| | 12 ᠳ᠋ᠤᠭᠠᠷ ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠶ ( | ᠪᠦᠯᠦᠭᠯᠡᠯ ) ᠶᠢᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ | ᠶᠢᠨ ᠬᠡᠷᠡᠭ ᠮᠡᠳᠡᠭᠴᠢᠳ ᠤᠨ ᠬᠤᠷᠠᠯ ᠠᠴᠠ 《 ᠳᠤᠮᠳᠠᠳᠤ ᠤᠯᠤᠰ ᠤᠨ ᠪᠣᠯᠣᠳ ᠲᠡᠮᠦᠷ ᠤᠨ ᠰᠤᠳᠤᠯᠭᠠᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠬᠠᠮᠲᠤ ᠪᠠᠷ ᠬᠤᠪᠣᠷ ᠰᠢᠷᠣᠶ ᠶᠢᠨ | ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠦᠷᠦᠭᠦᠯᠡᠨ ᠪᠠᠶᠢᠭᠤᠯᠬᠤ ᠲᠤᠬᠠᠶ ᠠᠯᠪᠠᠨ | ᠵᠠᠷ 》 ᠢ ᠨᠡᠶᠢᠲᠡᠯᠡᠵᠦ᠂ ᠳᠤᠮᠳᠠᠳᠤ ᠤᠯᠤᠰ ᠤᠨ ᠪᠣᠯᠣᠳ ᠲᠡᠮᠦᠷ ᠤᠨ ᠰᠤᠳᠤᠯᠭᠠᠨ ᠤ ᠪᠦᠯᠦᠭᠯᠡᠯ ᠤᠨ ᠬᠢᠵᠠᠭᠠᠷᠲᠤ | ᠺᠣᠮᠫᠠᠨᠢ ᠲᠠᠢ ᠬᠠᠮᠲᠤ ᠪᠠᠷ ᠬᠤᠪᠣᠷ ᠰᠢᠷᠣᠶ ᠶᠢᠨ ᠬᠦᠷᠢᠶᠡᠨ ᠳᠠᠬᠢ ᠬᠠᠮᠢᠶ᠎ᠠ ᠪᠥᠬᠦᠶ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ | ᠶᠢᠨ ᠠᠵᠤ ᠠᠬᠤᠶᠢᠯᠠᠯ ᠲᠠᠢ ᠬᠠᠮᠲᠤᠷᠠᠨ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠬᠠᠮᠲᠤᠷᠠᠨ ᠪᠠᠶᠢᠭᠤᠯᠬᠤ ᠠᠵᠢᠯ ᠢ ᠲᠦᠷᠦᠭᠦᠯᠡᠨ ᠬᠢᠬᠦ ᠪᠣᠯᠤᠨ᠎ᠠ᠂ ᠡᠨᠡ ᠨᠢ ᠮᠠᠨ ᠤ ᠣᠷᠣᠨ ᠤ | ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠥᠲᠥᠭᠡᠨ ᠪᠠᠶᠢᠭᠤᠯᠬᠤ | ᠵᠠᠩᠭᠢᠯᠠᠭ᠎ᠠ ᠶᠢᠨ ᠠᠯᠬᠤᠮ ᠢ ᠠᠯᠬᠤᠵᠤ᠂ ᠢᠳᠡᠪᠬᠢᠲᠡᠶ ᠠᠬᠢᠴᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠪᠣᠷ | ᠰᠢᠷᠣᠶ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ | ᠪᠥᠬᠦ ᠬᠦᠴᠦᠨ ᠢᠶᠠᠷ ᠢᠶᠠᠨ ᠠᠬᠢᠭᠤᠯᠵᠤ᠂ ᠲᠤᠰᠬᠠᠶ ᠠᠩᠭᠢ ᠶᠢ ᠨᠢᠭᠡᠳᠦᠯᠲᠡᠶ ᠲᠥᠯᠥᠪᠵᠢᠭᠦᠯᠦᠨ ᠡᠭᠦᠳᠦᠨ | ᠪᠠᠶᠢᠭᠤᠯᠬᠤ ᠠᠵᠢᠯ ᠢ ᠲᠤᠰᠬᠠᠶ ᠬᠠᠷᠢᠭᠤᠴᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠮᠠᠨ ᠤ | ᠣᠷᠣᠨ ᠢ ᠡᠭᠦᠳᠦᠨ ᠪᠠᠶᠢᠭᠤᠯᠬᠤ ᠠᠵᠢᠯ ᠳᠠᠬᠢ ᠳᠡᠮᠵᠢᠯᠭᠡ ᠶᠢ ᠢᠳᠡᠪᠬᠢᠲᠡᠶ ᠣᠯᠵᠤ᠂ ᠪᠥᠲᠥᠭᠡᠨ ᠪᠠᠶᠢᠭᠤᠯᠬᠤ | ᠲᠥᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠬᠠᠮᠲᠤᠷᠠᠯᠴᠠᠭᠠᠨ ᠤ ᠲᠣᠭᠲᠠᠴᠠ ᠶᠢ ᠭᠦᠶᠴᠡᠳ ᠪᠠᠳᠠᠷᠠᠭᠤᠯᠵᠤ᠂ | ᠤᠯᠤᠰ ᠤᠨ ᠳᠣᠲᠣᠭᠠᠳᠤ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠢ ᠲᠦᠷᠭᠡᠳᠬᠡᠨ ᠵᠣᠯᠭᠠᠭᠤᠯᠵᠤ᠂ ᠤᠯᠤᠰ ᠤᠨ | ᠳᠣᠲᠣᠭᠠᠳᠤ ᠶᠢᠨ ᠬᠤᠪᠣᠷ ᠰᠢᠷᠣᠶ ᠶᠢᠨ ᠠᠵᠢᠯ ᠲᠥᠷᠥᠯ ᠤᠨ ᠴᠢᠬᠤᠯᠠ ᠲᠦᠷᠦᠭᠦᠦ ᠬᠡᠰᠡᠭ ᠤᠨ ᠠᠵᠤ ᠠᠬᠤᠶᠢᠯᠠᠯ | ᠪᠣᠯᠬᠤ ᠳᠤᠮᠳᠠᠳᠤ ᠤᠯᠤᠰ ᠤᠨ ᠪᠣᠯᠣᠳ ᠲᠡᠮᠦᠷ ᠤᠨ ᠰᠤᠳᠤᠯᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠦᠯᠦᠭᠯᠡᠯ ᠬᠢᠭᠡᠳ ᠤᠮᠠᠷᠠᠲᠤ ᠶᠢᠨ ᠬᠤᠪᠣᠷ ᠰᠢᠷᠣᠶ ᠶᠢᠨ ᠬᠠᠮᠲᠤᠷᠠᠯᠴᠠᠭ᠎ᠠ ᠶᠢ ᠠᠮᠵᠢᠯᠲᠠ ᠲᠠᠢ ᠠᠬᠢᠭᠤᠯᠪᠠ᠃ | ᠠᠯᠪᠠᠨ ᠵᠠᠷ ᠢ ᠦᠨᠳᠦᠰᠦᠯᠡᠪᠡᠯ᠂ ᠪᠠᠶᠢᠭᠤᠯᠤᠭᠰᠠᠨ ᠤ ᠳᠠᠷᠠᠭᠠᠬᠢ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ | ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠬᠡᠷᠡᠭ ᠡᠷᠬᠢᠯᠡᠭᠴᠢᠳ ᠤᠨ ᠬᠤᠷᠠᠯ ᠤᠨ ᠤᠳᠤᠷᠢᠳᠤᠯᠭ᠎ᠠ | ᠳᠣᠤᠷᠠᠬᠢ ᠶᠡᠷᠦᠩᠬᠡᠶ ᠳᠠᠭᠠᠭᠠᠮᠠᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ 《 ᠡᠬᠢ ᠪᠠᠶᠠᠯᠢᠭ ᠢ | ᠬᠠᠮᠲᠤ ᠪᠠᠷ ᠭᠥᠷᠳᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠦᠨᠡᠨᠴᠢ ᠪᠠᠷ ᠬᠠᠮᠲᠤᠷᠠᠯᠴᠠᠬᠤ᠂ | ᠬᠠᠮᠵᠢᠯᠴᠠᠨ ᠰᠢᠨ᠎ᠡ ᠶᠢ ᠡᠭᠦᠳᠬᠦ 》 ᠵᠠᠷᠴᠢᠮ ᠶᠣᠰᠣᠭᠠᠷ᠂ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ | ᠦᠶᠯᠡᠳᠪᠦᠷᠢᠯᠡᠬᠦ ᠵᠢᠭᠠᠬᠤ ᠰᠤᠳᠤᠯᠬᠤ ᠶᠢ ᠭᠦᠨᠵᠡᠭᠡᠶ ᠠᠭᠤᠰᠤᠯᠴᠠᠭᠤᠯᠤᠭᠰᠠᠨ ᠮᠡᠷᠭᠡᠵᠢᠯ ᠤᠨ ᠰᠢᠨ᠎ᠡ ᠶᠢ ᠡᠭᠦᠳᠬᠦ | ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠪᠠ ᠠᠵᠤ ᠦᠶᠢᠯᠡᠰᠵᠢᠭᠦᠯᠬᠦ ᠪᠠᠶᠢᠭᠤᠯᠤᠯ ᠲᠣᠭᠲᠠᠴᠠ ᠶᠢ ᠠᠬᠢᠭᠤᠯᠤᠨ | ᠲᠡᠭᠦᠯᠳᠡᠷᠵᠢᠭᠦᠯᠵᠦ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ | ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ | ᠰᠢᠷᠣᠶ ( ᠪᠦᠯᠦᠭᠯᠡᠯ ) ᠶᠢᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠵᠢᠯ ᠪᠦᠷᠢ 1 ᠳ᠋ᠦᠩᠰᠢᠭᠤᠷ ᠲᠥᠭᠦᠷᠢᠭ ᠠᠴᠠ ᠳᠣᠤᠷ᠎ᠠ ᠥᠬᠡᠶ ᠠᠷᠠᠳ ᠤᠨ ᠵᠣᠭᠤᠰ ᠢᠶᠠᠷ ᠰᠢᠨ᠎ᠡ ᠶᠢ | ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠪᠠᠷ ᠲᠥᠯᠥᠪᠯᠡᠵᠦ᠂ 5 ᠵᠢᠯ ᠳᠠᠷᠠᠭᠠᠯᠠᠨ ᠳᠡᠮᠵᠢᠵᠦ᠂ | ᠭᠤᠤᠯᠳᠠᠭᠤ ᠰᠢᠨ᠎ᠡ ᠶᠢ ᠡᠭᠦᠳᠬᠦ ᠲᠥᠪ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠵᠠᠩᠭᠢᠯᠠᠭ᠎ᠠ ᠶᠢᠨ | ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ | ᠵᠢᠴᠢ ᠰᠢᠨ᠎ᠡ ᠶᠢ ᠡᠭᠦᠳᠬᠦ ᠲᠠᠪᠴᠠᠩ ᠤᠨ ᠪᠥᠲᠥᠭᠡᠨ ᠪᠠᠶᠢᠭᠤᠯᠤᠯᠲᠠ ᠵᠡᠷᠭᠡ ᠳᠤ ᠬᠡᠷᠡᠭᠯᠡᠨ᠎ᠡ᠃ | | | | | | | | | | | ᠁ |