| | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ | ᠪᠦᠬᠦᠳᠡ ᠬᠤᠷᠠᠯ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠶᠢ ᠴᠢᠷᠮᠠᠶᠢᠨ ᠪᠡᠶᠡᠯᠡᠭᠦᠯᠬᠦ ᠳᠤ ᠰᠠᠭᠤᠷᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠪᠦᠬᠦ ᠲᠠᠯ᠎ᠠ ᠶᠢᠨ | ᠪᠠᠶᠢᠷᠢᠯᠠᠭᠤᠯᠤᠯᠲᠠ ᠬᠢᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ | ᠪᠤᠳᠤᠯᠭ᠎ᠠ ᠶᠢ ᠲᠦᠷᠭᠡᠳᠬᠡᠨ ᠬᠡᠷᠡᠭᠵᠢᠭᠦᠯᠵᠦ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ | ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠰᠦ ᠶᠢᠨ ᠦᠢᠯᠡᠰ᠂ ᠦᠷ᠎ᠡ ᠶᠢᠨ ᠦᠢᠯᠡᠰ᠂ | ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠨᠡᠭᠦᠷᠡᠰᠦᠲᠥ᠋ᠷᠥᠭᠴᠢ ᠶᠢᠨ ᠰᠢᠨ᠎ᠡ ᠮᠠᠲ᠋ᠧᠷᠢᠶᠠᠯ ᠂ ᠰᠢᠨ᠎ᠡ ᠡᠨᠧᠷᠭᠢ᠂ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠬᠦᠷᠢᠶᠡᠨ ᠳᠤ ᠨᠢᠭᠡ ᠪᠦᠯᠦᠭ 《 ᠪᠣᠭᠤᠮᠢ 》 ᠶᠢᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠴᠢᠷᠮᠠᠶᠢᠨ | ᠰᠢᠪᠲᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠳᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ᠂ ᠥᠪᠥᠷ ᠮᠣᠩᠭᠤᠯ ᠤᠨ ᠡᠳᠦᠷ ᠤᠨ ᠰᠣᠨᠢᠨ | ᠤ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠹᠧᠩ ᠵᠢᠶᠠ ᠵᠢᠤᠢ ᠶᠢ ᠰᠤᠷᠪᠤᠯᠵᠢᠯᠠᠪᠠ᠃ | ᠹᠧᠩ ᠵᠢᠶᠠ ᠵᠢᠤᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠴᠢᠬᠤᠯᠠ ᠭᠠᠷᠳᠠᠴᠠ ᠪᠣᠯᠭᠠᠨ᠎ᠠ᠂ ᠴᠢᠨᠠᠷ ᠰᠠᠶᠢᠲᠠᠶ | ᠬᠥᠭᠵᠢᠯᠲᠡ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠤ ᠣᠯᠭᠤᠭᠰᠠᠨ | ᠢᠷᠠᠭᠤ ᠠᠯᠳᠠᠷᠲᠤ ᠡᠭᠦᠷᠭᠡ ᠶᠢ ᠡᠷᠡᠰ ᠡᠭᠦᠷᠭᠡᠯᠡᠬᠦ ᠬᠡᠷᠡᠭᠲᠡᠶ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠡᠭᠡᠷᠡᠬᠢ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠴᠢᠬᠤᠯᠠ ᠶᠡᠭᠡ ᠡᠭᠦᠷᠭᠡ ᠶᠢ | ᠣᠨᠣᠪᠴᠢᠲᠠᠶ ᠡᠵᠡᠮᠳᠡᠬᠦ ᠬᠡᠷᠡᠭᠲᠡᠶ᠂ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠰ ᠢ ᠤᠯᠠᠮ ᠨᠢᠭᠡ ᠠᠯᠬᠤᠮ | ᠠᠬᠢᠭᠤᠯᠬᠤ ᠪᠣᠳᠠᠲᠠᠶ ᠠᠷᠭ᠎ᠠ ᠬᠠᠲᠠᠭᠤ ᠠᠷᠭ᠎ᠠ ᠭᠠᠷᠭᠠᠬᠤ ᠬᠡᠷᠡᠭᠲᠡᠶ᠂ ᠤᠯᠤᠰ ᠲᠥᠷᠥ ᠶᠢ ᠡᠷᠬᠢᠮᠯᠡᠬᠦ ᠦᠨᠳᠦᠷᠴᠡ | ᠠᠴᠠ᠂ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠨᠠᠷᠢᠯᠢᠭ | ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ | ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠡᠨ ᠬᠦ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠠᠮᠢᠳᠤᠯᠢᠭ | ᠦᠶᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠶ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢᠨ | ᠬᠥᠳᠡᠯᠭᠡᠬᠦ ᠬᠦᠴᠦᠨ ᠤ ᠡᠬᠢ ᠪᠤᠯᠠᠭ ᠪᠣᠯᠭᠠᠨ ᠬᠤᠪᠢᠷᠠᠭᠤᠯᠪᠠ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ | ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠪᠡ᠃ | 《 ᠪᠢᠳᠡ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠪᠣᠶᠢᠵᠢᠭᠤᠯᠤᠨ ᠬᠥᠭᠵᠢᠭᠦᠯᠬᠦ ᠶᠢ | ᠬᠢᠵᠠᠭᠠᠷᠯᠠᠵᠤ ᠪᠠᠶᠢᠭ᠎ᠠ ᠠᠷᠬᠠᠭ ᠬᠡᠮ ᠢ ᠶᠡᠭᠡ ᠪᠠᠷ ᠠᠷᠢᠯᠭᠠᠵᠤ᠂ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ | ᠠᠪᠴᠢᠷᠠᠬᠤ᠂ ᠬᠡᠷᠡᠭᠯᠡᠬᠦ ᠳᠤᠮᠳᠠᠬᠢ ᠬᠥᠮᠦᠨ ᠬᠡᠷᠡᠭᠯᠡᠬᠦ ᠪᠡᠶᠡᠴᠢ ᠴᠣᠭᠴᠠ ᠶᠢᠨ ᠢᠳᠡᠪᠬᠢ ᠦᠶᠯᠡᠳᠦᠯ ᠢ ᠪᠠᠳᠠᠷᠠᠭᠤᠯᠤᠨ | ᠂ ᠰᠢᠨ᠎ᠡ ᠶᠢ ᠡᠭᠦᠳᠬᠦ ᠴᠢᠳᠠᠪᠤᠷᠢ᠂ ᠶᠠᠰᠤ ᠴᠢᠨᠠᠷ᠂ ᠬᠤᠪᠢ ᠨᠡᠮᠡᠷᠢ ᠪᠠᠷ ᠤᠳᠤᠷᠢᠳᠤᠮᠵᠢ ᠪᠣᠯᠭᠠᠭᠰᠠᠨ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ | ᠂ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠪᠠᠷᠢᠮᠲᠠᠯᠠᠨ ᠴᠢᠳᠠᠪᠤᠷᠢᠲᠠᠨ ᠤ ᠰᠢᠨ᠎ᠡ ᠶᠢ | ᠡᠭᠦᠳᠬᠦ ᠠᠮᠢᠳᠤᠯᠢᠭ ᠬᠦᠴᠦᠨ ᠢ ᠬᠥᠭᠵᠢᠭᠡᠬᠦ ᠬᠡᠷᠡᠭᠲᠡᠶ᠃ ᠹᠧᠩ ᠵᠢᠶᠠ ᠵᠢᠤᠢ᠂ ᠲᠠᠷᠠᠭᠠᠴᠢ ᠶᠢᠨ ᠠᠯᠬᠤᠮ ᠳᠤ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠰᠢᠨᠵᠢᠯᠡᠬᠦ ᠤᠬᠠᠭᠠᠨ | ᠰᠤᠷᠭᠠᠨ ᠬᠥᠮᠦᠵᠢᠯ ᠤᠨ ᠠᠭᠤᠰᠤᠯᠴᠠᠯ ᠢ ᠬᠦᠴᠦᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ | ᠶᠡᠭᠡ ᠬᠡᠷᠡᠭᠴᠡᠭᠡ᠂ ᠭᠤᠣᠯᠳᠠᠯᠭ᠎ᠠ ᠲᠠᠢ ᠠᠵᠤ ᠦᠢᠯᠡᠰ ᠤᠨ ᠬᠦ᠊ ᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ | ᠲᠦᠷᠦᠯ ᠵᠦᠢᠯ᠂ ᠲᠠᠪᠴᠠᠩ᠂ ᠴᠢᠳᠠᠪᠤᠷᠢᠲᠠᠨ ᠢ ᠨᠢᠭᠡ ᠴᠤᠬᠴᠠᠵᠢᠭᠤᠯᠤᠨ ᠲᠤᠬᠢᠷᠠᠭᠤᠯᠬᠤ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠨᠢᠭᠡ ᠪᠦᠯᠦᠭ ᠲᠤᠰ ᠭᠠᠵᠠᠷ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠰᠢᠨ᠎ᠡ ᠶᠢ ᠡᠭᠦᠳᠬᠦ ᠲᠠᠭᠠᠭᠤᠯᠤᠬᠴᠢ ᠴᠢᠳᠠᠪᠤᠷᠢᠲᠠᠨ ᠪᠣᠯᠤᠨ ᠵᠠᠯᠠᠭᠤ ᠣᠷᠣᠶᠢᠯᠠᠭᠰᠠᠨ ᠴᠢᠳᠠᠪᠤᠷᠢᠲᠠᠨ ᠢ | ᠭᠤᠣᠯᠳᠠᠯᠭ᠎ᠠ ᠲᠠᠢ ᠬᠥᠮᠦᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ | ᠲᠠᠢ ᠵᠣᠬᠢᠴᠠᠭᠰᠠᠨ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ᠂ ᠪᠦᠲᠦᠴᠡ ᠶᠢ ᠰᠢᠯᠢᠳᠡᠭᠵᠢᠭᠦᠯᠬᠦ᠂ ᠰᠢᠨ᠎ᠡ ᠶᠢ | ᠡᠭᠦᠳᠬᠦ ᠠᠭᠤᠷ ᠠᠮᠢᠰᠬᠤᠯ ᠰᠢᠯᠢᠳᠡᠭ ᠰᠠᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ | ᠡᠩᠨᠡᠭᠡ ᠶᠢ ᠬᠦᠴᠦᠯᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠨᠠᠮ ᠪᠣᠯᠤᠨ | ᠠᠷᠠᠳ ᠲᠦᠮᠡᠨ ᠤ ᠦᠢᠯᠡᠰ ᠲᠤ ᠲᠥᠪᠯᠡᠷᠡᠭᠦᠯᠦᠨ᠎ᠡ ᠭᠡᠵᠦ ᠢᠯᠡᠳᠬᠡᠪᠡ᠃ | | | | | | | | | | | ᠁ |