ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ | ᠡᠵᠡᠮᠳᠡᠬᠦ ᠲᠣᠭᠲᠠᠴᠠ 12 ᠳ᠋ᠤᠭᠠᠷ ᠰᠠᠷ᠎ᠠ ᠶᠢᠨ | 15 ᠤ ᠡᠳᠦᠷ ᠤᠨ ᠦᠳᠡ ᠶᠢᠨ ᠬᠤᠶᠢᠨ᠎ᠠ ᠰᠣᠨᠢᠨ | ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠵᠤ᠂ ᠦᠨᠳᠦᠰᠦᠨ ᠱᠠᠲᠤᠨ ᠤ | ᠡᠮᠴᠢᠯᠡᠭᠡᠨ ᠤ ᠦᠢᠯᠡᠴᠢᠯᠡᠭᠡ | ᠪᠠᠲᠤᠯᠠᠭ᠎ᠠ ᠶᠢᠨ ᠬᠤᠯᠪᠣᠭᠳᠠᠯ ᠪᠦᠬᠦᠢ | ᠪᠠᠶᠢᠳᠠᠯ ᠢ ᠲᠠᠨᠢᠯᠴᠠᠭᠤᠯᠵᠠᠢ᠂ ᠬᠠᠮᠲᠤ ᠪᠠᠷ | ᠦᠵᠡᠵᠡᠭᠡᠶ᠎ᠡ ᠬᠢᠵᠢᠭ ᠢ ᠰᠡᠷᠭᠡᠶᠢᠯᠡᠬᠦ | ᠭᠤᠣᠯᠳᠠᠯᠭ᠎ᠠ ᠨᠢ ᠬᠠᠯᠳᠠᠪᠤᠷᠢᠯᠠᠯ ᠢ | ᠰᠡᠷᠭᠡᠶᠢᠯᠡᠨ ᠡᠵᠡᠮᠳᠡᠵᠦ ᠪᠠᠶᠢᠭᠰᠠᠨ ᠠᠴᠠ | ᠠᠪᠤᠷᠠᠨ ᠵᠠᠰᠠᠬᠤ ᠠᠵᠢᠯ ᠲᠡᠶᠢᠰᠢ ᠰᠢᠯᠵᠢᠪᠡ | ᠣᠳᠣᠬᠠᠨ ᠳᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ | ᠭᠤᠣᠯᠳᠠᠯᠭ᠎ᠠ ᠨᠢ ᠬᠠᠯᠳᠠᠪᠤᠷᠢᠯᠠᠯ ᠢ | ᠰᠡᠷᠭᠡᠶᠢᠯᠡᠨ ᠡᠵᠡᠮᠳᠡᠬᠦ ᠠᠴᠠ | ᠡᠮᠨᠡᠯᠭᠡ ᠶᠢᠨ ᠠᠪᠤᠷᠠᠨ ᠵᠠᠰᠠᠯᠲᠠ ᠲᠡᠶᠢᠰᠢ | ᠰᠢᠯᠵᠢᠵᠦ ᠪᠠᠶᠢᠨ᠎ᠠ᠃ ᠨᠡᠶᠢᠭᠡᠮ ᠲᠣᠭᠤᠷᠢᠭ᠂ | ᠬᠥᠳᠡᠭᠡ ᠲᠣᠰᠬᠤᠨ ᠪᠣᠯ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ | ᠬᠠᠮᠤᠭ ᠤᠨ ᠡᠴᠦᠰ ᠤᠨ ᠨᠢᠭᠡ ᠺᠢᠯᠣᠮᠧᠲᠷ | ᠪᠣᠯᠣᠨ᠎ᠠ᠂ ᠭᠡᠷ ᠪᠦᠯᠢ ᠶᠢᠨ ᠡᠮᠴᠢ᠂ ᠬᠥᠳᠡᠭᠡ | ᠲᠣᠰᠬᠤᠨ ᠤ ᠡᠮᠴᠢ ᠪᠣᠯ ᠤᠯᠠᠨ ᠲᠦᠮᠡᠨ ᠤ | ᠡᠷᠡᠭᠦᠯ ᠮᠡᠨᠳᠤ ᠶᠢᠨ ᠮᠠᠨᠠᠭᠠᠴᠢ ᠮᠥᠨ᠃ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠨᠤᠭᠤᠳ | ᠬᠠᠯᠳᠠᠪᠤᠷᠢᠯᠠᠭᠰᠠᠳ ᠢ ᠲᠠᠰ ᠲᠥᠷᠥᠯ ᠬᠤᠪᠢᠶᠠᠨ | ᠭᠥᠯᠢᠶᠡᠨ ᠠᠪᠴᠤ ᠡᠮᠨᠡᠨ ᠵᠠᠰᠠᠬᠤ᠂ | ᠲᠦᠭᠰᠢᠭᠦᠷᠢᠲᠦ ᠬᠥᠮᠥᠰ ᠤᠨ ᠡᠷᠡᠭᠦᠯ | ᠮᠡᠨᠳᠦ ᠶᠢ ᠬᠢᠨᠠᠨ ᠰᠢᠨᠵᠢᠯᠡᠵᠦ ᠬᠠᠮᠢᠶᠠᠷᠬᠤ᠂ | ᠨᠠᠰᠤᠲᠠᠶᠢᠴᠤᠳ ᠪᠠ ᠬᠡᠦᠬᠡᠳ ᠵᠡᠷᠭᠡ | ᠭᠤᠣᠯᠳᠠᠯᠭ᠎ᠠ ᠲᠠᠢ ᠬᠥᠮᠥᠰ ᠤᠨ ᠡᠮ | ᠡᠮᠨᠡᠯᠭᠡ ᠶᠢᠨ ᠦᠢᠯᠡᠴᠢᠯᠡᠭᠡᠨ ᠤ | ᠪᠠᠲᠤᠯᠠᠭ᠎ᠠ ᠶᠢ ᠠᠬᠢᠭᠤᠯᠬᠤ ᠳᠤ ᠴᠢᠬᠤᠯᠠ | ᠦᠢᠯᠡᠳᠦᠯ ᠢᠶᠠᠨ ᠪᠠᠳᠠᠷᠠᠭᠤᠯᠬᠤ ᠪᠣᠯᠣᠨ᠎ᠠ᠃ | ᠬᠢᠵᠢᠭ ᠤᠨ ᠪᠠᠶᠢᠳᠠᠯ᠂ ᠡᠪᠡᠳᠴᠢᠨ ᠤ | ᠪᠠᠶᠢᠳᠠᠯ ᠤᠨ ᠬᠦᠨᠳᠦ ᠬᠥᠩᠭᠡᠨ ᠠᠯᠭᠤᠷ | ᠪᠠᠴᠢᠮ ᠤᠨ ᠬᠡᠮᠵᠢᠶ᠎ᠡ ᠵᠡᠷᠭᠡ ᠶᠢ | ᠦᠨᠳᠦᠰᠦᠯᠡᠨ ᠡᠮ ᠡᠮᠨᠡᠯᠭᠡ ᠶᠢᠨ ᠡᠬᠢ | ᠪᠠᠶᠠᠯᠢᠭ ᠢ ᠵᠦᠢ ᠵᠣᠬᠢᠰᠲᠠᠢ ᠪᠠᠷ | ᠬᠤᠪᠢᠶᠠᠷᠢᠯᠠᠵᠤ᠂ ᠦᠢᠯᠡᠴᠢᠯᠡᠭᠡᠨ ᠤ ᠦᠷ᠎ᠡ | ᠪᠦᠲᠦᠮᠵᠢ ᠪᠠ ᠶᠠᠰᠤ ᠴᠢᠨᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠬᠡᠷᠡᠭᠲᠡᠢ︔ | ᠭᠤᠣᠯᠳᠠᠯᠭ᠎ᠠ ᠲᠠᠢ ᠬᠥᠮᠥᠰ ᠤᠨ ᠡᠷᠡᠭᠦᠯ | ᠮᠡᠨᠳᠦ ᠶᠢᠨ ᠬᠢᠨᠠᠨ ᠰᠢᠨᠵᠢᠯᠡᠯᠲᠡ ᠪᠠ | ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠵᠤ᠂ ᠴᠠᠭ ᠲᠤᠬᠠᠢ ᠳᠤ ᠨᠢ | ᠯᠠᠪᠯᠠᠭ᠎ᠠ ᠵᠢᠯᠣᠭᠤᠳᠤᠯᠭ᠎ᠠ ᠬᠠᠩᠭᠠᠬᠤ | ᠬᠡᠷᠡᠭᠲᠡᠢ︔ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠬᠠᠯᠠᠭᠤᠷᠠᠯ ᠤᠨ | ᠡᠭᠦᠳᠡᠨ ᠡᠮᠨᠡᠯᠭᠡ ᠶᠢᠨ | ᠲᠣᠬᠢᠷᠠᠭᠤᠯᠤᠯᠲᠠ ᠶᠢ ᠴᠢᠩᠭᠠᠳᠬᠠᠵᠤ᠂ | ᠦᠨᠳᠦᠰᠦᠨ ᠱᠠᠲᠤᠨ ᠤ ᠠᠩᠬᠠᠨ ᠤ | ᠣᠨᠣᠰᠢᠯᠠᠯᠲᠠ ᠶᠢᠨ ᠨᠢᠭᠡᠳᠦᠭᠡᠷ | ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠬᠦ ᠬᠡᠷᠡᠭᠲᠡᠢ᠃ ᠦᠨᠳᠦᠰᠦᠨ | ᠱᠠᠲᠤᠨ ᠤ ᠬᠢᠵᠢᠭ ᠢ ᠰᠡᠷᠭᠡᠶᠢᠯᠡᠬᠦ ᠠᠵᠢᠯ ᠤᠨ | ᠡᠭᠦᠷᠭᠡ ᠬᠠᠷᠢᠭᠤᠴᠠᠯᠭ᠎ᠠ ᠶᠢᠨ ᠬᠤᠪᠢᠷᠠᠯᠲᠠ | ᠡᠭᠦᠨ ᠳᠤ ᠭᠤᠣᠯᠳᠠᠭᠤ ᠥᠩᠭᠡᠷᠡᠭᠰᠡᠨ ᠤ ᠡᠷᠲᠡ | ᠢᠯᠡᠷᠡᠭᠦᠯᠬᠦ᠂ ᠡᠷᠲᠡ ᠲᠤᠰᠠᠭᠠᠷᠯᠠᠬᠤ ᠪᠠ | ᠬᠠᠯᠳᠠᠪᠤᠷᠢᠯᠠᠯ ᠢ ᠭᠤᠣᠯᠳᠠᠯᠭ᠎ᠠ ᠲᠠᠢ | ᠰᠡᠷᠭᠡᠶᠢᠯᠡᠵᠦ ᠪᠠᠶᠢᠭᠰᠠᠨ ᠠᠴᠠ ᠲᠦᠷᠦᠯ ᠳᠡᠰ | ᠬᠤᠪᠢᠶᠠᠨ ᠡᠷᠡᠭᠦᠯ ᠮᠡᠨᠳᠦ ᠶᠢᠨ ᠦᠢᠯᠡᠴᠢᠯᠡᠭᠡ | ᠪᠣᠯᠣᠨ ᠡᠮ ᠡᠮᠨᠡᠯᠭᠡ ᠶᠢᠨ ᠠᠪᠤᠷᠠᠨ | ᠵᠠᠰᠠᠯᠲᠠ ᠶᠢ ᠬᠡᠷᠡᠭᠵᠢᠭᠦᠯᠬᠦ ᠲᠡᠶᠢᠰᠢ | ᠬᠤᠪᠢᠷᠠᠭᠤᠯᠤᠨ᠎ᠠ᠃ ᠨᠢᠭᠡ ᠳᠤ᠂ ᠰᠠᠭᠤᠷᠢ | ᠲᠤᠭ᠎ᠠ ᠶᠢ ᠲᠣᠳᠣᠷᠬᠠᠢ ᠣᠶᠢᠯᠠᠭᠠᠬᠤ | ᠬᠡᠷᠡᠭᠲᠡᠢ᠃ ᠭᠤᠣᠯᠳᠠᠯᠭ᠎ᠠ ᠲᠠᠢ ᠬᠥᠮᠥᠰ ᠤᠨ | ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ | ᠨᠡᠶᠢᠭᠡᠮ ᠲᠣᠭᠤᠷᠢᠭ ︵ᠲᠣᠰᠬᠤᠨ︶ ᠪᠣᠯᠣᠨ | ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠳ | ᠣᠯᠠᠨ ᠵᠦᠢᠯ ᠤᠨ ᠠᠷᠭ᠎ᠠ ᠵᠠᠮ ᠢᠶᠠᠷ ᠳᠡᠮᠵᠢᠨ᠂ | ᠰᠠᠭᠤᠷᠢ ᠡᠪᠡᠳᠴᠢᠨ ᠳᠠᠪᠬᠤᠴᠠᠭᠰᠠᠨ | ᠨᠠᠰᠤᠲᠠᠶᠢᠴᠤᠳ ᠤᠨ ᠰᠠᠭᠤᠷᠢ ᠲᠤᠭ᠎ᠠ ᠶᠢ | ᠲᠣᠳᠣᠷᠬᠠᠢ ᠣᠶᠢᠯᠠᠭᠠᠬᠤ ᠬᠡᠷᠡᠭᠲᠡᠢ᠃ ᠡᠭᠦᠨ ᠤ | ᠬᠠᠮᠲᠤ᠂ ᠵᠢᠷᠮᠦᠰᠦᠨ ᠬᠥᠩᠭᠡᠵᠢᠭᠰᠡᠨ ᠡᠬᠡᠴᠦᠳ᠂ | ᠬᠡᠦᠬᠡᠳ ᠵᠡᠷᠭᠡ ᠬᠥᠮᠥᠰ ᠤᠨ ᠬᠠᠮᠢᠶᠠᠷᠤᠯᠲᠠ | ᠦᠢᠯᠡᠴᠢᠯᠡᠭᠡ ᠶᠢ ᠥᠩᠭᠡᠷᠡᠭᠰᠡᠨ ᠳᠤ | ᠨᠢᠭᠡᠨᠲᠡ ᠨᠠᠶᠢᠳᠠᠪᠤᠷᠢᠵᠢᠭᠤᠯᠤᠭᠰᠠᠨ | ᠤᠴᠢᠷ ᠠᠴᠠ ᠣᠲᠣ ᠶᠢᠨ ᠭᠤᠣᠯᠳᠠᠯᠭ᠎ᠠ ᠲᠠᠢ | ᠦᠢᠯᠡᠴᠢᠯᠡᠬᠦ ᠡᠲᠡᠭᠡᠳ ᠪᠣᠯ ᠨᠠᠰᠤᠲᠠᠶᠢᠴᠤᠳ | ᠪᠣᠯᠣᠨ᠎ᠠ᠂ ᠣᠨᠴᠠᠭᠠᠶᠢᠯᠠᠨ ᠤᠷᠢᠳ ᠢᠶᠠᠷ | ᠰᠠᠭᠤᠷᠢ ᠡᠪᠡᠳᠴᠢᠨ ᠳᠠᠪᠬᠤᠴᠠᠭᠰᠠᠨ ᠬᠥᠮᠥᠰ ᠤᠨ | ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ | ᠬᠡᠷᠡᠭᠲᠡᠢ᠃ ᠬᠤᠶᠠᠷ ᠲᠤ᠂ ᠲᠦᠷᠦᠯ ᠬᠤᠪᠢᠶᠠᠬᠤ | ᠬᠡᠷᠡᠭᠲᠡᠢ᠃ ᠪᠠᠶᠢᠳᠠᠯ ᠢ ᠣᠶᠢᠯᠠᠭᠠᠨ | ᠳᠠᠩᠰᠠᠯᠠᠭᠰᠠᠨ ᠭᠤᠣᠯᠳᠠᠯᠭ᠎ᠠ ᠲᠠᠢ | ᠬᠥᠮᠥᠰ ᠲᠤ ᠲᠥᠷᠥᠯ ᠪᠠ ᠲᠠᠰ ᠬᠤᠪᠢᠶᠠᠨ ᠡᠷᠡᠭᠦᠯ | ᠮᠡᠨᠳᠦ ᠶᠢᠨ ᠦᠢᠯᠡᠴᠢᠯᠡᠭᠡ ᠬᠠᠩᠭᠠᠨ᠎ᠠ | ︵ᠭᠤᠣᠯᠳᠠᠯᠭ᠎ᠠ ᠲᠠᠢ ᠬᠥᠮᠥᠰ᠂ ᠳᠡᠳ᠋ | ᠭᠤᠣᠯᠳᠠᠯᠭ᠎ᠠ ᠲᠠᠢ ᠬᠥᠮᠥᠰ ᠪᠠ ᠡᠩ ᠤᠨ | ᠬᠥᠮᠥᠰ︶᠃ ᠲᠥᠷᠥᠯ ᠠᠩᠭᠢᠯᠠᠯ ᠤᠨ ᠠᠳᠠᠯᠢ | ᠪᠤᠰᠤ ᠶᠢ ᠦᠨᠳᠦᠰᠦᠯᠡᠨ᠂ ᠰᠦᠯᠵᠢᠶᠡᠨ ᠳᠡᠭᠡᠷ᠎ᠡ | ᠪᠠ ᠰᠦᠯᠵᠢᠶᠡᠨ ᠭᠠᠳᠠᠨᠠᠬᠢ ᠪᠠᠷ | ᠳᠠᠮᠵᠢᠭᠤᠯᠤᠨ᠂ ᠣᠯᠠᠨ ᠵᠦᠢᠯ ᠤᠨ ᠠᠷᠭ᠎ᠠ | ᠮᠠᠶ᠋ᠢᠭ ᠤᠨ ᠡᠷᠡᠭᠦᠯ ᠮᠡᠨᠳᠦ ᠶᠢᠨ | ᠵᠢᠯᠣᠭᠤᠳᠤᠯᠭ᠎ᠠ᠂ ᠡᠷᠡᠭᠦᠯ ᠮᠡᠨᠳᠦ ᠶᠢᠨ | ᠬᠢᠨᠠᠨ ᠰᠢᠨᠵᠢᠯᠡᠯᠲᠡ᠂ ᠮᠥᠷᠳᠡᠨ | ᠰᠤᠷᠪᠤᠯᠵᠢᠯᠠᠬᠤ ᠶᠢ ᠬᠠᠩᠭᠠᠵᠤ᠂ | ᠥᠳᠥᠭᠡᠭᠴᠢ ᠶᠢᠨ ᠪᠠᠶᠢᠴᠠᠭᠠᠯᠲᠠ ᠬᠢᠬᠦ ᠶᠢ | ᠵᠢᠯᠤᠭᠤᠳᠴᠤ᠂ ᠡᠪᠡᠳᠴᠢᠨ ᠳᠤ ᠨᠢ | ᠲᠠᠭᠠᠷᠠᠭᠤᠯᠵᠤ ᠡᠮ ᠬᠡᠷᠡᠭᠯᠡᠬᠦ ᠲᠠᠯ᠎ᠠ ᠪᠠᠷ | ᠵᠢᠯᠣᠭᠤᠳᠤᠯᠭ᠎ᠠ ᠬᠢᠬᠦ ᠳᠤᠩ ᠭᠤᠣᠯᠳᠠᠯᠭ᠎ᠠ ᠨᠢ | ᠳᠠᠷᠤᠢ ᠲᠡᠳᠡᠨ ᠳᠤ ᠡᠮᠴᠢᠯᠡᠭᠡᠨ ᠤ | ᠲᠠᠯ᠎ᠠ ᠶᠢᠨ ᠦᠢᠯᠡᠴᠢᠯᠡᠭᠡ ᠬᠠᠩᠭᠠᠨ᠎ᠠ᠃ | ᠭᠤᠷᠪᠠ ᠳᠤ᠂ ᠱᠠᠲᠤ ᠬᠤᠪᠢᠶᠠᠨ ᠠᠪᠤᠷᠠᠨ | ᠵᠠᠰᠠᠬᠤ ᠶᠢ ᠨᠠᠶᠢᠳᠠᠪᠤᠷᠢᠵᠢᠭᠤᠯᠬᠤ | ᠬᠡᠷᠡᠭᠲᠡᠢ᠃ ᠨᠥᠬᠦᠴᠡᠯ ᠡᠭᠦᠳᠴᠦ ᠪᠠᠶᠢᠭᠠᠳ | ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠪᠣᠯᠣᠨ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠲᠤ ᠬᠠᠯᠠᠭᠤᠷᠠᠯ ᠤᠨ | ᠡᠮᠴᠢᠯᠡᠭᠡᠨ ᠤ ᠲᠠᠰᠤᠭ ᠭᠠᠷᠭᠠᠵᠤ᠂ ᠨᠡᠭᠡᠭᠡᠬᠦ | ᠶᠣᠰᠣᠲᠠᠢ ᠨᠢ ᠠᠯᠢ ᠴᠢᠳᠠᠬᠤ ᠪᠠᠷ ᠨᠡᠭᠡᠭᠡᠬᠦ | ᠬᠡᠷᠡᠭᠲᠡᠢ᠃ ᠠᠩᠬᠠᠨ ᠤ ᠣᠨᠣᠰᠢᠯᠠᠯᠲᠠ ᠶᠢᠨ | ᠳᠦᠷᠢᠮ ᠢ ᠨᠠᠶᠢᠳᠠᠪᠤᠷᠢᠵᠢᠭᠤᠯᠵᠤ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ | ᠡᠪᠡᠳᠴᠢᠨ ᠤ ᠢᠯᠡᠷᠡᠯ ᠲᠠᠢ ᠡᠪᠡᠳᠴᠢᠲᠡᠨ ᠳᠤ | ᠣᠨᠣᠰᠢᠯᠠᠨ ᠡᠮᠨᠡᠬᠦ ᠪᠠ ᠡᠮ ᠬᠡᠷᠡᠭᠯᠡᠬᠦ | ᠦᠢᠯᠡᠴᠢᠯᠡᠭᠡ ᠬᠠᠩᠭᠠᠬᠤ ᠬᠡᠷᠡᠭᠲᠡᠢ᠃ | ᠨᠡᠶᠢᠭᠡᠮ ᠲᠣᠭᠤᠷᠢᠭ ︵ᠲᠣᠰᠬᠤᠨ︶ ᠵᠢᠴᠢ | ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠨᠤᠭᠤᠳ ᠳᠠᠶᠢᠴᠢᠯᠠᠯᠲᠠ | ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ | ᠡᠷᠡᠭᠦᠯ ᠮᠡᠨᠳᠦ ᠶᠢᠨ ᠬᠥᠮᠦᠵᠢᠯ᠂ ᠡᠪᠡᠳᠴᠢᠨ | ᠦᠵᠡᠭᠦᠯᠬᠦ᠂ ᠡᠮ ᠬᠤᠳᠠᠯᠳᠤᠨ ᠠᠪᠴᠤ ᠡᠮ | ᠬᠦᠷᠭᠡᠬᠦ ᠵᠡᠷᠭᠡ ᠦᠢᠯᠡᠴᠢᠯᠡᠭᠡᠨ ᠤ | ᠪᠠᠲᠤᠯᠠᠭ᠎ᠠ ᠳᠤ ᠬᠠᠮᠵᠢᠯᠴᠠᠬᠤ ᠬᠡᠷᠡᠭᠲᠡᠢ᠃ | ᠡᠭᠦᠨ ᠤ ᠵᠣᠷᠢᠯᠭ᠎ᠠ ᠨᠢ ᠭᠡᠷ ᠲᠤ ᠪᠠᠨ | ᠰᠠᠭᠤᠵᠤ ᠡᠮᠨᠡᠭᠦᠯᠬᠦ ᠳᠤ ᠲᠣᠬᠢᠷᠠᠬᠤ | ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠰᠠᠳ ᠪᠤᠶᠤ ᠬᠥᠩᠭᠡᠨ | ᠬᠡᠯᠪᠡᠷᠢ ᠶᠢᠨ ᠡᠪᠡᠳᠴᠢᠲᠡᠨ ᠳᠤ ᠵᠣᠬᠢᠬᠤ | ᠡᠳᠡᠭᠡᠷᠡᠯᠲᠡ ᠪᠠ ᠡᠮ ᠬᠡᠷᠡᠭᠯᠡᠬᠦ | ᠵᠢᠯᠣᠭᠤᠳᠤᠯᠭ᠎ᠠ ᠬᠠᠩᠭᠠᠬᠤ ᠶᠢᠨ ᠲᠥᠯᠥᠭᠡ | ᠶᠤᠮ᠃ ᠨᠠᠰᠤᠲᠠᠶᠢᠴᠤᠳ᠂ ᠰᠠᠭᠤᠷᠢ | ᠡᠪᠡᠳᠴᠢᠨ ᠲᠠᠢ ᠡᠪᠡᠳᠴᠢᠲᠡᠨ᠂ ᠴᠢᠰᠤ | ᠨᠡᠪᠴᠢᠭᠦᠯᠬᠦ ᠡᠪᠡᠳᠴᠢᠲᠡᠨ ᠵᠡᠷᠭᠡ ᠬᠥᠮᠥᠰ ᠤᠨ | ᠪᠠᠶᠢᠳᠠᠯ ᠢ ᠣᠶᠢᠯᠠᠭᠠᠬᠤ ᠪᠠᠶᠢᠴᠠᠭᠠᠯᠲᠠ | ᠬᠢᠨ᠎ᠡ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠠᠴᠠ 12 ᠳ᠋ᠤᠭᠠᠷ | ᠰᠠᠷ᠎ᠠ ᠶᠢᠨ 1 ᠤ ᠡᠳᠦᠷ ᠮᠡᠳᠡᠭᠳᠡᠯ | ᠪᠠᠭᠤᠯᠭᠠᠭᠰᠠᠨ ᠤ ᠬᠠᠮᠲᠤ ᠪᠦᠬᠦ ᠲᠠᠯ᠎ᠠ ᠶᠢᠨ | ᠪᠠᠶᠢᠷᠢᠯᠠᠭᠤᠯᠤᠯᠲᠠ ᠬᠢᠵᠦ᠂ ᠡᠯ᠎ᠡ | ᠭᠠᠵᠠᠷ ᠤᠨ ᠬᠢᠨ 65 ᠨᠠᠰᠤᠨ ᠠᠴᠠ ᠳᠡᠭᠡᠭᠰᠢᠬᠢ | ᠨᠠᠰᠤᠲᠠᠶᠢᠴᠤᠳ᠂ ᠢᠯᠠᠩᠭᠤᠶ᠎ᠠ ᠵᠢᠷᠦᠬᠡᠨ ᠤ | ᠲᠢᠲᠢᠮ ᠡᠪᠡᠳᠴᠢᠨ᠂ ᠲᠠᠷᠢᠬᠢᠨ ᠤ ᠰᠠ ᠡᠪᠡᠳᠴᠢᠨ᠂ | ᠴᠢᠰᠤᠨ ᠳᠠᠷᠤᠯᠲᠠ ᠥᠨᠳᠥᠷ ᠡᠪᠡᠳᠴᠢᠨ᠂ | ᠠᠭᠤᠰᠬᠢᠨ ᠤ ᠠᠷᠬᠠᠭ ᠪᠥᠭᠯᠡᠷᠡᠯᠲᠡ ᠡᠪᠡᠳᠴᠢᠨ᠂ | ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠢ | ᠪᠥᠭᠡᠷᠡᠨ ᠤ ᠡᠪᠡᠳᠴᠢᠨ᠂ ᠬᠤᠣᠷᠲᠤ | ᠬᠠᠪᠤᠳᠠᠷ ᠤᠨ ᠰᠠᠴᠤᠷᠠᠭ ᠵᠢᠴᠢ ᠬᠢᠮᠢ ᠶᠢᠨ | ᠵᠠᠰᠠᠯ ᠬᠢᠯᠭᠡᠵᠦ ᠪᠠᠶᠢᠭ᠎ᠠ ᠡᠪᠡᠳᠴᠢᠲᠡᠨ᠂ | ᠪᠠᠰᠠ ᠡᠭᠡᠯᠢᠯᠡᠭᠡ ᠶᠢᠨ ᠴᠢᠳᠠᠪᠤᠷᠢ | ᠬᠤᠮᠰᠠᠳᠠᠯ ᠲᠠᠢ ᠡᠪᠡᠳᠴᠢᠲᠡᠨ ᠤ ᠪᠠᠶᠢᠳᠠᠯ ᠢ | ᠣᠶᠢᠯᠠᠭᠠᠬᠤ ᠪᠠᠶᠢᠴᠠᠭᠠᠯᠲᠠ ᠬᠢᠬᠦ ᠶᠢᠨ | ᠬᠠᠮᠲᠤ ᠲᠡᠳᠡᠨ ᠤ ᠸᠠᠺᠼᠢᠨ ᠤ ᠲᠠᠷᠢᠯᠭ᠎ᠠ ᠶᠢᠨ | ᠪᠠᠶᠢᠳᠠᠯ ᠢ ᠣᠶᠢᠯᠠᠭᠠᠬᠤ ᠬᠡᠷᠡᠭᠲᠡᠢ ᠭᠡᠵᠦ | ᠱᠠᠭᠠᠷᠳᠠᠭᠰᠠᠨ ᠪᠠᠶᠢᠨ᠎ᠠ᠃ ᠣᠷᠣᠨ | ᠨᠤᠲᠤᠭ ᠤᠨ ᠬᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ | ᠣᠲᠣ ᠶᠢᠨ ᠪᠠᠶᠢᠭ᠎ᠠ ᠬᠤᠪᠢ ᠬᠥᠮᠥᠨ ᠤ ᠡᠷᠡᠭᠦᠯ | ᠮᠡᠨᠳᠦ ᠶᠢᠨ ᠲᠠᠩᠰᠠ ᠡᠪᠬᠡᠮᠡᠯ᠂ | ᠨᠠᠰᠤᠲᠠᠶᠢᠴᠤᠳ ᠤᠨ ᠡᠷᠡᠭᠦᠯ ᠮᠡᠨᠳᠦ ᠶᠢᠨ | ᠪᠠᠶᠢᠴᠠᠭᠠᠯᠲᠠ᠂ ᠠᠷᠠᠳ ᠤᠨ ᠶᠠᠪᠤᠳᠠᠯ ᠤᠨ | ᠨᠠᠰᠤᠲᠠᠶᠢᠴᠤᠳ ᠤᠨ ᠳᠠᠩᠰᠠᠯᠠᠯᠲᠠ ᠶᠢᠨ | ᠰᠢᠰᠲ᠋ᠧᠮ ᠵᠢᠴᠢ ᠸᠠᠺᠼᠢᠨ ᠤ ᠲᠠᠷᠢᠯᠭ᠎ᠠ ᠶᠢᠨ | ᠬᠠᠮᠢᠶ᠎ᠠ ᠪᠦᠬᠦᠢ ᠮᠡᠳᠡᠭᠡ ᠵᠠᠩᠭᠢ ᠶᠢ | ᠵᠠᠳᠠᠯᠤᠨ ᠬᠠᠷᠢᠴᠠᠭᠤᠯᠵᠤ ᠪᠣᠯᠣᠨ᠎ᠠ᠂ | ᠴᠢᠬᠤᠯᠠᠲᠠᠢ ᠦᠶ᠎ᠡ ᠳᠤ ᠪᠠᠰᠠ ᠡᠷᠦᠬᠡ ᠳᠤ | ᠬᠦᠷᠴᠦ ᠪᠠᠶᠢᠴᠠᠭᠠᠯᠲᠠ ᠬᠢᠵᠦ᠂ ᠡᠲᠡᠭᠡᠷ | ᠬᠥᠮᠥᠰ ᠤᠨ ᠪᠠᠶᠢᠳᠠᠯ ᠢ ᠲᠣᠳᠣᠷᠬᠠᠢ | ᠣᠶᠢᠯᠠᠭᠠᠬᠤ ᠬᠡᠷᠡᠭᠲᠡᠢ᠃ ᠪᠠᠶᠢᠴᠠᠭᠠᠵᠤ | ᠳᠠᠭᠤᠰᠤᠭᠰᠠᠨ ᠤ ᠳᠠᠷᠠᠭ᠎ᠠ᠂ ᠲᠡᠳᠡᠨ ᠤ | ᠰᠠᠭᠤᠷᠢ ᠡᠪᠡᠳᠴᠢᠨ ᠤ ᠪᠠᠶᠢᠳᠠᠯ᠂ ᠨᠠᠰᠤᠨ ᠤ | ᠪᠠᠶᠢᠳᠠᠯ᠂ ᠸᠠᠺᠼᠢᠨ ᠤ ᠲᠠᠷᠢᠯᠭ᠎ᠠ ᠶᠢᠨ | ᠪᠠᠶᠢᠳᠠᠯ ᠵᠡᠷᠭᠡ ᠶᠢ ᠦᠨᠳᠦᠰᠦᠯᠡᠨ ᠲᠥᠷᠥᠯ | ᠬᠤᠪᠢᠶᠠᠵᠤ᠂ ᠠᠳᠠᠯᠢ ᠪᠤᠰᠤ ᠬᠥᠮᠥᠰ ᠲᠤ ᠭᠤᠷᠪᠠᠨ | ᠳᠡᠰ ᠬᠤᠪᠢᠶᠠᠨ ᠦᠢᠯᠡᠴᠢᠯᠡᠭᠡ ᠬᠠᠩᠭᠠᠨ᠎ᠠ᠃ | ᠵᠠᠷᠢᠮ ᠭᠠᠵᠠᠷ ᠤᠨ ᠬᠢᠨ ᠮᠠᠰᠢ ᠰᠠᠶᠢᠨ | ᠲᠤᠷᠰᠢᠯᠭ᠎ᠠ ᠬᠤᠷᠠᠮᠳᠤᠭᠤᠯᠵᠤ᠂ ᠲᠡᠳᠡ ᠲᠣᠮᠣ | ᠳ᠋ᠠᠶᠢᠲ᠋ᠠ ᠶᠢᠨ ᠬᠠᠷᠢᠴᠠᠭᠤᠯᠤᠯ ᠢᠶᠠᠷ | ᠲᠠᠮᠵᠢᠨ ᠭᠤᠣᠯᠳᠠᠯᠭ᠎ᠠ ᠲᠠᠢ ᠬᠥᠮᠥᠰ ᠢ ᠰᠢᠭᠤᠳ | ᠵᠠᠭᠠᠭᠯᠠᠨ ᠲᠣᠭᠲᠠᠭᠠᠵᠤ᠂ ᠡᠳᠡᠭᠡᠷ | ᠭᠤᠣᠯᠳᠠᠯᠭ᠎ᠠ ᠲᠠᠢ ᠬᠥᠮᠥᠰ ᠤᠨ ᠪᠠᠶᠢᠳᠠᠯ ᠢ | ᠨᠡᠶᠢᠭᠡᠮ ᠲᠣᠭᠤᠷᠢᠭ ᠲᠤ ᠳᠠᠮᠵᠢᠭᠤᠯᠵᠤ᠂ | ᠲᠠᠬᠢᠨ ᠨᠡᠶᠢᠭᠡᠮ ᠲᠣᠭᠤᠷᠢᠭ ᠢᠶᠠᠷ | ᠪᠠᠶᠢᠳᠠᠯ ᠢ ᠣᠶᠢᠯᠠᠭᠠᠬᠤ ᠪᠠᠶᠢᠴᠠᠭᠠᠯᠲᠠ | ᠬᠢᠯᠭᠡᠬᠦ ᠨᠢ ᠬᠥᠮᠥᠨ ᠤ ᠬᠦᠴᠦᠨ ᠢ | ᠠᠷᠪᠢᠯᠠᠭᠰᠠᠨ ᠢᠶᠠᠷ ᠪᠠᠷᠠᠬᠤ ᠦᠭᠡᠢ ᠠᠵᠢᠯ ᠤᠨ | ᠶᠠᠰᠤ ᠴᠢᠨᠠᠷ ᠢ ᠴᠤ ᠳᠡᠭᠡᠭᠰᠢᠯᠡᠭᠦᠯᠦᠭᠰᠡᠨ | ᠪᠣᠯᠬᠤᠷ ᠡᠯ᠎ᠡ ᠭᠠᠵᠠᠷ ᠤᠨ ᠬᠢᠨ ᠲᠣᠯᠢ | ᠪᠣᠯᠭᠠᠭᠤᠰᠢᠲᠠᠢ ᠪᠠᠶᠢᠨ᠎ᠠ᠃ | ᠨᠠᠰᠤᠲᠠᠶᠢᠴᠤᠳ ᠢ ᠬᠠᠷᠢᠶ᠎ᠠ ᠲᠣᠭᠤᠷᠢᠭ ᠤᠨ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠪᠠ ᠭᠡᠷ | ᠪᠦᠯᠢ ᠶᠢᠨ ᠡᠮᠴᠢ ᠲᠠᠢ | ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ | ᠪᠠᠶᠢᠭᠠᠳ ᠡᠷᠡᠭᠦᠯ ᠮᠡᠨᠳᠦ ᠶᠢᠨ ᠮᠡᠳᠡᠭᠡ | ᠵᠠᠩᠭᠢ ᠪᠠᠨ ᠳᠠᠩᠰᠠᠯᠠᠭᠤᠯᠵᠤ᠂ ᠢᠯᠠᠩᠭᠤᠶ᠎ᠠ | ᠭᠤᠣᠯᠳᠠᠯᠭ᠎ᠠ ᠲᠠᠢ ᠬᠥᠮᠥᠰ ᠤᠨ ᠭᠡᠷ | ᠪᠦᠯᠢ ᠶᠢᠨ ᠡᠮᠴᠢ ᠶᠢᠨ ᠦᠢᠯᠡᠴᠢᠯᠡᠭᠡ ᠶᠢᠨ | ᠭᠡᠷ᠎ᠡ ᠲᠣᠭᠲᠠᠵᠤ ᠴᠢᠳᠠᠬᠤ ᠨᠢ ᠠᠯᠢ | ᠴᠢᠳᠠᠬᠤ ᠪᠠᠷ ᠭᠡᠷ᠎ᠡ ᠲᠣᠭᠲᠠᠬᠤ ᠶᠢ | ᠤᠷᠢᠶᠠᠯᠠᠵᠤ ᠪᠠᠶᠢᠨ᠎ᠠ᠃ ᠥᠨᠳᠥᠷ ᠨᠠᠰᠤᠲᠠᠢ | ᠰᠠᠭᠤᠷᠢ ᠡᠪᠡᠳᠴᠢᠨ ᠲᠠᠢ ᠨᠠᠰᠤᠲᠠᠶᠢᠴᠤᠳ ᠲᠤ | ᠲᠥᠷᠥᠯ ᠲᠠᠰ ᠬᠤᠪᠢᠶᠠᠬᠤ ᠦᠢᠯᠡᠴᠢᠯᠡᠭᠡ | ᠬᠠᠩᠭᠠᠨ᠎ᠠ ᠨᠠᠰᠤᠲᠠᠶᠢᠴᠤᠳ ᠢ ᠭᠤᠷᠪᠠᠨ | ᠲᠥᠷᠥᠯ ᠳᠤ ᠬᠤᠪᠢᠶᠠᠨ᠎ᠠ᠂ ᠨᠢᠭᠡᠳᠦᠭᠡᠷ | ᠲᠥᠷᠥᠯ ᠨᠢ ᠡᠩ ᠤᠨ ᠬᠥᠮᠥᠰ᠂ ᠳᠠᠷᠤᠢ | ᠲᠦᠭᠰᠢᠭᠦᠷᠢ ᠪᠠᠷ ᠳᠣᠣᠷ᠎ᠠ ᠬᠥᠮᠥᠰ ᠪᠣᠯᠣᠨ᠎ᠠ᠂ | ᠡᠶᠢᠮᠦ ᠬᠥᠮᠥᠰ ᠲᠤ ᠭᠤᠣᠯᠳᠠᠭᠤ ᠡᠷᠡᠭᠦᠯ | ᠮᠡᠨᠳᠦ ᠶᠢᠨ ᠬᠥᠮᠦᠵᠢᠯ ᠢ ᠴᠢᠩᠭᠠᠳᠬᠠᠵᠤ᠂ | ᠸᠠᠺᠼᠢᠨ ᠤ ᠲᠠᠷᠢᠯᠭ᠎ᠠ ᠬᠢᠭᠰᠡᠨ ᠦᠭᠡᠢ | ᠬᠥᠮᠥᠰ ᠢ ᠴᠠᠭ ᠲᠤᠬᠠᠢ ᠳᠤ ᠨᠢ ᠸᠠᠺᠼᠢᠨ ᠤ | ᠲᠠᠷᠢᠯᠭ᠎ᠠ ᠬᠢᠯᠭᠡᠬᠦ ᠪᠠᠷ ᠳᠠᠶᠢᠴᠢᠯᠠᠬᠤ | ᠬᠡᠷᠡᠭᠲᠡᠢ᠃ ᠬᠤᠶᠠᠳᠤᠭᠠᠷ ᠲᠥᠷᠥᠯ ᠨᠢ ᠳᠡᠳ᠋ | ᠭᠤᠣᠯᠳᠠᠯᠭ᠎ᠠ ᠲᠠᠢ ᠬᠥᠮᠥᠰ ᠪᠣᠯᠣᠨ᠎ᠠ᠂ | ᠥᠭᠡᠷ᠎ᠡ ᠪᠠᠷ ᠬᠡᠯᠡᠪᠡᠯ ᠵᠣᠬᠢᠬᠤ | ᠲᠦᠭᠰᠢᠭᠦᠷᠢ ᠲᠠᠢ ᠬᠥᠮᠥᠰ ᠪᠣᠯᠣᠨ᠎ᠠ᠂ ᠡᠨᠡ | ᠲᠥᠷᠥᠯ ᠤᠨ ᠬᠥᠮᠥᠰ ᠲᠤ ᠨᠢᠭᠡᠳᠦᠭᠡᠷ ᠳᠡᠰ ᠤᠨ | ᠦᠢᠯᠡᠴᠢᠯᠡᠭᠡᠨ ᠤ ᠰᠠᠭᠤᠷᠢᠨ ᠳᠡᠭᠡᠷ᠎ᠡ ᠭᠡᠷ | ᠪᠦᠯᠢ ᠶᠢᠨ ᠠᠵᠢᠭᠯᠠᠯᠲᠠ ᠬᠢᠬᠦ ᠶᠢ | ᠴᠢᠩᠭᠠᠳᠬᠠᠵᠤ᠂ ᠴᠠᠭ ᠲᠤᠬᠠᠢ ᠳᠤ ᠨᠢ ᠡᠮ | ᠬᠡᠷᠡᠭᠯᠡᠬᠦ ᠵᠢᠯᠣᠭᠤᠳᠤᠯᠭ᠎ᠠ ᠬᠠᠩᠭᠠᠵᠤ᠂ | ᠦᠨᠳᠦᠰᠦᠨ ᠱᠠᠲᠤᠨ ᠳᠤ ᠰᠢᠢᠳᠪᠦᠷᠢᠯᠡᠵᠦ | ᠳᠡᠶᠢᠯᠬᠦ ᠦᠭᠡᠢ ᠠᠰᠠᠭᠤᠳᠠᠯ ᠪᠠᠶᠢᠬᠤ ᠶᠢ ᠣᠯᠵᠤ | ᠮᠡᠳᠡᠪᠡᠯ ᠴᠠᠭ ᠲᠤᠬᠠᠢ ᠳᠤ ᠨᠢ ᠰᠢᠯᠵᠢᠭᠦᠯᠦᠨ | ᠡᠮᠨᠡᠭᠦᠯᠬᠦ ᠬᠡᠷᠡᠭᠲᠡᠢ᠃ ᠭᠤᠷᠪᠠᠳᠤᠭᠠᠷ | ᠲᠥᠷᠥᠯ ᠤᠨ ᠬᠥᠮᠥᠰ ᠪᠣᠯ ᠭᠤᠣᠯᠳᠠᠭᠤ | ᠲᠦᠭᠰᠢᠭᠦᠷᠢ ᠪᠠᠷ ᠨᠡᠯᠢᠶᠡᠳ ᠥᠨᠳᠥᠷ ᠬᠥᠮᠥᠰ | ᠪᠣᠯᠣᠨ᠎ᠠ᠂ ᠨᠠᠰᠤ ᠨᠢ ᠨᠡᠯᠢᠶᠡᠳ ᠥᠨᠳᠥᠷ᠂ | 80 ᠠᠴᠠ ᠳᠡᠭᠡᠭᠰᠢᠬᠢ᠂ ᠰᠠᠭᠤᠷᠢ ᠡᠪᠡᠳᠴᠢᠨ ᠲᠠᠢ | ᠪᠥᠭᠡᠳ ᠲᠣᠭᠲᠠᠭᠤᠨ ᠪᠤᠰᠤ᠂ ᠥᠩᠭᠡᠷᠡᠭᠰᠡᠨ ᠳᠤ | ᠪᠠᠰᠠ ᠡᠭᠡᠯᠢᠯᠡᠭᠡ ᠶᠢᠨ ᠲᠠᠷᠢᠯᠭ᠎ᠠ | ᠬᠢᠯᠭᠡᠭᠰᠡᠨ ᠦᠭᠡᠢ ᠪᠠᠶᠢᠵᠤ ᠮᠡᠳᠡᠨ᠎ᠡ᠂ ᠡᠶᠢᠮᠦ | ᠬᠥᠮᠥᠰ ᠲᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠳᠤ ᠨᠡᠷᠪᠡᠭᠳᠡᠭᠰᠡᠨ ᠢ ᠣᠯᠵᠤ | ᠮᠡᠳᠡᠪᠡᠯ ᠳᠠᠷᠤᠢ ᠦᠨᠡᠯᠡᠨ ᠵᠢᠱᠢᠯᠲᠡ ᠬᠢᠵᠦ᠂ | ᠬᠡᠷᠡᠭᠴᠡᠭᠡ ᠱᠠᠭᠠᠷᠳᠠᠯᠭ᠎ᠠ ᠪᠠᠨ | ᠦᠨᠳᠦᠰᠦᠯᠡᠨ ᠴᠠᠭ ᠲᠤᠬᠠᠢ ᠳᠤ ᠨᠢ ᠳᠡᠭᠡᠳᠦ | ᠱᠠᠲᠤᠨ ᠤ ᠡᠮᠨᠡᠯᠭᠡ ᠶᠢᠨ ᠬᠤᠷᠢᠶ᠎ᠠ ᠳᠤ | ᠰᠢᠯᠵᠢᠭᠦᠯᠬᠦ ᠬᠡᠷᠡᠭᠲᠡᠢ᠃ ᠡᠭᠦᠨ ᠤ | ᠭᠤᠣᠯᠳᠠᠯᠭ᠎ᠠ ᠨᠢ ᠡᠷᠡᠭᠦᠯ ᠮᠡᠨᠳᠦ ᠶᠢ | ᠪᠠᠲᠤᠯᠠᠨ᠂ ᠬᠦᠨᠳᠦ ᠡᠪᠡᠳᠴᠢᠨ ᠢ | ᠰᠡᠷᠭᠡᠶᠢᠯᠡᠵᠦ᠂ ᠠᠳᠠᠯᠢ ᠪᠤᠰᠤ ᠬᠥᠮᠥᠰ ᠲᠤ | ᠲᠥᠷᠥᠯ ᠳᠡᠰ ᠬᠤᠪᠢᠶᠠᠨ ᠦᠢᠯᠡᠴᠢᠯᠡᠭᠡ | ᠬᠠᠩᠭᠠᠨ᠎ᠠ᠃ ᠬᠢᠵᠠᠭᠠᠷᠲᠠᠢ ᠡᠮ ᠡᠮᠨᠡᠯᠭᠡ ᠶᠢᠨ | ᠡᠬᠢ ᠪᠠᠶᠠᠯᠢᠭ ᠢ ᠬᠠᠮᠤᠭ ᠤᠨ | ᠬᠡᠷᠡᠭᠴᠡᠭᠡ ᠲᠠᠢ ᠬᠥᠮᠥᠰ ᠲᠤ ᠬᠦᠷᠭᠡᠵᠦ᠂ ᠡᠮ | ᠡᠮᠨᠡᠯᠭᠡ ᠶᠢᠨ ᠡᠬᠢ ᠪᠠᠶᠠᠯᠢᠭ ᠢ | ᠪᠦᠷᠢᠯᠭᠡᠬᠦ ᠠᠴᠠ ᠵᠠᠶᠢᠯᠠᠰᠬᠢᠵᠦ᠂ ᠡᠮ | ᠡᠮᠨᠡᠯᠭᠡ ᠶᠢᠨ ᠦᠢᠯᠡᠴᠢᠯᠡᠭᠡᠨ ᠤ ᠦᠷ᠎ᠡ | ᠪᠦᠲᠦᠮᠵᠢ ᠪᠠ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠣᠳᠣᠬᠠᠨ ᠳᠤ | ᠮᠠᠨ ᠤ ᠤᠯᠤᠰ ᠤᠨ ᠦᠨᠳᠦᠰᠦᠨ ᠱᠠᠲᠤᠨ ᠤ | ᠬᠠᠯᠠᠭᠤᠷᠠᠯ ᠤᠨ ᠡᠮᠴᠢᠯᠡᠭᠡᠨ ᠤ ᠲᠠᠰᠤᠭ ᠤᠨ | ᠪᠠᠶᠢᠭᠤᠯᠤᠯᠲᠠ ᠶᠠᠮᠠᠷ ᠪᠠᠶᠢᠳᠠᠯ ᠲᠠᠢ ᠪᠣᠢ | 2022 ᠣᠨ ᠤ 10 ᠳ᠋ᠤᠭᠠᠷ ᠰᠠᠷ᠎ᠠ ᠶᠢᠨ ᠰᠡᠭᠦᠯᠴᠢ | ᠪᠣᠯᠲᠠᠯ᠎ᠠ᠂ ᠪᠥᠬᠦ ᠤᠯᠤᠰ ᠤᠨ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ | ᠬᠠᠯᠠᠭᠤᠷᠠᠯ ᠤᠨ ᠡᠮᠴᠢᠯᠡᠭᠡᠨ ᠤ ᠲᠠᠰᠤᠭ | ︵ᠡᠭᠦᠳᠡᠨ ᠡᠮᠨᠡᠯᠭᠡ︶ ᠢ ᠨᠡᠶᠢᠲᠡ 1.94 ᠲᠦᠮᠡ | ᠪᠠᠶᠢᠭᠤᠯᠵᠤ᠂ ᠦᠨᠳᠦᠰᠦᠨ ᠱᠠᠲᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ 45% ᠶᠢ ᠡᠵᠡᠯᠡᠪᠡ᠃ | ᠡᠭᠦᠨ ᠠᠴᠠ ᠭᠠᠳᠠᠨ᠎ᠠ᠂ ᠤᠷᠢᠳᠴᠢᠯᠠᠨ | ᠪᠠᠶᠢᠴᠠᠭᠠᠵᠤ ᠬᠤᠪᠢᠶᠠᠨ ᠣᠨᠣᠰᠢᠯᠠᠬᠤ | ᠴᠢᠳᠠᠮᠵᠢ ᠲᠠᠢ ᠬᠠᠯᠠᠭᠤᠷᠠᠯ ᠤᠨ ᠴᠡᠭ ᠢ 2.2 | ᠲᠦᠮᠡ ᠪᠠᠶᠢᠭᠤᠯᠵᠤ᠂ 52% ᠢ ᠡᠵᠡᠯᠡᠵᠦ | ᠪᠠᠶᠢᠨ᠎ᠠ᠃ ᠣᠳᠣᠬᠠᠨ ᠳᠤ ᠵᠧᠵᠢᠶᠠᠩ᠂ | ᠱᠠᠨᠳᠦ᠋ᠩ᠂ ᠾᠧᠨᠠᠨ᠂ ᠬᠤᠪᠧᠢ ᠪᠣᠯᠣᠨ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠵᠡᠷᠭᠡ 5 | ᠮᠤᠵᠢ ᠣᠷᠣᠨ ᠤ ᠪᠦᠲᠦᠭᠡᠨ ᠪᠠᠶᠢᠭᠤᠯᠵᠤ | ᠪᠠᠶᠢᠭ᠎ᠠ ᠬᠠᠯᠠᠭᠤᠷᠠᠯ ᠤᠨ ᠡᠮᠴᠢᠯᠡᠭᠡᠨ ᠤ | ᠲᠠᠰᠤᠭ ︵ᠡᠭᠦᠳᠡᠨ ᠡᠮᠨᠡᠯᠭᠡ︶ 90% ᠠᠴᠠ | ᠳᠡᠭᠡᠭᠰᠢ ᠪᠣᠯᠵᠤ᠂ ᠪᠤᠰᠤᠳ ᠮᠤᠵᠢ ᠬᠤᠲᠠ ᠠᠴᠠ | ᠮᠥᠨ ᠴᠦ ᠪᠦᠲᠦᠭᠡᠨ ᠪᠠᠶᠢᠭᠤᠯᠤᠯᠲᠠ ᠪᠠᠨ | ᠲᠦᠷᠭᠡᠳᠬᠡᠵᠦ ᠪᠠᠶᠢᠨ᠎ᠠ᠃ ᠵᠠᠷᠢᠮ ᠭᠠᠵᠠᠷ ᠤᠨ | ᠦᠨᠳᠦᠰᠦᠨ ᠱᠠᠲᠤᠨ ᠤ ᠬᠠᠯᠠᠭᠤᠷᠠᠯ ᠤᠨ | ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ | ᠴᠤ ᠨᠢᠭᠡᠨᠲᠡ ᠮᠠᠰᠢ ᠰᠠᠶᠢᠨ ᠦᠢᠯᠡᠳᠦᠯ ᠢᠶᠠᠨ | ᠪᠠᠳᠠᠷᠠᠭᠤᠯᠬᠤ ᠪᠣᠯᠵᠠᠢ᠃ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢᠨ | ᠲᠠᠰᠤᠷᠠᠯᠲᠠ ᠦᠭᠡᠢ ᠰᠢᠯᠢᠳᠡᠭᠵᠢᠨ | ᠲᠡᠭᠦᠯᠳᠡᠷᠵᠢᠬᠦ ᠶᠢ ᠳᠠᠭᠠᠯᠳᠤᠨ᠂ ᠤᠯᠤᠰ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ᠡᠯ᠎ᠡ ᠭᠠᠵᠠᠷ ᠤᠨ ᠬᠢᠨ ᠢ | ᠵᠢᠭᠠᠨ ᠵᠢᠯᠤᠭᠤᠳᠴᠤ ᠪᠠᠶᠢᠭᠠᠳ | ᠬᠠᠯᠠᠭᠤᠷᠠᠯ ᠤᠨ ᠡᠮᠴᠢᠯᠡᠭᠡᠨ ᠤ ᠲᠠᠰᠤᠭ | ︵ᠡᠭᠦᠳᠡᠨ ᠡᠮᠨᠡᠯᠭᠡ︶ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠬᠠᠯᠠᠭᠤᠷᠠᠯ ᠤᠨ ᠴᠡᠭ ᠢ ᠥᠭᠡᠷᠡᠴᠢᠯᠡᠵᠦ | ᠥᠷᠭᠡᠳᠬᠡᠨ ᠪᠠᠶᠢᠭᠤᠯᠬᠤ᠂ ᠤᠭᠰᠠᠷᠠᠮᠠᠯ | ᠪᠠᠶᠢᠰᠢᠩ ᠬᠤᠳᠠᠯᠳᠤᠨ ᠠᠪᠬᠤ ᠵᠡᠷᠭᠡ ᠣᠯᠠᠨ | ᠵᠦᠢᠯ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠬᠠᠯᠠᠭᠤᠷᠠᠯ ᠤᠨ | ᠡᠮᠴᠢᠯᠡᠭᠡᠨ ᠤ ᠲᠠᠰᠤᠭ ︵ᠡᠭᠦᠳᠡᠨ | ᠡᠮᠨᠡᠯᠭᠡ︶ ᠤᠨ ᠲᠣᠬᠢᠷᠠᠭᠤᠯᠤᠨ ᠪᠠᠶᠢᠭᠤᠯᠬᠤ | ᠨᠣᠷᠮ᠎ᠠ ᠶᠢ ᠲᠦᠷᠭᠡᠳᠬᠡᠨ ᠳᠡᠭᠡᠭᠰᠢᠯᠡᠭᠦᠯᠵᠦ | ᠪᠠᠶᠢᠨ᠎ᠠ᠃ ᠦᠨᠡᠨ ᠳᠤ ᠪᠠᠨ ᠬᠠᠯᠠᠭᠤᠷᠠᠯ ᠤᠨ | ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ | ᠣᠨᠴᠠᠭᠠᠶᠢᠯᠠᠨ ᠦᠨᠳᠦᠰᠦᠨ ᠱᠠᠲᠤᠨ ᠤ | ᠬᠠᠯᠠᠭᠤᠷᠠᠯ ᠤᠨ ᠡᠮᠴᠢᠯᠡᠭᠡᠨ ᠤ ᠲᠠᠰᠤᠭ | ︵ᠡᠭᠦᠳᠡᠨ ᠡᠮᠨᠡᠯᠭᠡ︶ ᠨᠢ ᠲᠡᠶᠢᠮᠦ | ᠪᠤᠳᠤᠯᠢᠶᠠᠨᠲᠠᠢ ᠪᠢᠰᠢ᠂ ᠵᠠᠷᠢᠮ | ᠭᠠᠵᠠᠷ ᠤᠨ ᠬᠢᠨ ᠨᠢᠭᠡ ᠬᠤᠶᠠᠷ ᠲᠠᠰᠤᠯᠭ᠎ᠠ | ᠤᠭᠰᠠᠷᠠᠮᠠᠯ ᠪᠠᠶᠢᠰᠢᠩ ᠢ ᠬᠠᠷᠢᠴᠠᠩᠭᠤᠢ ᠪᠠᠷ | ᠲᠤᠰᠠᠭᠠᠷ ᠣᠷᠣᠨ ᠵᠠᠢ ᠳᠤ ᠲᠣᠬᠢᠷᠠᠭᠤᠯᠤᠭᠰᠠᠨ | ᠪᠠᠶᠢᠳᠠᠭ᠃ ᠭᠡᠪᠡᠴᠦ ᠨᠥᠬᠦᠴᠡᠯ ᠲᠠᠢ ᠭᠠᠵᠠᠷ | ᠣᠷᠣᠨ ᠤ ᠬᠢᠨ ᠬᠠᠰᠢ ᠯᠡ ᠪᠠᠷᠢᠮᠵᠢᠶ᠎ᠠ | ᠶᠣᠰᠣᠭᠠᠷ ᠪᠠᠶᠢᠭᠤᠯᠪᠠᠯ ᠬᠠᠮᠤᠭ ᠤᠨ ᠰᠠᠶᠢᠨ | ᠶᠤᠮ᠃ ᠡᠶᠢᠮᠦ ᠠᠴᠠ ᠪᠢᠳᠡ 2023 ᠣᠨ ᠤ 3 ᠳ᠋ᠤᠭᠠᠷ | ᠰᠠᠷ᠎ᠠ ᠶᠢᠨ ᠰᠡᠭᠦᠯᠴᠢ ᠪᠠᠷ᠂ ᠡᠯ᠎ᠡ | ᠭᠠᠵᠠᠷ ᠤᠨ ᠦᠨᠳᠦᠰᠦᠨ ᠱᠠᠲᠤᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠬᠠᠯᠠᠭᠤᠷᠠᠯ ᠤᠨ | ᠡᠮᠴᠢᠯᠡᠭᠡᠨ ᠤ ᠲᠠᠰᠤᠭ ︵ᠡᠭᠦᠳᠡᠨ | ᠡᠮᠨᠡᠯᠭᠡ︶ ᠤᠨ ᠪᠠᠶᠢᠭᠤᠯᠤᠯᠲᠠ ᠶᠢ 90% ᠳᠤ | ᠬᠦᠷᠭᠡᠬᠦ ᠬᠡᠷᠡᠭᠲᠡᠢ ᠭᠡᠵᠦ ᠳᠤᠷᠠᠳᠪᠠ᠃ | ᠦᠨᠡᠨ ᠳᠤ ᠪᠠᠨ ᠣᠷᠣᠨ ᠨᠤᠲᠤᠭ ᠤᠨ ᠵᠠᠰᠠᠭ ᠤᠨ | ᠣᠷᠳᠣᠨ ᠠᠴᠠ ᠴᠢᠬᠤᠯᠠᠴᠢᠯᠠᠨ ᠦᠵᠡᠳᠡᠭ ᠯᠡ ᠶᠤᠮ | ᠪᠣᠯ ᠡᠨᠡ ᠬᠦ ᠬᠠᠷᠠᠯᠲᠠ ᠶᠢ ᠪᠡᠶᠡᠯᠡᠭᠦᠯᠵᠦ | ᠪᠣᠯᠬᠤ ᠶᠤᠮ᠂ ᠡᠨᠡ ᠨᠢ ᠦᠨᠳᠦᠰᠦᠨ ᠱᠠᠲᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠬᠠᠯᠠᠭᠤᠷᠠᠵᠤ ᠪᠠᠶᠢᠭ᠎ᠠ | ᠡᠪᠡᠳᠴᠢᠲᠡᠨ ᠢ ᠭᠥᠯᠢᠶᠡᠨ ᠠᠪᠴᠤ ᠡᠮᠨᠡᠨ | ᠵᠠᠰᠠᠬᠤ ᠴᠢᠳᠠᠪᠤᠷᠢ ᠶᠢ ᠪᠦᠲᠦᠮᠵᠢᠲᠡᠶ | ᠳᠡᠭᠡᠭᠰᠢᠯᠡᠭᠦᠯᠵᠦ ᠴᠢᠳᠠᠨ᠎ᠠ᠃ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ | ᠬᠥᠮᠥᠨ ᠤ ᠬᠦᠴᠦᠨ ᠬᠦᠷᠦᠯᠴᠡᠬᠦ ᠦᠭᠡᠢ ᠪᠠᠶᠢᠪᠠᠯ | ᠶᠠᠭᠠᠬᠢᠬᠤ ᠪᠤᠢ ᠬᠥᠮᠥᠨ ᠤ ᠬᠦᠴᠦᠨ ᠢ | ᠣᠬᠤᠷᠬᠠᠨ ᠬᠤᠭᠤᠴᠠᠭᠠᠨ ᠤ ᠳᠣᠲᠣᠷ᠎ᠠ | ᠬᠥᠮᠥᠵᠢᠭᠦᠯᠬᠦ ᠳᠤ ᠨᠡᠯᠢᠶᠡᠳ ᠬᠦᠴᠢᠷᠲᠡᠢ | ᠶᠤᠮ᠂ ᠣᠬᠤᠷᠬᠠᠨ ᠬᠤᠭᠤᠴᠠᠭᠠᠨ ᠤ ᠳᠣᠲᠣᠷ᠎ᠠ | ᠬᠤᠶᠠᠳᠤᠭᠠᠷ ᠭᠤᠷᠪᠠᠳᠤᠭᠠᠷ ᠳᠡᠰ ᠤᠨ | ᠡᠮᠨᠡᠯᠭᠡ ᠶᠢᠨ ᠬᠤᠷᠢᠶ᠎ᠠ ᠠᠴᠠ ᠬᠥᠮᠥᠨ | ᠲᠣᠮᠢᠯᠠᠨ ᠳᠣᠷᠣᠭᠰᠢ ᠪᠠᠭᠤᠯᠭᠠᠬᠤ ᠪᠠᠷ | ᠳᠠᠮᠵᠢᠭᠤᠯᠤᠨ᠂ ᠦᠨᠳᠦᠰᠦᠨ ᠱᠠᠲᠤ ᠶᠢ ᠳᠡᠮᠵᠢᠵᠦ | ᠪᠣᠯᠣᠨ᠎ᠠ᠂ ᠪᠠᠰᠠ ᠣᠶᠢᠷ᠎ᠠ ᠶᠢᠨ ᠲᠠᠪᠤᠨ | ᠵᠢᠯ ᠤᠨ ᠲᠤᠷᠰᠢ ᠨᠢᠭᠡᠨᠲᠡ ᠠᠵᠢᠯ ᠠᠴᠠ ᠪᠠᠨ | ᠪᠠᠭᠤᠵᠤ ᠠᠮᠠᠷᠠᠭᠰᠠᠨ ᠡᠮᠨᠡᠯᠭᠡ ᠶᠢᠨ | ᠠᠵᠢᠯᠲᠠᠳ ᠢ ᠤᠷᠢᠵᠤ᠂ ᠦᠨᠳᠦᠰᠦᠨ ᠱᠠᠲᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ ᠠᠵᠢᠯᠯᠠᠭᠤᠯᠵᠤ | ᠪᠣᠯᠣᠨ᠎ᠠ᠃ ᠪᠠᠰᠠ ᠵᠠᠷᠢᠮ ᠪᠤᠰᠤᠳ ᠠᠵᠢᠯ ᠤᠨ | ᠪᠠᠶᠢᠷᠢᠨ ᠳᠤ ᠪᠠᠶᠢᠭ᠎ᠠ ᠡᠮ ᠡᠮᠨᠡᠯᠭᠡ ᠡᠷᠡᠭᠦᠯ | ᠬᠠᠮᠠᠭᠠᠯᠠᠯ ᠤᠨ ᠠᠵᠢᠯᠲᠠᠨ ᠢ ᠴᠥᠮ ᠦᠨᠳᠦᠰᠦᠨ | ᠱᠠᠲᠤᠨ ᠤ ᠪᠠᠶᠢᠭᠤᠯᠤᠮᠵᠢ ᠳᠤ ᠡᠯᠰᠡᠨ | ᠠᠪᠴᠢᠷᠠᠵᠤ᠂ ᠦᠨᠳᠦᠰᠦᠨ ᠱᠠᠲᠤᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠳᠠᠷᠤᠭᠠᠰᠤ ᠶᠢ ᠨᠢ | ᠬᠥᠩᠭᠡᠯᠡᠵᠦ ᠪᠣᠯᠣᠨ᠎ᠠ᠃ ᠡᠭᠦᠨ ᠤ ᠬᠠᠮᠲᠤ᠂ ᠭᠡᠷ | ᠪᠦᠯᠢ ᠶᠢᠨ ᠡᠮᠴᠢ ᠶᠢᠨ ᠦᠢᠯᠡᠳᠦᠯ ᠢ ᠦᠨᠡᠨ ᠬᠦ | ᠪᠠᠳᠠᠷᠠᠭᠤᠯᠵᠤ᠂ ᠭᠤᠣᠯᠳᠠᠯᠭ᠎ᠠ ᠲᠠᠢ | ᠬᠥᠮᠥᠰ ᠤᠨ ᠭᠡᠷᠡᠲᠦ ᠦᠢᠯᠡᠴᠢᠯᠡᠭᠡ | ᠲᠣᠭᠲᠠᠬᠤ ᠶᠢ ᠠᠬᠢᠭᠤᠯᠤᠨ᠂ ᠪᠦᠬᠦᠨ ᠢ | ᠬᠠᠮᠤᠷᠤᠭᠤᠯᠬᠤ ᠪᠠᠷ ᠴᠢᠷᠮᠠᠶᠢᠵᠤ᠂ | ᠬᠡᠷᠡᠭᠴᠡᠭᠡ ᠲᠠᠢ ᠦᠶ᠎ᠡ ᠳᠤ ᠭᠡᠷ ᠪᠦᠯᠢ ᠶᠢᠨ | ᠡᠮᠴᠢ ᠲᠠᠢ ᠬᠠᠷᠢᠯᠴᠠᠵᠤ ᠪᠣᠯᠬᠤ ᠶᠢ | ᠪᠠᠲᠤᠯᠠᠬᠤ ᠬᠡᠷᠡᠭᠲᠡᠢ᠃ ᠡᠭᠦᠨ ᠠᠴᠠ | ᠭᠠᠳᠠᠨ᠎ᠠ᠂ ᠡᠮ ᠡᠮᠨᠡᠯᠭᠡ ᠶᠢᠨ ᠬᠤᠯᠪᠣᠭᠠᠲᠤ | ᠴᠣᠭᠴᠠ᠂ ᠡᠮ ᠡᠮᠨᠡᠯᠭᠡ ᠶᠢᠨ ᠬᠠᠮᠲᠤ ᠶᠢᠨ | ᠴᠣᠭᠴᠠ ᠶᠢᠨ ᠦᠢᠯᠡᠳᠦᠯ ᠢ ᠢᠳᠡᠪᠬᠢᠲᠡᠢ | ᠪᠠᠳᠠᠷᠠᠭᠤᠯᠬᠤ ᠬᠡᠷᠡᠭᠲᠡᠢ᠃ ᠢᠯᠠᠩᠭᠤᠶ᠎ᠠ | ᠳᠠᠭᠠᠭᠤᠯᠤᠭᠴᠢ ᠡᠮᠨᠡᠯᠭᠡ ᠶᠢᠨ | ᠬᠤᠷᠢᠶ᠎ᠠ ᠶᠢᠨ ᠦᠢᠯᠡᠳᠦᠯ ᠢ ᠪᠠᠳᠠᠷᠠᠭᠤᠯᠵᠤ᠂ | ᠪᠦᠷᠢᠯᠳᠦᠭᠦᠨ ᠨᠢᠭᠡᠴᠢ ᠶᠢᠨ ᠬᠠᠯᠠᠭᠤᠷᠠᠯ ᠤᠨ | ᠡᠭᠦᠳᠡᠨ ᠡᠮᠨᠡᠯᠭᠡ ᠶᠢᠨ ᠪᠦᠲᠦᠭᠡᠨ | ᠪᠠᠶᠢᠭᠤᠯᠤᠯᠲᠠ ᠵᠢᠴᠢ ᠠᠵᠢᠯᠯᠠᠭᠠᠨ ᠤ | ᠪᠠᠶᠢᠳᠠᠯ ᠳᠤ ᠵᠢᠯᠣᠭᠤᠳᠤᠯᠭ᠎ᠠ | ᠦᠵᠡᠭᠦᠯᠬᠦ ᠶᠢ ᠴᠢᠩᠭᠠᠳᠬᠠᠬᠤ ᠬᠡᠷᠡᠭᠲᠡᠢ᠃ ᠡᠮ | ᠡᠮᠨᠡᠯᠭᠡ ᠶᠢᠨ ᠬᠤᠯᠪᠣᠭᠠᠲᠤ ᠴᠣᠭᠴᠠ ᠶᠢᠨ | ᠳᠣᠲᠣᠭᠠᠳᠤ ᠳᠠᠬᠢ ᠠᠵᠢᠯᠲᠠᠨ ᠤ | ᠲᠣᠬᠢᠷᠠᠭᠤᠯᠤᠯᠲᠠ ᠶᠢ ᠨᠢᠭᠡᠳᠦᠯᠲᠡᠢ | ᠲᠥᠯᠥᠪᠯᠡᠵᠦ᠂ ᠬᠤᠣᠰ ᠴᠢᠭᠯᠡᠯ ᠢᠶᠠᠷ | ᠰᠢᠯᠵᠢᠭᠦᠯᠦᠨ ᠡᠮᠨᠡᠭᠦᠯᠬᠦ ᠵᠠᠮ ᠢ ᠰᠠᠭᠠᠳ | ᠦᠭᠡᠢ ᠨᠠᠪᠲᠠᠷᠡᠭᠦᠯᠵᠦ᠂ ᠦᠨᠳᠦᠰᠦᠨ ᠱᠠᠲᠤᠨ ᠳᠤ | ᠦᠵᠡᠭᠦᠯᠬᠦ ᠮᠡᠷᠭᠡᠵᠢᠯ ᠤᠨ ᠳᠡᠮᠵᠢᠯᠭᠡ᠂ | ᠪᠣᠯᠪᠠᠰᠤᠷᠠᠭᠤᠯᠤᠯ ᠢ ᠴᠢᠩᠭᠠᠳᠬᠠᠨ᠂ | ᠵᠢᠯᠣᠭᠤᠳᠤᠯᠭ᠎ᠠ ᠪᠠᠨ ᠴᠢᠩᠭᠠᠳᠬᠠᠬᠤ ᠶᠢᠨ | ᠬᠠᠮᠲᠤ ᠶᠠᠰᠤ ᠴᠢᠨᠠᠷ ᠤᠨ ᠡᠵᠡᠮᠳᠡᠯ ᠢ | ᠴᠢᠩᠭᠠᠳᠬᠠᠬᠤ ᠬᠡᠷᠡᠭᠲᠡᠢ᠃ | | | | | | | | | | | | |