠭ ᠲᠤ ᠢᠲᠡᠭᠡᠵᠦ ᠪᠠᠶᠢᠨ᠎ᠠ ᠃ | | ᠳᠥᠷᠪᠡ᠂《 ᠷᠠᠳᠢᠣ᠋ ᠨᠡᠪᠲᠡᠷᠡᠭᠦᠯᠭᠡ ᠶᠢᠨ ᠡᠷᠬᠡ 》 ᠶᠢᠨ ᠲᠣᠮᠢᠶᠠᠯᠠᠯ ᠢ ᠳᠠᠬᠢᠨ ᠪᠠᠶᠢᠭᠤᠯᠵᠤ᠂ ᠢᠨᠲ᠋ᠧᠷ | ᠰᠦᠯᠵᠢᠶᠡᠨ ᠤ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠂ ᠪᠦᠲᠦᠭᠡᠯ ᠤᠨ ᠰᠦᠯᠵᠢᠶ᠎ᠡ ᠶᠢ | ᠴᠠᠭ ᠲᠤᠬᠠᠶ ᠳᠤᠨᠢ ᠳᠠᠮᠵᠢᠭᠤᠯᠤᠨ ᠨᠡᠪᠲᠡᠷᠡᠭᠦᠯᠬᠦ ᠡᠷᠬᠡ ᠶᠢ ᠬᠠᠮᠠᠭᠠᠯᠠᠨ᠎ᠠ ᠃ | ᠣᠶᠢᠷ᠎ᠠ ᠶᠢᠨ ᠬᠡᠳᠦᠨ ᠵᠢᠯ ᠳᠤ᠂ ᠰᠦᠯᠵᠢᠶᠡᠨ ᠳᠡᠭᠡᠷ᠎ᠡ ᠲᠧᠯᠸᠢᠰ ᠫᠷᠤᠭ᠍ᠷᠠᠮ ᠢᠯᠠᠩᠭᠤᠶ᠎ᠠ ᠪᠡᠶ᠎ᠡ ᠲᠠᠮᠢᠷ ᠤᠨ | ᠤᠷᠤᠯᠳᠤᠭᠠᠨ ᠤ ᠫᠷᠤᠭ᠍ᠷᠠᠮ ᠢ ᠴᠠᠭ ᠲᠤᠬᠠᠶ ᠳᠤᠨᠢ ᠳᠠᠮᠵᠢᠭᠤᠯᠤᠨ ᠨᠡᠪᠲᠡᠷᠡᠭᠦᠯᠬᠦ ᠦᠶᠯᠡ ᠠᠵᠢᠯᠯᠠᠭ᠎ᠠ ᠳᠤ ᠶᠠᠮᠠᠷ | ᠵᠦᠶᠯ ᠤᠨ ᠵᠣᠬᠢᠶᠠᠯ ᠪᠦᠲᠦᠭᠡᠯ ᠤᠨ ᠡᠷᠬᠡ ᠶᠢᠨ ᠲᠦᠷᠢᠮ ᠲᠣᠭᠲᠠᠭᠠᠯ ᠬᠡᠷᠡᠭᠵᠢᠭᠦᠯᠬᠦ ᠪᠣᠯ ᠡᠷᠳᠡᠮ ᠰᠢᠨᠵᠢᠯᠡᠭᠡᠨ ᠤ | ᠬᠢᠨ ᠪᠠ ᠬᠠᠤᠯᠢ ᠪᠠᠷᠢᠬᠤ ᠦᠶᠯᠡᠳᠦᠯᠭᠡ ᠶᠢᠨ ᠳᠤᠮᠳᠠᠬᠢ ᠬᠠᠮᠤᠭ ᠤᠨ ᠶᠡᠭᠡ ᠮᠠᠷᠭᠤᠭᠠᠨ ᠲᠠᠢ ᠠᠰᠠᠭᠤᠳᠠᠯ ᠪᠣᠯᠤᠨ᠎ᠠ | ᠃ ᠤᠳᠤ ᠶᠢᠨ ᠬᠡᠷᠡᠭᠵᠢᠭᠦᠯᠵᠦ ᠪᠠᠶᠢᠭ᠎ᠠ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ 》 ᠶᠢ ᠦᠨᠳᠦᠰᠦᠯᠡᠪᠡᠯ᠂ | ᠰᠦᠯᠵᠢᠶᠡᠨ ᠳᠡᠭᠡᠷ᠎ᠡ ᠲᠧᠯᠸᠢᠰ ᠫᠷᠤᠭ᠍ᠷᠠᠮ ᠢ ᠴᠠᠭ ᠲᠤᠬᠠᠢ ᠳᠤᠨᠢ ᠳᠠᠮᠵᠢᠭᠤᠯᠤᠨ ᠨᠡᠪᠲᠡᠷᠡᠭᠦᠯᠬᠦ ᠡᠷᠬᠡᠲᠦ ᠬᠥᠮᠦᠨ ᠳᠤ | ᠵᠣᠬᠢᠬᠤ ᠬᠠᠮᠠᠭᠠᠯᠠᠯᠲᠠ ᠶᠢᠨ ᠬᠦᠴᠢᠷᠳᠡᠯ ᠲᠤᠯᠭᠠᠷᠠᠵᠤ ᠪᠠᠶᠢᠨ᠎ᠠ ᠃ ᠣᠳᠣᠬᠠᠨ ᠳᠤ ᠰᠦᠯᠵᠢᠶ᠎ᠡ ᠪᠠᠷ ᠴᠠᠭ ᠲᠤᠬᠠᠶ | ᠳᠤᠨᠢ ᠳᠠᠮᠵᠢᠭᠤᠯᠤᠨ ᠨᠡᠪᠲᠡᠷᠡᠭᠦᠯᠬᠦ ᠫᠷᠤᠭ᠍ᠷᠠᠮ ᠤᠨ ᠵᠣᠬᠢᠶᠠᠯ ᠪᠦᠲᠦᠭᠡᠯ ᠤᠨ ᠡᠷᠬᠡ ᠶᠢ ᠬᠠᠮᠠᠭᠠᠯᠠᠬᠤ ᠴᠤᠷ ᠤᠨ | ᠭᠠᠭᠴᠠ ᠠᠷᠭ᠎ᠠ ᠵᠠᠮ ᠪᠣᠯ ᠫᠷᠤᠭ᠍ᠷᠠᠮ ᠢ ᠪᠦᠲᠦᠭᠡᠯ ᠢᠶᠠᠷ ᠮᠠᠭᠠᠳᠯᠠᠨ ᠲᠣᠭᠲᠠᠭᠠᠬᠤ ᠶᠢᠨ ᠬᠠᠮᠲᠤ ᠵᠣᠬᠢᠶᠠᠯ ᠪᠦᠲᠦᠭᠡᠯ | ᠤᠨ ᠡᠷᠬᠡᠲᠦ ᠬᠥᠮᠦᠨ ᠤ ᠡᠳ᠋ᠯᠡᠬᠦ ᠪᠤᠰᠤᠳ ᠡᠷᠬᠡ ᠪᠠᠷ ᠬᠠᠮᠠᠭᠠᠯᠠᠬᠤ ᠶᠠᠪᠤᠳᠠᠯ ᠪᠣᠯᠤᠨ᠎ᠠ᠂《 ᠷᠠᠳᠢᠣ᠋ ᠨᠡᠪᠲᠡᠷᠡᠭᠦᠯᠭᠡ | ᠶᠢᠨ ᠡᠷᠬᠡ 》 ᠨᠢ ᠦᠢᠯᠡᠳᠦᠯ ᠢᠶᠠᠨ ᠪᠠᠳᠠᠷᠠᠭᠤᠯᠵᠤ ᠴᠢᠳᠠᠭᠰᠠᠨ ᠦᠭᠡᠢ ᠃ ᠲᠡᠭᠦᠨ ᠤ ᠨᠢᠭᠡ ᠰᠢᠯᠲᠠᠭᠠᠨ ᠨᠢ ᠤᠳᠤ | ᠶᠢᠨ ᠬᠡᠷᠡᠭᠵᠢᠭᠦᠯᠵᠦ ᠪᠠᠶᠢᠭ᠎ᠠ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ 》 ᠳᠠᠬᠢ《 ᠷᠠᠳᠢᠣ᠋ ᠨᠡᠪᠲᠡᠷᠡᠭᠦᠯᠭᠡ | ᠶᠢᠨ ᠡᠷᠬᠡ 》 ᠶᠢᠨ ᠲᠤᠬᠠᠢ ᠲᠣᠭᠲᠠᠭᠠᠯ ᠪᠣᠯ《 ᠪᠧᠷᠨᠧ ᠶᠢᠨ ᠨᠡᠶᠢᠲᠡ ᠶᠢᠨ ᠭᠡᠷ᠎ᠡ 》ᠪᠣᠯᠤᠨ TRIPS | ᠬᠡᠯᠡᠯᠴᠡᠭᠡᠷ ᠤᠨ ᠤᠯᠠᠮᠵᠢᠯᠠᠯᠲᠤ ᠲᠧᠺᠰᠲ ᠢᠶᠠᠷ ᠯᠠᠪᠯᠠᠯᠲᠠ ᠪᠣᠯᠭᠠᠭᠰᠠᠨ ᠠᠴᠠ ᠪᠣᠯᠤᠭᠰᠠᠨ ᠶᠤᠮ ᠃ | ᠲᠤᠰ ᠤᠳᠠᠭ᠎ᠠ ᠰᠢᠨ᠎ᠡ ᠪᠠᠷ ᠵᠠᠰᠠᠪᠤᠷᠢ ᠣᠷᠣᠭᠤᠯᠤᠭᠰᠠᠨ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ | 》 ᠳᠤ ᠷᠠᠳᠢᠣ᠋ ᠨᠡᠪᠲᠡᠷᠡᠭᠦᠯᠭᠡ ᠶᠢᠨ ᠡᠷᠬᠡ ᠶᠢᠨ ᠡᠮᠦᠨᠡᠬᠢ ᠬᠤᠶᠠᠷ ᠵᠦᠢᠯ ᠤᠨ ᠡᠵᠡᠮᠳᠡᠬᠦ ᠦᠢᠯᠡ ᠠᠵᠢᠯᠯᠠᠭ᠎ᠠ (《 | ᠷᠠᠳᠢᠣ᠋ ᠠᠷᠭ᠎ᠠ ᠮᠠᠶ᠋ᠢᠭ ᠢᠶᠠᠷ ᠨᠡᠪᠲᠡᠷᠡᠭᠦᠯᠬᠦ ᠪᠤᠶᠤ ᠳᠡᠯᠭᠡᠷᠡᠭᠦᠯᠬᠦ 》ᠪᠠ《 ᠷᠠᠳᠢᠣ᠋ ᠨᠡᠪᠲᠡᠷᠡᠭᠦᠯᠭᠡ ᠶᠢᠨ ᠪᠦᠲᠦᠭᠡᠯ ᠢ | ᠤᠲᠠᠰᠤᠲᠤ ᠤᠯᠠᠮᠵᠢᠯᠠᠨ ᠲᠠᠷᠬᠠᠭᠠᠬᠤ 》) ᠶᠢ《 ᠤᠲᠠᠰᠤᠲᠤ ᠪᠤᠶᠤ ᠤᠲᠠᠰᠤ ᠦᠭᠡᠢ ᠠᠷᠭ᠎ᠠ ᠮᠠᠶ᠋ᠢᠭ ᠢᠶᠠᠷ | ᠪᠦᠲᠦᠭᠡᠯ ᠢ ᠢᠯᠡ ᠪᠠᠷ ᠤᠯᠠᠮᠵᠢᠯᠠᠨ ᠲᠠᠷᠬᠠᠭᠠᠬᠤ ᠪᠤᠶᠤ ᠳᠠᠮᠵᠢᠭᠤᠯᠤᠨ ᠨᠡᠪᠲᠡᠷᠡᠭᠦᠯᠬᠦ 》 ᠪᠠᠷ ᠨᠢᠭᠡᠳᠬᠡᠵᠦ᠂ | ᠤᠲᠠᠰᠤᠲᠤ ᠪᠤᠶᠤ ᠤᠲᠠᠰᠤ ᠦᠭᠡᠢ ᠭᠡᠵᠦ ᠢᠯᠭᠠᠬᠤ ᠢᠶᠠᠨ ᠪᠠᠶᠢᠵᠠᠢ ᠃ ᠰᠢᠨ᠎ᠡ ᠪᠠᠷ ᠲᠣᠭᠲᠠᠭᠠᠭᠰᠠᠨ ᠷᠠᠳᠢᠣ᠋ | ᠨᠡᠪᠲᠡᠷᠡᠭᠦᠯᠭᠡ ᠶᠢᠨ ᠡᠷᠬᠡ ᠨᠢ ᠮᠥᠨ ᠴᠢᠨᠠᠷ ᠳᠡᠭᠡᠷ᠎ᠡ ᠪᠠᠨ WCT ᠶᠢᠨ ᠣᠯᠠᠨ ᠨᠡᠶᠢᠲᠡ ᠳᠤ ᠨᠠᠩ ᠥᠷᠭᠡᠨ | ᠳᠡᠯᠭᠡᠷ ᠤᠯᠠᠮᠵᠢᠯᠠᠨ ᠲᠠᠷᠬᠠᠭᠠᠬᠤ ᠡᠷᠬᠡ ᠶᠢᠨ ᠲᠤᠬᠠᠶ ᠲᠣᠭᠲᠠᠭᠠᠯ ᠢ ᠳᠤᠯᠢᠳᠠᠵᠤ᠂ ᠠᠩᠬᠠᠨ ᠤ ᠤᠯᠠᠮᠵᠢᠯᠠᠨ | ᠲᠠᠷᠬᠠᠭᠠᠭᠰᠠᠨ ᠪᠦᠲᠦᠭᠡᠯ ᠢ ᠡᠷᠬᠡᠪᠰᠢ 《 ᠤᠲᠠᠰᠤ ᠥᠬᠡᠶ 》 ( ᠳᠠᠷᠤᠶ《 ᠪᠧᠷᠨᠧ ᠶᠢᠨ ᠨᠡᠶᠢᠲᠡ ᠶᠢᠨ ᠭᠡᠷ᠎ᠡ | 》 ᠶᠢᠨ ᠴᠠᠭ ᠦᠶ᠎ᠡ ᠶᠢᠨ ᠢᠨᠲ᠋ᠧᠷ ᠰᠦᠯᠵᠢᠶᠡᠨ ᠤ ᠮᠡᠷᠭᠡᠵᠢᠯ ᠪᠣᠶ ᠪᠣᠯᠬᠤ ᠠᠴᠠ ᠡᠮᠦᠨᠡᠬᠢ ᠠᠩᠬᠠᠨ ᠤ ᠦᠶ᠎ᠡ ᠶᠢᠨ | ᠴᠠᠬᠢᠯᠭᠠᠨ ᠳᠣᠯᠭᠢᠶᠠᠨ ᠢ ᠤᠲᠠᠰᠤ ᠥᠬᠡᠶ ᠤᠯᠠᠮᠵᠢᠯᠠᠨ ᠳᠠᠮᠵᠢᠭᠤᠯᠬᠤ ) ᠠᠷᠭ᠎ᠠ ᠬᠡᠯᠪᠡᠷᠢ ᠪᠠᠷ ᠤᠯᠠᠮᠵᠢᠯᠠᠨ | ᠲᠠᠷᠬᠠᠭᠠᠬᠤ ᠬᠡᠷᠡᠭᠲᠡᠶ ᠭᠡᠵᠦ ᠴᠢᠬᠤᠯᠠᠴᠢᠯᠠᠬᠤ ᠥᠬᠡᠶ ᠪᠣᠯᠵᠣ᠂ ᠬᠠᠷᠢᠨ《 ᠢᠨᠲ᠋ᠧᠷ ᠰᠦᠯᠵᠢᠶᠡᠨ ᠤ ᠴᠠᠭ ᠦᠶ᠎ᠡ | 》 ᠶᠢᠨ ᠰᠢᠨ᠎ᠡ ᠬᠡᠷᠡᠭᠴᠡᠭᠡ ᠳᠤ ᠨᠡᠶᠢᠴᠡᠭᠦᠯᠵᠦ᠂ ᠠᠩᠬᠠᠨ ᠤ ᠤᠲᠠᠰᠤᠲᠤ ᠤᠯᠠᠮᠵᠢᠯᠠᠨ ᠲᠠᠷᠬᠠᠭᠠᠬᠤ ᠲᠤᠬᠠᠶᠢᠯᠠᠪᠠᠯ | ᠢᠨᠲ᠋ᠧᠷ ᠰᠦᠯᠵᠢᠶᠡᠨ ᠤ ᠰᠦᠯᠵᠢᠶ᠎ᠡ ᠪᠠᠷ ᠤᠯᠠᠮᠵᠢᠯᠠᠨ ᠲᠠᠷᠬᠠᠭᠠᠬᠤ ᠵᠠᠭᠪᠤᠷ ᠢ ᠷᠠᠳᠢᠣ᠋ ᠨᠡᠪᠲᠡᠷᠡᠭᠦᠯᠭᠡ ᠶᠢᠨ ᠡᠷᠬᠡ ᠶᠢᠨ | ᠡᠵᠡᠮᠳᠡᠬᠦ ᠬᠡᠪᠴᠢᠶᠡᠨ ᠳᠤ ᠣᠷᠣᠭᠤᠯᠪᠠ᠃ ᠡᠨᠡ ᠨᠢ ᠰᠦᠯᠵᠢᠶᠡᠨ ᠳᠡᠭᠡᠷ᠎ᠡ ᠴᠠᠭ ᠲᠤᠬᠠᠶ ᠳᠤᠨᠢ ᠳᠠᠮᠵᠢᠭᠤᠯᠤᠨ | ᠨᠡᠪᠲᠡᠷᠡᠭᠦᠯᠬᠦ ᠲᠧᠯᠸᠢᠰ ᠫᠷᠤᠭ᠍ᠷᠠᠮ ᠢ ᠬᠡᠷᠬᠢᠨ《 ᠨᠡᠷ᠎ᠡ ᠲᠥᠷᠥ ᠲᠠᠢ ᠡᠷᠬᠡ 》 ᠪᠠᠷ ᠬᠠᠮᠠᠭᠠᠯᠠᠬᠤ ᠠᠰᠠᠭᠤᠳᠠᠯ ᠢ | ᠦᠨᠳᠦᠰᠦᠨ ᠠᠴᠠ ᠨᠢ ᠰᠢᠶᠳᠪᠦᠷᠢᠯᠡᠵᠦ᠂ 《 ᠪᠤᠰᠤᠳ ᠡᠷᠬᠡ 》 ᠪᠠᠷ ᠪᠠᠲᠤᠯᠠᠨ ᠬᠠᠮᠠᠭᠠᠯᠠᠬᠤ ᠴᠢᠬᠤᠯᠠ ᠥᠬᠡᠶ | ᠪᠣᠯᠤᠨ᠎ᠠ ᠃ ᠡᠷᠬᠡᠲᠦ ᠬᠦᠮᠦᠨ ᠳᠤ ᠠᠪᠴᠣ ᠬᠡᠯᠡᠪᠡᠯ ᠣᠯᠠᠮ ᠠᠰᠢᠭᠲᠠᠢ ᠪᠣᠯᠣᠭᠰᠠᠨ ᠪᠠᠶᠢᠨ᠎ᠠ᠃ | | ᠲᠠᠪᠤ᠂ ᠬᠠᠮᠲᠤᠷᠠᠨ ᠵᠣᠬᠢᠶᠠᠭᠰᠠᠨ ᠪᠦᠲᠦᠭᠡᠯ ᠳᠠᠬᠢ ᠬᠡᠰᠡᠭ ᠡᠷᠬᠡᠲᠦ ᠬᠥᠮᠦᠨ ᠤ ᠡᠷᠬᠡ ᠪᠠᠨ ᠬᠡᠷᠡᠭᠵᠢᠭᠦᠯᠬᠦ | ᠡᠷᠬᠡ ᠶᠢᠨ ᠵᠠᠭᠠᠭ ᠢ ᠲᠣᠳᠣᠷᠬᠠᠶᠢᠯᠠᠵᠤ᠂ ᠪᠦᠲᠦᠭᠡᠯ ᠤᠨ ᠥᠷᠲᠡᠭ ᠢ ᠪᠡᠶᠡᠯᠡᠭᠦᠯᠬᠦ ᠡᠷᠴᠢᠮ ᠢ ᠴᠢᠩᠭᠠᠷᠠᠭᠤᠯᠵᠤ᠂ | ᠵᠣᠬᠢᠬᠤ ᠬᠡᠮᠵᠢᠶ᠎ᠡ ᠪᠠᠷ ᠨᠢᠭᠡ ᠪᠦᠯᠦᠭ ᠡᠷᠬᠡᠲᠦ ᠬᠥᠮᠦᠨ ᠤ ᠡᠷᠬᠡ ᠪᠠᠨ ᠬᠠᠮᠠᠭᠠᠯᠠᠬᠤ ᠬᠠᠷᠰᠢ ᠰᠠᠭᠠᠳ ᠢ ᠠᠷᠢᠯᠭᠠᠪᠠ | ᠃ | ᠬᠠᠮᠲᠤᠷᠠᠨ ᠵᠣᠬᠢᠶᠠᠭᠰᠠᠨ ᠪᠦᠲᠦᠭᠡᠯ ᠤᠨ ᠲᠤᠬᠠᠢ ᠮᠠᠨ ᠤ ᠤᠯᠤᠰ ᠤᠨ ᠣᠳᠣᠬᠢᠨ ᠳᠤ ᠬᠡᠷᠡᠭᠵᠢᠭᠦᠯᠵᠦ | ᠪᠠᠶᠢᠭ᠎ᠠ 《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ 》 ᠳᠤ ᠲᠣᠭᠲᠠᠭᠠᠭᠰᠠᠨ ᠬᠠᠤᠯᠢ ᠴᠠᠭᠠᠵᠠ ᠶᠢᠨ ᠪᠣᠳᠠᠲᠤ | ᠶᠠᠪᠤᠳᠠᠯ ᠤᠨ ᠳᠤᠮᠳᠠ ᠦᠷᠭᠦᠯᠵᠢ ᠭᠠᠷᠳᠠᠬ ᠠᠰᠠᠭᠤᠳᠠᠯ ᠪᠣᠯ ᠬᠠᠮᠲᠤᠷᠠᠨ ᠵᠣᠬᠢᠶᠠᠭᠰᠠᠨ ᠪᠦᠲᠦᠭᠡᠯ ᠤᠨ ᠠᠩᠬᠠᠨ ᠤ | ᠡᠷᠬᠡᠲᠦ ᠬᠥᠮᠦᠨ ᠤ ᠨᠢᠭᠡ ᠨᠢ ᠡᠷᠬᠡ ᠪᠠᠨ ᠬᠠᠮᠠᠭᠠᠯᠠᠭᠤᠯᠬᠤ ᠪᠠᠷ ᠵᠡᠭᠠᠯᠳᠦᠬᠤ ᠪᠠᠷ ᠤᠷᠦᠯᠳᠦᠭᠰᠡᠠ ᠳᠤ᠂ ᠪᠤᠰᠤᠳ | ᠬᠠᠮᠲᠤᠷᠠᠨ ᠵᠣᠬᠢᠶᠠᠭᠰᠠᠨ ᠪᠦᠲᠦᠭᠡᠯ ᠤᠨ ᠡᠷᠬᠡᠲᠦ ᠬᠥᠮᠦᠨ ᠲᠠᠢ ᠬᠠᠷᠢᠯᠴᠠᠬᠤ ᠶᠢᠨ ᠠᠷᠭ᠎ᠠ ᠤᠢᠭᠡᠢ ᠪᠤᠶᠤ ᠪᠤᠰᠤᠳ | ᠰᠢᠯᠲᠠᠭᠠᠨ ᠠᠴᠠ ᠪᠤᠯᠵᠦ ᠪᠤᠰᠤᠳ ᠬᠤᠷᠰᠢᠬᠰᠡᠠ ᠵᠣᠬᠢᠶᠠᠭᠴᠢ ᠶᠢᠨ ᠡᠷᠬᠡ ᠣᠯᠭᠤᠯᠲᠠ ᠶᠢ ᠣᠯᠵᠦ ᠶᠠᠳᠠᠭᠰᠠᠨ | ᠪᠠᠶᠢᠳᠠᠯ ᠳᠣᠣᠷ᠎ᠠ᠂ ᠲᠤᠰ ᠡᠷᠬᠡᠲᠦ ᠬᠥᠮᠦᠨ ᠨᠢ ᠡᠷᠬᠡ ᠪᠠᠨ ᠬᠠᠮᠠᠭᠠᠯᠠᠭᠤᠯᠬᠤ ᠪᠠᠷ ᠲᠤᠰᠠᠭᠠᠷ ᠵᠡᠭᠠᠯᠳᠦᠵᠦ ᠪᠣᠯᠬᠤ | ᠡᠰᠡᠬᠦ᠂ ᠡᠷᠬᠡ ᠪᠠᠨ ᠬᠠᠮᠠᠭᠠᠯᠠᠭᠠᠳ ᠣᠯᠤᠭᠰᠠᠨ ᠠᠰᠢᠭ ᠣᠯᠵᠠᠪᠤᠷᠢ ᠶᠢ ᠬᠡᠷᠬᠢᠨ ᠰᠢᠢᠳᠪᠦᠷᠢᠯᠡᠬᠦ ᠵᠠᠷᠭᠡ ᠠᠰᠠᠭᠤᠳᠠᠯ | ᠲᠣᠯᠭᠠᠷᠠᠵᠦ ᠪᠣᠢ᠃ ᠠᠳᠠᠯᠢ ᠪᠤᠰᠤ ᠰᠢᠭᠦᠬᠦ ᠬᠤᠷᠢᠶ᠎ᠠ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠰᠠᠨᠠᠯ ᠨᠢ | ᠵᠦᠷᠢᠶ᠎ᠡ ᠲᠠᠢ ᠪᠠᠶᠢᠳᠠᠭ᠃ ᠵᠠᠷᠢᠮ ᠰᠢᠭᠦᠬᠦ ᠬᠤᠷᠢᠶᠠᠨ ᠤ ᠬᠢᠬᠦ ᠠᠷᠭ᠎ᠠ ᠪᠣᠯ ᠪᠤᠰᠤᠳ ᠵᠣᠬᠢᠶᠠᠭᠴᠢ ᠶᠢ ᠵᠠᠷᠭᠤᠯᠳᠤᠭᠠᠨ | ᠳᠤ ᠣᠷᠣᠯᠴᠠᠭᠤᠯᠬᠤ ᠪᠠᠷ ᠮᠡᠳᠡᠭᠳᠡᠨ᠎ᠡ᠂ ᠬᠡᠷᠪᠡ ᠮᠡᠳᠡᠭᠳᠡᠭᠰᠡᠨ ᠵᠣᠬᠢᠶᠠᠭᠴᠢ ᠪᠡᠶᠡᠲᠦ ᠡᠷᠬᠡ ᠪᠠᠨ ᠬᠠᠶᠠᠬᠤ ᠪᠠᠷ | ᠲᠣᠳᠣᠷᠬᠠᠢ ᠢᠯᠡᠷᠬᠡᠶᠢᠯᠡᠭᠰᠡᠨ ᠪᠠᠶᠢᠪᠠᠯ ᠵᠠᠭᠠᠯᠳᠤᠭᠴᠢ ᠪᠣᠯᠬᠤ ᠦᠭᠡᠢ ᠪᠠᠶᠢᠵᠤ ᠪᠣᠯᠤᠨ᠎ᠠ ᠃ ᠪᠠᠰᠠ ᠵᠠᠷᠢᠮ ᠰᠢᠭᠦᠬᠦ | ᠬᠤᠷᠢᠶ᠎ᠠ ᠬᠤᠷᠰᠢᠬᠴᠢ ᠨᠢ ᠲᠤᠰᠠᠭᠠᠷ ᠵᠠᠭᠠᠯᠳᠤᠯᠭ᠎ᠠ ᠭᠠᠷᠭᠠᠵᠤ ᠵᠠᠷᠭᠤ ᠭᠤᠶᠤᠴᠢᠯᠠᠬᠤ ᠡᠷᠬᠡ ᠲᠠᠢ ᠪᠠᠶᠢᠵᠤ ᠪᠣᠯᠤᠨ᠎ᠠ | ᠭᠡᠵᠦ ᠦᠵᠡᠵᠦ᠂ ᠬᠤᠷᠰᠢᠬᠴᠢ ᠨᠢ ᠡᠷᠬᠡᠪᠰᠢ ᠬᠠᠮᠲᠤ ᠵᠠᠷᠭᠤᠯᠳᠤᠬᠤ ᠲᠦᠷᠢᠮ ᠤᠨ ᠱᠠᠭᠠᠷᠳᠠᠯᠭ᠎ᠠ ᠶᠣᠰᠣᠭᠠᠷ ᠵᠠᠷᠭᠤ | ᠳᠤ ᠣᠷᠣᠯᠴᠠᠬᠤ ᠬᠡᠷᠡᠭᠲᠡᠢ ᠭᠡᠵᠦ ᠱᠠᠭᠠᠷᠳᠠᠭᠰᠠᠨ ᠦᠭᠡᠢ ᠶᠤᠮ ᠃ | ᠲᠣᠰ ᠤᠳᠠᠭ᠎ᠠ ᠰᠢᠨ᠎ᠡ ᠪᠠᠷ ᠵᠠᠰᠠᠪᠤᠷᠢ ᠣᠷᠣᠭᠤᠯᠤᠭᠰᠠᠨ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ | 》 ᠳᠤ ᠮᠠᠨ ᠤ ᠤᠯᠤᠰ ᠤᠨ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ ᠶᠢᠨ ᠬᠡᠷᠡᠭᠵᠢᠭᠦᠯᠬᠦ ᠲᠦᠷᠢᠮ 》 ᠳᠤ | ᠲᠣᠭᠲᠠᠭᠠᠭᠰᠠᠨ ᠬᠤᠷᠰᠢᠭᠰᠠᠨ ᠵᠣᠬᠢᠶᠠᠭᠴᠢ ᠶᠢᠨ ᠠᠰᠢᠭ ᠣᠷᠣᠯᠭ᠎ᠠ ᠶᠢ ᠵᠦᠶ ᠵᠣᠬᠢᠰᠲᠠᠶ ᠬᠤᠪᠢᠶᠠᠷᠢᠯᠠᠬᠤ ᠵᠦᠶᠯ | ᠵᠤᠷᠪᠤᠰ ᠲᠤ ᠣᠷᠣᠭᠤᠯᠤᠭᠰᠠᠨ ᠪᠥᠭᠡᠳ ᠲᠣᠳᠣᠷᠬᠠᠶ ᠲᠣᠭᠲᠠᠭᠠᠪᠠ᠂ ᠵᠣᠬᠢᠶᠠᠭᠴᠢ ᠶᠢᠨ ᠦᠵᠡᠬᠦ ᠪᠠᠷ᠂ ᠢᠷᠡᠭᠡᠳᠦᠶ | ᠶᠢᠨ ᠬᠠᠤᠯᠢ ᠪᠠᠷᠢᠬᠤ ᠪᠣᠳᠠᠲᠤ ᠶᠠᠪᠤᠳᠠᠯ ᠤᠨ ᠳᠤᠮᠳᠠ ᠳᠡᠭᠡᠷᠡᠬᠢ ᠳᠤᠷᠠᠳᠤᠭᠰᠠᠨ ᠬᠤᠶᠠᠳᠤᠭᠠᠷ ᠵᠦᠶᠯ ᠤᠨ | ᠰᠢᠶᠳᠪᠦᠷᠢᠯᠡᠬᠦ ᠠᠷᠭ᠎ᠠ ᠮᠠᠶ᠋ᠢᠭ ᠢ ᠨᠠᠩ ᠢᠯᠡᠭᠦᠦ ᠳᠡᠮᠵᠢᠵᠦ᠂ ᠵᠠᠷᠭᠤ ᠶᠢᠨ ᠡᠬᠢ ᠪᠠᠶᠠᠯᠢᠭ ᠢ ᠠᠷᠪᠢᠯᠠᠨ᠂ ᠪᠦᠲᠦᠭᠡᠯ | ᠤᠨ《 ᠥᠷᠲᠡᠭ 》 ᠤᠨ ᠪᠡᠶᠡᠯᠡᠭᠳᠡᠬᠦ ᠶᠢ ᠠᠬᠢᠭᠤᠯᠵᠤ᠂ ᠬᠡᠰᠡᠭ ᠡᠷᠬᠡᠲᠦ ᠬᠥᠮᠦᠨ ᠤ ᠡᠷᠬᠡ ᠪᠠᠨ ᠬᠠᠮᠠᠭᠠᠯᠠᠬᠤ | ᠬᠠᠷᠰᠢ ᠰᠠᠭᠠᠳ ᠢ ᠠᠷᠢᠯᠭᠠᠵᠤ ᠮᠡᠳᠡᠨ᠎ᠡ᠃ ᠤᠴᠢᠷ ᠨᠢ ᠰᠢᠨ᠎ᠡ ᠪᠠᠷ ᠵᠠᠰᠠᠪᠤᠷᠢ ᠣᠷᠣᠭᠤᠯᠤᠭᠰᠠᠨ《 ᠵᠣᠬᠢᠶᠠᠯ | ᠪᠦᠲᠦᠭᠡᠯ ᠤᠨ ᠡᠷᠬᠡ ᠶᠢᠨ ᠬᠠᠤᠯᠢ 》 ᠶᠢᠨ ᠲᠣᠭᠲᠠᠭᠠᠯ ᠢ ᠦᠨᠳᠦᠰᠦᠯᠡᠪᠡᠯ᠂ ᠭᠠᠭᠴᠠ ᠲᠠᠯ᠎ᠠ ᠶᠢᠨ ᠬᠤᠷᠰᠢᠭᠰᠠᠨ | ᠪᠦᠲᠦᠭᠡᠯ ᠤᠨ ᠡᠷᠬᠡᠲᠦ ᠬᠥᠮᠦᠨ ᠤ ᠡᠷᠬᠡ ᠪᠠᠨ ᠬᠡᠷᠡᠭᠵᠢᠭᠦᠯᠬᠦ ᠶᠢᠨ ᠬᠢᠵᠠᠭᠠᠷᠯᠠᠯ ᠢ ᠠᠷᠢᠯᠭᠠᠬᠤ ᠨᠢ ᠵᠥᠪᠬᠡᠨ | ᠰᠢᠯᠵᠢᠭᠦᠯᠦᠨ ᠥᠭᠬᠦ᠂ ᠪᠤᠰᠤᠳ ᠤᠨ ᠲᠤᠰᠬᠠᠶ ᠬᠡᠷᠡᠭᠯᠡᠬᠦ ᠵᠢᠴᠢ ᠳᠠᠨᠵᠢᠯᠠᠭ᠎ᠠ ᠶᠢ ᠵᠥᠪᠰᠢᠶᠡᠷᠡᠬᠦ ᠶᠢᠨ ᠲᠥᠯᠥᠭᠡ ᠶᠤᠮ | ᠂ ᠦᠨᠳᠦᠰᠦᠨ ᠰᠢᠯᠲᠠᠭᠠᠨ ᠨᠢ ᠡᠨᠡ ᠬᠡᠳᠦᠨ ᠵᠦᠢᠯ ᠤᠨ ᠡᠷᠬᠡ ᠶᠢ ᠰᠢᠶᠳᠪᠦᠷᠢᠯᠡᠬᠦ ᠠᠷᠭ᠎ᠠ ᠮᠠᠶ᠋ᠢᠭ ᠨᠢ ᠮᠥᠨ ᠴᠢᠨᠠᠷ | ᠳᠡᠭᠡᠷ᠎ᠡ ᠪᠠᠨ ᠪᠤᠰᠤᠳ ᠬᠤᠷᠰᠢᠭᠰᠠᠨ ᠪᠦᠲᠦᠭᠡᠯ ᠤᠨ ᠡᠷᠬᠡᠲᠦ ᠬᠥᠮᠦᠨ ᠤ ᠡᠷᠬᠡ ᠶᠢᠨ ᠦᠷᠳᠡᠭ ᠢᠶᠠᠨ ᠬᠡᠷᠡᠭᠵᠢᠭᠦᠯᠬᠦ | ᠶᠢ ᠨᠥᠯᠥᠭᠡᠯᠡᠬᠦ ᠪᠤᠶᠤ ᠬᠡᠰᠡᠭ ᠡᠷᠬᠡᠲᠦ ᠬᠥᠮᠦᠨ ᠤ ᠪᠦᠲᠦᠭᠡᠯ ᠢ《 ᠡᠵᠡᠮᠳᠡᠬᠦ ᠡᠷᠬᠡ 》 ᠶᠢ ᠰᠢᠭᠤᠳ ᠠᠯᠳᠠᠭᠤᠯᠬᠤ | ᠳᠤ ᠣᠷᠣᠰᠢᠨ᠎ᠠ᠃ ᠭᠡᠪᠡᠴᠦ ᠪᠦᠲᠦᠭᠡᠯ ᠨᠢ ᠬᠠᠯᠳᠠᠯᠭ᠎ᠠ ᠳᠤ ᠤᠴᠠᠷᠠᠭᠰᠠᠨ ᠤ ᠳᠠᠷᠠᠭᠠᠬᠢ ᠡᠷᠬᠡ ᠪᠠᠨ ᠬᠠᠮᠠᠭᠠᠯᠠᠬᠤ | ᠶᠠᠪᠤᠳᠠᠯ ᠪᠣᠯ ᠮᠥᠨ ᠴᠢᠨᠠᠷ ᠳᠡᠭᠡᠷ᠎ᠡ ᠪᠠᠨ ᠪᠦᠲᠦᠭᠡᠯ ᠤᠨ ᠡᠷᠬᠡ ᠶᠢ ᠬᠠᠮᠠᠭᠠᠯᠠᠬᠤ ᠵᠢᠴᠢ《 ᠤᠢᠷᠳᠡᠭ 》 ᠤᠨ | ᠨᠥᠬᠦᠪᠥᠷᠢ ᠥᠭᠬᠦ ᠠᠵᠢᠯᠯᠠᠭ᠎ᠠ ᠮᠥᠨ᠂ ᠬᠤᠯᠪᠣᠭᠳᠠᠯ ᠪᠦᠬᠦᠢ ᠠᠰᠢᠭ ᠣᠷᠣᠯᠭ᠎ᠠ ᠨᠢ ᠬᠤᠪᠢᠶᠠᠷᠢᠯᠠᠵᠤ ᠪᠣᠯᠬᠤ ᠴᠢᠨᠠᠷ | ᠲᠠᠢ ᠪᠠᠶᠢᠳᠠᠭ ᠪᠥᠭᠡᠳ ᠪᠦᠲᠦᠭᠡᠯ ᠤᠨ 《 ᠡᠵᠡᠮᠰᠢᠬᠦ ᠡᠷᠬᠡ 》 ᠶᠢ ᠰᠢᠭᠤᠳ ᠠᠯᠳᠠᠭᠤᠯᠬᠤ ᠤᠢᠭᠡᠢ ᠪᠠᠶᠢᠳᠠᠭ ᠃ | ᠡᠶᠢᠮᠦ ᠠᠴᠠ ᠬᠠᠤᠯᠢ ᠲᠣᠭᠲᠠᠭᠠᠬᠤ ᠵᠣᠷᠢᠭ ᠰᠠᠨᠠᠭᠠᠨ ᠤ ᠲᠠᠯ᠎ᠠ ᠠᠴᠠ ᠠᠪᠴᠤ ᠦᠵᠡᠭᠰᠡᠨ ᠴᠦ ᠪᠣᠯᠬᠤ ᠶᠤᠮ ᠃ | ᠵᠢᠷᠭᠤᠭ᠎ᠠ ᠂ ᠬᠠᠷᠠᠭ᠎ᠠ ᠰᠣᠨᠣᠷ ᠤᠨ ᠪᠦᠲᠦᠭᠡᠯ ᠳᠠᠬᠢ ᠺᠢᠨᠣ᠋ ᠶᠢᠨ ᠪᠦᠲᠦᠭᠡᠯ᠂ ᠲᠧᠯᠸᠢᠰ ᠵᠦᠴᠦᠭᠡ ᠶᠢᠨ | ᠪᠦᠲᠦᠭᠡᠯ ᠤᠨ ᠬᠠᠤᠯᠢ ᠪᠠᠷ ᠲᠣᠭᠲᠠᠭᠠᠭᠰᠠᠨ ᠵᠣᠬᠢᠶᠠᠯ ᠪᠦᠲᠦᠭᠡᠯ ᠤᠨ ᠡᠷᠬᠡᠲᠦ ᠬᠥᠮᠦᠨ《 ᠺᠢᠨᠣ᠋ ᠦᠢᠯᠡᠳᠦᠭᠴᠢ | 》 ᠠᠴᠠ《 ᠦᠢᠯᠡᠳᠦᠭᠴᠢ 》ᠪᠤᠯᠵᠤ ᠬᠤᠪᠢᠷᠠᠭᠰᠠᠨ ᠨᠢ ᠠᠵᠢᠯ ᠲᠦᠷᠦᠯ ᠤᠨ ᠪᠣᠳᠠᠲᠤ ᠪᠠᠶᠢᠳᠠᠯ ᠲᠠᠢ ᠨᠡᠩ | ᠢᠯᠡᠭᠦᠦ ᠨᠡᠶᠢᠴᠡᠵᠦ ᠪᠠᠶᠢᠨ᠎ᠠ ᠃ | ᠮᠠᠨ ᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ | 》 ᠶᠢᠨ ᠠᠷᠪᠠᠨ ᠲᠠᠪᠤᠳᠤᠭᠠᠷ ᠵᠦᠢᠯ ᠳᠤ 《 ᠺᠢᠨᠣ᠋ ᠦᠢᠯᠡᠳᠦᠭᠴᠢ 》 ᠨᠢ ᠺᠢᠨᠣ᠋ ᠶᠢᠨ ᠪᠦᠲᠦᠭᠡᠯ᠂ ᠺᠢᠨᠣ᠋ ᠲᠠᠢ | ᠠᠳᠠᠯᠢᠪᠲᠣᠷ ᠪᠦᠲᠦᠭᠡᠯ ᠤᠨ ᠵᠣᠬᠢᠶᠠᠯ ᠪᠦᠲᠦᠭᠡᠯ ᠤᠨ ᠡᠷᠬᠡ ᠶᠢ ᠡᠳ᠋ᠯᠡᠨ᠎ᠡ ᠭᠡᠵᠦ ᠲᠣᠭᠲᠠᠭᠠᠵᠠᠢ ᠃ ᠭᠡᠪᠡᠴᠦ ᠬᠠᠤᠯᠢ | ᠬᠡᠷᠡᠭᠵᠢᠭᠦᠯᠬᠦ ᠦᠢᠯᠡᠳᠦᠯᠭᠡ ᠶᠢᠨ ᠳᠤᠮᠳᠠ᠂ ᠺᠢᠨᠣ᠋ ᠦᠢᠯᠡᠳᠦᠭᠴᠢ ᠶᠢ ᠬᠡᠷᠬᠢᠨ ᠨᠣᠲᠠᠯᠠᠬᠤ ᠨᠢ ᠮᠥᠨ ᠯᠡ ᠠᠮᠠᠷᠬᠠᠨ | ᠮᠠᠷᠭᠤᠭᠠᠨ ᠡᠭᠦᠰᠭᠡᠬᠦ ᠠᠰᠠᠭᠤᠳᠠᠯ ᠪᠣᠯᠤᠨ᠎ᠠ ᠃ ᠨᠢᠭᠡ ᠲᠠᠯ᠎ᠠ ᠪᠠᠷ ᠨᠡᠶᠢᠭᠡᠮ ᠨᠡᠶᠢᠲᠡ ᠪᠠᠷ ᠢᠶᠠᠨ《 ᠺᠢᠨᠣ᠋ | ᠦᠢᠯᠡᠳᠦᠭᠴᠢ 》ᠪᠠ ᠺᠢᠨᠣ᠋ ᠲᠧᠯᠸᠢᠰ ᠤᠨ ᠠᠵᠤ ᠦᠢᠯᠡᠳᠪᠦᠷᠢ ᠶᠢᠨ《 ᠺᠢᠨᠣ᠋ ᠦᠢᠯᠡᠳᠦᠭᠴᠢ 》 ᠶᠢ ᠠᠮᠠᠷᠬᠠᠨ | ᠬᠤᠳᠬᠤᠯᠳᠤᠭᠤᠯᠳᠠᠭ᠃ ᠦᠨᠡᠨ ᠳᠡᠭᠡᠨ᠂ ᠣᠳᠣᠬᠠᠨ ᠤ ᠺᠢᠨᠣ᠋ ᠲᠧᠯᠸᠢᠰ ᠤᠨ ᠠᠵᠢᠯ ᠲᠦᠷᠦᠯ ᠳᠤ᠂ ᠺᠢᠨᠣ᠋ | ᠦᠢᠯᠡᠳᠦᠭᠴᠢ ᠨᠢ ᠵᠥᠪᠬᠡᠨ ᠺᠢᠨᠣ᠋ ᠲᠧᠯᠸᠢᠰ ᠤᠨ ᠠᠵᠤ ᠦᠢᠯᠡᠳᠪᠦᠷᠢ ᠳᠠᠬᠢ ᠨᠢᠭᠡ ᠯᠡ ᠲᠤᠰᠢᠶᠠᠯ ᠤᠨ ᠪᠠᠶᠢᠷᠢ | ᠪᠠᠶᠢᠵᠤ᠂ ᠶᠡᠷᠦ ᠳᠡᠭᠡᠨ ᠪᠣᠳᠠᠲᠠᠶ ᠪᠠᠶᠢᠭᠠᠯᠢ ᠬᠥᠮᠦᠨ ᠢᠶᠠᠷ ᠬᠠᠷᠢᠭᠤᠴᠠᠭᠤᠯᠳᠠᠭ ᠪᠣᠯᠬᠤᠷ᠂ ᠬᠠᠤᠯᠢ ᠲᠣᠭᠲᠠᠭᠠᠯᠲᠠ | ᠳᠤ ᠲᠣᠭᠲᠠᠭᠠᠭᠰᠠᠨ《 ᠺᠢᠨᠣ᠋ ᠦᠢᠯᠡᠳᠦᠭᠴᠢ 》 ᠲᠠᠢ ᠠᠳᠠᠯᠢ ᠤᠬᠠᠭᠳᠠᠬᠤᠨ ᠪᠢᠰᠢ ᠶᠤᠮ ᠃ ᠨᠦᠬᠦᠭᠡ ᠲᠠᠯ᠎ᠠ ᠪᠠᠷ᠂ | ᠮᠠᠨ ᠤ ᠤᠯᠤᠰ ᠤᠨ ᠺᠢᠨᠣ᠋ ᠲᠧᠯᠸᠢᠰ ᠤᠨ ᠠᠵᠢᠯ ᠲᠦᠷᠦᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠤᠯᠢ | ᠴᠠᠭᠠᠵᠠ ᠬᠠᠤᠯᠢ ᠲᠣᠭᠲᠠᠭᠠᠯ ᠮᠠᠰᠢ ᠤᠯᠠᠨ ᠪᠠᠶᠢᠵᠤ᠂《 ᠺᠢᠨᠣ᠋ ᠦᠢᠯᠡᠳᠦᠭᠴᠢ 》 ᠶᠢ ᠪᠠᠰᠠ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠳᠠᠬᠢ 《 ᠺᠢᠨᠣ᠋ ᠦᠢᠯᠡᠳᠬᠦ ᠨᠢᠭᠡᠴᠢ 》ᠵᠡᠷᠭᠡ ᠤᠬᠠᠭᠳᠠᠬᠤᠨ ᠲᠠᠢ ᠠᠮᠠᠷᠬᠠᠨ | ᠬᠤᠳᠬᠤᠯᠳᠤᠭᠤᠯᠳᠠᠭ ᠃ ᠺᠢᠨᠣ᠋ ᠲᠧᠯᠸᠢᠰ ᠤᠨ ᠠᠵᠢᠯ ᠲᠥᠷᠥᠯ ᠳᠤ᠂ ᠺᠢᠨᠣ᠋ ᠶᠢᠨ ᠪᠦᠬᠦᠶᠢᠯᠡ ᠦᠶᠯᠡᠳᠴᠦ | ᠲᠠᠷᠬᠠᠭᠠᠬᠤ ᠬᠤᠯᠪᠣᠭᠳᠠᠯ ᠪᠥᠬᠦᠶ ᠭᠤᠤᠯ ᠴᠣᠭᠴᠠ ᠳᠤ ᠨᠠᠭᠠᠳᠤ ᠵᠠᠬ᠎ᠠ ᠳᠠᠭᠠᠨ《 ᠺᠢᠨᠣ᠋ ᠦᠶᠯᠡᠳᠬᠦ ᠨᠢᠭᠡᠴᠢ 》᠂ | 《 ᠰᠡᠭᠦᠳᠡᠷᠯᠡᠨ ᠦᠶᠯᠡᠳᠬᠦ ᠨᠢᠭᠡᠴᠢ 》᠂ 《 ᠬᠠᠮᠲᠤᠷᠠᠨ ᠰᠡᠭᠦᠳᠡᠷᠯᠡᠨ ᠦᠶᠯᠡᠳᠬᠦ ᠨᠢᠭᠡᠴᠢ 》᠂ 《 | ᠦᠶᠯᠡᠳᠬᠦᠨ ᠦᠶᠯᠡᠳᠬᠦ ᠨᠢᠭᠡᠴᠢ 》᠂ 《 ᠦᠶᠯᠡᠳᠬᠦᠨ ᠦᠶᠯᠡᠳᠦᠭᠴᠢ 》᠂ 《 ᠬᠠᠮᠲᠤᠷᠠᠭᠰᠠᠨ ᠹᠢᠯᠢᠮ | ᠦᠶᠯᠡᠳᠦᠭᠴᠢ 》᠂ 《 ᠶᠡᠷᠦᠩᠬᠡᠶ ᠹᠢᠯᠢᠮ ᠦᠶᠯᠡᠳᠦᠭᠴᠢ 》᠂ 《 ᠬᠠᠮᠲᠤᠷᠠᠨ ᠰᠡᠭᠦᠳᠡᠷᠯᠡᠬᠦ ᠨᠢᠭᠡᠴᠢ 》 | ᠵᠡᠷᠭᠡ ᠪᠠᠭᠲᠠᠵᠤ᠂ ᠵᠠᠷᠢᠮ ᠳᠤᠨᠢ ᠪᠠᠰᠠ《 ᠢᠷᠠᠭᠤ ᠠᠯᠳᠠᠷᠲᠤ ᠦᠶᠯᠡᠳᠬᠦᠨ ᠦᠶᠯᠡᠳᠦᠭᠴᠢ 》ᠵᠡᠷᠭᠡ ᠪᠠᠭᠲᠠᠵᠤ | ᠪᠠᠶᠢᠨ᠎ᠠ ᠃ ᠣᠯᠠᠨ ᠲᠥᠷᠥᠯ ᠵᠦᠢᠯ ᠢᠶᠠᠷ ᠡᠯ᠎ᠡ ᠪᠡᠶᠡᠴᠢ ᠴᠣᠭᠴᠠ ᠶᠢᠨ ᠣᠷᠣᠯᠴᠠᠭᠰᠠᠨ ᠨᠢ ᠺᠢᠨᠣ᠋ ᠶᠢᠨ ᠪᠦᠲᠦᠭᠡᠯ᠂ | ᠲᠧᠯᠸᠢᠰ ᠵᠦᠴᠦᠭᠡ ᠶᠢᠨ ᠪᠦᠲᠦᠭᠡᠯ ᠤᠨ ᠨᠡᠷ᠎ᠡ ᠪᠢᠴᠢᠬᠦ ᠡᠷᠬᠡ ᠶᠢᠨ ᠵᠢᠭᠤᠷᠠᠯᠳᠤᠭᠠᠨ ᠢ ᠠᠮᠠᠷᠬᠠᠨ ᠡᠭᠦᠰᠭᠡᠬᠦ ᠪᠠᠷ | ᠪᠠᠷᠠᠬᠤ ᠦᠭᠡᠶ᠂ ᠪᠠᠰᠠ《 ᠡᠷᠬᠡ ᠪᠠᠨ ᠬᠠᠮᠠᠭᠠᠯᠠᠬᠤ ᠪᠡᠶᠡᠴᠢ ᠴᠣᠭᠴᠠ 》 ᠶᠢᠨ ᠬᠠᠤᠯᠢ ᠴᠠᠭᠠᠵᠠ ᠶᠢᠨ ᠨᠤᠲᠠᠯᠠᠯᠲᠠ | ᠳᠤ《 ᠶᠠᠷᠢᠯᠴᠠᠬᠤ 》ᠣᠷᠣᠨ ᠵᠠᠶ ᠦᠯᠡᠳᠡᠭᠡᠵᠦ᠂ ᠬᠠᠤᠯᠢ ᠴᠠᠭᠠᠵᠠ ᠶᠢᠨ ᠲᠣᠭᠲᠠᠭᠠᠯ ᠨᠢ ᠬᠤᠳᠠᠯᠳᠤᠭᠠᠨ ᠤ | ᠦᠢᠯᠡᠳᠦᠯᠭᠡ ᠠᠴᠠ ᠵᠣᠬᠢᠬᠤ ᠬᠡᠮᠵᠢᠶ᠎ᠡ ᠪᠠᠷ ᠰᠠᠯᠤᠩᠭᠢᠷᠠᠭᠰᠠᠨ ᠢ ᠪᠤᠰᠤᠳᠴᠢ ᠪᠠᠷ ᠲᠤᠰᠬᠠᠳᠠᠭ ᠃ | ᠲᠤᠰ ᠤᠳᠠᠭ᠎ᠠ ᠰᠢᠨ᠎ᠡ ᠪᠠᠷ ᠵᠠᠰᠠᠪᠤᠷᠢ ᠣᠷᠣᠭᠤᠯᠤᠭᠰᠠᠨ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ | 》 ᠳᠤ《 ᠹᠢᠯᠢᠮ ᠦᠢᠯᠡᠳᠦᠭᠴᠢ 》 ᠶᠢ《 ᠦᠢᠯᠡᠳᠦᠭᠴᠢ 》ᠭᠡᠵᠦ ᠵᠠᠰᠠᠪᠠ᠂ ᠡᠨᠡ ᠨᠢ ᠵᠣᠬᠢᠶᠠᠯ ᠪᠦᠲᠦᠭᠡᠯ ᠤᠨ | ᠡᠷᠬᠡ ᠶᠢᠨ ᠬᠠᠤᠯᠢ ᠶᠢᠨ ᠬᠠᠤᠯᠢ ᠲᠣᠭᠲᠠᠭᠠᠬᠤ ᠵᠠᠷᠴᠢᠮ᠂ ᠬᠠᠤᠯᠢ ᠬᠡᠷᠡᠭᠵᠢᠭᠦᠯᠬᠦ ᠦᠢᠯᠡᠳᠦᠯᠭᠡ ᠪᠠ ᠠᠵᠢᠯ ᠲᠦᠷᠦᠯ | ᠤᠨ ᠪᠣᠳᠠᠲᠤ ᠪᠠᠶᠢᠳᠠᠯ ᠲᠠᠢ ᠨᠡᠶᠢᠴᠡᠵᠦ ᠪᠠᠶᠢᠬᠤ ᠮᠥᠷᠲᠡᠭᠡᠨ ᠪᠠᠰᠠ ᠤᠯᠠᠨ ᠨᠡᠶᠢᠲᠡ ᠶᠢᠨ ᠰᠠᠶᠢᠨ ᠮᠡᠳᠡᠳᠡᠭ《 | ᠹᠢᠯᠢᠮ ᠦᠢᠯᠡᠳᠦᠭᠴᠢ 》 ᠲᠠᠢ ᠢᠯᠭᠠᠵᠤ᠂ ᠣᠳᠣᠬᠠᠨ ᠤ ᠬᠠᠤᠯᠢ ᠬᠡᠷᠡᠭᠵᠢᠭᠦᠯᠬᠦ ᠦᠢᠯᠡᠳᠦᠯᠭᠡ ᠶᠢᠨ ᠮᠠᠭᠠᠳᠯᠠᠨ | ᠲᠣᠭᠲᠠᠭᠠᠬᠤ ᠪᠠᠷᠢᠮᠵᠢᠶ᠎ᠠ ᠶᠢ ᠨᠤᠲᠠᠯᠠᠭᠰᠠᠨ ᠮᠥᠷᠲᠡᠭᠡᠨ ᠪᠠᠰᠠ ᠢᠷᠡᠭᠡᠳᠦᠢ ᠶᠢᠨ ᠠᠵᠢᠯ ᠲᠦᠷᠦᠯ ᠤᠨ ᠬᠥᠭᠵᠢᠯᠲᠡ | ᠳᠤ ᠭᠦᠢᠴᠡᠳ ᠣᠷᠣᠨ ᠵᠠᠢ ᠦᠯᠡᠳᠡᠭᠡᠭᠰᠡᠨ ᠪᠠᠶᠢᠨ᠎ᠠ ᠃ | | ᠲᠤᠯᠤᠭ᠎ᠠ ᠂ ᠵᠦᠢ ᠵᠣᠬᠢᠰᠲᠠᠢ ᠪᠠᠷ ᠬᠡᠷᠡᠭᠯᠡᠬᠦ ᠡᠷᠬᠡ ᠶᠢᠨ ᠬᠢᠵᠠᠭᠠᠷᠯᠠᠯ ᠳᠤ ᠮᠠᠭᠠᠳᠯᠠᠬᠤ ᠪᠠᠷᠢᠮᠵᠢᠶ᠎ᠠ ᠶᠢ | ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠵᠠᠷᠴᠢᠮ ᠤᠨ ᠴᠢᠨᠠᠷᠲᠠᠢ ᠵᠦᠢᠯ ᠵᠤᠷᠪᠤᠰ ᠪᠣᠯᠭᠠᠵᠤ ᠪᠣᠯᠬᠤ ᠡᠰᠡᠬᠦ | ᠪᠠ ᠬᠠᠤᠯᠢ ᠬᠡᠷᠡᠭᠵᠢᠭᠦᠯᠬᠦ ᠦᠢᠯᠡᠳᠦᠯᠭᠡ ᠶᠢ ᠵᠢᠯᠣᠭᠤᠳᠤᠨ ᠪᠣᠳᠠᠲᠠᠢ ᠵᠦᠢᠯ ᠵᠤᠷᠪᠤᠰ ᠤᠨ ᠲᠣᠭᠲᠠᠭᠠᠯ ᠠᠴᠠ | ᠳᠠᠪᠠᠭᠤᠯᠵᠤ ᠪᠣᠯᠬᠤ ᠡᠰᠡᠬᠦ ᠶᠢ ᠬᠠᠷᠠᠬᠠᠨ ᠬᠠᠤᠯᠢ ᠬᠡᠷᠡᠭᠵᠢᠭᠦᠯᠬᠦ ᠦᠢᠯᠡᠳᠦᠯᠭᠡ ᠶᠢᠨ ᠣᠨᠴᠠᠭᠠᠢ ᠬᠡᠷᠡᠭ ᠲᠤ | ᠲᠣᠳᠣᠷᠬᠠᠶᠢᠯᠠᠬᠤ ᠴᠢᠬᠤᠯᠠᠲᠠᠢ ᠪᠠᠶᠢᠨ᠎ᠠ ᠃ | ᠮᠠᠨ ᠤ ᠤᠯᠤᠰ ᠤᠨ ᠣᠳᠣᠬᠢᠨ ᠳᠤ ᠬᠡᠷᠡᠭᠵᠢᠭᠦᠯᠵᠦ ᠪᠠᠶᠢᠭ᠎ᠠ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ | 》 ᠳᠤ ᠵᠦᠢ ᠵᠣᠬᠢᠰᠲᠠᠢ ᠬᠡᠷᠡᠭᠯᠡᠬᠦ ᠲᠤᠬᠠᠢ ᠲᠣᠭᠲᠠᠭᠠᠯ ᠳᠤ ᠬᠠᠤᠯᠢ ᠪᠠᠷ ᠲᠣᠭᠲᠠᠭᠠᠭᠰᠠᠨ ᠦᠵᠡᠯ ᠢ ᠬᠡᠷᠡᠭᠯᠡᠵᠦ᠂ | ᠪᠦᠷᠢᠮᠦᠰᠦᠨ ᠪᠢᠲᠡᠭᠦᠮᠵᠢᠯᠡᠬᠦ ᠮᠠᠶ᠋ᠢᠭ ᠤᠨ ᠬᠠᠤᠯᠢ ᠲᠣᠭᠲᠠᠭᠠᠬᠤ ᠮᠡᠷᠭᠡᠵᠢᠯ ᠢ ᠬᠡᠷᠡᠭᠯᠡᠵᠦ ᠪᠠᠶᠢᠨ᠎ᠠ᠂ ᠡᠭᠦᠨ ᠳᠤ | ᠲᠣᠳᠣᠷᠬᠠᠢ ᠵᠢᠭᠰᠠᠭᠠᠭᠰᠠᠨ ᠬᠠᠤᠯᠢ ᠪᠠᠷ ᠲᠣᠭᠲᠠᠭᠠᠭᠰᠠᠨ ᠬᠡᠷᠡᠭᠯᠡᠬᠦ ᠪᠠᠶᠢᠳᠠᠯ ᠠᠴᠠ ᠭᠠᠳᠠᠨ᠎ᠠ᠂ ᠵᠣᠬᠢᠶᠠᠯ ᠪᠦᠲᠦᠭᠡᠯ | ᠤᠨ ᠡᠷᠬᠡ ᠶᠢ ᠬᠡᠷᠡᠭᠯᠡᠬᠦ ᠲᠤᠬᠠᠢ ᠪᠤᠰᠤᠳ ᠪᠠᠶᠢᠳᠠᠯ ᠳᠤ ᠴᠥᠮ ᠵᠥᠪᠰᠢᠶᠡᠷᠡᠯ ᠣᠯᠬᠤ ᠶᠢᠨ ᠬᠠᠮᠲᠤ ᠬᠠᠷᠠᠮᠵᠢ | ᠣᠯᠭᠤᠬᠤ ᠴᠢᠬᠤᠯᠠᠲᠠᠢ ᠃ ᠡᠷᠬᠡᠲᠦ ᠬᠥᠮᠦᠨ ᠢ ᠬᠠᠮᠠᠭᠠᠯᠠᠬᠤ ᠶᠢ ᠴᠢᠬᠤᠯᠠᠴᠢᠯᠠᠭᠰᠠᠨ ᠤ ᠬᠠᠮᠲᠤ᠂ ᠡᠶᠢᠮᠦᠷᠬᠦᠦ | ᠴᠢᠩᠭ᠎ᠠ ᠬᠢᠵᠠᠭᠠᠷᠯᠠᠨ ᠲᠣᠭᠲᠠᠭᠠᠭᠰᠠᠨ ᠬᠠᠤᠯᠢ ᠲᠣᠭᠲᠠᠭᠠᠬᠤ ᠵᠠᠭᠪᠤᠷ ᠨᠢ ᠣᠨᠴᠠ ᠵᠠᠷᠢᠮ ᠪᠠᠶᠢᠳᠠᠯ ᠤᠨ ᠳᠣᠣᠷ᠎ᠠ | ᠪᠠᠰᠠ ᠬᠠᠤᠯᠢ ᠬᠡᠷᠡᠭᠵᠢᠭᠦᠯᠬᠦ ᠦᠢᠯᠡᠳᠦᠯᠭᠡ ᠲᠠᠢ ᠮᠥᠷᠭᠦᠯᠳᠦᠭᠡᠨ ᠡᠭᠦᠰᠳᠡᠭ ᠃ ᠠᠷᠠᠳ ᠤᠨ ᠳᠡᠭᠡᠳᠦ ᠰᠢᠭᠦᠬᠦ | ᠬᠤᠷᠢᠶᠠᠨ ᠤ 2011 ᠣᠨ ᠤ 12 ᠰᠠᠷ᠎ᠠ ᠶᠢᠨ 16 ᠤ ᠡᠳᠦᠷ ᠨᠡᠶᠢᠲᠡᠯᠡᠭᠰᠡᠨ《 ᠮᠡᠳᠡᠯᠭᠡ ᠶᠢᠨ ᠦᠮᠴᠢᠯᠡᠯ ᠤᠨ | ᠡᠷᠬᠡ ᠶᠢᠨ ᠰᠢᠭᠦᠨ ᠲᠠᠰᠤᠯᠬᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠨᠡᠶᠢᠭᠡᠮ ᠵᠢᠷᠤᠮ | ᠤᠨ ᠰᠣᠶᠣᠯ ᠤᠨ ᠶᠡᠭᠡ ᠬᠥᠭᠵᠢᠯᠲᠡ ᠶᠡᠭᠡ ᠴᠡᠴᠡᠭᠯᠡᠯᠲᠡ ᠶᠢ ᠠᠬᠢᠭᠤᠯᠬᠤ ᠪᠠ ᠠᠵᠤ ᠠᠬᠤᠢ ᠶᠢᠨ ᠪᠡᠶ᠎ᠡ ᠪᠠᠨ | ᠳᠠᠭᠠᠭᠠᠵᠤ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠠᠰᠠᠭᠤᠳᠠᠯ ᠤᠳ ᠤᠨ ᠲᠤᠬᠠᠢ ᠠᠷᠠᠳ ᠤᠨ ᠳᠡᠭᠡᠳᠦ | ᠰᠢᠭᠦᠬᠦ ᠬᠤᠷᠢᠶᠠᠨ ᠤ ᠰᠠᠨᠠᠯ 》 ᠤᠨ 8 ᠳ᠋ᠤᠭᠠᠷ ᠵᠦᠢᠯ ᠳᠤ᠄ 《 ᠮᠡᠷᠭᠡᠵᠢᠯ ᠤᠨ ᠰᠢᠨ᠎ᠡ ᠶᠢ ᠡᠭᠦᠳᠬᠦ ᠪᠠ | ᠬᠤᠳᠠᠯᠳᠤᠭᠠᠨ ᠤ ᠬᠥᠭᠵᠢᠯᠲᠡ ᠶᠢ ᠠᠬᠢᠭᠤᠯᠬᠤ ᠳᠤ ᠦᠨᠡᠬᠡᠷ ᠴᠢᠬᠤᠯᠠᠲᠠᠢ ᠣᠨᠴᠠᠭᠠᠢ ᠪᠠᠶᠢᠳᠠᠯ ᠳᠣᠣᠷ᠎ᠠ᠂ ᠪᠦᠲᠦᠭᠡᠯ | ᠢ ᠬᠡᠷᠡᠭᠯᠡᠬᠦ ᠦᠢᠯᠡ ᠠᠵᠢᠯᠯᠠᠭ᠎ᠠ ᠶᠢᠨ ᠰᠢᠨᠵᠢ ᠴᠢᠨᠠᠷ ᠪᠠ ᠵᠣᠷᠢᠯᠭ᠎ᠠ᠂ ᠬᠡᠷᠡᠭᠯᠡᠭᠳᠡᠬᠦ ᠪᠦᠲᠦᠭᠡᠯ ᠤᠨ ᠰᠢᠨᠵᠢ ᠴᠢᠨᠠᠷ᠂ | ᠬᠡᠷᠡᠭᠯᠡᠭᠳᠡᠬᠦ ᠬᠡᠰᠡᠭ ᠤᠨ ᠲᠤᠭ᠎ᠠ ᠬᠡᠮᠵᠢᠶ᠎ᠡ ᠪᠠ ᠶᠠᠰᠤ ᠴᠢᠨᠠᠷ᠂ ᠬᠡᠷᠡᠭᠯᠡᠭᠡᠨ ᠤ ᠪᠦᠲᠦᠭᠡᠯ ᠤᠨ ᠳᠠᠯᠳᠠ ᠵᠠᠬ᠎ᠠ | ᠳᠡᠯᠭᠡᠭᠦᠷ ᠪᠤᠶᠤ ᠥᠷᠲᠡᠭ ᠲᠤ ᠦᠵᠡᠭᠦᠯᠬᠦ ᠨᠥᠯᠥᠭᠡ ᠵᠡᠷᠭᠡ ᠡᠯᠧᠮᠧᠨ᠋ᠲ ᠶᠢ ᠪᠣᠳᠣᠯᠬᠢᠯᠠᠵᠦ᠂ ᠬᠡᠷᠪᠡ ᠲᠤᠰ ᠬᠡᠷᠡᠭᠯᠡᠬᠦ | ᠠᠵᠢᠯᠯᠠᠭ᠎ᠠ ᠨᠢ ᠪᠦᠲᠦᠭᠡᠯ ᠤᠨ ᠬᠡᠪ ᠤᠨ ᠬᠡᠷᠡᠭᠯᠡᠯᠲᠡ ᠲᠠᠢ ᠬᠠᠷᠰᠢᠯᠳᠤᠬᠤ ᠦᠭᠡᠢ ᠪᠣᠯ ᠵᠣᠬᠢᠶᠠᠭᠴᠢ ᠶᠢᠨ ᠵᠦᠶ | ᠶᠣᠰᠣᠨ ᠤ ᠠᠰᠢᠭ ᠲᠤᠰᠠ ᠶᠢ ᠵᠦᠶ ᠵᠣᠬᠢᠰ ᠦᠭᠡᠢ ᠪᠠᠷ ᠬᠤᠬᠢᠷᠠᠭᠤᠯᠬᠤ ᠳᠤ ᠬᠦᠷᠬᠦ ᠦᠭᠡᠢ ᠪᠠᠶᠢᠳᠠᠯ ᠳᠣᠣᠷ᠎ᠠ᠂ | ᠵᠣᠬᠢᠰᠲᠠᠶ ᠬᠡᠷᠡᠭᠯᠡᠭᠰᠡᠨ ᠢᠶᠠᠷ ᠮᠠᠭᠠᠳᠯᠠᠵᠤ ᠪᠣᠯᠤᠨ᠎ᠠ᠃》 ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ ᠤᠨ | ᠲᠣᠭᠲᠠᠭᠠᠯ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ ᠠᠷᠠᠳ ᠤᠨ ᠳᠡᠭᠡᠳᠦ ᠰᠢᠭᠦᠬᠦ ᠬᠤᠷᠢᠶ᠎ᠠ ᠨᠢᠭᠡᠨᠲᠡ ᠪᠢᠴᠢᠭ | ᠮᠠᠲ᠋ᠧᠷᠢᠶᠠᠯ ᠳᠤ ᠬᠠᠤᠯᠢ ᠲᠣᠭᠲᠠᠭᠠᠯᠲᠠ ᠶᠢᠨ ᠴᠢᠩᠭ᠎ᠠ ᠬᠢᠵᠠᠭᠠᠷᠯᠠᠯ ᠠᠴᠠ ᠮᠥᠨ ᠴᠢᠨᠠᠷ ᠳᠡᠭᠡᠷ᠎ᠡ ᠪᠠᠨ ᠳᠠᠪᠠᠵᠤ᠂ | ᠬᠠᠤᠯᠢ ᠪᠠᠷᠢᠬᠤ ᠲᠠᠰᠤᠯᠤᠨ ᠲᠣᠭᠲᠠᠭᠠᠭᠴᠢ ᠳᠤ《 ᠵᠦᠢ ᠵᠣᠬᠢᠰᠲᠠᠢ ᠪᠠᠷ ᠬᠡᠷᠡᠭᠯᠡᠬᠦ 》ᠬᠠᠷᠢᠮᠠᠬᠠᠢ ᠣᠷᠣᠨ ᠵᠠᠢ | ᠤᠷᠢᠳᠴᠢᠯᠠᠨ ᠦᠯᠡᠳᠡᠭᠡᠵᠦ ᠥᠭᠭᠦᠭᠰᠡᠨ ᠪᠠᠶᠢᠨ᠎ᠠ ᠃ | 《 ᠪᠧᠷᠨᠧ ᠶᠢᠨ ᠨᠡᠶᠢᠲᠡ ᠶᠢᠨ ᠭᠡᠷ᠎ᠡ 》 ᠨᠢ ᠵᠣᠬᠢᠶᠠᠯ ᠪᠦᠲᠦᠭᠡᠯ ᠤᠨ ᠡᠷᠬᠡ ᠶᠢᠨ ᠬᠢᠵᠠᠭᠠᠷᠯᠠᠯ ᠳᠤ 《 | ᠭᠤᠷᠪᠠᠨ ᠠᠯᠬᠤᠮ ᠤᠨ ᠰᠢᠯᠭᠠᠯᠲᠠ ᠶᠢᠨ ᠠᠷᠭ᠎ᠠ 》 ᠶᠢ ᠲᠣᠭᠲᠠᠭᠠᠵᠠᠢ᠂ ᠨᠢᠭᠡᠳᠦᠭᠡᠷ ᠲᠤ᠂ ᠣᠨᠴᠠᠭᠠᠢ ᠪᠠᠶᠢᠳᠠᠯ | ᠤᠨ ᠬᠤᠪᠢ ᠪᠠᠷ ᠯᠠ ᠣᠷᠣᠰᠢᠬᠤ ᠪᠣᠯᠤᠨ᠎ᠠ︔ ᠬᠤᠶᠠᠳᠤᠭᠠᠷ ᠲᠤ᠂ ᠪᠦᠲᠦᠭᠡᠯ ᠤᠨ ᠬᠡᠪ ᠤᠨ ᠬᠡᠷᠡᠭᠯᠡᠯᠲᠡ ᠲᠠᠢ | ᠬᠠᠷᠰᠢᠯᠳᠤᠬᠤ ᠤᠢᠭᠡᠢ︔ ᠭᠤᠷᠪᠠᠳᠤᠭᠠᠷ ᠲᠤ᠂ ᠵᠣᠬᠢᠶᠠᠯ ᠪᠦᠲᠦᠭᠡᠯ ᠤᠨ ᠡᠷᠬᠡᠲᠦ ᠬᠥᠮᠦᠨ ᠤ ᠬᠠᠤᠯᠢ ᠶᠣᠰᠣᠨ ᠤ | ᠠᠰᠢᠭ ᠲᠤᠰᠠ ᠶᠢ ᠹᠢᠽᠢᠺ ᠢᠶᠠᠷ ᠬᠤᠬᠢᠷᠠᠭᠤᠯᠵᠤ ᠪᠣᠯᠬᠤ ᠤᠢᠭᠡᠢ ᠃ ᠦᠨᠡᠨ ᠳᠡᠭᠡᠨ᠂ ᠣᠯᠠᠨ ᠤᠯᠤᠰ ᠤᠨ ᠨᠡᠶᠢᠲᠡ | ᠶᠢᠨ ᠭᠡᠷ᠎ᠡ ᠨᠢ ᠮᠠᠨ ᠤ ᠤᠯᠤᠰ ᠤᠨ《 ᠵᠦᠶ ᠵᠣᠬᠢᠰᠲᠠᠶ ᠬᠡᠷᠡᠭᠯᠡᠬᠦ 》 ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠳᠤ | ᠨᠡᠯᠢᠶᠡᠳ ᠶᠡᠭᠡ ᠨᠥᠯᠥᠭᠡ ᠲᠠᠢ ᠶᠤᠮ ᠃ ᠲᠤᠰ ᠪᠦᠲᠦᠭᠡᠯ ᠤᠨ ᠬᠡᠪ ᠤᠨ ᠬᠡᠷᠡᠭᠯᠡᠯᠲᠡ ᠶᠢ ᠨᠥᠯᠥᠭᠡᠯᠡᠵᠦ ᠦᠯᠦ | ᠪᠣᠯᠬᠤ᠂ ᠮᠥᠨ ᠴᠦ ᠵᠣᠬᠢᠶᠠᠯ ᠪᠦᠲᠦᠭᠡᠯ ᠤᠨ ᠡᠷᠬᠡᠲᠦ ᠬᠥᠮᠦᠨ ᠤ ᠬᠠᠤᠯᠢ ᠶᠣᠰᠣᠨ ᠤ ᠠᠰᠢᠭ ᠲᠤᠰᠠ ᠶᠢ ᠵᠦᠢ | ᠵᠣᠬᠢᠰ ᠦᠭᠡᠢ ᠪᠠᠷ ᠬᠤᠬᠢᠷᠠᠭᠤᠯᠬᠤ ᠵᠠᠷᠴᠢᠮ ᠢ ᠵᠦᠢ ᠵᠣᠬᠢᠰᠲᠠᠢ ᠬᠡᠷᠡᠭᠯᠡᠭᠰᠡᠨ ᠢ ᠮᠠᠭᠠᠳᠯᠠᠨ ᠲᠣᠭᠲᠠᠭᠠᠬᠤ | ᠪᠠᠷᠢᠮᠵᠢᠶ᠎ᠠ ᠳᠤ ᠣᠷᠣᠭᠤᠯᠬᠤ ᠪᠣᠯ ᠮᠠᠨ ᠤ ᠤᠯᠤᠰ ᠤᠨ ᠬᠠᠤᠯᠢ ᠬᠡᠷᠡᠭᠵᠢᠭᠦᠯᠬᠦ ᠦᠢᠯᠡᠳᠦᠯᠭᠡ ᠶᠢᠨ ᠳ᠋ᠦᠩᠨᠡᠯᠲᠡ | ᠮᠥᠨ᠂ ᠪᠠᠰᠠ ᠴᠤ《 ᠵᠦᠢ ᠵᠣᠬᠢᠰᠲᠠᠢ ᠬᠡᠷᠡᠭᠯᠡᠬᠦ 》ᠲᠦᠷᠢᠮ ᠤᠨ ᠪᠠᠶᠢᠪᠠᠰᠤ ᠵᠣᠬᠢᠬᠤ ᠠᠭᠤᠯᠭ᠎ᠠ ᠮᠥᠨ ᠃ | ᠦᠨᠡᠨ ᠳᠡᠭᠡᠨ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ | 》 ᠤᠨ ᠬᠤᠶᠠᠳᠤᠭᠠᠷ ᠡᠭᠡ ᠨᠤᠤᠷᠠᠬ ᠲᠤ᠂ ᠲᠤᠰ ᠪᠦᠲᠦᠭᠡᠯ ᠤᠨ ᠬᠡᠪ ᠤᠨ ᠬᠡᠷᠡᠭᠯᠡᠯᠲᠡ ᠶᠢ ᠨᠥᠯᠥᠭᠡᠯᠡᠵᠦ ᠪᠣᠯᠬᠤ | ᠤᠢᠭᠡᠢ ᠪᠥᠭᠡᠳ ᠵᠣᠬᠢᠶᠠᠯ ᠪᠦᠲᠦᠭᠡᠯ ᠤᠨ ᠡᠷᠬᠡᠲᠦ ᠬᠥᠮᠦᠨ ᠤ ᠬᠠᠤᠯᠢ ᠶᠣᠰᠣᠨ ᠤ ᠠᠰᠢᠭ ᠲᠤᠰᠠ ᠶᠢ ᠴᠤ ᠵᠦᠢ | ᠵᠣᠬᠢᠰ ᠦᠭᠡᠢ ᠪᠠᠷ ᠬᠤᠬᠢᠷᠠᠭᠤᠯᠬᠤ ᠶᠠᠪᠤᠳᠠᠯ ᠢ ᠬᠠᠤᠯᠢ ᠪᠠᠷ ᠲᠣᠭᠲᠠᠭᠠᠨ ᠵᠢᠭᠰᠠᠭᠠᠭᠰᠠᠨ ᠵᠦᠢ ᠵᠣᠬᠢᠰᠲᠠᠢ | ᠬᠡᠷᠡᠭᠯᠡᠬᠦ ᠠᠴᠠ ᠭᠠᠳᠠᠨᠠᠬᠢ 《 ᠪᠤᠰᠤᠳ ᠪᠠᠶᠢᠳᠠᠯ 》 ᠪᠣᠯᠭᠠᠵᠤ᠂ ᠲᠤᠬᠠᠢ ᠶᠢᠨ ᠦᠶ᠎ᠡ ᠳᠤ ᠮᠠᠨ ᠤ ᠤᠯᠤᠰ | ᠤᠨ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ 》 ᠳᠤ《 ᠵᠦᠢ ᠵᠣᠬᠢᠰᠲᠠᠢ ᠬᠡᠷᠡᠭᠯᠡᠬᠦ 》 ᠳᠤ ᠨᠡᠭᠡᠭᠡᠯᠲᠡᠲᠦ | ᠮᠠᠶ᠋ᠢᠭ ᠤᠨ ᠬᠠᠤᠯᠢ ᠲᠣᠭᠲᠠᠭᠠᠬᠤ ᠮᠡᠷᠭᠡᠵᠢᠯ ᠤᠨ ᠲᠠᠯ᠎ᠠ ᠪᠠᠷ ᠤᠳᠦ ᠶᠢᠨ ᠴᠢᠩᠭ᠎ᠠ ᠬᠢᠵᠠᠭᠠᠷᠯᠠᠯ ᠠᠴᠠ ᠳᠠᠪᠠᠭ᠋ᠤ | ᠤᠷᠤᠯᠳᠤᠯᠭ᠎ᠠ ᠬᠢᠬᠦ ᠡᠷᠡᠮᠡᠯᠵᠡᠯ ᠲᠠᠢ ᠭᠡᠵᠦ ᠦᠵᠡᠵᠦ ᠪᠠᠶᠢᠨ᠎ᠠ᠃ ᠭᠡᠪᠡᠴᠦ ᠲᠣᠰ ᠤᠳᠠᠭ᠎ᠠ ᠪᠠᠲᠤᠯᠠᠭᠰᠠᠨ ᠰᠢᠨ᠎ᠡ《 | ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ 》 ᠨᠢ ᠲᠣᠰ ᠵᠠᠷᠴᠢᠮ ᠢ ᠬᠠᠤᠯᠢ ᠪᠠᠷ ᠲᠣᠭᠲᠠᠭᠠᠭᠰᠠᠨ ᠪᠠᠶᠢᠳᠠᠯ ᠤᠨ | ᠤᠷᠢᠳᠠᠴᠢ ᠮᠠᠭᠠᠳᠯᠠᠬᠤ ᠪᠠᠷᠢᠮᠵᠢᠶ᠎ᠠ ᠪᠣᠯᠭᠠᠵᠤ᠂ ᠪᠢᠲᠡᠭᠦᠮᠵᠢᠯᠡᠭᠰᠡᠨ ᠮᠠᠶ᠋ᠢᠭ ᠤᠨ ᠬᠠᠤᠯᠢ ᠲᠣᠭᠲᠠᠭᠠᠯᠲᠠ ᠶᠢᠨ | ᠵᠢᠭᠰᠠᠭᠠᠨ ᠲᠣᠭᠠᠴᠢᠬᠤ ᠬᠡᠯᠪᠡᠷᠢ ᠳᠤ ᠳᠠᠬᠢᠨᠲᠠ ᠪᠤᠴᠠᠭᠠᠭᠰᠠᠨ ᠪᠠᠶᠢᠨ᠎ᠠ᠂ ᠡᠨᠡ ᠨᠢ ᠬᠠᠤᠯᠢ ᠲᠣᠭᠲᠠᠭᠠᠭᠴᠢ ᠶᠢᠨ | ᠡᠭᠦᠨ ᠠᠴᠠ ᠡᠮᠦᠨᠡᠬᠢ ᠬᠠᠤᠯᠢ ᠪᠠᠷᠢᠬᠤ ᠦᠶᠯᠡᠳᠦᠯᠭᠡ ᠶᠢᠨ ᠳᠤᠮᠳᠠᠬᠢ ᠣᠨᠴᠠᠭᠠᠶ ᠬᠡᠷᠡᠭ ᠤᠨ《 ᠵᠦᠶ ᠵᠣᠬᠢᠰᠲᠠᠶ | ᠬᠡᠷᠡᠭᠯᠡᠯᠲᠡ 》 ᠳᠤ ᠬᠠᠤᠯᠢ ᠪᠠᠷ ᠲᠣᠭᠲᠠᠭᠠᠭᠰᠠᠨ ᠴᠢᠩᠭ᠎ᠠ ᠪᠠᠶᠢᠳᠠᠯ ᠠᠴᠠ ᠳᠠᠪᠠᠭᠰᠠᠨ ᠨᠢᠭᠡ ᠵᠦᠶᠯ ᠤᠨ《 | ᠦᠭᠡᠶᠢᠰᠬᠡᠯ 》ᠮᠥᠨ ᠡᠰᠡᠬᠦ᠂ ᠡᠰᠡᠬᠦᠯ᠎ᠡ ᠦᠭᠡᠢᠰᠬᠡᠬᠦ ᠪᠢᠰᠢ ᠬᠠᠷᠢᠨ ᠬᠤᠯᠪᠣᠭᠳᠠᠯ ᠪᠦᠬᠦᠢ ᠠᠰᠠᠭᠤᠳᠠᠯ ᠢ ᠮᠥᠨ | ᠯᠡ ᠬᠠᠤᠯᠢ ᠴᠠᠭᠠᠵᠠ ᠶᠢᠨ《 ᠣᠨᠴᠠᠭᠠᠶ ᠬᠡᠷᠡᠭ ᠤᠨ ᠰᠢᠢᠳᠪᠦᠷᠢᠯᠡᠯᠲᠡ》 ᠳᠤ ᠲᠣᠰᠢᠶᠠᠭᠰᠠᠨ ᠶᠠᠪᠦᠳᠠᠯ | ᠪᠤᠯᠤᠭᠰᠠᠨ ᠢ ᠪᠢᠳᠡ ᠵᠥᠪᠬᠡᠨ ᠬᠤᠵᠢᠮ ᠤᠨ ᠬᠠᠤᠯᠢ ᠴᠠᠭᠠᠵᠠ ᠶᠢᠨ ᠦᠶᠯᠡᠳᠦᠯᠭᠡ ᠳᠤᠮᠳᠠᠬᠢ ᠮᠠᠭᠠᠳᠯᠠᠯᠲᠠ ᠳᠤ | ᠤᠯᠠᠮ ᠨᠢᠭᠡ ᠠᠯᠬᠤᠮ ᠡᠩᠬᠠᠷᠣᠯ ᠢᠶᠠᠨ ᠬᠠᠨᠳᠣᠭᠤᠯᠵᠦ ᠣᠶᠢᠯᠠᠭᠠᠬᠤ ᠪᠤᠯᠤᠨ᠎ᠠ ᠃ | ᠨᠠᠶᠮᠠ ᠂ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠲᠧᠯᠸᠢᠰ ᠬᠤᠷᠢᠶ᠎ᠠ ᠶᠢᠨ ᠷᠠᠳᠢᠣ᠋ ᠲᠧᠯᠸᠢᠰ ᠤᠨ ᠳᠣᠬᠢᠶ᠎ᠠ | ᠳᠤ ᠡᠳ᠋ᠯᠡᠬᠦ 《 ᠬᠡᠷᠡᠭᠵᠢᠭᠦᠯᠬᠦ ᠶᠢ ᠴᠠᠭᠠᠵᠠᠯᠠᠬᠤ ᠠᠵᠢᠯᠯᠠᠭ᠎ᠠ 》 ᠶᠢᠨ ᠪᠤᠰᠤᠳ ᠢ ᠭᠠᠳᠠᠭᠤᠷᠴᠢᠯᠠᠬᠤ ᠡᠷᠬᠡ ᠶᠢᠨ | ᠬᠡᠪᠴᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠨᠢ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠲᠧᠯᠸᠢᠰ | ᠬᠤᠷᠢᠶ᠎ᠠ ᠶᠢᠨ ᠳᠣᠬᠢᠶ᠎ᠠ ᠶᠢ ᠬᠤᠯᠠᠭᠠᠶᠢᠯᠠᠨ ᠠᠪᠬᠤ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠴᠠᠭ ᠲᠤᠬᠠᠶ ᠳᠤᠨᠢ | ᠳᠠᠮᠵᠢᠭᠤᠯᠤᠨ ᠨᠡᠪᠲᠡᠷᠡᠭᠦᠯᠬᠦ / ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠠᠵᠢᠯᠯᠠᠭ᠎ᠠ ᠳᠤ ᠴᠣᠬᠢᠯᠲᠠ ᠥᠭᠬᠦ ᠳᠤ | ᠠᠰᠢᠭᠲᠠᠶ ᠪᠤᠯᠪᠡ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ 》 ᠳᠤ ᠷᠠᠳᠢᠣ᠋ | ᠨᠡᠪᠲᠡᠷᠡᠭᠦᠯᠭᠡ ᠶᠢᠨ ᠬᠤᠷᠢᠶ᠎ᠠ᠂ ᠲᠧᠯᠸᠢᠰ ᠬᠤᠷᠢᠶ᠎ᠠ ᠶᠢᠨ ᠷᠠᠳᠢᠣ᠋ ᠨᠡᠪᠲᠡᠷᠡᠭᠦᠯᠭᠡ ᠲᠧᠯᠸᠢᠰ ᠤᠨ ᠳᠣᠬᠢᠶ᠎ᠠ ᠳᠤ | ᠡᠳ᠋ᠯᠡᠬᠦ《 ᠬᠡᠷᠡᠭᠵᠢᠭᠦᠯᠬᠦ ᠶᠢ ᠴᠠᠭᠠᠵᠠᠯᠠᠬᠤ ᠠᠵᠢᠯᠯᠠᠭ᠎ᠠ 》 ᠶᠢᠨ ᠪᠤᠰᠤᠳ ᠢ ᠭᠠᠳᠠᠭᠤᠷᠴᠢᠯᠠᠬᠤ ᠡᠷᠬᠡ ᠢ | ᠲᠣᠳᠣᠳᠬᠠᠵᠦ᠂ ᠡᠭᠦᠨ ᠳᠤ ᠤᠲᠠᠰᠤ ᠦᠭᠡᠶ ᠬᠡᠯᠪᠡᠷᠢ ᠪᠠᠷ ᠳᠠᠮᠵᠢᠭᠤᠯᠤᠨ ᠨᠡᠪᠲᠡᠷᠡᠭᠦᠯᠬᠦ ᠠᠵᠢᠯᠯᠠᠭ᠎ᠠ ᠶᠢ | ᠪᠠᠭᠲᠠᠭᠠᠭᠰᠠᠨ ᠪᠥᠭᠡᠳ《 ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠤᠨ ᠣᠯᠠᠨ ᠨᠡᠶᠢᠲᠡ ᠳᠤ ᠤᠯᠠᠮᠵᠢᠯᠠᠨ | ᠨᠡᠪᠲᠡᠷᠡᠭᠦᠯᠬᠦ 》ᠠᠵᠢᠯᠯᠠᠭ᠎ᠠ ᠶᠢ ᠴᠠᠭᠠᠵᠠᠯᠠᠬᠤ ᠡᠷᠬᠡ ᠲᠠᠢ ᠭᠡᠵᠦ ᠴᠢᠬᠤᠯᠠᠴᠢᠯᠠᠵᠠᠶ᠃ ᠦᠨᠳᠦᠰᠦᠨ ᠰᠢᠯᠲᠠᠭᠠᠨ ᠨᠢ | ᠬᠠᠰᠢ ᠯᠠ ᠣᠳᠣᠬᠠᠨ ᠤ ᠢᠨᠲ᠋ᠧᠷ ᠰᠦᠯᠵᠢᠶᠡᠨ ᠤ ᠮᠡᠷᠭᠡᠵᠢᠯ ᠤᠨ ᠬᠥᠭᠵᠢᠯᠲᠡ ᠵᠢᠴᠢ ᠬᠤᠯᠪᠣᠭᠳᠠᠯ ᠪᠦᠬᠦᠢ ᠪᠡᠶᠡᠴᠢ | ᠴᠣᠭᠴᠠ ᠶᠢᠨ ᠡᠷᠬᠡ ᠪᠠᠨ ᠬᠠᠮᠠᠭᠠᠯᠠᠬᠤ ᠪᠤᠰᠤᠳᠴᠢ᠂ ᠪᠣᠳᠠᠲᠤ ᠬᠡᠷᠡᠭᠴᠡᠭᠡ ᠳᠤ ᠵᠣᠬᠢᠴᠠᠭᠰᠠᠨ ᠠᠴᠠ ᠪᠣᠯᠤᠭᠰᠠᠨ | ᠶᠤᠮ ᠃ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠲᠧᠯᠸᠢᠰ ᠬᠤᠷᠢᠶ᠎ᠠ ᠳᠣᠬᠢᠶ᠎ᠠ ᠶᠢ ᠬᠤᠯᠠᠭᠠᠶᠢᠯᠠᠬᠤ ᠪᠠᠷ ᠳᠡᠮᠵᠢᠨ | ᠰᠦᠯᠵᠢᠶᠡᠨ ᠳᠡᠭᠡᠷ᠎ᠡ ᠴᠠᠭ ᠲᠤᠬᠠᠶ ᠳᠤᠨᠢ ᠳᠠᠮᠵᠢᠭᠤᠯᠤᠨ ᠨᠡᠪᠲᠡᠷᠡᠭᠦᠯᠬᠦ / ᠰᠦᠯᠵᠢᠶᠡᠨ ᠤ ᠰᠢᠭᠤᠳ ᠨᠡᠪᠲᠡᠷᠡᠭᠦᠯᠬᠦ | ᠠᠵᠢᠯᠯᠠᠭ᠎ᠠ ᠳᠤ ᠴᠣᠬᠢᠯᠲᠠ ᠥᠭᠬᠦ ᠠᠰᠢᠭᠲᠠᠶ ᠶᠠᠪᠤᠳᠠᠯ ᠮᠥᠨ ᠃ | ᠭᠡᠪᠡᠴᠦ ᠠᠳᠡ ᠵᠣᠬᠢᠶᠠᠭᠴᠢ ᠶᠢᠨ ᠠᠩᠬᠠᠷᠤᠭᠤᠯᠬᠤ ᠴᠢᠬᠤᠯᠠᠲᠠᠢ ᠵᠦᠢᠯ ᠭᠡᠪᠡᠯ᠂ ᠬᠠᠤᠯᠢ ᠲᠣᠭᠲᠠᠭᠠᠭᠴᠢ | ᠲᠤᠰᠬᠠᠶᠢᠯᠠᠨ ᠬᠤᠶᠠᠳᠤᠭᠠᠷ ᠪᠠᠳᠠᠭ ᠤᠨ ᠠᠭᠤᠯᠭ᠎ᠠ ᠶᠢ ᠨᠡᠮᠡᠪᠡ᠂ ᠲᠤᠬᠠᠶᠢᠯᠠᠪᠠᠯ 《 ᠷᠠᠳᠢᠣ᠋ ᠨᠡᠪᠲᠡᠷᠡᠭᠦᠯᠭᠡ ᠶᠢᠨ | ᠬᠤᠷᠢᠶ᠎ᠠ᠂ ᠲᠧᠯᠸᠢᠰ ᠬᠤᠷᠢᠶ᠎ᠠ ᠡᠮᠦᠨᠡᠬᠢ ᠪᠠᠳᠠᠭ ᠲᠤ ᠲᠣᠭᠲᠠᠭᠠᠭᠰᠠᠨ ᠡᠷᠬᠡ ᠪᠠᠨ ᠬᠡᠷᠡᠭᠵᠢᠭᠦᠯᠬᠦ ᠳᠡᠭᠡᠨ ᠪᠤᠰᠤᠳ | ᠤᠨ ᠵᠣᠬᠢᠶᠠᠯ ᠪᠦᠲᠦᠭᠡᠯ ᠤᠨ ᠡᠷᠬᠡ ᠪᠤᠶᠤ ᠵᠣᠬᠢᠶᠠᠯ ᠪᠦᠲᠦᠭᠡᠯ ᠤᠨ ᠡᠷᠬᠡ ᠳᠤ ᠬᠤᠯᠪᠣᠭᠳᠠᠬᠤ ᠡᠷᠬᠡ ᠪᠠᠨ | ᠬᠡᠷᠡᠭᠵᠢᠭᠦᠯᠬᠦ ᠶᠢ ᠨᠥᠯᠥᠭᠡᠯᠡᠵᠦ᠂ ᠬᠢᠵᠠᠭᠠᠷᠯᠠᠵᠤ᠂ ᠬᠦᠨᠦᠭᠡᠵᠦ ᠪᠣᠯᠬᠤ ᠦᠭᠡᠢ᠃》ᠦᠨᠳᠦᠰᠦᠨ ᠵᠣᠷᠢᠯᠭ᠎ᠠ ᠨᠢ | ᠬᠥᠷᠰᠢ ᠵᠡᠷᠭᠡᠯᠡᠳᠡᠭᠡ ᠶᠢᠨ ᠡᠷᠬᠡ ᠪᠠᠨ ᠬᠡᠷᠡᠭᠵᠢᠭᠦᠯᠬᠦ ᠪᠠ ᠵᠣᠬᠢᠶᠠᠯ ᠪᠦᠲᠦᠭᠡᠯ ᠤᠨ ᠡᠷᠬᠡ ᠶᠢᠨ ᠡᠷᠬᠡ ᠪᠠᠨ | ᠬᠡᠷᠡᠭᠵᠢᠭᠦᠯᠬᠦ ᠳᠤ ᠮᠥᠷᠭᠦᠯᠳᠦᠭᠡᠨ ᠡᠭᠦᠰᠬᠦ ᠠᠴᠠ ᠵᠠᠶᠢᠯᠠᠰᠬᠢᠬᠤ ᠶᠢᠨ ᠲᠦᠯᠦᠭᠡ ᠶᠦᠮ᠃ | | ᠶᠢᠰᠦ᠂ ᠵᠣᠬᠢᠶᠠᠯ ᠪᠦᠲᠦᠭᠡᠯ ᠤᠨ ᠡᠷᠬᠡ ᠪᠠ ᠵᠣᠬᠢᠶᠠᠯ ᠪᠦᠲᠦᠭᠡᠯ ᠤᠨ ᠡᠷᠬᠡ ᠲᠠᠢ ᠬᠤᠯᠪᠣᠭᠳᠠᠬᠤ ᠡᠷᠬᠡ ᠶᠢ | ᠬᠠᠮᠠᠭᠠᠯᠠᠬᠤ ᠶᠢᠨ ᠲᠥᠯᠥᠭᠡ ᠠᠪᠤᠭᠰᠠᠨ ᠮᠡᠷᠭᠡᠵᠢᠯ ᠤᠨ ᠠᠷᠭ᠎ᠠ ᠬᠡᠮᠵᠢᠶ᠎ᠡ ᠠᠴᠠ ᠵᠠᠶᠢᠯᠠᠬᠤ᠂ ᠡᠪᠳᠡᠬᠦ ᠠᠵᠢᠯᠯᠠᠭ᠎ᠠ | ᠶᠢᠨ ᠬᠠᠤᠯᠢ ᠶᠢᠨ ᠬᠠᠷᠢᠭᠤᠴᠠᠯᠭ᠎ᠠ ᠵᠢᠴᠢ ᠣᠨᠴᠠᠭᠠᠢ ᠪᠠᠶᠢᠳᠠᠯ ᠤᠨ ᠲᠤᠬᠠᠢ ᠲᠣᠳᠣᠷᠬᠠᠢ ᠳᠤᠷᠠᠳᠴᠤ᠂ ᠪᠣᠳᠠᠲᠤ | ᠬᠡᠷᠡᠭᠴᠡᠭᠡ ᠳᠤ ᠬᠠᠷᠢᠭᠤᠯᠲᠠ ᠥᠭᠴᠦ᠂ ᠬᠠᠤᠯᠢ ᠲᠣᠭᠲᠠᠭᠠᠬᠤ ᠲᠠᠯ᠎ᠠ ᠪᠠᠷ ᠨᠡᠩ ᠰᠢᠨᠵᠢᠯᠡᠬᠦ ᠤᠬᠠᠭᠠᠨᠴᠢ᠂ ᠴᠢᠩᠭ᠎ᠠ | ᠨᠢᠮᠪᠠᠢ ᠪᠠᠶᠢᠬᠤ ᠶᠢ ᠴᠢᠬᠤᠯᠠᠴᠢᠯᠠᠪᠠ ᠃ | 2001 ᠣᠨ ᠳᠤ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ 》 ᠳᠤ ᠵᠠᠰᠠᠪᠤᠷᠢ ᠣᠷᠣᠭᠤᠯᠬᠤ ᠳᠠᠭᠠᠨ | ᠬᠠᠤᠯᠢ ᠲᠣᠭᠲᠠᠭᠠᠭᠴᠢ ᠮᠡᠷᠭᠡᠵᠢᠯ ᠤᠨ ᠠᠷᠭ᠎ᠠ ᠬᠡᠮᠵᠢᠶ᠎ᠡ ᠠᠴᠠ ᠵᠠᠶᠢᠯᠠᠬᠤ ᠵᠦᠢᠯ ᠵᠤᠷᠪᠤᠰ ᠨᠡᠮᠡᠪᠡ ᠃ ᠬᠠᠤᠯᠢ | ᠴᠠᠭᠠᠵᠠ ᠳᠤ ᠮᠡᠷᠭᠡᠵᠢᠯ ᠤᠨ ᠠᠷᠭ᠎ᠠ ᠬᠡᠮᠵᠢᠶ᠎ᠡ ᠶᠢᠨ ᠬᠠᠮᠠᠭᠠᠯᠠᠯᠲᠠ ᠶᠢᠨ ᠬᠡᠪᠴᠢᠶ᠎ᠡ ᠵᠦᠪᠬᠡᠨ《 ᠪᠦᠲᠦᠭᠡᠯ᠂ ᠲᠡᠭᠤ | ᠰᠢᠩᠭᠡᠭᠡᠯᠲᠡ ᠳᠦᠷᠰᠦ ᠰᠢᠩᠭᠡᠭᠡᠯᠲᠡ ᠶᠢᠨ ᠪᠦᠲᠦᠭᠡᠯ ᠵᠡᠷᠭᠡ 》 ᠶᠢᠨ ᠬᠡᠪᠴᠢᠶᠡᠨ ᠳᠤ ᠬᠢᠵᠠᠭᠠᠷᠯᠠᠭᠳᠠᠨ᠎ᠠ᠂ | ᠲᠣᠭᠯᠠᠯᠲᠠ ᠵᠡᠷᠭᠡ ᠪᠤᠰᠤᠳ ᠬᠥᠷᠰᠢ ᠵᠡᠷᠭᠡᠯᠡᠳᠡᠭᠡ ᠶᠢᠨ ᠡᠷᠬᠡ ᠶᠢᠨ ᠠᠭᠤᠯᠭ᠎ᠠ ᠶᠢᠨ ᠲᠤᠬᠠᠢ《 ᠵᠣᠬᠢᠶᠠᠯ ᠪᠦᠲᠦᠭᠡᠯ | ᠤᠨ ᠡᠷᠬᠡ ᠶᠢᠨ ᠬᠠᠤᠯᠢ 》 ᠳᠤ ᠲᠣᠳᠣᠷᠬᠠᠢ ᠲᠣᠭᠲᠠᠭᠠᠭᠰᠠᠨ ᠦᠭᠡᠢ ᠃ ᠡᠭᠦᠨ ᠠᠴᠠ ᠭᠠᠳᠠᠨ᠎ᠠ᠂《 ᠵᠣᠬᠢᠶᠠᠯ | ᠪᠦᠲᠦᠭᠡᠯ ᠤᠨ ᠡᠷᠬᠡ ᠶᠢᠨ ᠬᠠᠤᠯᠢ 》 ᠳᠠᠬᠢ ᠡᠷᠬᠡ ᠶᠢᠨ ᠬᠢᠵᠠᠭᠠᠷᠯᠠᠯ ᠬᠢᠭᠡᠳ ᠣᠨᠴᠠᠭᠠᠢ ᠵᠦᠢᠯ ᠨᠢ ᠨᠢᠭᠡᠨᠲᠡ | ᠨᠡᠯᠢᠶᠡᠳ ᠪᠣᠯᠪᠠᠰᠤᠷᠠᠩᠭᠤᠢ ᠪᠣᠯᠤᠭᠰᠠᠨ ᠪᠠᠶᠢᠳᠠᠯ ᠤᠨ ᠳᠣᠣᠷ᠎ᠠ᠂《 ᠮᠡᠷᠭᠡᠵᠢᠯ ᠤᠨ ᠬᠠᠮᠠᠭᠠᠯᠠᠯᠲᠠ ᠶᠢᠨ ᠠᠷᠭ᠎ᠠ | ᠬᠡᠮᠵᠢᠶ᠎ᠡ ᠠᠴᠠ ᠵᠠᠶᠢᠯᠠᠬᠤ 》 ᠨᠢ ᠤᠳᠤ ᠶᠢᠨ ᠬᠡᠷᠡᠭᠵᠢᠭᠦᠯᠵᠦ ᠪᠠᠶᠢᠭ᠎ᠠ《 ᠵᠣᠬᠢᠶᠠᠯ ᠪᠦᠲᠦᠭᠡᠯ ᠤᠨ ᠡᠷᠬᠡ ᠶᠢᠨ | ᠬᠠᠤᠯᠢ 》 ᠳᠤ ᠬᠠᠷᠢᠭᠤᠴᠠᠯᠭ᠎ᠠ ᠠᠴᠠ ᠬᠡᠯᠳᠦᠷᠢᠬᠦᠯᠬᠦ ᠪᠤᠶᠤ ᠬᠢᠵᠠᠭᠠᠷᠯᠠᠬᠤ ᠬᠤᠯᠪᠣᠭᠳᠠᠯ ᠪᠦᠬᠦᠢ ᠪᠠᠶᠢᠳᠠᠯ ᠪᠠᠶᠢᠬᠤ | ᠦᠭᠡᠢ᠂《 ᠮᠡᠷᠭᠡᠵᠢᠯ ᠤᠨ ᠠᠷᠭ᠎ᠠ ᠬᠡᠮᠵᠢᠶ᠎ᠡ ᠨᠢ ᠵᠣᠬᠢᠶᠠᠯ ᠪᠦᠲᠦᠭᠡᠯ ᠢ ᠪᠦᠲᠦᠮᠵᠢᠲᠡᠢ ᠬᠢᠵᠠᠭᠠᠷᠯᠠᠬᠤ ᠨᠢ ᠤᠯᠠᠨ | ᠨᠡᠶᠢᠲᠡ ᠶᠢᠨ ᠵᠣᠬᠢᠶᠠᠯ ᠪᠦᠲᠦᠭᠡᠯ ᠢ ᠵᠦᠢ ᠵᠣᠬᠢᠰᠲᠠᠢ ᠠᠰᠢᠭᠯᠠᠬᠤ ᠦᠢᠯᠡ ᠠᠵᠢᠯᠯᠠᠭ᠎ᠠ ᠳᠤ ᠳᠥᠭᠦᠮ ᠦᠭᠡᠢ | ᠪᠠᠶᠢᠬᠤ ᠶᠢᠨ ᠤᠯᠠᠮ ᠠᠴᠠ ᠬᠡᠪᠯᠡᠯ ᠤᠨ ᠡᠷᠬᠡ ᠶᠢᠨ ᠬᠠᠤᠯᠢ ᠶᠢᠨ ᠨᠢᠭᠡᠨᠲᠡ ᠲᠣᠭᠲᠠᠭᠠᠭᠰᠠᠨ ᠬᠡᠪᠯᠡᠯ ᠤᠨ ᠡᠷᠬᠡᠲᠦ | ᠬᠥᠮᠦᠨ ᠪᠣᠯᠤᠨ ᠨᠡᠶᠢᠭᠡᠮ ᠨᠡᠶᠢᠲᠡ ᠶᠢᠨ ᠬᠤᠭᠤᠷᠣᠨᠳᠣᠬᠢ ᠠᠰᠢᠭ ᠲᠤᠰᠠ ᠶᠢᠨ ᠲᠡᠩᠴᠡᠭᠦᠷᠢ ᠶᠢᠨ ᠬᠠᠷᠢᠴᠠᠭ᠎ᠠ ᠶᠢ | ᠡᠪᠳᠡᠵᠦ ᠮᠡᠳᠡᠨ᠎ᠠ 》 ᠃ | ᠲᠤᠰ ᠤᠳᠠᠭ᠎ᠠ ᠰᠢᠨ᠎ᠡ ᠪᠠᠷ ᠵᠠᠰᠠᠪᠤᠷᠢ ᠣᠷᠣᠭᠤᠯᠤᠭᠰᠠᠨ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ | 》 ᠳᠤ ᠮᠡᠷᠭᠡᠵᠢᠯ ᠤᠨ ᠠᠷᠭ᠎ᠠ ᠬᠡᠮᠵᠢᠶ᠎ᠡ ᠠᠴᠠ ᠵᠠᠶᠢᠯᠠᠬᠤ ᠦᠢᠯᠡ ᠠᠵᠢᠯᠯᠠᠭ᠎ᠠ ᠪᠣᠯᠤᠨ ᠡᠷᠬᠡ ᠶᠢᠨ ᠬᠠᠮᠢᠶᠠᠷᠤᠯᠲᠠ | ᠶᠢᠨ ᠮᠡᠳᠡᠭᠡ ᠵᠠᠩᠭᠢ ᠶᠢ ᠡᠪᠳᠡᠬᠦ ᠦᠢᠯᠡ ᠠᠵᠢᠯᠯᠠᠭ᠎ᠠ ᠶᠢ ᠲᠤᠰᠠᠭᠠᠷ ᠨᠢ ᠵᠢᠭᠰᠠᠭᠠᠵᠤ᠂ ᠬᠠᠤᠯᠢ ᠴᠠᠭᠠᠵᠠ ᠶᠢᠨ ᠲᠠᠯ᠎ᠠ | ᠠᠴᠠ ᠨᠢᠭᠡᠳᠦᠯᠲᠡᠢ ᠲᠣᠭᠲᠠᠭᠠᠯ ᠭᠠᠷᠭᠠᠪᠠ ᠃ ᠢᠯᠠᠩᠭᠤᠶ᠎ᠠ ᠮᠡᠷᠭᠡᠵᠢᠯ ᠤᠨ ᠠᠷᠭ᠎ᠠ ᠬᠡᠮᠵᠢᠶ᠎ᠡ ᠠᠴᠠ ᠵᠠᠶᠢᠯᠠᠬᠤ ᠬᠡᠰᠡᠭ | ᠲᠤ ᠮᠡᠷᠭᠡᠵᠢᠯ ᠤᠨ ᠠᠷᠭ᠎ᠠ ᠬᠡᠮᠵᠢᠶ᠎ᠡ ᠶᠢᠨ ᠬᠠᠮᠠᠭᠠᠯᠠᠯᠲᠠ ᠶᠢᠨ ᠬᠢᠵᠠᠭᠠᠷᠯᠠᠯ ᠤᠨ ᠬᠡᠪᠴᠢᠶ᠎ᠡ ᠶᠢ ᠥᠷᠭᠡᠳᠬᠡᠪᠡ᠂ ᠡᠨᠡ | ᠨᠢ ᠮᠡᠷᠭᠡᠵᠢᠯ ᠳᠤ ᠪᠠᠰᠠ ᠵᠣᠬᠢᠴᠠᠩᠭᠤᠢ ᠲᠣᠨᠣᠭᠯᠠᠯ ᠵᠢᠴᠢ ᠤᠭᠰᠠᠷᠠᠭ᠎ᠠ ᠲᠤᠨᠤᠭ ᠢ ᠪᠠᠭᠲᠠᠭᠠᠭᠰᠠᠨ ᠢᠶᠠᠷ ᠪᠠᠷᠠᠬᠤ | ᠦᠭᠡᠢ᠂ ᠬᠠᠤᠯᠢ ᠲᠣᠭᠲᠠᠭᠠᠯᠲᠠ ᠶᠢ ᠨᠡᠩ ᠰᠢᠰᠲ᠋ᠧᠮᠵᠢᠭᠦᠯᠦᠨ᠂ ᠨᠡᠩ ᠴᠢᠩᠭ᠎ᠠ ᠨᠢᠮᠪᠠᠶ ᠪᠣᠯᠭᠠᠵᠤ᠂ ᠬᠠᠤᠯᠢ | ᠲᠣᠭᠲᠠᠭᠠᠭᠴᠢ ᠶᠢᠨ ᠪᠣᠳᠠᠲᠤ ᠠᠵᠢᠯᠯᠠᠭ᠎ᠠ ᠶᠢ ᠡᠷᠬᠢᠮᠯᠡᠬᠦ ᠴᠢᠨᠠᠷ ᠢ ᠢᠯᠡᠷᠡᠭᠦᠯᠦᠭᠰᠡᠨ ᠪᠠᠶᠢᠨ᠎ᠠ ᠃ | | ᠠᠷᠪᠠ᠂ ᠵᠣᠬᠢᠶᠠᠯ ᠪᠦᠲᠦᠭᠡᠯ ᠤᠨ ᠡᠷᠬᠡ ᠳᠤ ᠬᠠᠯᠳᠠᠭᠰᠠᠨ ᠢᠷᠭᠡᠨ ᠤ ᠬᠡᠷᠡᠭ ᠤᠨ ᠲᠥᠯᠥᠪᠦᠷᠢ ᠶᠢᠨ ᠬᠡᠰᠡᠭ | ᠲᠤ《 ᠶᠠᠯᠠᠯᠠᠨ ᠰᠢᠳᠬᠡᠬᠦ ᠴᠢᠨᠠᠷᠲᠠᠢ ᠲᠥᠯᠥᠪᠦᠷᠢ 》 ᠶᠢᠨ ᠲᠦᠷᠢᠮ ᠢ ᠲᠣᠭᠲᠠᠭᠠᠵᠤ᠂ ᠬᠠᠤᠯᠢ ᠪᠠᠷ | ᠲᠣᠭᠲᠠᠭᠠᠭᠰᠠᠨ ᠲᠥᠯᠥᠪᠦᠷᠢ ᠶᠢᠨ ᠳᠡᠭᠡᠳᠦ ᠬᠢᠵᠠᠭᠠᠷ ᠤᠨ ᠪᠠᠷᠢᠮᠵᠢᠶ᠎ᠠ ᠶᠢ ᠶᠡᠭᠡ ᠪᠠᠷ ᠳᠡᠭᠡᠭᠰᠢᠯᠡᠭᠦᠯᠦᠭᠰᠡᠨ ᠪᠥᠭᠡᠳ | ᠬᠠᠤᠯᠢ ᠪᠠᠷ ᠲᠣᠭᠲᠠᠭᠠᠭᠰᠠᠨ ᠲᠥᠯᠥᠪᠦᠷᠢ ᠶᠢᠨ ᠲᠤᠤᠷᠠᠳᠤ ᠬᠢᠵᠠᠭᠠᠷ ᠢ ᠨᠡᠮᠡᠨ ᠲᠣᠭᠲᠠᠭᠠᠵᠤ᠂ ᠡᠷᠬᠡᠲᠦ ᠬᠥᠮᠦᠨ ᠤ | ᠣᠨᠴᠠᠭᠠᠢ ᠪᠠᠶᠢᠳᠠᠯ ᠳᠣᠣᠷᠠᠬᠢ ᠬᠡᠷᠡᠴᠢ ᠳᠤᠷᠠᠳᠬᠤ ᠬᠠᠷᠢᠭᠤᠴᠠᠯᠭ᠎ᠠ ᠶᠢ ᠵᠣᠬᠢᠰᠲᠠᠢ ᠪᠠᠷ ᠪᠠᠭᠤᠷᠠᠭᠤᠯᠤᠨ᠂ ᠲᠠᠸᠠᠷ | ᠤᠨ ᠲᠡᠮᠳᠡᠭᠲᠦ ᠶᠢᠨ ᠬᠠᠤᠯᠢ᠂ ᠲᠤᠰᠬᠠᠢ ᠠᠰᠢᠭ ᠤᠨ ᠬᠠᠤᠯᠢ ᠳᠤ ᠲᠣᠭᠲᠠᠭᠠᠭᠰᠠᠨ ᠵᠣᠬᠢᠴᠠᠯ ᠨᠢᠭᠡᠳᠦᠯᠲᠦ ᠴᠢᠨᠠᠷ ᠢ | ᠪᠠᠷᠢᠮᠲᠠᠯᠠᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠬᠤ ᠴᠠᠭ ᠦᠶ᠎ᠡ ᠶᠢᠨ | ᠬᠡᠷᠡᠭᠴᠡᠭᠡ ᠳᠤ ᠬᠠᠷᠢᠭᠤᠯᠲᠠ ᠥᠭᠴᠡᠢ ᠃ | ᠣᠳᠣᠬᠠᠨ ᠤ ᠳᠤᠮᠳᠠᠳᠤ ᠤᠯᠤᠰ ᠤᠨ ᠬᠠᠤᠯᠢ ᠪᠠᠷᠢᠬᠤ ᠣᠷᠴᠢᠨ ᠨᠥᠬᠦᠴᠡᠯ ᠳᠤ᠂ ᠮᠡᠳᠡᠯᠭᠡ ᠶᠢᠨ | ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠡᠷᠬᠡ ᠳᠤ ᠬᠠᠯᠳᠠᠭᠰᠠᠨ ᠥᠪᠡᠷ ᠤᠨ ᠦᠷᠳᠡᠭ ᠢ | ᠳᠡᠭᠡᠭᠰᠢᠯᠡᠭᠦᠯᠬᠦ ᠨᠢ ᠨᠢᠭᠡᠨᠲᠡ ᠦᠨᠳᠦᠰᠦᠨ ᠲᠠᠨᠢᠯᠲᠠ ᠪᠣᠯᠤᠭᠰᠠᠨ ᠪᠠᠶᠢᠨ᠎ᠠ ᠃ 2018 ᠣᠨ ᠳᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ | ᠤ ᠠᠯᠪᠠᠨ ᠲᠢᠩᠬᠢᠮ ᠠᠴᠠ ᠨᠡᠶᠢᠲᠡᠯᠡᠭᠰᠡᠨ《 ᠮᠡᠳᠡᠯᠭᠡ ᠶᠢᠨ ᠦᠮᠴᠢᠯᠡᠯ ᠤᠨ ᠡᠷᠬᠡ ᠶᠢᠨ ᠰᠢᠭᠦᠨ ᠲᠠᠰᠤᠯᠤᠯᠲᠠ ᠶᠢᠨ | ᠬᠡᠪᠴᠢᠶᠡᠨ ᠳᠠᠬᠢ ᠥᠭᠡᠷᠡᠴᠢᠯᠡᠯᠲᠡ ᠵᠢᠴᠢ ᠰᠢᠨᠡᠴᠢᠯᠡᠯᠲᠡ ᠶᠢ ᠴᠢᠩᠭᠠᠳᠬᠠᠬᠤ ᠠᠰᠠᠭᠤᠳᠠᠯ ᠤᠳ ᠤᠨ ᠲᠤᠬᠠᠶ ᠰᠠᠨᠠᠯ | 》 ᠳᠤ《 ᠮᠡᠳᠡᠯᠭᠡ ᠶᠢᠨ ᠦᠮᠴᠢᠯᠡᠯ ᠤᠨ ᠡᠷᠬᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ | ᠶᠢ ᠶᠠᠯᠠᠯᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ᠡᠷᠬᠡ ᠪᠠᠨ ᠬᠠᠮᠠᠭᠠᠯᠠᠬᠤ ᠥᠪᠡᠷ ᠤᠨ ᠥᠷᠲᠡᠭ ᠢ | ᠪᠠᠭᠤᠷᠠᠭᠤᠯᠤᠨ᠎ᠠ᠃ ᠡᠷᠬᠡ ᠳᠤ ᠳᠠᠪᠲᠠᠨ ᠬᠠᠯᠳᠠᠬᠤ᠂ ᠮᠠᠭᠤ ᠰᠠᠨᠠᠭᠠᠯᠠᠵᠦ ᠬᠠᠯᠳᠠᠬᠤ ᠵᠢᠴᠢ ᠪᠣᠰᠣᠳ ᠵᠦᠢᠯ ᠤᠨ | ᠡᠷᠬᠡ ᠳᠤ ᠬᠠᠯᠳᠠᠭᠰᠠᠨ ᠬᠦᠨᠳᠦ ᠨᠣᠴᠢᠲᠠᠢ ᠦᠢᠯᠡ ᠪᠠᠶᠢᠳᠠᠯ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ | ᠡᠷᠴᠢᠮ ᠢᠶᠠᠨ ᠴᠢᠩᠭᠠᠷᠠᠭᠤᠯᠵᠤ᠂ ᠲᠥᠯᠥᠪᠦᠷᠢ ᠥᠭᠬᠦ ᠲᠤᠭ᠎ᠠ ᠬᠡᠮᠵᠢᠶ᠎ᠡ ᠶᠢ ᠳᠡᠭᠡᠭᠰᠢᠯᠡᠭᠦᠯᠦᠨ᠂ ᠵᠠᠷᠭᠤ | ᠢᠯᠠᠭᠳᠠᠭᠰᠠᠨ ᠡᠲᠡᠭᠡᠳ ᠢᠶᠠᠷ ᠡᠷᠬᠡ ᠪᠠᠨ ᠬᠠᠮᠠᠭᠠᠯᠠᠬᠤ ᠥᠪᠡᠷ ᠤᠨ ᠦᠷᠳᠡᠭ ᠢ ᠡᠭᠦᠷᠭᠡᠯᠡᠭᠦᠯᠵᠦ᠂ ᠡᠷᠬᠡ ᠳᠤ | ᠬᠠᠯᠳᠠᠭᠰᠠᠳ ᠢ ᠬᠦᠨᠳᠦ ᠨᠣᠴᠢᠲᠠᠢ ᠦᠨ᠎ᠡ ᠲᠥᠯᠥᠪᠦᠷᠢ ᠭᠠᠷᠭᠠᠭᠤᠯᠵᠤ᠂ ᠮᠡᠳᠡᠯᠭᠡ ᠶᠢᠨ ᠦᠮᠴᠢᠯᠡᠯ ᠤᠨ ᠡᠷᠬᠡ ᠳᠤ | ᠬᠠᠯᠳᠠᠭᠰᠠᠨ ᠦᠢᠯᠡ ᠠᠵᠢᠯᠯᠠᠭ᠎ᠠ ᠶᠢ ᠪᠦᠲᠦᠮᠵᠢᠲᠡᠢ ᠪᠠᠷ ᠬᠤᠷᠢᠭᠯᠠᠨ ᠵᠣᠭᠰᠣᠭᠠᠬᠤ ᠪᠠ ᠰᠦᠷᠳᠡᠭᠦᠯᠬᠦ ᠬᠡᠷᠡᠭᠲᠡᠢ ᠃ | ᠡᠷᠬᠡ ᠳᠤ ᠬᠠᠯᠳᠠᠬᠤ ᠵᠣᠷᠢᠭ ᠦᠭᠡᠢ᠂ ᠡᠷᠬᠡ ᠳᠤ ᠬᠠᠯᠳᠠᠬᠤ ᠳᠤᠷ᠎ᠠ ᠦᠭᠡᠢ ᠪᠠᠶᠢᠬᠤ ᠬᠠᠤᠯᠢ ᠴᠠᠭᠠᠵᠠ ᠶᠢᠨ ᠠᠭᠤᠷ | ᠠᠮᠢᠰᠬᠤᠯ ᠢ ᠴᠢᠷᠮᠠᠶᠢᠨ ᠪᠤᠢ ᠪᠣᠯᠭᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠴᠢᠩᠭ᠎ᠠ ᠬᠠᠮᠠᠭᠠᠯᠠᠬᠤ ᠲᠡᠦᠬᠡᠲᠦ | ᠴᠢᠨᠠᠷᠲᠠᠢ ᠬᠤᠪᠢᠷᠠᠯᠲᠠ ᠶᠢ ᠪᠡᠶᠡᠯᠡᠭᠦᠯᠦᠨ᠎ᠡ 》᠃ | ᠲᠣᠰ ᠤᠳᠠᠭ᠎ᠠ ᠰᠢᠨ᠎ᠡ ᠪᠠᠷ ᠵᠠᠰᠠᠪᠤᠷᠢ ᠣᠷᠣᠭᠤᠯᠵᠤ ᠪᠠᠲᠤᠯᠠᠭᠰᠠᠨ《 ᠵᠣᠬᠢᠶᠠᠯ ᠪᠦᠲᠦᠭᠡᠯ ᠤᠨ ᠡᠷᠬᠡ ᠶᠢᠨ | ᠬᠠᠤᠯᠢ 》 ᠨᠢ ᠬᠠᠤᠯᠢ ᠲᠣᠭᠲᠠᠭᠠᠬᠤ ᠳᠠᠪᠬᠤᠷᠭ᠎ᠠ ᠳᠤ ᠬᠤᠯᠪᠣᠭᠳᠠᠯ ᠪᠥᠬᠦᠶ ᠠᠭᠤᠯᠭ᠎ᠠ ᠶᠢ ᠨᠠᠶᠢᠳᠠᠪᠤᠷᠢᠵᠢᠭᠤᠯᠵᠤ᠂ | ᠬᠠᠤᠯᠢ ᠪᠠᠷ ᠲᠣᠭᠲᠠᠭᠠᠭᠰᠠᠨ ᠲᠥᠯᠥᠪᠦᠷᠢ ᠶᠢᠨ ᠬᠠᠮᠤᠭ ᠥᠨᠳᠥᠷ ᠬᠢᠵᠠᠭᠠᠷ ᠲᠤᠭ᠎ᠠ ᠶᠢ 50 ᠲᠦᠮᠡᠨ ᠲᠥᠭᠦᠷᠢᠭ | ᠠᠴᠠ 500 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠦᠭᠰᠡᠨ ᠪᠥᠭᠡᠳ ᠬᠠᠤᠯᠢ ᠪᠠᠷ ᠲᠣᠭᠲᠠᠭᠠᠭᠰᠠᠨ ᠲᠥᠯᠥᠪᠦᠷᠢ | ᠶᠢᠨ 500 ᠲᠥᠭᠦᠷᠢᠭ ᠤᠨ ᠳᠣᠤᠷᠠᠳᠤ ᠬᠢᠵᠠᠭᠠᠷ ᠢ ᠨᠡᠮᠡᠵᠦ ᠲᠣᠬᠢᠷᠠᠭᠤᠯᠤᠭᠰᠠᠨ ᠤ ᠬᠠᠮᠲᠤ᠂ ᠶᠠᠯᠠᠯᠠᠨ ᠰᠢᠳᠬᠡᠬᠦ | ᠴᠢᠨᠠᠷᠲᠠᠶ ᠲᠥᠯᠥᠪᠦᠷᠢ ᠶᠢᠨ ᠬᠡᠷᠡᠭᠯᠡᠯᠲᠡ ᠶᠢ ᠲᠣᠳᠣᠷᠬᠠᠶ ᠲᠣᠭᠲᠠᠭᠠᠵᠤ᠂ ᠡᠷᠬᠡᠲᠦ ᠬᠥᠮᠦᠨ ᠤ ᠬᠠᠮᠠᠭᠠᠯᠠᠯᠲᠠ ᠶᠢ | ᠴᠢᠩᠭᠠᠳᠬᠠᠬᠤ ᠪᠠ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠶᠢ ᠬᠡᠷᠡᠭᠯᠡᠬᠦ ᠳᠤ ᠵᠢᠷᠤᠮᠯᠠᠬᠤ ᠬᠠᠤᠯᠢ ᠲᠠᠢ ᠪᠣᠯᠭᠠᠵᠠᠶ ᠃ | ᠡᠭᠦᠨ ᠠᠴᠠ ᠭᠠᠳᠠᠨ᠎ᠠ᠂ ᠡᠷᠬᠡ ᠳᠤ ᠬᠠᠯᠳᠠᠭᠰᠠᠨ ᠬᠤᠬᠢᠷᠠᠯ ᠤᠨ ᠲᠥᠯᠥᠪᠦᠷᠢ ᠶᠢᠨ ᠲᠣᠭᠠᠨ ᠤ ᠬᠡᠰᠡᠭ ᠢ | ᠲᠣᠭᠲᠠᠭᠠᠬᠤ ᠲᠠᠯ᠎ᠠ ᠪᠠᠷ᠂ ᠰᠢᠨ᠎ᠡ《 ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ 》 ᠳᠤ ᠡᠷᠬᠡ ᠶᠢᠨ | ᠵᠥᠪᠰᠢᠶᠡᠷᠡᠯ ᠤᠨ ᠵᠠᠷᠤᠳᠠᠯ ᠢ ᠲᠣᠳᠣᠷᠬᠠᠶ ᠪᠣᠯᠭᠠᠵᠤ ᠲᠥᠯᠥᠪᠦᠷᠢ ᠶᠢᠨ ᠲᠤᠭ᠎ᠠ ᠶᠢ ᠲᠣᠭᠲᠠᠭᠠᠬᠤ ᠪᠠᠷᠢᠮᠵᠢᠶ᠎ᠠ | ᠪᠣᠯᠭᠠᠭᠰᠠᠨ ᠪᠥᠭᠡᠳ ᠨᠢᠭᠡ ᠠᠴᠠ ᠲᠠᠪᠤᠨ ᠳᠠᠬᠢᠨ ᠤ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠶᠢᠨ ᠳᠠᠬᠢᠨ ᠤ | ᠪᠠᠷᠢᠮᠵᠢᠶ᠎ᠠ ᠶᠢ ᠲᠣᠳᠣᠷᠬᠠᠶᠢᠯᠠᠵᠤ ᠡᠭᠦᠨ ᠤ ᠤᠯᠠᠮ ᠠᠴᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠪᠤᠰᠤᠳ ᠬᠠᠤᠯᠢ ᠴᠠᠭᠠᠵᠠ ᠲᠠᠢ ᠤᠯᠠᠮ ᠨᠢᠭᠡ ᠠᠯᠬᠤᠮ ᠵᠣᠬᠢᠴᠠᠭᠤᠯᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ | ᠬᠤᠬᠢᠷᠠᠯ ᠢ ᠳᠥᠯᠥᠬᠦ ᠰᠢᠰᠲ᠋ᠧᠮᠵᠢᠭᠰᠡᠨ ᠲᠦᠷᠢᠮ ᠢ ᠪᠠᠶᠢᠭᠤᠯᠬᠤ ᠳᠤ ᠠᠰᠢᠭᠲᠠᠶ ᠪᠥᠭᠡᠳ ᠮᠡᠳᠡᠯᠭᠡ ᠶᠢᠨ | ᠦᠮᠴᠢᠯᠡᠯ ᠤᠨ ᠡᠷᠬᠡ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠬᠤ ᠴᠠᠭ ᠦᠶ᠎ᠡ ᠶᠢᠨ ᠬᠡᠷᠡᠭᠴᠡᠭᠡ ᠱᠠᠭᠠᠷᠳᠠᠯᠭ᠎ᠠ ᠳᠤ | ᠬᠠᠷᠢᠭᠤ ᠥᠭᠴᠡᠶ ᠃ |