9 ᠰᠠᠷ᠎ᠠ ᠶᠢᠨ 24 ᠤ ᠡᠳᠦᠷ᠂ 2021 ᠣᠨ ᠤ ᠬᠢᠩᠭᠠᠨ ᠠᠶᠢᠮᠠᠭ ᠤᠨ ᠶᠤᠸᠠᠨ ᠯᠦᠩ ᠫᠢᠩ | ᠠᠺᠠᠳᠧᠮᠢᠴᠢ ᠶᠢᠨ ᠠᠵᠢᠯ ᠤᠨ ᠥᠷᠲᠡᠭᠡ ᠶᠢᠨ ᠴᠢᠨᠠᠷ ᠰᠠᠶᠢᠲᠠᠶ ᠤᠰᠤᠨ ᠲᠤᠲᠤᠷᠭ᠎ᠠ ᠶᠢᠨ ᠤᠨᠠᠯᠲᠠ ᠶᠢ ᠬᠡᠮᠵᠢᠬᠦ | ᠵᠢᠴᠢ 《 ᠮᠥ ᠪᠦᠷᠢ ᠶᠢᠨ ᠤᠨᠠᠯᠲᠠ ᠶᠢ 100 ᠺᠢᠯᠣᠭ᠍ᠷᠠᠮ ᠨᠡᠮᠡᠭᠳᠡᠭᠦᠯᠬᠦ ᠮᠡᠷᠭᠡᠵᠢᠯ ᠤᠨ ᠵᠠᠭᠪᠤᠷ 》 ᠤᠨ ᠲᠤᠬᠠᠶ | ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠯᠠᠭᠠᠨᠬᠤᠲᠠ ᠶᠢᠨ | ᠤᠯᠠᠭᠠᠨᠬᠠᠳᠠ ᠪᠠᠯᠭᠠᠰᠤᠨ ᠤ ᠪᠠᠷᠠᠭᠤᠨ ᠪᠠᠶᠠᠨ ᠭᠠᠴᠠᠭ᠎ᠠ ᠶᠢᠨ ᠬᠢᠩᠭᠠᠨ ᠠᠶᠢᠮᠠᠭ ᠤᠨ ᠶᠤᠸᠠᠨ ᠯᠦᠩ ᠫᠢᠩ | ᠠᠺᠠᠳᠧᠮᠢᠴᠢ ᠶᠢᠨ ᠠᠵᠢᠯ ᠤᠨ ᠥᠷᠲᠡᠭᠡ ᠶᠢᠨ ᠤᠰᠤᠨ ᠲᠤᠲᠤᠷᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠰᠠᠭᠤᠷᠢᠨ ᠭᠠᠵᠠᠷ ᠤᠨ 3 ᠬᠡᠰᠡᠭ ᠲᠤᠲᠤᠷᠭ᠎ᠠ ᠶᠢᠨ ᠲᠠᠷᠢᠶ᠎ᠠ ᠶᠢ ᠲᠠᠰᠢᠷᠠᠮ ᠢᠶᠠᠷ ᠰᠣᠩᠭᠤᠵᠤ ᠲᠤᠬᠠᠶ ᠶᠢᠨ ᠲᠠᠯᠠᠪᠠᠶ | ᠳᠤ ᠨᠢ ᠬᠠᠳᠤᠵᠤ ᠤᠨᠠᠯᠲᠠ ᠶᠢ ᠨᠢ ᠬᠡᠮᠵᠢᠪᠡ᠂ ᠤᠰᠤᠨ ᠤ ᠠᠭᠤᠯᠤᠭᠳᠠᠴᠠ ᠵᠢᠴᠢ ᠬᠤᠯᠢᠴᠠ ᠶᠢᠨ ᠠᠭᠤᠯᠤᠭᠳᠠᠴᠠ | ᠵᠡᠷᠭᠡ ᠡᠯᠧᠮᠧᠨ᠋ᠲ ᠢ ᠶᠡᠷᠦᠩᠬᠡᠶᠢᠯᠡᠨ ᠵᠠᠳᠠᠯᠤᠭᠰᠠᠨ ᠤ ᠳᠠᠷᠠᠭ᠎ᠠ᠂ ᠪᠠᠶᠠᠷᠯᠠᠭᠤᠰᠢᠲᠠᠶ ᠲᠥᠰᠦᠭᠡᠯᠡᠨ ᠪᠣᠳᠣᠭᠰᠠᠨ ᠦᠷ᠎ᠡ | ᠳ᠋ᠦᠩ ᠣᠯᠵᠠᠶ᠄ 3 ᠬᠡᠰᠡᠭ ᠲᠤᠲᠤᠷᠭ᠎ᠠ ᠶᠢᠨ ᠲᠠᠷᠢᠶᠠᠨ ᠤ ᠮᠦ ᠪᠦᠷᠢ ᠶᠢᠨ ᠳᠤᠮᠳᠠᠴᠢ ᠤᠨᠠᠯᠲᠠ ᠨᠢ ᠲᠤᠰ ᠲᠤᠰ | 714 . 8 ᠺᠢᠯᠣᠭ᠍ᠷᠠᠮ᠂ 685 ᠺᠢᠯᠣᠭ᠍ᠷᠠᠮ ᠪᠠ 751 ᠺᠢᠯᠣᠭ᠍ᠷᠠᠮ᠂ 3 ᠬᠡᠰᠡᠭ ᠲᠠᠷᠢᠶᠠᠨ ᠤ ᠮᠦ ᠪᠦᠷᠢ ᠶᠢᠨ | ᠳᠤᠮᠳᠠᠴᠢ ᠤᠨᠠᠯᠲᠠ ᠨᠢ 715 . 3 ᠺᠢᠯᠣᠭ᠍ᠷᠠᠮ ᠪᠣᠯᠤᠨ᠎ᠠ᠂ 2018 ᠣᠨ ᠮᠦ ᠪᠦᠷᠢ ᠶᠢᠨ ᠳᠤᠮᠳᠠᠴᠢ ᠤᠨᠠᠯᠲᠠ | 600 ᠺᠢᠯᠣᠭ᠍ᠷᠠᠮ ᠬᠦᠷᠬᠦ ᠦᠭᠡᠢ ᠲᠠᠢ ᠬᠠᠷᠢᠴᠠᠭᠤᠯᠪᠠᠯ᠂ 3 ᠵᠢᠯ ᠤᠨ ᠮᠦ ᠪᠦᠷᠢ ᠶᠢᠨ ᠤᠨᠠᠯᠲᠠ ᠶᠢ 100 ᠺᠢᠯᠣᠭ᠍ᠷᠠᠮ | ᠨᠡᠮᠡᠭᠳᠡᠭᠦᠯᠬᠦ ᠲᠥᠯᠥᠪᠯᠡᠭᠡ ᠶᠢ ᠠᠮᠵᠢᠯᠲᠠ ᠲᠠᠢ ᠪᠡᠶᠡᠯᠡᠭᠦᠯᠪᠡ ᠃ | ᠴᠢᠨᠠᠷ ᠰᠠᠶᠢᠲᠠᠶ ᠤᠰᠤᠨ ᠲᠤᠲᠤᠷᠭ᠎ᠠ ᠶᠢᠨ ᠲᠥᠰᠦᠭᠡᠯᠡᠨ ᠪᠤᠳᠤᠭᠰᠠᠨ ᠦᠷ᠎ᠡ ᠳ᠋ᠦᠩ ᠨᠢ 2018 ᠣᠨ ᠤ | 10 ᠳ᠋ᠤᠭᠠᠷ ᠰᠠᠷ᠎ᠠ ᠶᠢᠨ 16 ᠤ ᠡᠳᠦᠷ᠂ ᠶᠤᠸᠠᠨ ᠯᠦᠩ ᠫᠢᠩ ᠠᠺᠠᠳᠧᠮᠢᠴᠢ ᠥᠪᠡᠷ ᠤᠨ ᠪᠡᠶ᠎ᠡ ᠪᠠᠷ ᠢᠶᠠᠨ | ᠬᠢᠩᠭᠠᠨ ᠠᠶᠢᠮᠠᠭ ᠲᠤ ᠬᠦᠷᠴᠦ ᠶᠤᠸᠠᠨ ᠯᠦᠩ ᠫᠢᠩ ᠠᠺᠠᠳᠧᠮᠢᠴᠢ ᠶᠢᠨ ᠠᠵᠢᠯᠯᠠᠬᠤ ᠥᠷᠲᠡᠭᠡ ᠳᠤ ᠫᠠᠶᠢᠰᠠ | ᠣᠯᠭᠤᠬᠤ ᠶᠣᠰᠣᠯᠠᠯ ᠳᠡᠭᠡᠷ᠎ᠡ ᠳᠤᠷᠠᠳᠤᠭᠰᠠᠨ 3 ᠵᠢᠯ ᠤᠨ ᠳᠣᠲᠣᠷ᠎ᠠ ᠬᠢᠩᠭᠠᠨ ᠠᠶᠢᠮᠠᠭ ᠤᠨ ᠤᠰᠤᠨ ᠲᠤᠲᠤᠷᠭ᠎ᠠ | ᠶᠢᠨ ᠮᠥ ᠪᠦᠷᠢ ᠶᠢᠨ ᠤᠨᠠᠯᠲᠠ ᠶᠢ 100 ᠺᠢᠯᠣᠭ᠍ᠷᠠᠮ ᠨᠡᠮᠡᠭᠳᠡᠭᠦᠯᠬᠦ 《 ᠶᠤᠸᠠᠨ ᠮᠧᠩ ᠲᠥᠯᠥᠪᠯᠡᠭᠡ 》 ᠶᠢ | ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ ᠃ | 《 ᠡᠨᠡ 3 ᠵᠢᠯ ᠳᠤ ᠪᠢᠳᠡ ᠡᠭᠦᠯᠳᠡᠷ ᠢ ᠰᠤᠳᠤᠯᠤᠨ ᠨᠡᠭᠡᠭᠡᠭᠰᠡᠨ ᠰᠠᠭᠤᠷᠢᠨ ᠳᠡᠭᠡᠷ᠎ᠡ᠂ ᠴᠢᠬᠢ ᠰᠠᠭᠤᠯᠭᠠᠬᠤ | ᠂ ᠪᠣᠷᠲᠣᠭᠤᠷ ᠣᠷᠣᠭᠤᠯᠬᠤ᠂ ᠡᠮ ᠬᠡᠷᠡᠭᠯᠡᠬᠦ ᠵᠡᠷᠭᠡ ᠲᠠᠯ᠎ᠠ ᠪᠠᠷ ᠵᠢᠷᠤᠮᠵᠢᠭᠤᠯᠤᠨ ᠳᠠᠷᠢᠵᠤ᠂ ᠨᠢᠭᠡ ᠢᠵᠢ ᠥᠨᠳᠥᠷ | ᠤᠨᠠᠯᠲᠠ ᠲᠠᠢ ᠮᠡᠷᠭᠡᠵᠢᠯ ᠢ ᠳ᠋ᠦᠩᠨᠡᠨ ᠭᠠᠷᠭᠠᠪᠠ᠂ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠤ᠂ ᠪᠢᠳᠡ | ᠨᠢᠭᠡᠨ ᠵᠢᠭᠠᠬᠤ ᠫᠷᠤᠭ᠍ᠷᠠᠮ ᠬᠢᠵᠦ ᠬᠢᠩᠭᠠᠨ ᠠᠶᠢᠮᠠᠭ ᠤᠨ ᠲᠠᠷᠢᠮᠠᠯ ᠤᠨ ᠡᠷᠦᠬᠡ ᠳᠤ ᠬᠠᠩᠭᠠᠨ ᠰᠤᠷᠤᠯᠴᠠᠭᠤᠯᠵᠤ᠂ | ᠤᠰᠤᠨ ᠲᠤᠲᠤᠷᠭ᠎ᠠ ᠶᠢᠨ ᠲᠠᠷᠢᠮᠠᠯ ᠤᠨ ᠡᠷᠦᠬᠡ ᠳᠤ ᠪᠢᠳᠡᠨ ᠤ ᠰᠤᠳᠤᠯᠤᠨ ᠨᠡᠭᠡᠭᠡᠭᠰᠡᠨ ᠡᠭᠦᠯᠳᠡᠷ ᠢ | ᠬᠡᠷᠡᠭᠯᠡᠭᠦᠯᠦᠭᠰᠡᠨ ᠰᠠᠭᠤᠷᠢᠨ ᠳᠡᠭᠡᠷ᠎ᠡ᠂ ᠳᠠᠬᠢᠭᠠᠳ ᠮᠠᠨ ᠤ ᠡᠨᠡ ᠬᠦ ᠳᠠᠷᠢᠬᠤ ᠮᠡᠷᠭᠡᠵᠢᠯ ᠢ ᠬᠡᠷᠡᠭᠯᠡᠨ᠂ ᠲᠠᠷᠢᠮᠠᠯ ᠤᠨ | ᠡᠷᠦᠬᠡ ᠳᠤ ᠨᠠᠩ ᠥᠨᠳᠥᠷ ᠤᠨᠠᠯᠲᠠ ᠪᠠ ᠨᠠᠩ ᠰᠠᠶᠢᠨ ᠦᠷ᠎ᠡ ᠠᠰᠢᠭ ᠣᠯᠭᠤᠨ᠎ᠠ ᠃ 》 ᠭᠡᠵᠦ ᠬᠢᠩᠭᠠᠨ ᠠᠶᠢᠮᠠᠭ | ᠤᠨ ᠶᠤᠸᠠᠨ ᠯᠦᠩ ᠫᠢᠩ ᠠᠺᠠᠳᠧᠮᠢᠴᠢ ᠶᠢᠨ ᠠᠵᠢᠯᠯᠠᠬᠤ ᠥᠷᠲᠡᠭᠡᠨ ᠤ ᠳᠠᠷᠤᠭ᠎ᠠ ᠸᠠᠩ ᠱᠢ ᠭᠠᠩ ᠬᠡᠯᠡᠪᠡ ᠃ | 2021 ᠣᠨ ᠳᠤ᠂ ᠬᠢᠩᠭᠠᠨ ᠠᠶᠢᠮᠠᠭ ᠤᠨ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠤᠯᠠᠭᠠᠨᠬᠤᠲᠠ ᠵᠡᠷᠭᠡ ᠳᠦᠷᠪᠡᠨ ᠬᠤᠰᠢᠭᠤ | ᠰᠢᠶᠠᠨ ᠬᠤᠳᠠ ᠳᠤ ᠮᠦ ᠪᠦᠷᠢ ᠶᠢᠨ ᠤᠨᠠᠯᠲᠠ ᠶᠢ 100 ᠺᠢᠯᠣᠭ᠍ᠷᠠᠮ ᠨᠡᠮᠡᠭᠳᠡᠭᠦᠯᠬᠦ ᠲᠤᠷᠰᠢᠯᠲᠠ ᠶᠢᠨ ᠵᠢᠱᠢᠶ᠎ᠡ | ᠦᠵᠡᠭᠦᠯᠬᠦ ᠴᠡᠭ ᠢ ᠰᠢᠨ᠎ᠡ ᠪᠠᠷ ᠨᠡᠮᠡᠭᠳᠡᠭᠦᠯᠪᠡ ᠃ | 《 ᠶᠤᠸᠠᠨ ᠮᠧᠩ ᠲᠥᠯᠥᠪᠯᠡᠭᠡ 》 ᠶᠢ ᠪᠡᠶᠡᠯᠡᠭᠦᠯᠬᠦ ᠶᠢᠨ ᠲᠥᠯᠥᠭᠡ᠂ 2018 ᠣᠨ ᠠᠴᠠ ᠨᠠᠭᠠᠰᠢ᠂ | ᠬᠢᠩᠭᠠᠨ ᠠᠶᠢᠮᠠᠭ ᠤᠨ ᠶᠤᠸᠠᠨ ᠯᠦᠩ ᠫᠢᠩ ᠠᠺᠠᠳᠧᠮᠢᠴᠢ ᠤᠰᠤᠨ ᠲᠤᠲᠤᠷᠭ᠎ᠠ ᠶᠢᠨ ᠰᠢᠨ᠎ᠡ ᠡᠭᠦᠯᠳᠡᠷ ᠢ ᠰᠣᠩᠭᠤᠨ | ᠪᠣᠶᠢᠵᠢᠭᠤᠯᠬᠤ᠂ ᠥᠨᠳᠥᠷ ᠤᠨᠠᠯᠲᠠ ᠲᠠᠢ ᠳᠠᠷᠢᠵᠤ ᠪᠣᠶᠢᠵᠢᠭᠤᠯᠬᠤ ᠮᠡᠷᠭᠡᠵᠢᠯ ᠤᠨ ᠰᠤᠳᠤᠯᠭᠠᠨ᠂ ᠤᠰᠤ ᠠᠷᠪᠢᠯᠠᠬᠤ | ᠮᠡᠷᠭᠡᠵᠢᠯ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠬᠤᠷᠠᠮᠠᠯ ᠰᠢᠨ᠎ᠡ ᠶᠢ ᠡᠭᠦᠳᠬᠦ ᠵᠢᠴᠢ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ ᠢ ᠣᠨᠳᠣᠤᠰᠢᠭᠤᠯᠤᠨ ᠳᠡᠯᠭᠡᠷᠡᠭᠦᠯᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ | ᠥᠷᠨᠢᠭᠦᠯᠪᠡ ᠃ ᠤᠰᠤᠨ ᠲᠤᠲᠤᠷᠭ᠎ᠠ ᠶᠢᠨ ᠦᠷ᠎ᠡ ᠪᠣᠶᠢᠵᠢᠭᠤᠯᠬᠤ ᠰᠢᠨᠵᠢᠯᠡᠬᠦ ᠤᠬᠠᠭᠠᠨ ᠤ ᠰᠤᠳᠤᠯᠭᠠᠨ ᠤ | ᠰᠠᠭᠤᠷᠢᠨ ᠭᠠᠵᠠᠷ 260 ᠮᠦ᠂ ᠤᠰᠤᠨ ᠲᠤᠲᠤᠷᠭ᠎ᠠ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠪᠠ | ᠦᠷᠡᠵᠢᠭᠦᠯᠦᠨ ᠲᠠᠷᠢᠬᠤ ᠰᠠᠭᠤᠷᠢᠨ ᠭᠠᠵᠠᠷ 1710 ᠮᠦ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ | ᠰᠠᠭᠤᠷᠢᠨ ᠭᠠᠵᠠᠷ 3847 ᠮᠦ᠂ ᠬᠠᠭᠤᠷᠠᠢ ᠪᠠᠷ ᠲᠠᠷᠢᠬᠤ ᠰᠠᠭᠤᠷᠢᠨ ᠭᠠᠵᠠᠷ 785 ᠮᠦ᠂ ᠤᠰᠤᠨ ᠲᠤᠲᠤᠷᠭ᠎ᠠ | ᠶᠢᠨ ᠬᠠᠭᠤᠷᠠᠢ ᠪᠠᠷ ᠲᠠᠷᠢᠬᠤ ᠤᠰᠤ ᠠᠷᠪᠢᠯᠠᠬᠤ ᠰᠠᠭᠤᠷᠢᠨ ᠭᠠᠵᠠᠷ 280 ᠮᠦ᠂ ᠬᠠᠶᠢᠨᠠᠨ ᠤ ᠡᠮᠦᠨᠡᠲᠦ ᠬᠡᠰᠡᠭ ᠲᠤ | ᠦᠷᠡᠵᠢᠭᠦᠯᠬᠦ ᠰᠠᠭᠤᠷᠢᠨ ᠭᠠᠵᠠᠷ 40 ᠮᠦ᠂ ᠶᠡᠷᠦᠩᠬᠡᠢ ᠲᠠᠯᠠᠪᠠᠢ 6922 ᠮᠦ ᠳᠤ ᠬᠦᠷᠴᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠤᠳᠤᠯᠤᠨ ᠨᠡᠭᠡᠭᠡᠬᠦ ᠲᠠᠯᠠᠪᠠᠢ ᠶᠢᠨ ᠬᠡᠷᠡᠭᠴᠡᠭᠡ ᠶᠢ ᠪᠦᠲᠦᠮᠵᠢᠲᠡᠢ ᠪᠠᠲᠤᠯᠠᠪᠠ ᠃ | ᠡᠭᠦᠨ ᠤ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ | ᠶᠢᠨ ᠲᠥᠯᠥᠭᠡ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠨᠥᠯᠥᠭᠡᠯᠡᠬᠦ ᠬᠦᠴᠦᠨ᠂ ᠬᠢᠩᠭᠠᠨ ᠠᠶᠢᠮᠠᠭ ᠤᠷᠢᠳ | ᠬᠤᠵᠢᠳ ᠤᠯᠤᠰ ᠤᠨ ᠡᠷᠯᠢᠰᠡᠵᠢᠭᠦᠯᠦᠭᠰᠡᠨ ᠤᠰᠤᠨ ᠲᠤᠲᠤᠷᠭ᠎ᠠ ᠶᠢᠨ ᠢᠨᠵᠧᠨᠧᠷᠢᠩ ᠤᠨ ᠮᠡᠷᠭᠡᠵᠢᠯ ᠤᠨ | ᠰᠤᠳᠤᠯᠭᠠᠨ ᠤ ᠲᠥᠪ ᠤᠨ ᠬᠢᠩᠭᠠᠨ ᠠᠶᠢᠮᠠᠭ ᠤᠨ ᠬᠤᠪᠢᠶᠠᠷᠢ ᠲᠥᠪ ᠪᠣᠯᠤᠨ ᠤᠯᠤᠰ ᠤᠨ ᠬᠤᠵᠢᠷ ᠲᠤ | ᠳᠠᠭᠠᠭᠠᠮᠠᠭᠠᠶ ᠤᠰᠤᠨ ᠲᠤᠲᠤᠷᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠢᠩᠭᠠᠨ ᠠᠶᠢᠮᠠᠭ ᠤᠨ | ᠲᠤᠷᠰᠢᠯᠲᠠ ᠶᠢᠨ ᠰᠠᠭᠤᠷᠢᠨ ᠭᠠᠵᠠᠷ ᠢ ᠪᠠᠶᠢᠭᠤᠯᠪᠠ᠂ ᠥᠪᠡᠷᠲᠡᠭᠡᠨ ᠵᠠᠰᠠᠬᠤ ᠣᠷᠣᠨ ᠤ 《 ᠤᠮᠠᠷᠠᠲᠤ ᠣᠷᠣᠨ ᠤ | ᠬᠦᠢᠲᠡᠨ ᠭᠠᠵᠠᠷ ᠤᠨ ᠤᠰᠤᠨ ᠲᠤᠲᠤᠷᠭ᠎ᠠ ᠵᠢᠴᠢ ᠣᠷᠣᠨ ᠪᠦᠰᠡ ᠶᠢᠨ ᠬᠤᠵᠢᠷ ᠲᠤ ᠳᠠᠭᠠᠭᠠᠮᠠᠭᠠᠶ ᠤᠰᠤᠨ | ᠲᠤᠲᠤᠷᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠠᠩᠭᠢᠯᠠᠭ᠎ᠠ ᠶᠢᠨ ᠮᠡᠷᠭᠡᠵᠢᠯ ᠤᠨ | ᠰᠤᠳᠤᠯᠤᠯ ᠬᠢᠭᠡᠳ ᠬᠤᠷᠠᠮᠠᠯ ᠵᠢᠱᠢᠶ᠎ᠡ ᠦᠵᠡᠭᠦᠯᠬᠦ 》 ᠲᠥᠷᠥᠯ ᠵᠦᠢᠯ ᠢ ᠡᠭᠦᠷᠭᠡᠯᠡᠵᠡᠶ᠂ ᠤᠮᠠᠷᠠᠲᠤ ᠣᠷᠣᠨ ᠤ | ᠬᠦᠢᠳᠡᠨ ᠭᠠᠵᠠᠷ ᠤᠨ ᠴᠢᠨᠠᠷ ᠰᠠᠶᠢᠲᠠᠢ ᠲᠤᠲᠤᠷᠭ᠎ᠠ ᠶᠢᠨ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ ᠰᠤᠳᠤᠯᠭᠠᠨ | ᠢ ᠢᠳᠡᠪᠬᠢᠲᠡᠢ ᠥᠷᠨᠢᠭᠦᠯᠦᠨ᠎ᠡ᠂ ᠴᠢᠨᠠᠷ ᠰᠠᠶᠢᠲᠠᠶ ᠤᠰᠤᠨ ᠲᠤᠲᠤᠷᠭ᠎ᠠ ᠶᠢ ᠡᠯᠪᠡᠭ ᠬᠤᠷᠢᠶᠠᠯᠲᠠ ᠲᠠᠢ ᠲᠠᠷᠢᠬᠤ | ᠮᠡᠷᠭᠡᠵᠢᠯ ᠤᠨ ᠰᠤᠳᠤᠯᠤᠯ᠂ ᠬᠢᠩᠭᠠᠨ ᠠᠶᠢᠮᠠᠭ ᠤᠨ ᠬᠤᠵᠢᠷ ᠲᠤ ᠳᠠᠭᠠᠭᠠᠮᠠᠭᠠᠶ ᠤᠰᠤᠨ ᠲᠤᠲᠤᠷᠭ᠎ᠠ ᠶᠢᠨ ᠰᠢᠨ᠎ᠡ | ᠡᠭᠦᠯᠳᠡᠷ ᠢ ᠰᠣᠩᠭᠤᠨ ᠪᠣᠶᠢᠵᠢᠭᠤᠯᠬᠤ ᠵᠢᠴᠢ ᠢᠵᠢ ᠪᠦᠷᠢᠳᠦᠭᠦᠯᠦᠨ ᠳᠠᠷᠢᠬᠤ ᠮᠡᠷᠭᠡᠵᠢᠯ ᠤᠨ ᠬᠤᠷᠠᠮᠠᠯ ᠰᠤᠳᠤᠯᠤᠯ᠂ | ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠤᠰᠤᠨ ᠲᠤᠲᠤᠷᠭ᠎ᠠ ᠶᠢᠨ ᠦᠶᠯᠡᠳᠪᠦᠷᠢᠯᠡᠯ ᠳᠤᠮᠳᠠᠬᠢ ᠬᠡᠷᠡᠭᠯᠡᠭᠡᠨ ᠤ | ᠰᠤᠳᠤᠯᠤᠯ᠂ ᠤᠰᠤᠨ ᠲᠤᠲᠤᠷᠭ᠎ᠠ ᠶᠢ ᠤᠰᠤ ᠠᠷᠪᠢᠯᠠᠬᠤ ᠥᠨᠳᠥᠷ ᠪᠦᠲᠦᠮᠵᠢᠲᠡᠶ ᠲᠠᠷᠢᠬᠤ ᠮᠡᠷᠭᠡᠵᠢᠯ ᠤᠨ ᠬᠤᠷᠠᠮᠠᠯ | ᠰᠤᠳᠤᠯᠤᠯ ᠃ 3 ᠵᠢᠯ ᠤᠨ ᠳᠣᠲᠣᠷ᠎ᠠ ᠨᠢᠭᠡᠨᠲᠡ ᠤᠰᠤᠨ ᠲᠤᠲᠤᠷᠭ᠎ᠠ ᠶᠢᠨ 3 ᠰᠢᠨ᠎ᠡ ᠡᠭᠦᠯᠳᠡᠷ ᠢ ᠬᠢᠨᠠᠨ | ᠲᠣᠭᠲᠠᠭᠠᠵᠤ ᠪᠠᠲᠤᠯᠠᠨ᠂ 《 ᠬᠢᠩᠭᠠᠨ ᠠᠶᠢᠮᠠᠭ ᠤᠨ ᠤᠰᠤᠨ ᠲᠤᠲᠤᠷᠭ᠎ᠠ ᠶᠢᠨ ᠮᠥ ᠪᠦᠷᠢ ᠶᠢᠨ ᠤᠨᠠᠯᠲᠠ ᠶᠢ | 100 ᠺᠢᠯᠣᠭ᠍ᠷᠠᠮ ᠨᠡᠮᠡᠭᠳᠡᠭᠦᠯᠬᠦ ᠮᠡᠷᠭᠡᠵᠢᠯ ᠤᠨ ᠵᠠᠭᠪᠤᠷ 》 ᠢ ᠪᠠᠶᠢᠭᠤᠯᠬᠤ ᠳᠤ ᠰᠠᠶᠢᠨ ᠡᠭᠦᠯᠳᠡᠷ ᠤᠨ ᠰᠠᠭᠤᠷᠢ ᠶᠢ | ᠲᠠᠯᠪᠢᠪᠠ ᠃ |