ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ | ᠡᠵᠡᠮᠳᠡᠬᠦ ᠲᠣᠭᠲᠠᠴᠠ ᠠᠴᠠ 12 ᠳ᠋ᠤᠭᠠᠷ | ᠰᠠᠷ᠎ᠠ ᠶᠢᠨ 13 ᠤ ᠡᠳᠦᠷ ᠰᠣᠨᠢᠨ ᠮᠡᠳᠡᠭᠡ | ᠨᠡᠶᠢᠲᠡᠯᠡᠬᠦ ᠬᠤᠷᠠᠯ ᠬᠤᠷᠠᠯᠳᠤᠭᠤᠯᠵᠤ᠂ | ᠭᠤᠣᠯᠳᠠᠯᠭ᠎ᠠ ᠲᠠᠢ ᠬᠥᠮᠥᠰ ᠤᠨ ᠡᠷᠡᠭᠦᠯ | ᠮᠡᠨᠳᠦ ᠶᠢᠨ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠪᠠ᠃ ᠪᠢᠳᠡ ᠬᠠᠮᠲᠤ ᠪᠠᠷ | ᠣᠶᠢᠯᠠᠭᠠᠵᠠᠭᠠᠶ᠎ᠠ —— ᠵᠢᠷᠮᠦᠰᠦᠨ | ᠬᠥᠩᠭᠡᠵᠢᠭᠰᠡᠨ ᠡᠬᠡᠴᠦᠳ ᠵᠢᠷᠮᠦᠰᠦᠨ | ᠬᠥᠩᠭᠡᠵᠢᠭᠰᠡᠨ ᠡᠬᠡᠴᠦᠳ ᠬᠢᠵᠢᠭ ᠲᠤ | ᠬᠠᠯᠳᠠᠪᠤᠷᠢᠯᠠᠭᠳᠠᠪᠠᠯ ᠶᠠᠮᠠᠷ ᠡᠪᠡᠳᠴᠢᠨ ᠤ | ᠢᠯᠡᠷᠡᠯ ᠲᠠᠢ ᠪᠣᠢ ᠤᠯᠤᠰ ᠤᠨ | ᠳᠣᠲᠣᠭᠠᠳᠤ ᠳᠠᠬᠢ ᠪᠦᠬᠦ ᠤᠯᠤᠰ ᠤᠨ | ᠬᠥᠩᠭᠡᠵᠢᠯᠲᠡ ᠶᠢᠨ ᠰᠠᠯᠠᠭᠠᠨ ᠤ ᠶᠠᠰᠤ | ᠴᠢᠨᠠᠷ ᠢ ᠡᠵᠡᠮᠳᠡᠬᠦ ᠲᠤᠰᠬᠠᠢ | ᠮᠡᠷᠭᠡᠵᠢᠯᠲᠡᠨ ᠤ ᠳᠤᠭᠤᠶᠢᠯᠠᠩ ᠤᠨ | ᠬᠤᠷᠢᠶᠠᠩᠭᠤᠶᠢᠯᠠᠭᠰᠠᠨ ᠤᠯᠤᠰ ᠤᠨ | ᠳᠣᠲᠣᠭᠠᠳᠤ ᠶᠢᠨ ᠪᠠᠶᠢᠳᠠᠯ ᠪᠠ ᠣᠯᠠᠨ ᠤᠯᠤᠰ ᠤᠨ | ᠮᠡᠳᠡᠭᠡᠯᠡᠯ ᠠᠴᠠ ᠦᠵᠡᠪᠡᠯ᠂ ᠵᠢᠷᠮᠦᠰᠦᠨ | ᠬᠥᠩᠭᠡᠵᠢᠭᠰᠡᠨ ᠡᠬᠡᠴᠦᠳ ᠰᠢᠨ᠎ᠡ ᠲᠢᠲᠢᠮᠯᠢᠭ | ᠸᠢᠷᠦ᠋ᠰ ᠲᠤ ᠬᠠᠯᠳᠠᠪᠤᠷᠢᠯᠠᠭᠳᠠᠭᠰᠠᠨ ᠤ | ᠳᠠᠷᠠᠭ᠎ᠠ ᠶᠡᠷᠦᠩᠬᠡᠢ ᠳᠤ ᠪᠠᠨ ᠡᠪᠡᠳᠴᠢᠯᠡᠬᠦ | ᠨᠤᠷᠮ᠎ᠠ ᠪᠠ ᠡᠪᠡᠳᠴᠢᠨ ᠤ ᠪᠠᠶᠢᠳᠠᠯ᠂ | ᠡᠪᠡᠳᠴᠢᠨ ᠤ ᠶᠠᠪᠤᠴᠠ ᠶᠢᠨ ᠪᠠᠶᠢᠳᠠᠯ ᠨᠢ ᠪᠦᠷ | ᠡᠩ ᠤᠨ ᠬᠥᠮᠥᠰ ᠲᠠᠢ ᠨᠡᠯᠢᠶᠡᠳ ᠣᠶᠢᠷᠠᠯᠴᠠᠭ᠎ᠠ | ᠪᠠᠶᠢᠳᠠᠭ᠃ ᠡᠪᠡᠳᠴᠢᠨ ᠤ ᠢᠯᠡᠷᠡᠯ ᠨᠢ | ᠭᠤᠣᠯᠳᠠᠭᠤ ᠠᠮᠢᠰᠬᠤᠯ ᠤᠨ ᠳᠡᠭᠡᠳᠦ ᠵᠠᠮ ᠤᠨ | ᠬᠠᠯᠳᠠᠪᠤᠷᠢᠯᠠᠯ ᠪᠣᠯᠣᠨ᠎ᠠ᠂ ᠵᠢᠱᠢᠶᠡᠯᠡᠪᠡᠯ | ᠬᠠᠨᠢᠶᠠᠯᠭᠠᠬᠤ᠂ ᠬᠤᠭᠤᠯᠠᠢ ᠡᠪᠡᠳᠬᠦ᠂ | ᠨᠠᠶᠢᠲᠠᠭᠠᠬᠤ᠂ ᠬᠠᠮᠠᠷ ᠪᠢᠲᠡᠭᠦᠷᠡᠬᠦ᠂ ᠨᠢᠰᠤ | ᠭᠤᠭᠤᠵᠢᠬᠤ᠂ ᠪᠦᠬᠦ ᠪᠡᠶ᠎ᠡ ᠱᠠᠷᠬᠢᠷᠠᠨ | ᠡᠪᠡᠳᠬᠦ᠂ ᠬᠠᠯᠠᠭᠤᠷᠠᠬᠤ ᠵᠡᠷᠭᠡ | ᠢᠯᠡᠷᠡᠯ ᠲᠠᠢ᠂ ᠬᠦᠨᠳᠦ ᠡᠪᠡᠳᠴᠢᠨ ᠤ ᠰᠢᠨᠵᠢ | ᠲᠡᠮᠳᠡᠭ ᠲᠤᠩ ᠴᠥᠭᠡᠨ ᠪᠠᠶᠢᠳᠠᠭ᠂ ᠡᠶᠢᠮᠦ ᠠᠴᠠ | ᠠᠶᠤᠨ ᠰᠠᠨᠳᠤᠷᠤᠭᠰᠠᠨ ᠤ ᠬᠡᠷᠡᠭ ᠦᠭᠡᠢ᠂ | ᠡᠪᠡᠳᠴᠢᠨ ᠤ ᠶᠠᠪᠤᠴᠠ ᠨᠢ ᠴᠦ | ᠦᠨᠳᠦᠰᠦᠨ ᠳᠤ ᠪᠠᠨ 5 ᠠᠴᠠ 7 ᠡᠳᠦᠷ ᠪᠣᠯᠣᠨ᠎ᠠ᠃ | ᠣᠳᠣᠬᠠᠨ ᠤ ᠪᠠᠶᠢᠳᠠᠯ ᠠᠴᠠ ᠦᠵᠡᠪᠡᠯ᠂ | ᠡᠮᠦᠨᠡᠲᠦ ᠣᠷᠣᠨ ᠪᠠ ᠤᠮᠠᠷᠠᠲᠤ ᠣᠷᠣᠨ ᠤ | ᠣᠨᠳᠣᠣᠰᠢᠭᠰᠠᠨ ᠸᠢᠷᠦ᠋ᠰ ᠤᠨ ᠰᠠᠭᠤᠷᠢ ᠨᠢ | ᠵᠢᠭᠠᠬᠠᠨ ᠠᠳᠠᠯᠢ ᠦᠭᠡᠢ ᠪᠠᠶᠢᠵᠤ᠂ ᠤᠮᠠᠷᠠᠲᠤ | ᠣᠷᠣᠨ ᠳᠤ ᠵᠢᠭᠠᠬᠠᠨ ᠬᠠᠭᠤᠷᠠᠢ᠂ ᠠᠭᠤᠷ | ᠠᠮᠢᠰᠬᠤᠯ ᠨᠡᠯᠢᠶᠡᠳ ᠬᠦᠢᠲᠡᠨ᠂ ᠡᠪᠡᠳᠴᠢᠨ ᠤ | ᠪᠠᠶᠢᠳᠠᠯ ᠨᠢ ᠬᠠᠷᠢᠴᠠᠩᠭᠤᠢ ᠬᠦᠨᠳᠦ᠂ ᠭᠡᠪᠡᠴᠦ | ᠡᠪᠡᠳᠴᠢᠨ ᠤ ᠶᠠᠪᠤᠴᠠ ᠨᠢ ᠦᠨᠳᠦᠰᠦᠨ ᠳᠤ ᠪᠠᠨ | 5 ᠠᠴᠠ 7 ᠡᠳᠦᠷ ᠪᠠᠶᠢᠳᠠᠭ᠂ ᠣᠨᠴᠠ ᠵᠠᠷᠢᠮ ᠬᠦᠨᠳᠦ | ᠡᠪᠡᠳᠴᠢᠲᠡᠨ ᠨᠢ ᠭᠤᠣᠯᠳᠠᠭᠤ ᠲᠡᠭᠦᠨ ᠤ | ᠰᠠᠭᠤᠷᠢ ᠡᠪᠡᠳᠴᠢᠨ ᠲᠠᠢ ᠬᠤᠯᠪᠣᠭ᠎ᠠ ᠲᠠᠢ | ᠪᠠᠶᠢᠳᠠᠭ᠂ ᠵᠢᠱᠢᠶᠡᠯᠡᠪᠡᠯ ᠤᠤᠯ ᠳᠤ ᠪᠠᠨ | ᠡᠯᠢᠭᠡ ᠪᠥᠭᠡᠷᠡᠨ ᠤ ᠠᠵᠢᠯᠯᠠᠭ᠎ᠠ ᠮᠠᠭᠤᠲᠠᠢ᠂ | ᠴᠢᠰᠤᠨ ᠳᠠᠷᠤᠯᠲᠠ ᠥᠨᠳᠥᠷ᠂ ᠰᠢᠬᠢᠷ ᠰᠢᠵᠢᠩ | ᠡᠪᠡᠳᠴᠢᠨ ᠲᠠᠢ ᠪᠠᠶᠢᠪᠠᠯ᠂ ᠡᠳᠡᠭᠡᠷ ᠬᠥᠮᠥᠰ | ᠴᠠᠭ ᠲᠤᠬᠠᠢ ᠳᠤ ᠨᠢ ᠡᠮᠨᠡᠭᠦᠯᠬᠦ ᠬᠡᠷᠡᠭᠲᠡᠢ᠃ | ᠵᠢᠷᠮᠦᠰᠦᠨ ᠬᠥᠩᠭᠡᠵᠢᠭᠰᠡᠨ ᠡᠬᠡᠴᠦᠳ | ᠬᠢᠵᠢᠭ ᠲᠤ ᠬᠠᠯᠳᠠᠪᠤᠷᠢᠯᠠᠭᠳᠠᠪᠠᠯ | ᠬᠡᠪᠡᠯᠢ ᠳᠠᠬᠢ ᠬᠡᠦᠬᠡᠳ ᠢ ᠨᠥᠯᠥᠭᠡᠯᠡᠨ᠎ᠡ ᠤᠤ | ᠵᠢᠷᠮᠦᠰᠦᠨ ᠬᠥᠩᠭᠡᠵᠢᠭᠰᠡᠨ ᠡᠬᠡᠴᠦᠳ ᠰᠢᠨ᠎ᠡ | ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ | ᠳᠠᠷᠠᠭ᠎ᠠ ᠬᠡᠪᠡᠯᠢ ᠳᠠᠬᠢ ᠬᠡᠦᠬᠡᠳ ᠲᠤ | ᠬᠠᠯᠳᠠᠪᠤᠷᠢᠯᠠᠬᠤ ᠦᠭᠡᠢ᠂ ᠤᠴᠢᠷ ᠨᠢ ᠡᠬᠡ ᠶᠢᠨ | ᠪᠡᠶ᠎ᠡ ᠳᠤ ᠢᠬᠡᠰ ᠭᠡᠬᠦ ᠮᠠᠰᠢ ᠰᠠᠶᠢᠨ | ᠬᠠᠮᠠᠭᠠᠯᠠᠯᠲᠠ ᠶᠢᠨ ᠬᠠᠯᠬᠠᠪᠴᠢ | ᠪᠠᠶᠢᠳᠠᠭ ᠠᠴᠠ ᠬᠡᠪᠡᠯᠢ ᠳᠠᠬᠢ ᠬᠡᠦᠬᠡᠳ ᠲᠤ | ᠪᠠᠷᠤᠭ ᠬᠠᠯᠳᠠᠪᠤᠷᠢᠯᠠᠬᠤ ᠦᠭᠡᠢ ᠶᠤᠮ᠃ ᠭᠡᠪᠡᠴᠦ | ᠬᠥᠩᠭᠡᠵᠢᠭᠰᠡᠨ ᠤ ᠳᠠᠷᠠᠭ᠎ᠠ ᠡᠵᠢ ᠨᠢ | ᠬᠡᠦᠬᠡᠳ ᠲᠠᠢ ᠪᠠᠨ ᠬᠠᠮᠲᠤ ᠪᠠᠶᠢᠪᠠᠯ | ᠲᠤᠰᠠᠭᠠᠷᠯᠠᠬᠤ ᠶᠢ ᠠᠩᠬᠠᠷᠬᠤ ᠬᠡᠷᠡᠭᠲᠡᠢ᠂ | ᠡᠵᠢ ᠨᠢ ᠣᠷᠣᠨ ᠵᠠᠢ ᠶᠢᠨ ᠲᠠᠯ᠎ᠠ ᠪᠠᠷ ᠨᠢᠷᠠᠢ | ᠬᠡᠦᠬᠡᠳ ᠠᠴᠠ ᠪᠠᠨ ᠵᠣᠬᠢᠬᠤ ᠬᠡᠮᠵᠢᠶ᠎ᠡ ᠪᠠᠷ | ᠲᠤᠰᠠᠭᠠᠷᠯᠠᠬᠤ ᠪᠤᠶᠤ N95 ᠠᠮᠠᠪᠴᠢ ᠵᠡᠭᠦᠪᠡᠯ | ᠡᠬᠡ ᠶᠢᠨ ᠰᠦ ᠪᠠᠨ ᠬᠥᠬᠦᠭᠦᠯᠵᠦ ᠪᠣᠯᠣᠨ᠎ᠠ᠃ | ᠵᠢᠷᠮᠦᠰᠦᠨ ᠬᠥᠩᠭᠡᠵᠢᠭᠰᠡᠨ ᠡᠬᠡᠴᠦᠳ | ᠬᠠᠯᠠᠭᠤᠷᠠᠬᠤ ᠪᠤᠶᠤ ᠬᠠᠭᠤᠷᠠᠢ ᠪᠠᠷ | ᠬᠠᠨᠢᠶᠠᠯᠭᠠᠬᠤ ᠡᠪᠡᠳᠴᠢᠨ ᠤ ᠢᠯᠡᠷᠡᠯ ᠭᠠᠷᠪᠠᠯ | ᠶᠠᠭᠠᠬᠢᠪᠠᠯ ᠵᠣᠬᠢᠬᠤ ᠪᠣᠢ ᠵᠢᠷᠮᠦᠰᠦᠨ | ᠬᠥᠩᠭᠡᠵᠢᠭᠰᠡᠨ ᠡᠬᠡᠴᠦᠳ ᠬᠠᠯᠠᠭᠤᠷᠠᠬᠤ᠂ | ᠬᠠᠭᠤᠷᠠᠢ ᠪᠠᠷ ᠬᠠᠨᠢᠶᠠᠯᠭᠠᠬᠤ ᠵᠡᠷᠭᠡ | ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ | ᠭᠠᠷᠬᠤ ᠦᠶ᠎ᠡ ᠳᠤ᠂ ᠪᠥᠭᠡᠮ ᠬᠦᠴᠢᠯ ᠤᠨ | ᠪᠠᠶᠢᠴᠠᠭᠠᠯᠲᠠ ᠪᠤᠶᠤ ᠥᠳᠥᠭᠡᠭᠴᠢ ᠶᠢᠨ | ᠪᠠᠶᠢᠴᠠᠭᠠᠯᠲᠠ ᠬᠢᠵᠦ᠂ ᠰᠢᠨ᠎ᠡ ᠲᠢᠲᠢᠮᠯᠢᠭ | ᠸᠢᠷᠦ᠋ᠰ ᠤᠨ ᠬᠠᠯᠳᠠᠪᠤᠷᠢᠯᠠᠯ ᠮᠥᠨ ᠡᠰᠡᠬᠦ ᠶᠢ | ᠲᠣᠳᠣᠯᠠᠵᠤ ᠪᠣᠯᠣᠨ᠎ᠠ᠂ ᠡᠶᠢᠮᠦ ᠠᠴᠠ | ᠭᠡᠷ ᠲᠤ ᠪᠠᠨ ᠥᠳᠥᠭᠡᠭᠴᠢ ᠶᠢᠨ | ᠪᠠᠶᠢᠴᠠᠭᠠᠯᠲᠠ ᠬᠢᠪᠡᠯ ᠨᠡᠩ ᠲᠥᠬᠦᠮ ᠪᠠᠶᠢᠳᠠᠭ᠂ | ᠭᠡᠪᠡᠴᠦ ᠰᠢᠨ᠎ᠡ ᠲᠢᠲᠢᠮᠯᠢᠭ ᠸᠢᠷᠦ᠋ᠰ ᠤᠨ | ᠬᠠᠯᠳᠠᠪᠤᠷᠢᠯᠠᠯ ᠮᠥᠨ ᠡᠰᠡᠬᠦ ᠬᠠᠮᠢᠶ᠎ᠠ ᠦᠭᠡᠢ | ᠡᠪᠡᠳᠴᠢᠨ ᠤ ᠪᠠᠶᠢᠳᠠᠯ ᠳᠤ ᠨᠢ | ᠲᠠᠭᠠᠷᠠᠭᠤᠯᠤᠨ ᠠᠷᠭ᠎ᠠ ᠬᠡᠮᠵᠢᠶ᠎ᠡ | ᠠᠪᠬᠤ ᠳᠤ ᠪᠠᠨ ᠢᠯᠡᠭᠦᠬᠡᠨ ᠤᠰᠤ ᠤᠤᠭᠤᠯᠭᠠᠬᠤ᠂ | ᠹᠢᠽᠢᠺ ᠤᠨ ᠠᠷᠭ᠎ᠠ ᠪᠠᠷ ᠬᠠᠯᠠᠭᠤᠨ ᠢ ᠨᠢ | ᠪᠠᠭᠤᠷᠠᠭᠤᠯᠬᠤ ᠪᠠ ᠵᠢᠷᠮᠦᠰᠦᠨ ᠬᠥᠩᠭᠡᠵᠢᠭᠰᠡᠨ | ᠡᠬᠡᠴᠦᠳ ᠤᠨ ᠬᠡᠷᠡᠭᠯᠡᠵᠦ ᠪᠣᠯᠬᠤ ᠬᠢᠲᠠᠳ ᠡᠮ ᠢ | ᠰᠣᠩᠭᠤᠵᠤ ᠡᠪᠡᠳᠴᠢᠨ ᠤ ᠢᠯᠡᠷᠡᠯ ᠳᠤ ᠨᠢ | ᠲᠠᠭᠠᠷᠠᠭᠤᠯᠵᠤ ᠡᠮᠨᠡᠨ ᠵᠠᠰᠠᠵᠤ ᠪᠣᠯᠣᠨ᠎ᠠ᠃ | ᠬᠡᠷᠪᠡ ᠬᠠᠯᠠᠭᠤᠨ ᠢ ᠪᠠᠭᠤᠷᠠᠭᠤᠯᠬᠤ | ᠡᠸᠦ᠋ᠷᠦᠫᠡ ᠡᠮ ᠢ ᠬᠡᠷᠡᠭᠯᠡᠬᠦ ᠳᠤ᠂ 38.5 | ᠭᠷᠡᠳᠦ᠋ᠰ ᠠᠴᠠ ᠳᠡᠭᠡᠭᠰᠢ ᠪᠠᠶᠢᠪᠠᠯ | ᠫᠠᠷᠠᠽᠧᠲ᠋ᠠᠮᠣᠯ ᠢ ᠰᠣᠩᠭᠤᠨ ᠬᠡᠷᠡᠭᠯᠡᠵᠦ | ᠪᠣᠯᠣᠨ᠎ᠠ᠂ ᠡᠨᠡ ᠨᠢ ᠵᠢᠷᠮᠦᠰᠦᠨ | ᠬᠥᠩᠭᠡᠵᠢᠭᠰᠡᠨ ᠡᠬᠡᠴᠦᠳ ᠲᠤ ᠬᠠᠷᠢᠴᠠᠩᠭᠤᠢ | ᠠᠶᠤᠯ ᠦᠭᠡᠢ ᠪᠠᠶᠢᠳᠠᠭ᠂ ᠣᠨᠴᠠᠭᠠᠶᠢᠯᠠᠨ | ᠠᠩᠬᠠᠷᠤᠭᠤᠰᠢᠲᠠᠢ ᠵᠦᠢᠯ ᠭᠡᠪᠡᠯ᠂ | ᠬᠠᠯᠠᠭᠤᠨ ᠢ ᠨᠢ ᠪᠠᠭᠤᠷᠠᠭᠤᠯᠬᠤ ᠡᠮ ᠢ | ᠬᠡᠷᠡᠭᠯᠡᠬᠦ ᠳᠤ ᠪᠠᠨ ᠨᠢᠭᠡ ᠯᠡ ᠵᠦᠢᠯ ᠤᠨ | ᠡᠮ ᠢ ᠬᠡᠷᠡᠭᠯᠡᠬᠦ ᠠᠴᠠ ᠪᠢᠰᠢ᠂ | ᠳᠠᠪᠬᠤᠷᠳᠠᠭᠤᠯᠤᠨ ᠬᠡᠷᠡᠭᠯᠡᠵᠦ ᠪᠣᠯᠬᠤ ᠦᠭᠡᠢ᠂ | ᠡᠨᠡ ᠨᠢ ᠡᠯᠢᠭᠡ ᠪᠥᠭᠡᠷᠡᠨ ᠤ ᠭᠡᠮᠲᠦᠯ ᠢ | ᠬᠠᠷᠢᠴᠠᠩᠭᠤᠢ ᠪᠠᠷ ᠪᠠᠭᠠᠰᠬᠠᠵᠤ ᠪᠣᠯᠣᠨ᠎ᠠ᠃ | ᠣᠨᠴᠠᠭᠠᠶᠢᠯᠠᠨ ᠵᠢᠷᠮᠦᠰᠦᠨ ᠬᠥᠩᠭᠡᠵᠢᠭᠰᠡᠨ | ᠡᠬᠡᠴᠦᠳ ᠲᠤ ᠠᠪᠴᠤ ᠬᠡᠯᠡᠪᠡᠯ᠂ ᠭᠤᠷᠪᠠᠨ | ᠲᠠᠯ᠎ᠠ ᠶᠢᠨ ᠬᠢᠨᠠᠨ ᠰᠢᠨᠵᠢᠯᠡᠯᠲᠡ ᠶᠢ | ᠠᠩᠬᠠᠷᠬᠤ ᠬᠡᠷᠡᠭᠲᠡᠢ᠂ ᠡᠨᠡ ᠭᠤᠷᠪᠠᠨ | ᠲᠠᠯ᠎ᠠ ᠶᠢᠨ ᠬᠢᠨᠠᠨ ᠰᠢᠨᠵᠢᠯᠡᠯᠲᠡ ᠨᠢ ᠳᠠᠷᠤᠢ | ᠪᠡᠶ᠎ᠡ ᠶᠢᠨ ᠳᠤᠯᠠᠭᠠᠨ᠂ ᠵᠢᠷᠦᠬᠡᠨ ᠤ | ᠴᠣᠬᠢᠯᠭ᠎ᠠ ᠪᠠ ᠴᠢᠰᠤᠨ ᠳᠠᠷᠤᠯᠲᠠ ᠪᠣᠯᠣᠨ᠎ᠠ᠃ | ᠡᠶᠢᠮᠦ ᠠᠴᠠ ᠵᠢᠷᠮᠦᠰᠦᠨ ᠬᠥᠩᠭᠡᠵᠢᠭᠰᠡᠨ | ᠡᠬᠡᠴᠦᠳ ᠡᠷᠬᠡᠪᠰᠢ ᠪᠡᠶ᠎ᠡ ᠶᠢᠨ ᠳᠤᠯᠠᠭᠠᠨ ᠤ | ᠬᠡᠮᠵᠢᠭᠦᠷ᠂ ᠵᠢᠷᠦᠬᠡᠨ ᠤ ᠴᠣᠬᠢᠯᠭ᠎ᠠ ᠪᠠ | ᠴᠢᠰᠤᠨ ᠳᠠᠷᠤᠯᠲᠠ ᠶᠢ ᠬᠢᠨᠠᠨ ᠰᠢᠨᠵᠢᠯᠡᠬᠦ | ᠪᠠᠭᠠᠵᠢ ᠪᠡᠯᠡᠳᠬᠡᠬᠦ ᠬᠡᠷᠡᠭᠲᠡᠢ᠃ ᠪᠠᠰᠠ | ᠥᠪᠡᠷ ᠤᠨ ᠦᠨᠳᠦᠰᠦᠨ ᠴᠢᠰᠤᠨ ᠳᠠᠷᠤᠯᠲᠠ ᠶᠢᠨ | ᠪᠠᠶᠢᠴᠠᠭᠠᠯᠲᠠ ᠬᠢᠬᠦ ᠬᠡᠷᠡᠭᠲᠡᠢ᠂ ᠢᠩᠭᠢᠪᠡᠯ | ᠴᠢᠰᠤᠨ ᠳᠠᠷᠤᠯᠲᠠ ᠨᠢ ᠬᠡᠪ ᠤᠨ ᠪᠤᠰᠤ ᠪᠠᠶᠢᠳᠠᠯ | ᠢᠯᠡᠷᠡᠪᠡᠯ ᠨᠡᠯᠢᠶᠡᠳ ᠡᠷᠲᠡ ᠰᠡᠷᠡᠵᠦ ᠮᠡᠳᠡᠵᠦ | ᠪᠣᠯᠣᠨ᠎ᠠ᠃ ᠣᠨᠴᠠᠭᠠᠶᠢᠯᠠᠨ | ᠠᠩᠬᠠᠷᠤᠭᠤᠰᠢᠲᠠᠢ ᠵᠦᠢᠯ ᠭᠡᠪᠡᠯ᠂ | ᠵᠢᠷᠮᠦᠰᠦᠨ ᠤ ᠰᠡᠭᠦᠯᠴᠢ ᠶᠢᠨ ᠬᠤᠭᠤᠴᠠᠭᠠᠨ ᠤ | ᠵᠢᠷᠮᠦᠰᠦᠨ ᠬᠥᠩᠭᠡᠵᠢᠭᠰᠡᠨ ᠡᠬᠡᠴᠦᠳ ᠪᠠᠰᠠ | ᠬᠡᠦᠬᠡᠢ ᠶᠢᠨ ᠬᠥᠳᠡᠯᠦᠯ ᠤᠨ ᠬᠢᠨᠠᠨ | ᠰᠢᠨᠵᠢᠯᠡᠯᠲᠡ ᠶᠢ ᠠᠩᠬᠠᠷᠴᠤ᠂ ᠵᠢᠷᠮᠦᠰᠦᠨ ᠤ | ᠰᠡᠭᠦᠯᠴᠢ ᠶᠢᠨ ᠬᠤᠭᠤᠴᠠᠭᠠᠨ ᠤ ᠬᠡᠦᠬᠡᠢ ᠶᠢᠨ | ᠬᠥᠳᠡᠯᠦᠯ ᠢ ᠡᠳᠦᠷ ᠪᠦᠷᠢ ᠨᠢᠭᠡ ᠴᠠᠭ ᠬᠢᠨᠠᠨ | ᠰᠢᠨᠵᠢᠯᠡᠵᠦ᠂ ᠴᠠᠭ ᠪᠦᠷᠢ ᠭᠤᠷᠪᠠ ᠠᠴᠠ | ᠳᠡᠭᠡᠭᠰᠢ ᠤᠳᠠᠭᠠᠨ ᠤ ᠬᠡᠦᠬᠡᠢ ᠶᠢᠨ | ᠬᠥᠳᠡᠯᠦᠯ ᠲᠠᠢ ᠪᠠᠶᠢᠬᠤ ᠬᠡᠷᠡᠭᠲᠡᠢ᠃ ᠬᠡᠷᠪᠡ | ᠦᠷᠭᠦᠯᠵᠢᠯᠡᠨ 3 ᠡᠳᠦᠷ ᠠᠴᠠ ᠳᠡᠭᠡᠭᠰᠢ | ᠬᠠᠯᠠᠭᠤᠷᠠᠬᠤ ᠡᠪᠡᠳᠴᠢᠨ ᠤ ᠢᠯᠡᠷᠡᠯ ᠲᠠᠢ | ᠪᠥᠭᠡᠳ ᠬᠠᠯᠠᠭᠤᠨ ᠢ ᠪᠠᠭᠤᠷᠠᠭᠤᠯᠬᠤ ᠡᠮ | ᠬᠡᠷᠡᠭᠯᠡᠭᠡᠳ ᠨᠠᠮᠳᠠᠬᠤ ᠦᠭᠡᠢ ᠪᠤᠶᠤ | ᠬᠡᠦᠬᠡᠢ ᠶᠢᠨ ᠬᠥᠳᠡᠯᠦᠯ ᠦᠭᠡᠢ᠂ ᠴᠡᠭᠡᠵᠢ | ᠡᠪᠡᠳᠬᠦ᠂ ᠴᠡᠭᠡᠵᠢ ᠪᠠᠭᠲᠠᠷᠠᠬᠤ᠂ ᠭᠡᠳᠡᠰᠦ | ᠡᠪᠡᠳᠬᠦ ᠵᠡᠷᠭᠡ ᠪᠠᠶᠢᠳᠠᠯ ᠢᠯᠡᠷᠡᠪᠡᠯ᠂ ᠴᠠᠭ | ᠲᠤᠬᠠᠢ ᠳᠤ ᠨᠢ ᠡᠬᠡ ᠪᠠᠷᠢᠬᠤ | ᠪᠠᠶᠢᠭᠤᠯᠤᠮᠵᠢ ᠲᠠᠢ ᠬᠠᠷᠢᠯᠴᠠᠵᠤ᠂ ᠴᠠᠭ | ᠲᠤᠬᠠᠢ ᠳᠤ ᠨᠢ ᠡᠮᠴᠢᠯᠡᠭᠦᠯᠬᠦ ᠬᠡᠷᠡᠭᠲᠡᠢ᠃ | ᠵᠢᠷᠮᠦᠰᠦᠨ ᠬᠥᠩᠭᠡᠵᠢᠭᠰᠡᠨ ᠡᠬᠡᠴᠦᠳ ᠤᠨ | ᠳᠡᠷᠭᠡᠳᠡ ᠬᠡᠷᠪᠡ ᠬᠠᠯᠳᠠᠪᠤᠷᠢᠯᠠᠭᠰᠠᠳ ᠪᠤᠶᠤ | ᠨᠢᠭᠲᠠ ᠣᠶᠢᠷᠠᠲᠤᠭᠰᠠᠳ ᠭᠠᠷᠪᠠᠯ ᠶᠠᠭᠠᠬᠢᠬᠤ | ᠪᠤᠢ ᠵᠢᠷᠮᠦᠰᠦᠨ ᠬᠥᠩᠭᠡᠵᠢᠭᠰᠡᠨ | ᠡᠬᠡᠴᠦᠳ ᠤᠨ ᠳᠡᠷᠭᠡᠳᠡ ᠬᠡᠷᠪᠡ | ᠬᠠᠯᠳᠠᠪᠤᠷᠢᠯᠠᠭᠰᠠᠳ ᠭᠠᠷᠪᠠᠯ᠂ ᠠᠶᠤᠵᠤ | ᠰᠠᠨᠳᠤᠷᠤᠭᠰᠠᠨ ᠤ ᠬᠡᠷᠡᠭ ᠦᠭᠡᠢ᠃ ᠬᠡᠷᠪᠡ | ᠭᠡᠷ ᠤᠨ ᠬᠥᠮᠥᠰ ᠨᠢ ᠬᠠᠯᠳᠠᠪᠤᠷᠢᠯᠠᠭᠳᠠᠭᠰᠠᠨ | ᠪᠠᠶᠢᠪᠠᠯ᠂ ᠭᠤᠣᠯᠳᠠᠭᠤ ᠭᠡᠷ ᠪᠦᠯᠢ ᠶᠢᠨ | ᠨᠥᠬᠦᠴᠡᠯ ᠠᠴᠠ ᠪᠠᠨ ᠡᠭᠦᠰᠦᠨ᠂ ᠠᠯᠢ | ᠴᠢᠳᠠᠬᠤ ᠪᠠᠷ ᠣᠷᠣᠨ ᠵᠠᠢ ᠶᠢᠨ ᠲᠠᠯ᠎ᠠ ᠪᠠᠷ | ᠬᠠᠷᠢᠴᠠᠩᠭᠤᠢ ᠲᠤᠰᠠᠭᠠᠷᠯᠠᠵᠤ᠂ ᠬᠠᠮᠲᠤ | ᠬᠤᠭᠤᠯᠠᠯᠠᠬᠤ ᠦᠭᠡᠢ᠂ ᠠᠮᠢᠳᠤᠷᠠᠯ ᠤᠨ ᠡᠳ᠋ | ᠪᠣᠳᠠᠰ ᠢᠶᠠᠨ ᠠᠯᠢ ᠴᠢᠳᠠᠬᠤ ᠪᠠᠷ ᠰᠠᠯᠭᠠᠵᠤ᠂ | ᠡᠷᠡᠭᠦᠯ ᠬᠠᠮᠠᠭᠠᠯᠠᠯ ᠤᠨ ᠦᠷᠦᠭᠡ ᠪᠠᠨ | ᠠᠷᠢᠭᠤᠳᠬᠠᠨ ᠴᠡᠪᠡᠷᠯᠡᠵᠦ᠂ ᠶᠡᠷᠦ ᠶᠢᠨ | ᠦᠶ᠎ᠡ ᠳᠤ ᠠᠮᠢᠳᠤᠷᠠᠬᠤ ᠣᠷᠴᠢᠨ ᠳᠤ ᠪᠠᠨ ᠠᠯᠢ | ᠴᠢᠳᠠᠬᠤ ᠪᠠᠷ ᠠᠭᠠᠷ ᠰᠠᠯᠬᠢ | ᠨᠡᠪᠲᠡᠷᠡᠭᠦᠯᠬᠦ ᠶᠢ ᠠᠩᠬᠠᠷᠬᠤ ᠬᠡᠷᠡᠭᠲᠡᠢ᠃ | ᠬᠡᠷᠪᠡ ᠬᠠᠮᠲᠤ ᠠᠵᠢᠯᠯᠠᠭᠰᠠᠳ ᠲᠤ ᠨᠢ ᠠᠷᠭ᠎ᠠ | ᠴᠢᠨᠠᠷ ᠢᠯᠡᠷᠡᠪᠡᠯ᠂ ᠭᠡᠷ ᠲᠤ ᠪᠠᠨ ᠠᠵᠢᠯᠯᠠᠬᠤ | ᠪᠣᠯᠣᠮᠵᠢ ᠪᠠᠶᠢᠪᠠᠯ ᠬᠠᠮᠤᠭ ᠤᠨ ᠰᠠᠶᠢᠨ᠂ | ᠬᠡᠷᠪᠡ ᠠᠵᠢᠯ ᠤᠨ ᠬᠡᠷᠡᠭᠴᠡᠭᠡ ᠠᠴᠠ ᠪᠣᠯᠵᠤ | ᠵᠠᠪᠠᠯ ᠬᠠᠮᠲᠤ ᠶᠢᠨ ᠣᠷᠣᠨ ᠵᠠᠢ ᠳᠤ ᠠᠵᠢᠯᠯᠠᠬᠤ | ᠱᠠᠭᠠᠷᠳᠠᠯᠭ᠎ᠠ ᠲᠠᠢ ᠪᠣᠯ᠂ ᠮᠥᠨ ᠴᠦ ᠠᠵᠢᠯᠯᠠᠬᠤ | ᠣᠷᠴᠢᠨ ᠤ ᠪᠠᠨ ᠠᠭᠠᠷ ᠰᠠᠯᠬᠢ | ᠨᠡᠪᠲᠡᠷᠡᠭᠦᠯᠬᠦ ᠶᠢ ᠣᠨᠴᠠᠭᠠᠶᠢᠯᠠᠨ | ᠠᠩᠬᠠᠷᠬᠤ ᠬᠡᠷᠡᠭᠲᠡᠢ᠃ ᠡᠭᠦᠨ ᠠᠴᠠ ᠭᠠᠳᠠᠨ᠎ᠠ | ᠡᠷᠬᠡᠪᠰᠢ N95 ᠠᠮᠠᠪᠴᠢ ᠵᠡᠭᠦᠬᠦ ᠬᠡᠷᠡᠭᠲᠡᠢ᠂ | ᠡᠨᠡ ᠨᠢ ᠮᠠᠰᠢ ᠴᠢᠬᠤᠯᠠ ᠪᠠᠶᠢᠳᠠᠭ᠃ | ᠦᠨᠡᠨ ᠳᠤ ᠪᠠᠨ ᠵᠢᠷᠮᠦᠰᠦᠨ ᠬᠥᠩᠭᠡᠵᠢᠭᠰᠡᠨ | ᠡᠬᠡᠴᠦᠳ ᠲᠤ ᠠᠪᠴᠤ ᠬᠡᠯᠡᠪᠡᠯ ᠤᠷᠢᠳᠴᠢᠯᠠᠨ | ᠰᠡᠷᠭᠡᠶᠢᠯᠡᠬᠦ ᠨᠢ ᠬᠠᠮᠤᠭ ᠠᠴᠠ ᠴᠢᠬᠤᠯᠠ | ᠶᠤᠮ᠃ ᠬᠡᠦᠬᠡᠳ ᠬᠡᠦᠬᠡᠳ ᠲᠠᠢ ᠭᠡᠷ | ᠪᠦᠯᠢ ᠶᠢᠨ ᠬᠢᠨ ᠶᠠᠮᠠᠷ ᠡᠮ ᠨᠥᠭᠡᠴᠡᠯᠡᠵᠦ | ᠪᠣᠯᠬᠤ ᠪᠤᠢ ᠬᠡᠦᠬᠡᠳ ᠲᠠᠢ ᠭᠡᠷ | ᠪᠦᠯᠢ ᠶᠢᠨ ᠬᠢᠨ ᠬᠡᠦᠬᠡᠳ ᠤᠨ ᠦᠷᠭᠦᠯᠵᠢ | ᠬᠡᠷᠡᠭᠯᠡᠳᠡᠭ ᠪᠠᠴᠢᠮ ᠡᠪᠡᠳᠴᠢᠨ ᠢ | ᠠᠷᠭᠠᠴᠠᠭᠠᠬᠤ ᠡᠮ ᠢ ᠵᠣᠬᠢᠬᠤ ᠬᠡᠮᠵᠢᠶ᠎ᠡ ᠪᠠᠷ | ᠨᠥᠭᠡᠴᠡᠯᠡᠪᠡᠯ ᠵᠣᠬᠢᠨ᠎ᠠ᠂ ᠭᠡᠬᠦ ᠳᠤ ᠪᠠᠨ | ᠣᠯᠠᠨ ᠵᠦᠢᠯ ᠤᠨ ᠡᠮ ᠨᠥᠭᠡᠴᠡᠯᠡᠬᠦ | ᠱᠠᠭᠠᠷᠳᠠᠯᠭ᠎ᠠ ᠦᠭᠡᠢ᠂ ᠣᠯᠠᠨ ᠵᠦᠢᠯ ᠤᠨ ᠡᠮ | ᠨᠥᠭᠡᠴᠡᠯᠡᠭᠰᠡᠨ ᠴᠦ ᠵᠣᠬᠢᠰ ᠦᠭᠡᠢ | ᠬᠠᠳᠠᠭᠠᠯᠠᠭᠰᠠᠨ ᠠᠴᠠ ᠪᠣᠯᠵᠤ ᠬᠡᠦᠬᠡᠳ | ᠪᠤᠷᠤᠭᠤ ᠡᠮ ᠢ ᠠᠳᠡᠭᠦᠷᠡᠨ ᠬᠡᠷᠡᠭᠯᠡᠵᠦ | ᠮᠡᠳᠡᠨ᠎ᠡ᠃ ᠨᠥᠭᠡᠴᠡᠯᠡᠬᠦ ᠴᠢᠬᠤᠯᠠᠲᠠᠢ | ᠡᠮ ᠠᠴᠠ ᠲᠠᠨᠢᠯᠴᠠᠭᠤᠯᠪᠠᠯ᠂ ᠨᠢᠭᠡᠳᠦᠭᠡᠷ | ᠲᠥᠷᠥᠯ ᠨᠢ ᠬᠠᠯᠠᠭᠤᠨ ᠢ ᠪᠠᠭᠤᠷᠠᠭᠤᠯᠬᠤ ᠡᠮ᠂ | ᠬᠡᠦᠬᠡᠳ ᠬᠠᠯᠠᠭᠤᠷᠠᠬᠤ ᠨᠢ ᠦᠷᠭᠦᠯᠵᠢ | ᠲᠣᠬᠢᠶᠠᠯᠳᠤᠳᠠᠭ ᠶᠠᠪᠤᠳᠠᠯ ᠪᠠᠶᠢᠵᠤ᠂ 6 | ᠰᠠᠷ᠎ᠠ ᠠᠴᠠ ᠳᠡᠭᠡᠭᠰᠢᠬᠢ ᠬᠡᠦᠬᠡᠳ ᠲᠤ ᠪᠢᠳᠡ | ᠢᠪᠦ᠋ᠫᠷᠣᠹᠧᠨ᠂ ᠫᠠᠷᠠᠽᠧᠲ᠋ᠠᠮᠣᠯ ᠢ ᠰᠣᠩᠭᠤᠵᠤ | ᠪᠣᠯᠣᠨ᠎ᠠ᠂ ᠡᠭᠦᠨ ᠤ ᠳᠣᠲᠣᠷ᠎ᠠ ᠠᠴᠠ ᠨᠢᠭᠡ | ᠵᠦᠢᠯ ᠨᠢ ᠪᠠᠶᠢᠪᠠᠯ ᠪᠣᠯᠴᠢᠬᠠᠨ᠎ᠠ᠃ 2 | ᠰᠠᠷ᠎ᠠ ᠠᠴᠠ 6 ᠰᠠᠷ᠎ᠠ ᠲᠠᠢ ᠬᠡᠦᠬᠡᠳ ᠲᠤ | ᠢᠪᠦ᠋ᠫᠷᠣᠹᠧᠨ ᠢ ᠬᠡᠷᠡᠭᠯᠡᠬᠦ ᠳᠤ | ᠲᠣᠬᠢᠷᠠᠮᠵᠢ ᠦᠭᠡᠢ ᠤᠴᠢᠷ ᠠᠴᠠ | ᠫᠠᠷᠠᠽᠧᠲ᠋ᠠᠮᠣᠯ ᠢ ᠰᠣᠩᠭᠤᠵᠤ ᠪᠣᠯᠣᠨ᠎ᠠ᠃ | ᠬᠤᠶᠠᠷ ᠰᠠᠷ᠎ᠠ ᠠᠴᠠ ᠪᠠᠭ᠎ᠠ ᠨᠢᠷᠠᠢ | ᠬᠡᠦᠬᠡᠳ ᠲᠤ ᠬᠠᠯᠠᠭᠤᠨ ᠢ ᠪᠠᠭᠤᠷᠠᠭᠤᠯᠬᠤ | ᠡᠩ ᠤᠨ ᠡᠮ ᠬᠡᠷᠡᠭᠯᠡᠬᠦ ᠶᠢ ᠵᠥᠪᠯᠡᠬᠦ ᠦᠭᠡᠢ᠂ | ᠹᠢᠽᠢᠺ ᠤᠨ ᠠᠷᠭ᠎ᠠ ᠪᠠᠷ ᠬᠠᠯᠠᠭᠤᠨ ᠢ ᠨᠢ | ᠪᠠᠭᠤᠷᠠᠭᠤᠯᠬᠤ ᠵᠡᠷᠭᠡ ᠠᠷᠭ᠎ᠠ ᠬᠡᠮᠵᠢᠶ᠎ᠡ | ᠠᠪᠬᠤ ᠶᠢᠨ ᠬᠠᠮᠲᠤ ᠴᠠᠭ ᠲᠤᠬᠠᠢ ᠳᠤ ᠨᠢ | ᠡᠮᠴᠢᠯᠡᠭᠦᠯᠬᠦ ᠬᠡᠷᠡᠭᠲᠡᠢ᠃ ᠪᠠᠰᠠ | ᠬᠠᠯᠠᠭᠤᠷᠠᠬᠤ᠂ ᠬᠠᠨᠢᠶᠠᠯᠭᠠᠬᠤ ᠮᠡᠲᠦ ᠶᠢᠨ | ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ | ᠪᠠᠶᠢᠳᠠᠯ ᠢ ᠰᠡᠷᠭᠡᠶᠢᠯᠡᠬᠦ ᠳᠤ ᠪᠢᠳᠡ | ᠬᠠᠯᠠᠭᠤᠨ ᠢ ᠲᠠᠭᠤᠵᠤ ᠴᠡᠷ ᠢ ᠠᠷᠢᠯᠭᠠᠬᠤ ᠡᠮ | ᠨᠥᠭᠡᠴᠡᠯᠡᠵᠦ ᠪᠣᠯᠣᠨ᠎ᠠ᠃ ᠬᠠᠨᠢᠶᠠᠯᠭᠠᠬᠤ ᠨᠢ | ᠠᠮᠢᠰᠬᠤᠯ ᠤᠨ ᠵᠠᠮ ᠤᠨ ᠰᠢᠭᠦᠷᠡᠳᠡᠰᠦ ᠶᠢ | ᠭᠠᠳᠠᠭᠰᠢᠯᠠᠭᠤᠯᠬᠤ ᠳᠤ ᠲᠤᠰᠠᠲᠠᠢ ᠪᠠᠶᠢᠵᠤ᠂ | ᠬᠡᠦᠬᠡᠳ ᠬᠡᠷᠪᠡ ᠬᠥᠩᠭᠡᠨ ᠬᠠᠨᠢᠶᠠᠯᠭᠠᠵᠤ | ᠪᠠᠶᠢᠪᠠᠯ ᠡᠮ ᠬᠡᠷᠡᠭᠯᠡᠬᠦ ᠶᠢ ᠵᠥᠪᠯᠡᠬᠦ | ᠦᠭᠡᠢ᠂ ᠬᠡᠷᠪᠡ ᠬᠠᠮᠠᠷ ᠨᠢ ᠪᠢᠲᠡᠭᠦᠷᠡᠵᠦ᠂ | ᠰᠢᠷᠦᠭᠦᠨ ᠬᠠᠨᠢᠶᠠᠯᠭᠠᠪᠠᠯ ᠤᠲᠤᠯᠭ᠎ᠠ ᠬᠢᠵᠦ᠂ | ᠬᠠᠮᠠᠷ ᠢ ᠨᠢ ᠤᠬᠢᠶᠠᠵᠤ ᠪᠣᠯᠣᠨ᠎ᠠ᠃ | ᠡᠶᠢᠮᠦ ᠠᠴᠠ ᠭᠡᠷ ᠲᠤ ᠪᠠᠨ ᠴᠢᠭᠢᠭᠲᠦᠴᠡ | ᠨᠡᠮᠡᠭᠳᠡᠭᠦᠯᠦᠭᠴᠢ ᠬᠡᠷᠡᠭᠯᠡᠨ ᠠᠭᠠᠷ ᠤᠨ | ᠴᠢᠭᠢᠭᠲᠦᠴᠡ ᠶᠢ ᠨᠡᠮᠡᠭᠳᠡᠭᠦᠯᠵᠦ ᠪᠣᠯᠣᠨ᠎ᠠ᠂ | ᠢᠩᠭᠢᠪᠡᠯ ᠬᠡᠦᠬᠡᠳ ᠲᠤ ᠢᠯᠡᠭᠦᠦ | ᠲᠠᠭᠠᠯᠠᠮᠵᠢ ᠲᠠᠢ ᠪᠣᠯᠬᠤ ᠪᠣᠯᠣᠨ᠎ᠠ᠃ | ᠰᠢᠷᠦᠭᠦᠨ ᠬᠠᠨᠢᠶᠠᠯᠭᠠᠪᠠᠯ ᠪᠢᠳᠡ ᠬᠠᠯᠠᠭᠤᠨ ᠢ | ᠲᠠᠭᠤᠵᠤ ᠴᠡᠷ ᠢ ᠠᠷᠢᠯᠭᠠᠬᠤ ᠬᠢᠲᠠᠳ ᠪᠡᠯᠡᠨ ᠡᠮ | ᠪᠡᠯᠡᠳᠬᠡᠵᠦ ᠪᠣᠯᠣᠨ᠎ᠠ᠂ ᠡᠭᠦᠨ ᠳᠤ | ᠬᠡᠦᠬᠡᠳ ᠤᠨ ᠨᠠᠰᠤ ᠶᠢ ᠦᠨᠳᠦᠰᠦᠯᠡᠨ᠂ | ᠨᠠᠰᠤᠨ ᠳᠤ ᠨᠢ ᠲᠣᠬᠢᠷᠠᠬᠤ ᠡᠮ ᠬᠡᠷᠡᠭᠯᠡᠪᠡᠯ | ᠪᠣᠯᠴᠢᠬᠠᠨ᠎ᠠ᠃ ᠭᠡᠪᠡᠴᠦ ᠬᠤᠶᠠᠷ ᠪᠤᠶᠤ | ᠲᠡᠭᠦᠨ ᠠᠴᠠ ᠳᠡᠭᠡᠭᠰᠢ ᠣᠯᠠᠨ ᠵᠦᠢᠯ ᠤᠨ | ᠡᠮ ᠢ ᠬᠠᠮᠲᠤ ᠳᠤ ᠨᠢ ᠬᠡᠷᠡᠭᠯᠡᠬᠦ ᠦᠭᠡᠢ | ᠪᠠᠶᠢᠬᠤ ᠶᠢ ᠰᠠᠨᠠᠭᠤᠯᠵᠤ ᠪᠠᠶᠢᠨ᠎ᠠ᠃ | ᠬᠡᠦᠬᠡᠳ ᠲᠤ ᠡᠮ ᠬᠡᠷᠡᠭᠯᠡᠬᠦ ᠳᠤ ᠶᠠᠮᠠᠷ | ᠶᠠᠮᠠᠷ ᠠᠩᠬᠠᠷᠬᠤ ᠵᠦᠢᠯ ᠪᠠᠶᠢᠬᠤ ᠪᠣᠢ | ᠬᠡᠦᠬᠡᠳ ᠲᠤ ᠡᠮ ᠬᠡᠷᠡᠭᠯᠡᠬᠦ ᠳᠤ ᠪᠠᠰᠠ | ᠠᠩᠬᠠᠷᠬᠤ ᠵᠦᠢᠯ ᠪᠠᠶᠢᠳᠠᠭ᠂ ᠵᠢᠱᠢᠶᠡᠯᠡᠪᠡᠯ | ᠬᠠᠯᠠᠭᠤᠨ ᠢ ᠪᠠᠭᠤᠷᠠᠭᠤᠯᠬᠤ ᠡᠮ ᠶᠢ | ᠬᠡᠷᠡᠭᠯᠡᠬᠦ ᠳᠤ ᠪᠠᠨ᠂ ᠬᠤᠶᠠᠷ ᠵᠦᠢᠯ ᠤᠨ | ᠡᠮ ᠢ ᠬᠠᠮᠲᠤ ᠳᠤ ᠨᠢ ᠤᠤᠭᠤᠯᠭᠠᠵᠤ ᠪᠣᠯᠬᠤ | ᠦᠭᠡᠢ᠂ ᠪᠠᠰᠠ ᠡᠭᠡᠯᠵᠢᠯᠡᠨ ᠤᠤᠭᠤᠬᠤ ᠴᠢᠬᠤᠯᠠ | ᠦᠭᠡᠢ᠃ ᠲᠣᠳᠣᠷᠬᠠᠶᠢᠯᠠᠯᠲᠠ ᠶᠢᠨ | ᠪᠢᠴᠢᠭ ᠲᠤ ᠨᠢ ᠵᠢᠭᠠᠭᠰᠠᠨ ᠲᠣᠬᠢᠷᠠᠬᠤ | ᠨᠠᠰᠤᠨ ᠤ ᠠᠩᠭᠢᠯᠠᠯ ᠰᠠᠨᠠᠭᠤᠯᠵᠤ ᠪᠠᠶᠢᠭ᠎ᠠ | ᠲᠤᠩ ᠬᠡᠮᠵᠢᠶ᠎ᠡ ᠪᠤᠶᠤ ᠡᠮᠴᠢ ᠶᠢᠨ | ᠵᠢᠭᠠᠪᠤᠷᠢ ᠪᠠᠷ ᠡᠮ ᠬᠡᠷᠡᠭᠯᠡᠬᠦ ᠶᠢᠨ ᠬᠠᠮᠲᠤ | ᠤᠳᠠᠭ᠎ᠠ ᠪᠦᠷᠢ ᠶᠢᠨ ᠬᠤᠭᠤᠷᠣᠨᠳᠤᠬᠢ | ᠠᠯᠤᠰᠯᠠᠬᠤ ᠴᠠᠭ ᠢ ᠠᠩᠬᠠᠷᠬᠤ ᠬᠡᠷᠡᠭᠲᠡᠢ᠃ | ᠭᠡᠷ ᠤᠨ ᠠᠬᠠᠮᠠᠳ ᠥᠪᠡᠷ ᠤᠨ ᠲᠤᠷᠰᠢᠯᠭ᠎ᠠ ᠪᠤᠶᠤ | ᠲᠠᠭᠠᠮᠠᠭᠯᠠᠯ ᠢᠶᠠᠷ ᠢᠶᠠᠨ ᠬᠡᠦᠬᠡᠳ ᠲᠤ ᠪᠠᠨ | ᠡᠮ ᠬᠡᠷᠡᠭᠯᠡᠵᠦ ᠪᠣᠯᠬᠤ ᠦᠭᠡᠢ᠂ ᠤᠴᠢᠷ ᠨᠢ | ᠬᠡᠦᠬᠡᠳ ᠤᠨ ᠡᠷᠬᠡᠲᠡᠨ ᠤ ᠪᠤᠶᠢᠵᠢᠯᠲᠠ ᠨᠢ | ᠲᠡᠳᠦᠢ ᠪᠣᠯᠪᠠᠰᠤᠷᠠᠩᠭᠤᠢ ᠪᠢᠰᠢ ᠪᠣᠯᠬᠤᠷ ᠡᠮ | ᠬᠡᠷᠡᠭᠯᠡᠬᠦ ᠳᠤ ᠪᠠᠨ ᠨᠡᠩ ᠳᠦᠷᠢᠮᠵᠢᠭᠦᠨ | ᠪᠥᠭᠡᠳ ᠪᠣᠯᠭᠤᠮᠵᠢᠲᠠᠢ ᠪᠠᠶᠢᠬᠤ ᠬᠡᠷᠡᠭᠲᠡᠢ᠃ | ᠣᠳᠣ ᠮᠠᠰᠢ ᠣᠯᠠᠨ ᠡᠮᠨᠡᠯᠭᠡ ᠶᠢᠨ ᠬᠤᠷᠢᠶ᠎ᠠ ᠨᠢ | ᠪᠦᠷ ᠢᠨᠲ᠋ᠧᠷ ᠰᠦᠯᠵᠢᠶᠡᠨ ᠤ ᠡᠮᠴᠢᠯᠡᠭᠡ ᠶᠢ | ᠨᠡᠪᠲᠡᠷᠡᠭᠦᠯᠪᠡ᠂ ᠥᠪᠡᠷ ᠢᠶᠠᠨ ᠰᠢᠢᠳᠴᠦ | ᠴᠢᠳᠠᠬᠤ ᠦᠭᠡᠢ ᠦᠶ᠎ᠡ ᠳᠤ᠂ ᠪᠢᠳᠡ ᠪᠠᠰᠠ ᠠᠯᠤᠰ | ᠵᠠᠢ ᠠᠴᠠ ᠡᠮᠴᠢᠯᠡᠭᠦᠯᠬᠦ ᠪᠠᠷ ᠳᠠᠮᠵᠢᠨ | ᠲᠤᠰᠬᠠᠢ ᠮᠡᠷᠭᠡᠵᠢᠯᠲᠡᠨ ᠤ ᠡᠮ ᠬᠡᠷᠡᠭᠯᠡᠬᠦ | ᠵᠢᠯᠣᠭᠤᠳᠤᠯᠭ᠎ᠠ ᠰᠠᠨᠠᠭᠤᠯᠭ᠎ᠠ ᠶᠢ ᠠᠪᠴᠤ | ᠪᠣᠯᠣᠨ᠎ᠠ᠃ ᠬᠡᠦᠬᠡᠳ ᠰᠢᠨ᠎ᠡ ᠲᠢᠲᠢᠮᠯᠢᠭ | ᠸᠢᠷᠦ᠋ᠰ ᠲᠤ ᠬᠠᠯᠳᠠᠪᠤᠷᠢᠯᠠᠭᠳᠠᠭᠰᠠᠨ ᠤ | ᠳᠠᠷᠠᠭ᠎ᠠ ᠶᠠᠮᠠᠷ ᠢᠯᠡᠷᠡᠯ ᠲᠠᠢ ᠪᠣᠢ | ᠬᠡᠦᠬᠡᠳ ᠤᠨ ᠰᠢᠨ᠎ᠡ ᠲᠢᠲᠢᠮᠯᠢᠭ ᠸᠢᠷᠦ᠋ᠰ ᠲᠤ | ᠬᠠᠯᠳᠠᠪᠤᠷᠢᠯᠠᠭᠳᠠᠭᠰᠠᠨ ᠤ ᠳᠠᠷᠠᠭᠠᠬᠢ | ᠢᠯᠡᠷᠡᠯ ᠨᠢ ᠲᠣᠮᠣ ᠬᠥᠮᠥᠨ ᠤ ᠬᠢ ᠲᠠᠢ | ᠠᠳᠠᠯᠢᠪᠲᠤᠷ ᠪᠠᠶᠢᠵᠤ᠂ ᠮᠥᠨ ᠴᠦ ᠭᠤᠣᠯᠳᠠᠭᠤ | ᠠᠮᠢᠰᠬᠤᠯ ᠤᠨ ᠳᠡᠭᠡᠳᠦ ᠵᠠᠮ ᠤᠨ | ᠬᠠᠯᠳᠠᠪᠤᠷᠢᠯᠠᠯ ᠤᠨ ᠢᠯᠡᠷᠡᠯ ᠪᠣᠯᠣᠨ᠎ᠠ᠃ | ᠡᠭᠦᠨ ᠳᠤ ᠬᠠᠯᠠᠭᠤᠷᠠᠬᠤ᠂ ᠬᠠᠨᠢᠶᠠᠯᠭᠠᠬᠤ᠂ | ᠨᠢᠰᠤ ᠭᠤᠭᠤᠵᠢᠬᠤ᠂ ᠬᠠᠮᠠᠷ ᠪᠢᠲᠡᠭᠦᠷᠡᠬᠦ | ᠵᠡᠷᠭᠡ ᠢᠯᠡᠷᠡᠯ ᠭᠠᠷᠴᠤ᠂ ᠡᠨᠡ ᠨᠢ ᠣᠯᠠᠩᠬᠢ | ᠬᠡᠦᠬᠡᠳ ᠤᠨ ᠢᠯᠡᠷᠡᠯ ᠪᠣᠯᠣᠨ᠎ᠠ᠃ ᠪᠠᠰᠠ ᠨᠢᠭᠡ | ᠪᠦᠯᠦᠭ ᠨᠢ ᠲᠠᠮᠢᠷᠳᠠᠬᠤ᠂ ᠬᠤᠭᠤᠯᠠᠨ ᠤ | ᠳᠤᠷᠠᠰᠢᠯ ᠮᠠᠭᠤᠳᠠᠬᠤ᠂ ᠪᠥᠭᠡᠯᠵᠢᠬᠦ᠂ | ᠴᠢᠨᠠᠭᠰᠢᠯᠠᠪᠠᠯ ᠰᠠᠭᠤᠯᠭᠠᠬᠤ ᠵᠡᠷᠭᠡ | ᠨᠡᠶᠢᠲᠡᠯᠢᠭ ᠪᠤᠰᠤ ᠡᠪᠡᠳᠴᠢᠨ ᠤ ᠢᠯᠡᠷᠡᠯ ᠲᠠᠢ | ᠪᠠᠶᠢᠳᠠᠭ᠃ ᠪᠠᠰᠠ ᠵᠠᠷᠢᠮ ᠬᠡᠦᠬᠡᠳ ᠤᠨ | ᠠᠮᠢᠰᠬᠤᠭ᠎ᠠ ᠨᠢ ᠳᠠᠪᠬᠤᠴᠠᠵᠤ᠂ ᠳᠠᠭᠤ ᠨᠢ | ᠰᠥᠭᠡᠩᠭᠢ ᠪᠣᠯᠬᠤ ᠵᠡᠷᠭᠡ ᠪᠠᠶᠢᠳᠠᠯ | ᠢᠯᠡᠷᠡᠨ᠎ᠡ᠃ ᠭᠡᠪᠡᠴᠦ ᠬᠡᠦᠬᠡᠳ ᠤᠳ ᠤᠨ | ᠬᠠᠯᠠᠭᠤᠷᠠᠬᠤ ᠬᠡᠮᠵᠢᠶᠡᠨ ᠤ ᠵᠥᠷᠢᠶ᠎ᠡ ᠨᠢ | ᠨᠡᠯᠢᠶᠡᠳ ᠶᠡᠭᠡ ᠪᠠᠶᠢᠵᠤ᠂ ᠵᠠᠷᠢᠮ ᠬᠡᠦᠬᠡᠳ ᠨᠢ | ᠨᠡᠯᠢᠶᠡᠳ ᠥᠨᠳᠥᠷ ᠬᠠᠯᠠᠭᠤᠷᠠᠵᠤ᠂ | ᠴᠢᠨᠠᠭᠰᠢᠯᠠᠪᠠᠯ 39 ᠭᠷᠡᠳᠦ᠋ᠰ ᠢ ᠳᠠᠪᠠᠨ᠂ 40 | ᠭᠷᠡᠳᠦ᠋ᠰ ᠴᠦ ᠬᠦᠷᠴᠦ ᠮᠠᠭᠠᠳ᠂ ᠭᠡᠪᠡᠴᠦ | ᠲᠡᠳᠡᠨ ᠤ ᠬᠠᠯᠠᠭᠤᠷᠠᠬᠤ ᠬᠤᠭᠤᠴᠠᠭ᠎ᠠ ᠨᠢ | ᠶᠡᠷᠦ ᠳᠤ ᠪᠠᠨ 2 ᠠᠴᠠ 3 ᠡᠳᠦᠷ ᠪᠠᠶᠢᠳᠠᠭ᠃ | ᠪᠢᠳᠡᠨ ᠤ ᠣᠳᠣᠬᠠᠨ ᠤ ᠠᠵᠢᠭᠯᠠᠯᠲᠠ ᠪᠠᠷ | 2 ᠠᠴᠠ 3 ᠡᠳᠦᠷ ᠲᠤ ᠣᠯᠠᠩᠬᠢ ᠬᠡᠦᠬᠡᠳ ᠤᠨ | ᠬᠠᠯᠠᠭᠤᠨ ᠨᠢ ᠪᠠᠭᠤᠷᠠᠴᠢᠬᠠᠳᠠᠭ᠃ | ᠡᠶᠢᠮᠦ ᠠᠴᠠ ᠡᠪᠡᠳᠴᠢᠯᠡᠯᠲᠡ ᠶᠢᠨ | ᠶᠠᠪᠤᠴᠠ ᠨᠢ 3 ᠠᠴᠠ 5 ᠡᠳᠦᠷ ᠣᠷᠴᠢᠮ ᠪᠠᠶᠢᠳᠠᠭ᠂ | ᠡᠨᠡ ᠨᠢ ᠣᠯᠠᠩᠬᠢ ᠬᠡᠦᠬᠡᠳ ᠤᠨ ᠢᠯᠡᠷᠡᠯ | ᠪᠠᠶᠢᠵᠤ᠂ ᠬᠦᠨᠳᠦ ᠡᠪᠡᠳᠴᠢᠯᠡᠯᠲᠡ ᠤᠨ | ᠲᠣᠬᠢᠶᠠᠯᠳᠤᠮᠵᠢ ᠨᠢ ᠮᠠᠰᠢ ᠳᠣᠣᠷ᠎ᠠ᠃ | ᠬᠡᠷᠪᠡ ᠬᠡᠦᠬᠡᠳ ᠬᠠᠯᠠᠭᠤᠷᠠᠬᠤ ᠵᠡᠷᠭᠡ | ᠢᠯᠡᠷᠡᠯ ᠭᠠᠷᠪᠠᠯ ᠶᠠᠮᠠᠷ ᠪᠠᠶᠢᠳᠠᠯ ᠳᠤ | ᠡᠮᠨᠡᠯᠭᠡ ᠳᠤ ᠣᠴᠢᠬᠤ ᠴᠢᠬᠤᠯᠠ ᠲᠠᠢ᠂ ᠶᠠᠮᠠᠷ | ᠪᠠᠶᠢᠳᠠᠯ ᠳᠤ ᠣᠴᠢᠬᠤ ᠴᠢᠬᠤᠯᠠ ᠦᠭᠡᠢ ᠪᠣᠢ | ᠬᠠᠮᠤᠭ ᠤᠨ ᠳᠥᠭᠦᠮ ᠢᠯᠭᠠᠬᠤ ᠠᠷᠭ᠎ᠠ ᠭᠡᠪᠡᠯ᠂ | ᠪᠢᠳᠡ ᠵᠠᠪᠠᠯ ᠬᠡᠦᠬᠡᠳ ᠤᠨ ᠴᠤᠭ ᠰᠦᠯᠳᠡ ᠶᠢ ᠨᠢ | ᠦᠵᠡᠬᠦ ᠬᠡᠷᠡᠭᠲᠡᠢ᠂ ᠬᠡᠷᠪᠡ ᠬᠡᠦᠬᠡᠳ | ᠬᠠᠯᠠᠭᠤᠷᠠᠬᠤ ᠵᠡᠷᠭᠡ ᠢᠯᠡᠷᠡᠯ ᠲᠠᠢ ᠪᠣᠯᠪᠠᠴᠤ | ᠨᠡᠯᠢᠶᠡᠳ ᠴᠤᠭ ᠵᠢᠪᠬᠤᠭ᠎ᠠ ᠲᠠᠢ᠂ ᠢᠯᠠᠩᠭᠤᠶ᠎ᠠ | ᠬᠠᠯᠠᠭᠤᠨ ᠨᠢ ᠪᠠᠭᠤᠷᠠᠭᠰᠠᠨ ᠤ ᠳᠠᠷᠠᠭ᠎ᠠ | ᠢᠳᠡᠬᠦ ᠤᠤᠭᠤᠬᠤ ᠨᠠᠭᠠᠳᠬᠤ ᠨᠢ ᠬᠡᠪ ᠤᠨ | ᠪᠠᠶᠢᠳᠠᠯ ᠲᠠᠢ ᠪᠠᠶᠢᠪᠠᠯ ᠣᠨᠴᠠᠭᠠᠶ | ᠪᠠᠴᠢᠮᠳᠠᠵᠤ ᠰᠠᠨᠳᠤᠷᠤᠭᠰᠠᠨ ᠤ ᠬᠡᠷᠡᠭ ᠦᠭᠡᠢ᠂ | ᠮᠥᠨ ᠴᠦ ᠳᠠᠷᠤᠶᠢᠬᠠᠨ ᠡᠮᠨᠡᠯᠭᠡ ᠳᠤ ᠣᠴᠢᠵᠤ | ᠡᠮᠨᠡᠭᠦᠯᠬᠦ ᠴᠢᠬᠤᠯᠠ ᠦᠭᠡᠢ᠂ ᠭᠡᠷ ᠲᠤ ᠪᠠᠨ | ᠦᠷᠭᠦᠯᠵᠢᠯᠡᠨ ᠠᠵᠢᠭᠯᠠᠵᠤ᠂ ᠡᠪᠡᠳᠴᠢᠨ ᠤ | ᠢᠯᠡᠷᠡᠯ ᠳᠤ ᠨᠢ ᠲᠠᠭᠠᠷᠠᠭᠤᠯᠤᠨ ᠠᠷᠭ᠎ᠠ | ᠬᠡᠮᠵᠢᠶ᠎ᠡ ᠠᠪᠤᠪᠠᠯ ᠪᠣᠯᠴᠢᠬᠠᠨ᠎ᠠ᠃ ᠭᠡᠪᠡᠴᠦ | ᠳᠣᠣᠷᠠᠬᠢ ᠮᠡᠲᠦ ᠬᠡᠳᠦᠨ ᠵᠦᠢᠯ ᠤᠨ ᠢᠯᠡᠷᠡᠯ | ᠭᠠᠷᠪᠠᠯ ᠡᠮᠨᠡᠯᠭᠡ ᠳᠤ ᠣᠴᠢᠬᠤ ᠶᠢ | ᠰᠠᠨᠠᠭᠤᠯᠵᠤ ᠪᠠᠶᠢᠨ᠎ᠠ᠂ ᠵᠢᠱᠢᠶᠡᠯᠡᠪᠡᠯ᠂ 3 | ᠡᠳᠦᠷ ᠠᠴᠠ ᠳᠡᠭᠡᠭᠰᠢ ᠬᠠᠯᠠᠭᠤᠷᠠᠵᠤ | ᠳᠡᠭᠡᠷᠡᠳᠡᠬᠦ ᠪᠠᠶᠢᠳᠠᠯ ᠦᠭᠡᠢ ᠪᠠᠶᠢᠪᠠᠯ | ᠡᠮᠨᠡᠯᠭᠡ ᠳᠤ ᠣᠴᠢᠪᠠᠯ ᠵᠣᠬᠢᠨ᠎ᠠ︔ ᠳᠠᠬᠢᠪᠠᠯ | ᠬᠡᠦᠬᠡᠳ ᠴᠤᠭ ᠰᠦᠯᠳᠡ ᠦᠭᠡᠢ᠂ ᠥᠭᠡᠷ᠎ᠡ ᠪᠠᠷ | ᠬᠡᠯᠡᠪᠡᠯ ᠬᠠᠯᠠᠭᠤᠨ ᠨᠢ ᠪᠠᠭᠤᠷᠠᠭᠰᠠᠨ ᠴᠤ ᠴᠤᠭ | ᠰᠦᠯᠳᠡ ᠦᠭᠡᠢ ᠪᠠᠶᠢᠬᠤ᠂ ᠡᠭᠦᠨ ᠳᠤ ᠨᠢᠷᠠᠢ | ᠬᠡᠦᠬᠡᠳ ᠵᠠᠷᠢᠮ ᠳᠤ ᠪᠠᠨ ᠤᠬᠢᠯᠠᠨ | ᠪᠤᠬᠢᠨᠢᠳᠤᠵᠤ ᠲᠠᠶᠢᠳᠬᠤᠷᠠᠭᠤᠯᠬᠤ ᠳᠤ | ᠬᠡᠴᠡᠭᠦᠦ᠂ ᠲᠣᠮᠣ ᠬᠡᠦᠬᠡᠳ ᠳᠠᠩᠳᠠ ᠤᠨᠲᠠᠵᠤ᠂ | ᠴᠤᠭ ᠰᠦᠯᠳᠡ ᠦᠭᠡᠢ᠂ ᠴᠢᠷᠠᠢ ᠶᠢᠨ ᠥᠩᠭᠡ ᠨᠢ | ᠪᠠᠷᠤᠭᠲᠠᠢ᠂ ᠡᠶᠢᠮᠦᠷᠬᠦᠦ ᠪᠠᠶᠢᠳᠠᠯ ᠳᠤ | ᠪᠡᠶ᠎ᠡ ᠶᠢᠨ ᠬᠠᠯᠠᠭᠤᠨ ᠤ ᠥᠨᠳᠥᠷ ᠳᠣᠣᠷ᠎ᠠ ᠶᠢ | ᠬᠠᠮᠢᠶᠠᠷᠤᠯ ᠦᠭᠡᠢ ᠪᠠᠷ ᠡᠮᠨᠡᠯᠭᠡ ᠳᠤ ᠣᠴᠢᠵᠤ | ᠡᠮᠴᠢᠯᠡᠭᠦᠯᠬᠦ ᠬᠡᠷᠡᠭᠲᠡᠢ︔ ᠪᠠᠰᠠ ᠵᠠᠷᠢᠮ | ᠪᠠᠶᠢᠳᠠᠯ ᠳᠤ ᠬᠠᠨᠢᠶᠠᠯᠭᠠᠬᠤ ᠨᠢ ᠠᠬᠠᠳᠠᠬᠤ | ᠪᠠ ᠣᠯᠠᠰᠢᠷᠠᠵᠤ᠂ ᠡᠳᠦᠷ ᠲᠤᠲᠤᠮ ᠤᠨ ᠠᠮᠢᠳᠤᠷᠠᠯ | ᠪᠠ ᠤᠨᠲᠠᠵᠤ ᠠᠮᠠᠷᠠᠬᠤ ᠶᠢ ᠨᠢ | ᠨᠥᠯᠥᠭᠡᠯᠡᠬᠦ ᠳᠤ ᠬᠦᠷᠪᠡᠯ ᠳᠠᠷᠤᠢ | ᠡᠮᠨᠡᠯᠭᠡ ᠳᠤ ᠣᠴᠢᠵᠤ ᠡᠮᠨᠡᠭᠦᠯᠬᠦ | ᠬᠡᠷᠡᠭᠲᠡᠢ︔ ᠡᠭᠦᠨ ᠠᠴᠠ ᠭᠠᠳᠠᠨ᠎ᠠ ᠪᠠᠰᠠ | ᠵᠠᠷᠢᠮ ᠬᠡᠦᠬᠡᠳ ᠠᠮᠢᠰᠬᠤᠭᠠᠳᠠᠬᠤ᠂ | ᠠᠮᠢᠰᠬᠤᠭ᠎ᠠ ᠨᠢ ᠲᠦᠷᠭᠡᠰᠴᠦ᠂ | ᠴᠢᠨᠠᠭᠰᠢᠯᠠᠭᠠᠳ ᠠᠮᠢᠰᠬᠤᠯ ᠴᠢᠬᠤᠯᠳᠠᠬᠤ᠂ | ᠳᠠᠭᠤ ᠨᠢ ᠨᠡᠯᠢᠶᠡᠳ ᠰᠥᠭᠡᠩᠭᠢ ᠪᠣᠯᠬᠤ ᠵᠡᠷᠭᠡ | ᠢᠯᠡᠷᠡᠯ ᠭᠠᠷᠪᠠᠯ ᠲᠥᠪᠥᠩᠬᠡᠢ ᠶᠢᠨ ᠦᠷᠪᠢᠰᠦᠯ᠂ | ᠮᠥᠭᠡᠷᠰᠦᠨ ᠬᠤᠭᠤᠯᠠᠢ ᠶᠢᠨ ᠦᠷᠪᠢᠰᠦᠯ ᠪᠠᠶᠢᠵᠤ | ᠮᠠᠭᠠᠳ ᠤᠴᠢᠷ ᠠᠴᠠ ᠴᠠᠭ ᠲᠤᠬᠠᠢ ᠳᠤ ᠨᠢ | ᠡᠮᠴᠢᠯᠡᠭᠦᠯᠪᠡᠯ ᠵᠣᠬᠢᠨ᠎ᠠ︔ ᠶᠠᠷᠢᠶᠠᠨ ᠦᠭᠡᠢ | ᠤᠬᠠᠭᠠᠨ ᠠᠯᠳᠠᠵᠤ᠂ ᠲᠠᠲᠠᠬᠤ ᠵᠡᠷᠭᠡ ᠪᠠᠶᠢᠳᠠᠯ | ᠭᠠᠷᠪᠠᠯ ᠨᠡᠩ ᠳᠠᠷᠤᠶᠢᠬᠠᠨ ᠡᠮᠨᠡᠯᠭᠡ ᠳᠤ | ᠣᠴᠢᠵᠤ ᠡᠮᠨᠡᠭᠦᠯᠬᠦ ᠬᠡᠷᠡᠭᠲᠡᠢ᠃ | ᠣᠨᠴᠠᠭᠠᠶᠢᠯᠠᠨ ᠠᠩᠬᠠᠷᠤᠭᠤᠰᠢᠲᠠᠢ ᠨᠢ᠂ | ᠰᠠᠶ᠋ᠢᠬᠠᠨ ᠲᠥᠷᠥᠭᠰᠡᠨ ᠨᠢᠷᠠᠢ ᠪᠠ ᠨᠢᠯᠬ᠎ᠠ | ᠬᠡᠦᠬᠡᠳ ᠢ ᠪᠠᠭᠲᠠᠭᠠᠭᠰᠠᠨ ᠭᠤᠷᠪᠠᠨ | ᠰᠠᠷ᠎ᠠ ᠠᠴᠠ ᠳᠣᠷᠣᠭᠰᠢᠬᠢ ᠨᠠᠰᠤᠨ ᠤ ᠬᠡᠦᠬᠡᠳ | ᠪᠣᠯ ᠣᠨᠴᠠᠭᠠᠶ ᠪᠦᠯᠦᠭ ᠤᠨ ᠬᠥᠮᠥᠰ ᠪᠠᠶᠢᠵᠤ᠂ | ᠬᠡᠷᠪᠡ ᠬᠠᠯᠠᠭᠤᠷᠠᠬᠤ ᠪᠠᠶᠢᠳᠠᠯ ᠢᠯᠡᠷᠡᠪᠡᠯ | ᠴᠠᠭ ᠲᠤᠬᠠᠢ ᠳᠤ ᠨᠢ ᠡᠮᠨᠡᠯᠭᠡ ᠳᠤ ᠣᠴᠢᠵᠤ | ᠡᠮᠴᠢᠯᠡᠭᠦᠯᠬᠦ ᠶᠢ ᠰᠠᠨᠠᠭᠤᠯᠵᠤ ᠪᠠᠶᠢᠨ᠎ᠠ᠃ | ᠨᠠᠰᠤᠲᠠᠶᠢᠴᠤᠳ ᠨᠠᠰᠤᠲᠠᠶᠢᠴᠤᠳ | ᠥᠪᠡᠷ ᠢ ᠪᠠᠨ ᠬᠡᠷᠬᠢᠨ ᠬᠠᠮᠠᠭᠠᠯᠠᠪᠠᠯ | ᠵᠣᠬᠢᠬᠤ ᠪᠣᠢ ᠡᠩ ᠲᠡᠷᠢᠭᠦᠨ ᠳᠤ᠂ ᠸᠠᠺᠼᠢᠨ | ᠳᠠᠷᠢᠬᠤ ᠬᠡᠷᠡᠭᠲᠡᠢ᠃ ᠡᠭᠦᠨ ᠳᠤ ᠪᠥᠬᠦ | ᠶᠠᠪᠤᠴᠠ ᠶᠢᠨ ᠸᠠᠺᠼᠢᠨ ᠳᠠᠷᠢᠬᠤ ᠪᠠ | ᠴᠢᠩᠭᠠᠳᠬᠠᠭᠰᠠᠨ ᠸᠠᠺᠼᠢᠨ ᠤ ᠲᠠᠷᠢᠯᠭ᠎ᠠ ᠬᠢᠬᠦ | ᠵᠡᠷᠭᠡ ᠶᠢ ᠪᠠᠭᠲᠠᠭᠠᠨ᠎ᠠ᠃ ᠸᠠᠺᠼᠢᠨ ᠤ | ᠲᠠᠷᠢᠯᠭ᠎ᠠ ᠬᠢᠭᠰᠡᠨ ᠤ ᠳᠠᠷᠠᠭ᠎ᠠ᠂ | ᠨᠠᠰᠤᠲᠠᠶᠢᠴᠤᠳ ᠤᠨ ᠬᠦᠨᠳᠦ ᠡᠪᠡᠳᠴᠢᠨ ᠳᠤ | ᠨᠡᠷᠪᠡᠭᠳᠡᠬᠦ ᠨᠣᠷᠮ᠎ᠠ ᠢᠯᠡᠳᠲᠡ ᠪᠠᠭᠤᠷᠠᠬᠤ | ᠪᠣᠯᠣᠨ᠎ᠠ᠃ ᠬᠤᠶᠠᠳᠤᠭᠠᠷ ᠲᠤ᠂ ᠣᠲᠣ ᠶᠢᠨ | ᠪᠠᠶᠢᠳᠠᠯ ᠳᠣᠣᠷ᠎ᠠ᠂ ᠨᠠᠰᠤᠲᠠᠶᠢᠴᠤᠳ ᠤᠨ | ᠭᠠᠳᠠᠭᠰᠢ ᠳᠤᠲᠠᠭᠤ ᠭᠠᠷᠬᠤ ᠶᠢ ᠬᠦᠰᠡᠵᠦ | ᠪᠠᠶᠢᠨ᠎ᠠ᠂ ᠢᠯᠠᠩᠭᠤᠶ᠎ᠠ ᠬᠥᠮᠥᠨ ᠣᠯᠠᠨ | ᠴᠤᠭᠯᠠᠷᠠᠳᠠᠭ ᠪᠢᠲᠡᠭᠦᠮᠵᠢᠯᠡᠭᠰᠡᠨ | ᠭᠠᠵᠠᠷ ᠲᠤ ᠣᠴᠢᠬᠤ ᠠᠴᠠ ᠵᠠᠶᠢᠯᠠᠰᠬᠢᠬᠦ ᠶᠢ | ᠬᠦᠰᠡᠵᠦ ᠪᠠᠶᠢᠨ᠎ᠠ᠂ ᠬᠡᠷᠪᠡ ᠵᠠᠪᠠᠯ ᠣᠴᠢᠬᠤ | ᠴᠢᠬᠤᠯᠠ ᠲᠠᠢ ᠪᠣᠯ ᠠᠮᠠᠪᠴᠢ ᠪᠠᠨ ᠰᠠᠶᠢᠲᠤᠷ | ᠵᠡᠭᠦᠬᠦ ᠬᠡᠷᠡᠭᠲᠡᠢ᠃ ᠡᠭᠦᠨ ᠠᠴᠠ ᠭᠠᠳᠠᠨ᠎ᠠ᠂ | ᠪᠦᠬᠦᠶᠢᠯᠡ ᠶᠠᠪᠤᠴᠠ ᠳᠤ᠂ ᠭᠠᠳᠠᠭᠠᠳᠤ | ᠣᠷᠴᠢᠨ ᠲᠠᠢ ᠣᠶᠢᠷᠠᠳᠬᠤ ᠪᠠᠨ ᠠᠯᠢ | ᠴᠢᠳᠠᠬᠤ ᠪᠠᠷ ᠪᠠᠭᠠᠰᠬᠠᠵᠤ᠂ ᠪᠤᠴᠠᠵᠤ ᠢᠷᠡᠪᠡᠯ | ᠭᠠᠷ ᠢᠶᠠᠨ ᠵᠠᠪᠠᠯ ᠤᠬᠢᠶᠠᠬᠤ ᠬᠡᠷᠡᠭᠲᠡᠢ᠃ | ᠭᠤᠷᠪᠠᠳᠤᠭᠠᠷ ᠲᠤ᠂ ᠢᠯᠡᠭᠦᠬᠡᠨ ᠰᠠᠯᠬᠢ | ᠨᠡᠪᠲᠡᠷᠡᠭᠦᠯᠦᠨ᠎ᠡ᠃ ᠣᠲᠣ ᠶᠠᠭ ᠡᠪᠦᠯ ᠤᠨ | ᠤᠯᠠᠷᠢᠯ ᠪᠣᠯᠵᠤ᠂ ᠢᠯᠠᠩᠭᠤᠶ᠎ᠠ ᠤᠮᠠᠷᠠᠲᠤ | ᠣᠷᠣᠨ ᠤ ᠠᠭᠤᠷ ᠠᠮᠢᠰᠬᠤᠯ ᠨᠡᠯᠢᠶᠡᠳ ᠬᠦᠢᠲᠡᠨ | ᠪᠣᠯᠬᠤᠷ ᠰᠠᠯᠬᠢ ᠨᠡᠪᠲᠡᠷᠡᠭᠦᠯᠬᠦ ᠶᠠᠪᠤᠴᠠ ᠳᠤ | ᠨᠠᠰᠤᠲᠠᠶᠢᠴᠤᠳ ᠤᠨ ᠳᠤᠯᠠᠭᠠᠯᠠᠭ᠎ᠠ ᠶᠢᠨ | ᠠᠰᠠᠭᠤᠳᠠᠯ ᠢ ᠠᠩᠬᠠᠷᠴᠤ᠂ ᠨᠠᠰᠤᠲᠠᠶᠢᠴᠤᠳ ᠢ | ᠥᠭᠡᠷ᠎ᠡ ᠨᠢᠭᠡ ᠥᠷᠥᠭᠡᠨ ᠳᠤ ᠣᠷᠣᠭᠤᠯᠵᠤ | ᠪᠣᠯᠣᠨ᠎ᠠ᠂ ᠰᠠᠯᠬᠢ ᠨᠡᠪᠲᠡᠷᠡᠭᠦᠯᠦᠭᠰᠡᠨ ᠤ | ᠳᠠᠷᠠᠭ᠎ᠠ᠂ ᠭᠡᠷ ᠤᠨ ᠳᠤᠯᠠᠭᠠᠨ ᠬᠡᠪ ᠤᠨ | ᠪᠠᠶᠢᠳᠠᠯ ᠳᠤ ᠪᠠᠨ ᠣᠷᠣᠭᠰᠠᠨ ᠤ ᠳᠠᠷᠠᠭ᠎ᠠ | ᠨᠠᠰᠤᠲᠠᠶᠢᠴᠤᠳ ᠢ ᠰᠠᠶ᠋ᠢ ᠲᠣᠰ | ᠥᠷᠥᠭᠡᠨ ᠳᠤ ᠨᠢ ᠪᠤᠴᠠᠭᠠᠨ᠎ᠠ᠃ | ᠳᠥᠷᠪᠡᠳᠦᠭᠡᠷ ᠲᠤ᠂ ᠨᠠᠰᠤᠲᠠᠶᠢᠴᠤᠳ ᠲᠤ | ᠶᠡᠷᠦ ᠳᠤ ᠪᠠᠨ ᠡᠨᠡ ᠲᠡᠷᠡ ᠰᠠᠭᠤᠷᠢ ᠡᠪᠡᠳᠴᠢᠨ | ᠳᠠᠪᠬᠤᠴᠠᠵᠤ ᠪᠠᠶᠢᠳᠠᠭ᠂ ᠰᠠᠭᠤᠷᠢ ᠡᠪᠡᠳᠴᠢᠨ ᠢ | ᠣᠳᠣᠬᠢ ᠱᠠᠲᠤᠨ ᠳᠤ ᠵᠠᠪᠠᠯ ᠰᠠᠶᠢᠲᠤᠷ | ᠡᠵᠡᠮᠳᠡᠵᠦ᠂ ᠡᠮᠨᠡᠯᠭᠡ ᠳᠤ ᠣᠴᠢᠵᠤ ᠡᠮ | ᠠᠪᠬᠤ ᠠᠴᠠ ᠪᠠᠨ ᠠᠶᠤᠭᠠᠳ ᠡᠮ ᠢᠶᠠᠨ | ᠵᠣᠭᠰᠣᠭᠠᠵᠤ ᠪᠣᠯᠬᠤ ᠦᠭᠡᠢ᠂ ᠡᠯ᠎ᠡ ᠵᠦᠢᠯ ᠤᠨ | ᠠᠷᠭ᠎ᠠ ᠵᠠᠮ ᠢᠶᠠᠷ ᠡᠮ ᠬᠤᠳᠠᠯᠳᠤᠨ ᠠᠪᠬᠤ ᠪᠤᠶᠤ | ᠲᠥᠷᠥᠯ ᠰᠠᠳᠤᠨ ᠨᠠᠶᠢᠵᠠ ᠨᠥᠬᠦᠳ ᠢᠶᠠᠷ ᠢᠶᠠᠨ | ᠡᠮ ᠬᠤᠳᠠᠯᠳᠤᠨ ᠠᠪᠤᠭᠤᠯᠵᠤ ᠪᠣᠯᠣᠨ᠎ᠠ᠃ | ᠲᠠᠪᠤᠳᠤᠭᠠᠷ ᠲᠤ᠂ ᠨᠠᠰᠤᠲᠠᠶᠢᠴᠤᠳ | ᠣᠶᠢᠷ᠎ᠠ ᠶᠢᠨ ᠬᠤᠭᠤᠴᠠᠭᠠᠨ ᠳᠤ ᠡᠷᠬᠡᠪᠰᠢ | ᠵᠢᠮ᠎ᠡ ᠶᠣᠰᠣ ᠲᠠᠢ ᠪᠠᠷ ᠠᠮᠢᠳᠤᠷᠠᠵᠤ᠂ | ᠬᠡᠲᠦᠷᠬᠡᠢ ᠰᠠᠨᠳᠤᠷᠬᠤ ᠬᠡᠷᠡᠭ ᠦᠭᠡᠢ᠃ ᠵᠢᠮ᠎ᠡ | ᠶᠣᠰᠣ ᠲᠠᠢ ᠪᠠᠷ ᠤᠨᠲᠠᠵᠤ ᠠᠮᠠᠷᠠᠨ᠂ ᠰᠢᠮ᠎ᠡ | ᠲᠡᠵᠢᠭᠡᠯ ᠢᠶᠠᠨ ᠪᠠᠲᠤᠯᠠᠬᠤ ᠬᠡᠷᠡᠭᠲᠡᠢ᠂ | ᠭᠡᠪᠡᠴᠦ ᠬᠡᠲᠦᠷᠡᠲᠡᠯ᠎ᠡ ᠢᠳᠡᠵᠦ ᠤᠤᠭᠤᠵᠤ | ᠪᠣᠯᠬᠤ ᠦᠭᠡᠢ᠃ ᠡᠭᠦᠨ ᠠᠴᠠ ᠭᠠᠳᠠᠨ᠎ᠠ᠂ ᠠᠷᠢᠬᠢ | ᠡᠳ᠋ᠯᠡᠬᠦ ᠪᠠᠨ ᠠᠯᠢ ᠴᠢᠳᠠᠬᠤ ᠪᠠᠷ | ᠪᠠᠭᠠᠰᠬᠠᠨ᠎ᠠ᠃ ᠬᠡᠷᠪᠡ ᠨᠠᠰᠤᠲᠠᠶᠢᠴᠤᠳ ᠲᠠᠢ | ᠬᠠᠮᠲᠤ ᠠᠮᠢᠳᠤᠷᠠᠬᠤ ᠦᠭᠡᠢ ᠭᠡᠷ ᠤᠨ ᠬᠥᠮᠥᠰ ᠨᠢ | ᠣᠶᠢᠷ᠎ᠠ ᠶᠢᠨ ᠬᠤᠭᠤᠴᠠᠭᠠᠨ ᠳᠤ | ᠨᠠᠰᠤᠲᠠᠶᠢᠴᠤᠳ ᠢᠶᠠᠨ ᠡᠷᠭᠢᠵᠦ ᠦᠵᠡᠬᠦ ᠪᠠᠨ | ᠴᠥᠭᠡᠳᠬᠡᠵᠦ᠂ ᠸᠢᠷᠦ᠋ᠰ ᠯᠡᠪᠡᠷᠡᠬᠦ | ᠲᠣᠬᠢᠶᠠᠯ ᠢ ᠪᠠᠭᠠᠰᠬᠠᠵᠤ ᠪᠣᠯᠣᠨ᠎ᠠ᠃ | ᠬᠡᠷᠪᠡ ᠭᠡᠷ ᠤᠨ ᠬᠥᠮᠥᠰ ᠨᠢ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠳᠤ | ᠨᠡᠷᠪᠡᠭᠳᠡᠪᠡᠯ ᠨᠠᠰᠤᠲᠠᠶᠢᠴᠤᠳ ᠥᠪᠡᠷ ᠢ ᠪᠠᠨ | ᠬᠡᠷᠬᠢᠨ ᠰᠠᠶᠢᠲᠤᠷ ᠬᠠᠮᠠᠭᠠᠯᠠᠬᠤ ᠪᠣᠶ | ᠬᠡᠷᠪᠡ ᠬᠠᠮᠲᠤ ᠠᠮᠢᠳᠤᠷᠠᠵᠤ ᠪᠠᠶᠢᠭ᠎ᠠ | ᠬᠥᠮᠥᠨ ᠨᠢ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠳᠤ ᠨᠡᠷᠪᠡᠭᠳᠡᠪᠡᠯ᠂ | ᠨᠠᠰᠤᠲᠠᠶᠢᠴᠤᠳ ᠤᠨ ᠸᠢᠷᠦ᠋ᠰ ᠲᠠᠢ ᠣᠶᠢᠷᠠᠳᠬᠤ | ᠲᠣᠬᠢᠶᠠᠯ ᠢ ᠠᠯᠢ ᠴᠢᠳᠠᠬᠤ ᠪᠠᠷ ᠪᠠᠭᠠᠰᠬᠠᠬᠤ | ᠪᠣᠯ ᠬᠠᠮᠤᠭ ᠤᠨ ᠴᠢᠬᠤᠯᠠ ᠵᠠᠷᠴᠢᠮ ᠪᠣᠯᠣᠨ᠎ᠠ᠃ | ᠬᠡᠷᠪᠡ ᠨᠥᠬᠦᠴᠡᠯ ᠲᠠᠢ ᠪᠣᠯ ᠨᠠᠰᠤᠲᠠᠶᠢᠴᠤᠳ ᠢ | ᠥᠭᠡᠷ᠎ᠡ ᠨᠢᠭᠡ ᠣᠷᠣᠨ ᠰᠠᠭᠤᠴᠠ ᠳᠤ ᠠᠪᠠᠴᠢᠨ | ᠰᠠᠭᠤᠯᠭᠠᠵᠤ ᠪᠣᠯᠣᠨ᠎ᠠ᠃ ᠬᠡᠷᠪᠡ ᠨᠥᠬᠦᠴᠡᠯ | ᠦᠭᠡᠢ ᠪᠣᠯ ᠨᠢᠭᠡᠨ ᠲᠤᠰᠠᠭᠠᠷ ᠦᠷᠦᠭᠡ | ᠭᠠᠷᠭᠠᠵᠤ᠂ ᠡᠭᠦᠳᠡ ᠪᠠᠨ ᠰᠠᠶᠢᠲᠤᠷ ᠬᠠᠭᠠᠵᠤ᠂ | ᠰᠠᠯᠬᠢ ᠨᠡᠪᠲᠡᠷᠡᠭᠦᠯᠬᠦ ᠶᠢ ᠴᠢᠩᠭᠠᠳᠬᠠᠬᠤ | ᠬᠡᠷᠡᠭᠲᠡᠢ᠃ ᠰᠠᠯᠬᠢ ᠨᠡᠪᠲᠡᠷᠡᠭᠦᠯᠬᠦ ᠳᠤ | ᠠᠩᠬᠠᠷᠬᠤ ᠵᠦᠢᠯ ᠨᠢ ᠳᠡᠭᠡᠷ᠎ᠡ | ᠳᠤᠷᠠᠳᠤᠭᠰᠠᠨ ᠲᠠᠢ ᠠᠳᠠᠯᠢ ᠶᠤᠮ᠃ ᠪᠠᠰᠠ ᠨᠢᠭᠡ | ᠵᠦᠢᠯ ᠭᠡᠪᠡᠯ᠂ ᠣᠷᠴᠢᠨ ᠲᠣᠭᠤᠷᠢᠨ ᠤ | ᠠᠷᠢᠭᠤᠳᠬᠠᠯ ᠢ ᠴᠢᠩᠭᠠᠳᠬᠠᠬᠤ ᠬᠡᠷᠡᠭᠲᠡᠢ᠂ | ᠢᠯᠠᠩᠭᠤᠶ᠎ᠠ ᠣᠯᠠᠨ ᠨᠡᠶᠢᠲᠡ ᠶᠢᠨ ᠢᠯᠡ ᠣᠷᠴᠢᠨ | ᠲᠣᠭᠤᠷᠢᠨ ᠳᠤ᠂ ᠵᠢᠱᠢᠶᠡᠯᠡᠪᠡᠯ ᠵᠣᠷᠯᠣᠩ᠂ | ᠡᠭᠦᠳᠡᠨ ᠤ ᠪᠠᠷᠢᠭᠤᠯ᠂ ᠤᠰᠤᠨ ᠴᠣᠷᠭᠤ ᠳᠤ | ᠡᠪᠡᠳᠴᠢᠲᠡᠨ ᠬᠦᠷᠦᠯᠴᠡᠭᠰᠡᠨ ᠤ ᠳᠠᠷᠠᠭ᠎ᠠ | ᠵᠠᠪᠠᠯ ᠠᠷᠢᠭᠤᠳᠬᠠᠬᠤ ᠬᠡᠷᠡᠭᠲᠡᠢ᠃ ᠡᠭᠦᠨ ᠠᠴᠠ | ᠭᠠᠳᠠᠨ᠎ᠠ᠂ ᠨᠠᠰᠤᠲᠠᠶᠢᠴᠤᠳ ᠤᠨ ᠪᠠᠶᠢᠳᠠᠯ ᠤᠨ | ᠬᠤᠪᠢᠷᠠᠯᠲᠠ ᠶᠢ ᠠᠩᠬᠠᠷᠴᠤ᠂ ᠬᠡᠷᠪᠡ | ᠠᠰᠠᠭᠤᠳᠠᠯ ᠭᠠᠷᠪᠠᠯ ᠡᠷᠲᠡᠬᠡᠨ ᠢᠯᠭᠠᠨ | ᠲᠣᠳᠣᠯᠠᠵᠤ᠂ ᠡᠷᠲᠡᠬᠡᠨ ᠣᠨᠣᠰᠢᠯᠠᠬᠤ | ᠬᠡᠷᠡᠭᠲᠡᠢ᠃ ᠨᠠᠰᠤᠲᠠᠶᠢᠴᠤᠳ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠳᠤ | ᠨᠡᠷᠪᠡᠭᠳᠡᠪᠡᠯ ᠶᠠᠭᠠᠬᠢᠪᠠᠯ ᠵᠣᠬᠢᠬᠤ ᠪᠣᠶ | ᠨᠢᠭᠡᠳᠦᠭᠡᠷ ᠲᠤ᠂ ᠨᠠᠰᠤᠲᠠᠶᠢᠴᠤᠳ ᠬᠡᠷᠪᠡ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ | ᠨᠡᠷᠪᠡᠭᠳᠡᠭᠰᠡᠨ ᠤ ᠳᠠᠷᠠᠭ᠎ᠠ᠂ ᠶᠠᠭᠤᠨ ᠤ | ᠡᠮᠦᠨ᠎ᠡ ᠠᠵᠢᠭᠯᠠᠯᠲᠠ ᠪᠠ ᠬᠢᠨᠠᠨ | ᠰᠢᠨᠵᠢᠯᠡᠯᠲᠡ ᠶᠢ ᠴᠢᠩᠭᠠᠳᠬᠠᠬᠤ ᠬᠡᠷᠡᠭᠲᠡᠢ᠃ | ᠬᠤᠶᠠᠳᠤᠭᠠᠷ ᠲᠤ᠂ ᠡᠳᠦᠷ ᠲᠤᠲᠤᠮ ᠤᠨ | ᠰᠤᠪᠢᠯᠠᠯᠲᠠ ᠶᠢ ᠴᠢᠩᠭᠠᠳᠬᠠᠬᠤ ᠬᠡᠷᠡᠭᠲᠡᠢ᠂ | ᠡᠨᠡ ᠬᠦ ᠡᠳᠦᠷ ᠲᠤᠲᠤᠮ ᠤᠨ ᠰᠤᠪᠢᠯᠠᠯᠲᠠ ᠳᠤ | ᠬᠠᠷᠠᠰᠣ ᠢᠳᠡᠭᠡᠨ ᠤᠮᠳᠠᠭᠠᠨ ᠢ ᠪᠠᠭᠲᠠᠭᠠᠨ᠎ᠠ᠃ | ᠨᠠᠰᠤᠲᠠᠢ ᠬᠥᠮᠥᠨ ᠬᠠᠯᠳᠠᠪᠤᠷᠢᠯᠠᠭᠳᠠᠭᠰᠠᠨ ᠤ | ᠳᠠᠷᠠᠭ᠎ᠠ ᠬᠤᠳᠣᠭᠤᠳᠤ ᠭᠡᠳᠡᠰᠦᠨ ᠤ ᠵᠠᠮ ᠤᠨ | ᠴᠢᠳᠠᠮᠵᠢ ᠨᠢ ᠮᠠᠭᠤᠳᠠᠬᠤ ᠪᠣᠯᠬᠤᠷ ᠪᠠᠭ᠎ᠠ | ᠢᠳᠡᠵᠦ ᠣᠯᠠᠨ ᠤᠳᠠᠭ᠎ᠠ ᠬᠤᠭᠤᠯᠠᠯᠠᠵᠤ᠂ ᠨᠢᠭᠡ | ᠤᠳᠠᠭ᠎ᠠ ᠶᠡᠭᠡ ᠬᠡᠮᠵᠢᠶ᠎ᠡ ᠪᠠᠷ ᠢᠳᠡᠭᠰᠡᠨ ᠤ | ᠳᠠᠷᠠᠭ᠎ᠠ ᠪᠥᠭᠡᠯᠵᠢᠬᠦ ᠠᠴᠠ | ᠵᠠᠶᠢᠯᠠᠰᠬᠢᠬᠦ ᠶᠢ ᠰᠠᠨᠠᠭᠤᠯᠵᠤ ᠪᠠᠶᠢᠨ᠎ᠠ︔ | ᠡᠭᠦᠨ ᠠᠴᠠ ᠭᠠᠳᠠᠨ᠎ᠠ ᠨᠠᠰᠤᠲᠠᠶᠢᠴᠤᠳ ᠤᠨ | ᠤᠨᠲᠠᠵᠤ ᠠᠮᠠᠷᠠᠬᠤ ᠶᠢ ᠪᠠᠲᠤᠯᠠᠬᠤ | ᠬᠡᠷᠡᠭᠲᠡᠢ︔ ᠪᠠᠰᠠ ᠵᠣᠬᠢᠬᠤ ᠬᠡᠮᠵᠢᠶᠡᠨ ᠤ ᠤᠰᠤ | ᠨᠥᠬᠦᠪᠦᠷᠢᠯᠡᠬᠦ ᠬᠡᠷᠡᠭᠲᠡᠢ᠂ ᠤᠰᠤᠨ ᠤ | ᠬᠡᠮᠵᠢᠶ᠎ᠡ ᠶᠢ ᠢᠳᠡᠭᠡᠨ ᠤᠮᠳᠠᠭᠠᠨ ᠲᠠᠢ | ᠠᠳᠠᠯᠢ ᠪᠠᠶᠢᠯᠭᠠᠵᠤ᠂ ᠪᠡᠶ᠎ᠡ ᠶᠢᠨ ᠳᠤᠯᠠᠭᠠᠨ | ᠪᠠ ᠬᠥᠯᠥᠰᠦ ᠭᠠᠷᠬᠤ ᠪᠠᠶᠢᠳᠠᠯ ᠲᠠᠢ ᠨᠢ | ᠤᠶᠠᠯᠳᠤᠭᠤᠯᠤᠨ ᠵᠣᠬᠢᠰᠲᠠᠢ | ᠨᠥᠬᠦᠪᠦᠷᠢᠯᠡᠬᠦ ᠶᠢ ᠰᠠᠨᠠᠭᠤᠯᠵᠤ ᠪᠠᠶᠢᠨ᠎ᠠ᠃ | ᠤᠰᠤ ᠶᠢ ᠪᠠᠰᠠ ᠪᠠᠭ᠎ᠠ ᠬᠡᠮᠵᠢᠶ᠎ᠡ ᠪᠠᠷ ᠣᠯᠠᠨ | ᠤᠳᠠᠭ᠎ᠠ ᠨᠥᠬᠦᠪᠦᠷᠢᠯᠡᠵᠦ᠂ ᠨᠢᠭᠡ ᠤᠳᠠᠭ᠎ᠠ | ᠶᠡᠭᠡ ᠬᠡᠮᠵᠢᠶᠡᠨ ᠤ ᠤᠰᠤ ᠨᠥᠬᠦᠪᠦᠷᠢᠯᠡᠭᠡᠳ | ᠬᠤᠳᠣᠭᠤᠳᠤ ᠭᠡᠳᠡᠰᠦ ᠨᠢ ᠡᠪ ᠦᠭᠡᠶᠢᠷᠡᠬᠦ ᠪᠠ | ᠵᠢᠷᠦᠬᠡᠨ ᠤ ᠳᠠᠷᠤᠭᠠᠰᠤ ᠶᠢ ᠨᠢ | ᠬᠦᠨᠳᠦᠷᠡᠭᠦᠯᠬᠦ ᠠᠴᠠ ᠰᠡᠷᠭᠡᠶᠢᠯᠡᠬᠦ | ᠬᠡᠷᠡᠭᠲᠡᠢ᠃ ᠭᠤᠷᠪᠠᠳᠤᠭᠠᠷ ᠲᠤ᠂ | ᠬᠠᠯᠠᠭᠤᠨ ᠢ ᠪᠠᠭᠤᠷᠠᠭᠤᠯᠬᠤ ᠡᠮ ᠢ | ᠨᠠᠰᠤᠲᠠᠶᠢᠴᠤᠳ ᠲᠤ ᠬᠡᠷᠡᠭᠯᠡᠬᠦ ᠳᠤ ᠪᠠᠨ | ᠨᠡᠩ ᠪᠣᠯᠭᠤᠮᠵᠢᠲᠠᠢ ᠪᠠᠶᠢᠵᠤ᠂ ᠪᠡᠶ᠎ᠡ ᠶᠢᠨ | ᠳᠤᠯᠠᠭᠠᠨ ᠨᠢ ᠬᠡᠳᠦᠢ ᠥᠨᠳᠥᠷ᠂ ᠨᠠᠰᠤ ᠨᠢ | ᠬᠡᠳᠦᠢ ᠥᠨᠳᠥᠷ ᠪᠣᠯ᠂ ᠡᠮ ᠬᠡᠷᠡᠭᠯᠡᠬᠦ ᠳᠤ ᠪᠠᠨ | ᠨᠡᠩ ᠪᠣᠯᠭᠤᠮᠵᠢᠲᠠᠢ ᠪᠠᠶᠢᠬᠤ ᠬᠡᠷᠡᠭᠲᠡᠢ᠃ | ᠡᠭᠦᠨ ᠳᠤ 38℃ ᠲᠤ 1 ᠦᠷᠢᠯ᠂ 39℃ ᠲᠤ 2 ᠦᠷᠢᠯ | ᠭᠡᠬᠦ ᠮᠡᠲᠦ ᠪᠠᠷ ᠬᠡᠷᠡᠭᠯᠡᠬᠦ ᠪᠢᠰᠢ᠃ | ᠬᠠᠯᠠᠭᠤᠷᠠᠬᠤ ᠨᠢ ᠬᠡᠳᠦᠢ ᠥᠨᠳᠥᠷ ᠪᠣᠯᠬᠤ | ᠲᠤᠳᠤᠮ᠂ ᠡᠮ ᠬᠡᠷᠡᠭᠯᠡᠬᠦ ᠳᠤ ᠪᠠᠨ ᠲᠡᠳᠦᠢ | ᠪᠣᠯᠭᠤᠮᠵᠢᠲᠠᠢ ᠪᠠᠶᠢᠬᠤ ᠬᠡᠷᠡᠭᠲᠡᠢ᠃ ᠡᠨᠡ ᠨᠢ | ᠭᠤᠣᠯᠳᠠᠭᠤ ᠨᠠᠰᠤᠲᠠᠶᠢᠴᠤᠳ ᠲᠤ ᠬᠠᠯᠠᠭᠤᠨ ᠢ | ᠪᠠᠭᠤᠷᠠᠭᠤᠯᠬᠤ ᠡᠮ ᠬᠡᠷᠡᠭᠯᠡᠭᠰᠡᠨ ᠤ | ᠳᠠᠷᠠᠭ᠎ᠠ ᠨᠢᠭᠡ ᠤᠳᠠᠭ᠎ᠠ ᠶᠡᠭᠡ ᠬᠡᠮᠵᠢᠶᠡᠨ ᠤ | ᠬᠥᠯᠥᠰᠦ ᠭᠠᠷᠬᠤ ᠠᠴᠠ ᠪᠣᠯᠵᠤ ᠲᠠᠮᠢᠷᠳᠠᠨ | ᠮᠠᠨᠠᠷᠠᠬᠤ ᠪᠤᠶᠤ ᠴᠢᠨᠠᠭᠰᠢᠯᠠᠪᠠᠯ ᠴᠢᠰᠤᠨ | ᠳᠠᠷᠤᠯᠲᠠ ᠳᠣᠣᠷ᠎ᠠ ᠪᠣᠯᠬᠤ ᠪᠠᠶᠢᠳᠠᠯ ᠠᠴᠠ | ᠰᠡᠷᠭᠡᠶᠢᠯᠡᠬᠦ ᠶᠢᠨ ᠲᠥᠯᠥᠭᠡ ᠶᠤᠮ᠃ ᠡᠭᠦᠨ ᠢ | ᠤᠯᠠᠨ ᠳᠤ ᠣᠨᠴᠠᠭᠠᠶᠢᠯᠠᠨ ᠰᠠᠨᠠᠭᠤᠯᠵᠤ | ᠪᠠᠶᠢᠨ᠎ᠠ᠃ ᠡᠭᠦᠨ ᠠᠴᠠ ᠭᠠᠳᠠᠨ᠎ᠠ᠂ ᠡᠨᠡ | ᠬᠤᠭᠤᠴᠠᠭᠠᠨ ᠳᠤ ᠬᠠᠯᠠᠭᠤᠨ ᠢ | ᠪᠠᠭᠤᠷᠠᠭᠤᠯᠬᠤ ᠶᠢ ᠤᠳᠠᠭᠠᠰᠢᠷᠠᠭᠤᠯᠵᠤ᠂ | ᠹᠢᠽᠢᠺ ᠤᠨ ᠠᠷᠭ᠎ᠠ ᠪᠠᠷ ᠬᠠᠯᠠᠭᠤᠨ ᠢ ᠨᠢ | ᠪᠠᠭᠤᠷᠠᠭᠤᠯᠵᠤ ᠪᠣᠯᠣᠨ᠎ᠠ︔ ᠪᠠᠰᠠ ᠬᠠᠯᠠᠭᠤᠨ ᠢ | ᠪᠠᠭᠤᠷᠠᠭᠤᠯᠬᠤ ᠡᠮ ᠬᠡᠷᠡᠭᠯᠡᠬᠦ ᠳᠤ ᠪᠠᠨ | ᠣᠯᠠᠨ ᠵᠦᠢᠯ ᠤᠨ ᠡᠮ ᠢ ᠬᠠᠮᠲᠤ ᠳᠤ ᠨᠢ | ᠬᠡᠷᠡᠭᠯᠡᠬᠦ ᠠᠴᠠ ᠵᠠᠶᠢᠯᠠᠰᠬᠢᠨ᠎ᠡ᠃ ᠪᠠᠰᠠ | ᠵᠠᠷᠢᠮ ᠲᠠᠭᠰᠢᠭᠤᠷ ᠤᠨ ᠡᠮ ᠨᠢ ᠨᠡᠶᠢᠯᠡᠮᠡᠯ | ᠵᠣᠷ ᠤᠨ ᠨᠠᠶᠢᠷᠠᠯᠭ᠎ᠠ ᠲᠠᠢ ᠪᠠᠶᠢᠵᠤ᠂ | ᠡᠰᠡᠷᠭᠦ ᠫᠠᠷᠠᠽᠧᠲ᠋ᠠᠮᠣᠯ ᠠᠭᠤᠯᠵᠤ ᠮᠡᠳᠡᠨ᠎ᠡ᠂ | ᠬᠡᠷᠪᠡ ᠡᠳᠡᠭᠡᠷ ᠡᠮ ᠢ ᠬᠠᠮᠲᠤ ᠳᠤ ᠨᠢ | ᠬᠡᠷᠡᠭᠯᠡᠪᠡᠯ ᠡᠮ ᠤᠨ ᠬᠡᠮᠵᠢᠶ᠎ᠡ ᠨᠢ | ᠬᠡᠲᠦᠷᠡᠬᠦ ᠪᠠᠶᠢᠳᠠᠯ ᠭᠠᠷᠴᠤ ᠮᠡᠳᠡᠨ᠎ᠡ᠃ | ᠡᠶᠢᠮᠦ ᠠᠴᠠ ᠡᠷᠬᠡᠪᠰᠢ ᠡᠮ ᠤᠨ | ᠲᠣᠳᠣᠷᠬᠠᠶᠢᠯᠠᠯᠲᠠ ᠶᠢᠨ ᠪᠢᠴᠢᠭ ᠢ ᠰᠠᠶᠢᠲᠤᠷ | ᠯᠠᠪᠯᠠᠬᠤ ᠬᠡᠷᠡᠭᠲᠡᠢ᠃ ᠳᠥᠷᠪᠡᠳᠦᠭᠡᠷ ᠲᠤ᠂ | ᠬᠢᠲᠠᠳ ᠪᠡᠯᠡᠨ ᠡᠮ᠃ ᠬᠢᠲᠠᠳ ᠪᠡᠯᠡᠨ ᠡᠮ ᠢ | ᠬᠡᠷᠡᠭᠯᠡᠬᠦ ᠳᠤ ᠴᠦ ᠠᠳᠠᠯᠢᠬᠠᠨ ᠪᠠᠶᠢᠳᠠᠭ᠂ | ᠵᠠᠪᠠᠯ ᠴᠥᠭᠡᠨ ᠮᠥᠷᠲᠡᠭᠡᠨ ᠨᠠᠷᠢᠯᠢᠭ ᠪᠠᠶᠢᠬᠤ | ᠬᠡᠷᠡᠭᠲᠡᠢ᠃ ᠨᠢᠭᠡ ᠵᠦᠢᠯ ᠤᠨ ᠡᠮ ᠢ ᠰᠣᠩᠭᠤᠨ | ᠬᠡᠷᠡᠭᠯᠡᠵᠦ ᠪᠣᠯᠣᠨ᠎ᠠ᠂ ᠠᠳᠠᠯᠢ | ᠦᠢᠯᠡᠳᠦᠯ ᠲᠠᠢ ᠣᠯᠠᠨ ᠵᠦᠢᠯ ᠤᠨ ᠬᠢᠲᠠᠳ ᠪᠡᠯᠡᠨ | ᠡᠮ ᠢ ᠬᠠᠮᠲᠤ ᠳᠤ ᠨᠢ ᠬᠡᠷᠡᠭᠯᠡᠵᠦ ᠪᠣᠯᠬᠤ | ᠦᠭᠡᠢ᠃ ᠲᠠᠪᠤᠳᠤᠭᠠᠷ ᠲᠤ᠂ ᠰᠠᠭᠤᠷᠢ ᠡᠪᠡᠳᠴᠢᠨ | ᠳᠠᠪᠬᠤᠴᠠᠭᠰᠠᠨ ᠨᠠᠰᠤᠲᠠᠶᠢᠴᠤᠳ ᠡᠷᠬᠡᠪᠰᠢ | ᠰᠠᠭᠤᠷᠢ ᠡᠪᠡᠳᠴᠢᠨ ᠤ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠲᠡᠢ᠃ ᠠᠳᠡ ᠬᠤᠶᠠᠷ | ᠲᠠᠯ᠎ᠠ ᠶᠢ ᠣᠨᠴᠠᠭᠠᠶᠢᠯᠠᠨ ᠴᠢᠬᠤᠯᠠᠴᠢᠯᠠᠵᠤ | ᠪᠠᠶᠢᠨ᠎ᠠ᠃ ᠨᠢᠭᠡ ᠨᠢ ᠴᠢᠰᠤᠨ ᠳᠠᠷᠤᠯᠲᠠ ᠥᠨᠳᠥᠷ | ᠡᠪᠡᠳᠴᠢᠨ ᠢ ᠰᠡᠷᠭᠡᠶᠢᠯᠡᠬᠦ ᠡᠮ᠂ ᠤᠴᠢᠷ ᠨᠢ | ᠬᠠᠯᠠᠭᠤᠷᠠᠭᠰᠠᠨ ᠠᠴᠠ ᠪᠣᠯᠵᠤ ᠶᠡᠭᠡ | ᠬᠡᠮᠵᠢᠶᠡᠨ ᠤ ᠤᠰᠤ ᠠᠯᠳᠠᠭᠳᠠᠵᠤ ᠴᠢᠰᠤᠨ | ᠳᠠᠷᠤᠯᠲᠠ ᠶᠢ ᠪᠠᠭᠤᠷᠠᠭᠤᠯᠵᠤ ᠮᠡᠳᠡᠨ᠎ᠡ᠃ | ᠬᠠᠯᠠᠭᠤᠷᠠᠵᠤ ᠪᠠᠶᠢᠭ᠎ᠠ ᠬᠤᠭᠤᠴᠠᠭᠠᠨ ᠳᠤ᠂ | ᠣᠨᠴᠠᠭᠠᠶᠢᠯᠠᠨ ᠬᠠᠯᠠᠭᠤᠨ ᠢ ᠪᠠᠭᠤᠷᠠᠭᠤᠯᠬᠤ | ᠡᠮ ᠬᠡᠷᠡᠭᠯᠡᠬᠦ ᠦᠶ᠎ᠡ ᠳᠤ ᠡᠷᠬᠡᠪᠰᠢ ᠴᠢᠰᠤᠨ | ᠳᠠᠷᠤᠯᠲᠠ ᠶᠢ ᠨᠢ ᠪᠠᠶᠢᠴᠠᠭᠠᠬᠤ ᠶᠢ | ᠠᠩᠬᠠᠷᠬᠤ ᠬᠡᠷᠡᠭᠲᠡᠢ᠃ ᠬᠡᠷᠪᠡ ᠴᠢᠰᠤᠨ | ᠳᠠᠷᠤᠯᠲᠠ ᠨᠢ ᠳᠣᠣᠷᠠᠳᠠᠵᠤ ᠬᠡᠪ ᠤᠨ | ᠬᠡᠮᠵᠢᠶ᠎ᠡ ᠠᠴᠠ ᠳᠣᠣᠷ᠎ᠠ ᠪᠣᠯᠪᠠᠯ ᠴᠢᠰᠤᠨ | ᠳᠠᠷᠤᠯᠲᠠ ᠶᠢ ᠪᠠᠭᠤᠷᠠᠭᠤᠯᠬᠤ ᠡᠮ ᠤᠨ | ᠬᠡᠮᠵᠢᠶ᠎ᠡ ᠶᠢ ᠪᠠᠭᠠᠰᠬᠠᠬᠤ ᠪᠤᠶᠤ | ᠴᠢᠨᠠᠭᠰᠢᠯᠠᠪᠠᠯ ᠬᠡᠷᠡᠭᠯᠡᠬᠦ ᠪᠠᠨ | ᠵᠣᠭᠰᠣᠵᠤ᠂ ᠴᠢᠰᠤᠨ ᠳᠠᠷᠤᠯᠲᠠ ᠨᠢ ᠬᠡᠪ ᠤᠨ | ᠪᠠᠶᠢᠳᠠᠯ ᠳᠤ ᠪᠠᠨ ᠣᠷᠣᠭᠰᠠᠨ ᠤ ᠳᠠᠷᠠᠭ᠎ᠠ | ᠰᠠᠶ᠋ᠢ ᠵᠤᠷᠰᠢᠯ ᠶᠣᠰᠣᠭᠠᠷ ᠬᠡᠷᠡᠭᠯᠡᠨ᠎ᠡ᠃ | ᠨᠥᠭᠦᠭᠡ ᠨᠢᠭᠡ ᠨᠢ ᠴᠢᠰᠤᠨ ᠰᠢᠬᠢᠷ ᠢ | ᠪᠠᠭᠤᠷᠠᠭᠤᠯᠬᠤ ᠡᠮ ᠪᠣᠯᠣᠨ᠎ᠠ᠂ ᠨᠠᠰᠤᠲᠠᠶᠢᠴᠤᠳ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ | ᠨᠡᠷᠪᠡᠭᠳᠡᠭᠰᠡᠨ ᠤ ᠳᠠᠷᠠᠭ᠎ᠠ ᠢᠳᠡᠬᠦ | ᠬᠤᠭᠤᠯᠠᠨ ᠤ ᠬᠡᠮᠵᠢᠶ᠎ᠡ ᠨᠢ ᠮᠠᠰᠢ ᠪᠠᠭᠠᠳᠠᠵᠤ | ᠮᠡᠳᠡᠨ᠎ᠡ᠂ ᠡᠶᠢᠮᠦ ᠠᠴᠠ ᠪᠢᠳᠡ ᠴᠢᠰᠤᠨ | ᠰᠢᠬᠢᠷ ᠤᠨ ᠬᠤᠪᠢᠷᠠᠯᠲᠠ ᠶᠢ ᠬᠢᠨᠠᠨ | ᠰᠢᠨᠵᠢᠯᠡᠵᠦ᠂ ᠴᠢᠰᠤᠨ ᠰᠢᠬᠢᠷ ᠳᠣᠣᠷ᠎ᠠ | ᠪᠣᠯᠬᠤ ᠠᠴᠠ ᠰᠡᠷᠭᠡᠶᠢᠯᠡᠬᠦ ᠬᠡᠷᠡᠭᠲᠡᠢ᠃ | ᠬᠠᠮᠤᠭ ᠤᠨ ᠰᠡᠬᠦᠯ ᠳᠤ᠂ ᠨᠠᠰᠤᠲᠠᠶᠢᠴᠤᠳ ᠲᠤ | ᠣᠨᠴᠠᠭᠠᠶᠢᠯᠠᠨ ᠰᠠᠨᠠᠭᠤᠯᠬᠤ ᠨᠢ᠂ | ᠨᠠᠰᠤᠲᠠᠶᠢᠴᠤᠳ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠳᠤ ᠨᠡᠷᠪᠡᠭᠳᠡᠪᠡᠯ᠂ | ᠲᠣᠭᠲᠠᠪᠤᠷᠢᠵᠢᠭᠤᠯᠬᠤ ᠴᠢᠳᠠᠪᠤᠷᠢ ᠨᠢ | ᠪᠠᠭᠤᠷᠠᠳᠠᠭ᠂ ᠵᠠᠯᠠᠭᠤᠴᠤᠳ ᠲᠤ ᠴᠤ ᠡᠶᠢᠮᠦ | ᠲᠥᠷᠥᠭᠳᠡᠯ ᠪᠠᠶᠢᠵᠤ ᠮᠡᠳᠡᠨ᠎ᠡ᠃ | ᠬᠠᠯᠠᠭᠤᠷᠠᠭᠰᠠᠨ ᠤ ᠲᠠᠷᠠᠭ᠎ᠠ ᠵᠠᠮ | ᠶᠠᠪᠤᠬᠤ ᠳᠤ ᠪᠠᠨ ᠵᠢᠭᠠᠬᠠᠨ ᠬᠠᠶᠢᠪᠠᠯᠵᠠᠬᠤ | ᠪᠣᠯᠣᠨ᠎ᠠ᠂ ᠨᠠᠰᠤᠲᠠᠶᠢᠴᠤᠳ ᠲᠤ ᠡᠶᠢᠮᠦ | ᠪᠠᠶᠢᠳᠠᠯ ᠭᠠᠷᠤᠭᠰᠠᠨ ᠤ ᠲᠠᠷᠠᠭ᠎ᠠ ᠮᠠᠰᠢ | ᠠᠮᠠᠷᠬᠠᠨ ᠣᠶᠢᠴᠢᠳᠠᠭ᠂ ᠣᠶᠢᠴᠢᠭᠰᠠᠨ ᠤ | ᠲᠠᠷᠠᠭ᠎ᠠ ᠠᠮᠠᠷᠬᠠᠨ ᠶᠠᠰᠤ ᠬᠤᠭᠤᠷᠠᠳᠠᠭ ᠶᠤᠮ᠃ | ᠡᠶᠢᠮᠦ ᠠᠴᠠ ᠨᠠᠰᠤᠲᠠᠶᠢᠴᠤᠳ ᠬᠠᠯᠠᠭᠤᠷᠠᠬᠤ᠂ | ᠨᠡᠯᠢᠶᠡᠳ ᠲᠠᠮᠢᠷᠳᠠᠬᠤ ᠦᠶ᠎ᠡ ᠳᠤ | ᠣᠶᠢᠴᠢᠬᠤ ᠠᠴᠠ ᠣᠨᠴᠠ ᠰᠡᠷᠭᠡᠶᠢᠯᠡᠬᠦ | ᠬᠡᠷᠡᠭᠲᠡᠢ᠃ ᠶᠠᠮᠠᠷ ᠪᠠᠶᠢᠳᠠᠯ ᠳᠤ | ᠨᠠᠰᠤᠲᠠᠶᠢᠴᠤᠳ ᠤᠨ ᠡᠮᠨᠡᠯᠭᠡ ᠳᠤ ᠣᠴᠢᠵᠤ | ᠡᠮᠨᠡᠭᠦᠯᠬᠦ ᠶᠢ ᠪᠣᠳᠣᠯᠬᠢᠯᠠᠬᠤ ᠴᠢᠬᠤᠯᠠᠲᠠᠢ | ᠪᠣᠶ ᠨᠢᠭᠡᠳᠦᠭᠡᠷ ᠲᠤ᠂ ᠡᠪᠡᠳᠴᠢᠨ ᠤ | ᠢᠯᠡᠷᠡᠯ ᠨᠢ ᠦᠷᠭᠦᠯᠵᠢᠯᠡᠬᠦ ᠪᠤᠶᠤ | ᠬᠦᠨᠳᠦᠷᠡᠬᠦ᠂ ᠵᠢᠱᠢᠶᠡᠯᠡᠪᠡᠯ ᠦᠷᠭᠦᠯᠵᠢᠯᠡᠨ | ᠬᠠᠯᠠᠭᠤᠷᠠᠬᠤ ᠪᠤᠶᠤ ᠴᠢᠨᠠᠭᠰᠢᠯᠠᠪᠠᠯ | ᠬᠦᠨᠳᠦᠷᠡᠬᠦ ᠬᠠᠨᠳᠤᠰᠢ ᠲᠠᠢ᠃ | ᠬᠤᠶᠠᠳᠤᠭᠠᠷ ᠲᠤ᠂ ᠰᠢᠨ᠎ᠡ ᠡᠪᠡᠳᠴᠢᠨ ᠤ ᠰᠢᠨᠵᠢ | ᠢᠯᠡᠷᠡᠬᠦ᠂ ᠵᠢᠱᠢᠶᠡᠯᠡᠪᠡᠯ ᠴᠡᠭᠡᠵᠢ ᠡᠪᠡᠳᠬᠦ᠂ | ᠠᠮᠢᠰᠬᠤᠯ ᠴᠢᠬᠤᠯᠳᠠᠬᠤ᠂ ᠥᠳᠬᠡᠨ ᠰᠢᠩᠭᠡᠨ ᠮᠥᠷ | ᠠᠯᠳᠠᠭᠳᠠᠬᠤ ᠪᠤᠶᠤ ᠭᠡᠨᠡᠳᠲᠡ ᠮᠥᠴᠢ ᠪᠠᠨ | ᠬᠥᠳᠡᠯᠭᠡᠵᠦ ᠳᠡᠶᠢᠯᠬᠦ ᠦᠭᠡᠢ ᠪᠣᠯᠬᠤ᠂ | ᠣᠨᠴᠠᠭᠠᠶᠢᠯᠠᠨ ᠥᠷᠥᠭᠡᠰᠦᠨ ᠲᠠᠯ᠎ᠠ ᠶᠢᠨ | ᠮᠥᠴᠢ ᠶᠢᠨ ᠬᠥᠳᠡᠯᠭᠡᠭᠡᠨ ᠬᠢᠵᠦ ᠳᠡᠶᠢᠯᠬᠦ | ᠦᠭᠡᠢ ᠪᠣᠯᠬᠤ᠂ ᠡᠰᠡᠬᠦᠯ᠎ᠡ ᠬᠤᠭᠤᠯᠠ ᠢᠳᠡᠵᠦ | ᠳᠡᠶᠢᠯᠬᠦ ᠦᠭᠡᠢ ᠪᠣᠯᠬᠤ᠂ ᠳᠤᠷ᠎ᠠ ᠪᠣᠯᠭᠢᠵᠤ | ᠪᠥᠭᠡᠯᠵᠢᠬᠦ ᠪᠠᠶᠢᠳᠠᠯ ᠢᠯᠡᠷᠡᠬᠦ᠂ ᠡᠰᠡᠬᠦᠯ᠎ᠡ | ᠳᠠᠩᠳᠠ ᠤᠨᠲᠠᠬᠤ ᠪᠠᠶᠢᠳᠠᠯ ᠲᠠᠢ ᠪᠣᠯᠬᠤ᠂ | ᠬᠥᠮᠥᠨ ᠢ ᠲᠠᠨᠢᠬᠤ ᠦᠭᠡᠢ ᠪᠣᠯᠬᠤ᠂ ᠲᠣᠭᠲᠠᠭᠰᠠᠨ | ᠴᠢᠭᠯᠡᠯ ᠤᠨ ᠰᠠᠭᠠᠳ ᠲᠠᠢ ᠪᠣᠯᠬᠤ ᠵᠡᠷᠭᠡ ᠨᠢ | ᠪᠦᠷ ᠠᠶᠤᠯ ᠲᠦᠭᠰᠢᠭᠦᠷᠢ ᠶᠢᠨ ᠳᠣᠬᠢᠶ᠎ᠠ | ᠪᠣᠯᠣᠨ᠎ᠠ᠃ ᠡᠭᠦᠨ ᠠᠴᠠ ᠭᠠᠳᠠᠨ᠎ᠠ᠂ ᠰᠠᠭᠤᠷᠢ | ᠡᠪᠡᠳᠴᠢᠨ ᠨᠢ ᠬᠦᠨᠳᠦᠷᠡᠬᠦ᠂ ᠵᠢᠱᠢᠶᠡᠯᠡᠪᠡᠯ | ᠨᠠᠰᠤᠲᠠᠶᠢᠴᠤᠳ ᠤᠤᠯ ᠳᠤ ᠪᠠᠨ ᠵᠢᠷᠦᠬᠡᠨ ᠤ | ᠲᠢᠲᠢᠮ ᠡᠪᠡᠳᠴᠢᠨ ᠲᠠᠢ ᠪᠣᠯ᠂ ᠵᠢᠷᠦᠬᠡ | ᠪᠠᠵᠠᠯᠠᠨ ᠡᠪᠡᠳᠬᠦ ᠢᠯᠡᠷᠡᠯ ᠲᠠᠢ᠂ ᠤᠤᠯ ᠨᠢ | ᠠᠭᠤᠰᠬᠢᠨ ᠤ ᠠᠷᠬᠠᠭ ᠡᠪᠡᠳᠴᠢᠨ ᠪᠤᠶᠤ | ᠠᠭᠰᠠᠭ᠎ᠠ ᠲᠠᠢ ᠪᠣᠯ᠂ ᠠᠭᠤᠰᠬᠢᠨ ᠤ ᠠᠷᠬᠠᠭ | ᠡᠪᠡᠳᠴᠢᠨ ᠪᠠ ᠠᠭᠰᠠᠭ᠎ᠠ ᠨᠢ ᠬᠦᠨᠳᠦᠷᠡᠬᠦ | ᠢᠯᠡᠷᠡᠯ ᠲᠠᠢ ᠪᠠᠶᠢᠵᠤ᠂ ᠬᠦᠨᠳᠦᠷᠡᠬᠦ | ᠦᠶ᠎ᠡ ᠳᠤ ᠨᠠᠰᠤᠲᠠᠶᠢᠴᠤᠳ ᠡᠷᠬᠡᠪᠰᠢ | ᠡᠮᠨᠡᠭᠦᠯᠬᠦ ᠴᠢᠬᠤᠯᠠᠲᠠᠢ ᠶᠢ ᠣᠨᠴᠠᠭᠠᠶᠢᠯᠠᠨ | ᠰᠠᠨᠠᠭᠤᠯᠵᠤ ᠪᠠᠶᠢᠨ᠎ᠠ᠃ ᠡᠭᠦᠨ ᠠᠴᠠ | ᠭᠠᠳᠠᠨ᠎ᠠ᠂ ᠵᠠᠷᠢᠮ ᠰᠠᠭᠤᠷᠢ ᠡᠪᠡᠳᠴᠢᠨ ᠤ ᠲᠣᠰ | ᠪᠡᠶ᠎ᠡ ᠨᠢ ᠲᠣᠭᠲᠠᠭᠤᠨ ᠪᠤᠰᠤ ᠪᠠᠶᠢᠳᠠᠭ᠂ | ᠵᠢᠱᠢᠶᠡᠯᠡᠪᠡᠯ ᠠᠮᠢᠰᠬᠤᠯ ᠤᠨ ᠰᠢᠰᠲ᠋ᠧᠮ ᠤᠨ | ᠬᠦᠨᠳᠦ ᠡᠪᠡᠳᠴᠢᠨ ᠲᠠᠢ᠂ ᠵᠢᠷᠦᠬᠡᠨ ᠤ ᠬᠦᠨᠳᠦ | ᠡᠪᠡᠳᠴᠢᠨ ᠲᠠᠢ᠂ ᠡᠰᠡᠬᠦᠯ᠎ᠡ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ | ᠸᠠᠺᠼᠢᠨ ᠤ ᠲᠠᠷᠢᠯᠭ᠎ᠠ ᠬᠢᠭᠰᠡᠨ ᠦᠭᠡᠢ 80 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠣᠯ | ᠬᠦᠨᠳᠦ ᠢᠯᠡᠷᠡᠯ ᠲᠠᠢ ᠰᠢᠨ᠎ᠡ ᠲᠢᠲᠢᠮᠯᠢᠭ | ᠠᠭᠤᠰᠬᠢᠨ ᠦᠷᠪᠢᠰᠦᠯ᠂ ᠠᠶᠤᠯ ᠶᠡᠬᠡᠲᠡᠢ | ᠬᠥᠮᠥᠰ ᠤᠨ ᠳᠤᠮᠳᠠ ᠠᠶᠤᠯ ᠶᠡᠬᠡᠲᠡᠢ ᠬᠥᠮᠥᠰ | ᠪᠣᠯᠬᠤᠷ ᠣᠨᠴᠠᠭᠠᠶ ᠠᠩᠬᠠᠷᠬᠤ ᠴᠢᠬᠤᠯᠠᠲᠠᠢ | ᠶᠤᠮ᠃ ᠶᠠᠭᠠᠬᠢᠭᠠᠳ ᠸᠠᠺᠼᠢᠨ ᠤ ᠲᠠᠷᠢᠯᠭ᠎ᠠ | ᠬᠢᠭᠰᠡᠨ ᠦᠭᠡᠢ ᠨᠠᠰᠤᠲᠠᠶᠢᠴᠤᠳ ᠤᠨ ᠠᠶᠤᠯ | ᠲᠦᠭᠰᠢᠭᠦᠷᠢ ᠨᠢ ᠶᠡᠭᠡ ᠪᠠᠶᠢᠳᠠᠭ ᠪᠣᠶ | ᠡᠭᠦᠨ ᠳᠤ ᠬᠤᠶᠠᠷ ᠰᠢᠯᠲᠠᠭᠠᠨ ᠪᠣᠶ᠂ ᠨᠢᠭᠡ ᠳᠤ᠂ | ᠨᠠᠰᠤ ᠨᠢ ᠨᠡᠮᠡᠭᠳᠡᠬᠦ ᠶᠢ ᠳᠠᠭᠠᠯᠳᠤᠨ᠂ | ᠲᠡᠭᠦᠨ ᠤ ᠡᠭᠡᠯᠢᠯᠡᠭᠡ ᠶᠢᠨ ᠴᠢᠳᠠᠪᠤᠷᠢ ᠨᠢ | ᠮᠠᠭᠤᠳᠠᠵᠤ ᠪᠠᠶᠢᠨ᠎ᠠ᠂ ᠬᠤᠶᠠᠷ ᠲᠤ᠂ ᠣᠯᠠᠩᠬᠢ | ᠨᠠᠰᠤᠲᠠᠶᠢᠴᠤᠳ ᠴᠥᠮ ᠰᠠᠭᠤᠷᠢ ᠴᠢᠨᠠᠷᠲᠠᠢ | ᠡᠪᠡᠳᠴᠢᠨ ᠳᠤ ᠨᠡᠷᠪᠡᠭᠳᠡᠵᠦ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠳᠤ | ᠨᠡᠷᠪᠡᠭᠳᠡᠭᠰᠡᠨ ᠤ ᠳᠠᠷᠠᠭ᠎ᠠ᠂ ᠡᠨᠡ ᠬᠦ | ᠰᠠᠭᠤᠷᠢ ᠴᠢᠨᠠᠷᠲᠠᠢ ᠡᠪᠡᠳᠴᠢᠨ ᠢ ᠬᠦᠨᠳᠦᠷᠡᠬᠦ | ᠲᠦᠭᠰᠢᠭᠦᠷᠢ ᠲᠠᠢ ᠪᠠᠶᠢᠳᠠᠭ᠃ ᠡᠶᠢᠮᠦ | ᠪᠠᠶᠢᠳᠠᠯ ᠳᠣᠣᠷ᠎ᠠ᠂ ᠨᠠᠰᠤᠲᠠᠶᠢᠴᠤᠳ | ᠭᠠᠭᠴᠠᠭᠠᠷ ᠰᠠᠭᠤᠵᠤ ᠪᠠᠶᠢᠭᠰᠠᠨ ᠴᠤ ᠲᠡᠷᠡ᠂ | ᠭᠡᠷ ᠤᠨ ᠬᠥᠮᠥᠰ ᠲᠠᠢ ᠪᠠᠨ ᠬᠠᠮᠲᠤ ᠰᠠᠭᠤᠵᠤ | ᠪᠠᠶᠢᠭᠰᠠᠨ ᠴᠤ ᠲᠡᠷᠡ᠂ ᠸᠠᠺᠼᠢᠨ ᠤ | ᠲᠠᠷᠢᠯᠭ᠎ᠠ ᠶᠢ ᠬᠢᠵᠦ ᠳᠠᠭᠤᠰᠬᠠᠭᠰᠠᠨ ᠦᠭᠡᠢ ᠯᠡ | ᠶᠤᠮ ᠪᠣᠯ᠂ ᠲᠠᠷᠢᠯᠭ᠎ᠠ ᠶᠢ ᠬᠢᠵᠦ | ᠳᠠᠭᠤᠰᠬᠠᠬᠤ ᠶᠢ ᠰᠠᠨᠠᠭᠤᠯᠵᠤ ᠪᠠᠶᠢᠨ᠎ᠠ᠃ | ᠡᠭᠦᠨ ᠳᠤ ᠪᠥᠬᠦ ᠶᠠᠪᠤᠴᠠ ᠶᠢᠨ ᠲᠠᠷᠢᠯᠭ᠎ᠠ᠂ | ᠴᠢᠩᠭᠠᠳᠬᠠᠬᠤ ᠲᠠᠷᠢᠯᠭ᠎ᠠ ᠶᠢ ᠪᠠᠭᠲᠠᠭᠠᠨ᠎ᠠ᠃ | ᠡᠭᠦᠨ ᠠᠴᠠ ᠡᠮᠦᠨ᠎ᠡ ᠨᠥᠬᠦᠴᠡᠯ ᠳᠤ | ᠨᠡᠶᠢᠴᠡᠬᠦ ᠦᠭᠡᠢ ᠨᠠᠰᠤᠲᠠᠶᠢᠴᠤᠳ ᠲᠤ | ᠬᠡᠵᠢᠶᠡᠳᠡ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠸᠠᠺᠼᠢᠨ ᠤ ᠲᠠᠷᠢᠯᠭ᠎ᠠ ᠬᠢᠵᠦ | ᠪᠣᠯᠬᠤ ᠦᠭᠡᠢ ᠦᠦ︖ ᠸᠠᠺᠼᠢᠨ ᠤ ᠲᠠᠷᠢᠯᠭ᠎ᠠ | ᠬᠢᠬᠦ ᠶᠠᠪᠤᠴᠠ ᠳᠤ ᠪᠢᠳᠡ ᠡᠶᠢᠮᠦ ᠨᠢᠭᠡᠨ | ᠴᠢᠩᠭ᠎ᠠ ᠴᠡᠭᠡᠷ ᠪᠠᠶᠢᠳᠠᠭ᠂ ᠲᠤᠬᠠᠶᠢᠯᠠᠪᠠᠯ | ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ | ᠬᠦᠨᠳᠦ ᠨᠣᠴᠢᠲᠠᠢ ᠬᠠᠷᠰᠢᠮᠠᠲᠠᠭᠠᠢ ᠤᠷᠪᠠᠯ | ᠭᠠᠷᠤᠭᠰᠠᠨ ᠪᠣᠯ ᠡᠨᠡ ᠬᠦ ᠸᠠᠺᠼᠢᠨ ᠢ ᠳᠠᠬᠢᠵᠤ | ᠳᠠᠷᠢᠵᠤ ᠪᠣᠯᠬᠤ ᠦᠭᠡᠢ᠃ ᠪᠤᠰᠤᠳ ᠣᠯᠠᠩᠬᠢ | ᠪᠠᠶᠢᠳᠠᠯ ᠨᠢ ᠴᠥᠮ ᠠᠯᠭᠤᠷ ᠲᠠᠷᠢᠯᠭ᠎ᠠ ᠬᠢᠵᠦ | ᠪᠣᠯᠬᠤ ᠪᠠᠶᠢᠳᠠᠯ ᠳᠤ ᠲᠣᠭᠠᠴᠠᠭᠳᠠᠨ᠎ᠠ᠂ | ᠡᠭᠦᠨ ᠳᠤ ᠡᠮᠦᠨᠡᠬᠢ ᠬᠤᠭᠤᠴᠠᠭᠠᠨ ᠳᠤ ᠰᠠᠭᠤᠷᠢ | ᠴᠢᠨᠠᠷᠲᠠᠢ ᠡᠪᠡᠳᠴᠢᠨ ᠠᠴᠠ ᠪᠣᠯᠵᠤ ᠦᠨᠡᠯᠡᠨ | ᠵᠢᠱᠢᠬᠦ ᠶᠠᠪᠤᠴᠠ ᠳᠤ ᠸᠠᠺᠼᠢᠨ ᠤ ᠲᠠᠷᠢᠯᠭ᠎ᠠ | ᠬᠢᠵᠦ ᠪᠣᠯᠬᠤ ᠦᠭᠡᠢ ᠪᠠᠶᠢᠳᠠᠯ ᠢ | ᠪᠠᠭᠲᠠᠭᠠᠨ᠎ᠠ᠂ ᠡᠭᠦᠨ ᠳᠤ ᠣᠯᠠᠩᠬᠢ ᠨᠢ ᠠᠯᠭᠤᠷ | ᠲᠠᠷᠢᠯᠭ᠎ᠠ ᠬᠢᠬᠦ ᠪᠠᠶᠢᠳᠠᠯ ᠳᠤ | ᠲᠣᠭᠠᠴᠠᠭᠳᠠᠨ᠎ᠠ᠃ ᠬᠡᠷᠪᠡ ᠨᠠᠰᠤᠲᠠᠶᠢᠴᠤᠳ | ᠰᠠᠭᠤᠷᠢ ᠴᠢᠨᠠᠷᠲᠠᠢ ᠡᠪᠡᠳᠴᠢᠨ ᠲᠠᠢ ᠪᠣᠯ | ᠡᠬᠢᠨ ᠤ ᠬᠤᠭᠤᠴᠠᠭᠠᠨ ᠳᠤ ᠲᠦᠷᠭᠡᠨ ᠴᠢᠨᠠᠷᠲᠠᠢ | ᠬᠥᠳᠡᠯᠬᠦ ᠬᠤᠭᠤᠴᠠᠭᠠᠨ ᠳᠤ ᠣᠷᠣᠰᠢᠵᠤ᠂ ᠬᠡᠰᠡᠭ | ᠬᠤᠭᠤᠴᠠᠭ᠎ᠠ ᠡᠮᠨᠡᠭᠦᠯᠦᠭᠰᠡᠨ ᠤ ᠳᠠᠷᠠᠭ᠎ᠠ | ᠲᠣᠭᠲᠠᠮᠠᠯ ᠬᠤᠭᠤᠴᠠᠭᠠᠨ ᠳᠤ ᠣᠷᠣᠰᠢᠬᠤ᠂ | ᠥᠭᠡᠷ᠎ᠡ ᠪᠠᠷ ᠬᠡᠯᠡᠪᠡᠯ ᠣᠨᠴᠠᠭᠠᠶ | ᠵᠠᠰᠠᠯ ᠠᠴᠠ ᠪᠣᠯᠵᠤ ᠸᠠᠺᠼᠢᠨ ᠤ ᠲᠠᠷᠢᠯᠭ᠎ᠠ | ᠬᠢᠵᠦ ᠪᠣᠯᠬᠤ ᠦᠭᠡᠢ ᠪᠠᠶᠢᠭᠰᠠᠨ ᠪᠣᠯ᠂ | ᠡᠶᠢᠮᠦᠷᠬᠦᠦ ᠣᠨᠴᠠᠭᠠᠶ ᠵᠠᠰᠠᠯ ᠨᠢ | ᠳᠠᠭᠤᠰᠤᠭᠰᠠᠨ ᠤ ᠳᠠᠷᠠᠭ᠎ᠠ ᠡᠲᠡᠭᠡᠷ ᠬᠥᠮᠥᠰ | ᠴᠥᠮ ᠲᠠᠷᠢᠯᠭ᠎ᠠ ᠬᠢᠬᠦ ᠶᠢ ᠪᠣᠳᠣᠯᠬᠢᠯᠠᠵᠤ | ᠪᠣᠯᠣᠨ᠎ᠠ᠃ ᠢᠯᠠᠩᠭᠤᠶ᠎ᠠ ᠣᠳᠣᠬᠠᠨ ᠳᠤ | ᠡᠶᠢᠮᠦᠷᠬᠦᠦ ᠬᠢᠵᠢᠭ ᠳᠡᠯᠭᠡᠷᠡᠬᠦ | ᠬᠦᠴᠦᠯᠡᠴᠡ ᠨᠢ ᠨᠡᠯᠢᠶᠡᠳ ᠴᠢᠩᠭ᠎ᠠ᠂ | ᠬᠠᠯᠳᠠᠪᠤᠷᠢᠯᠠᠬᠤ ᠡᠬᠢ ᠰᠤᠷᠪᠤᠯᠵᠢ ᠨᠢ | ᠨᠡᠯᠢᠶᠡᠳ ᠠᠷᠪᠢᠨ ᠪᠠᠶᠢᠬᠤ ᠪᠠᠶᠢᠳᠠᠯ ᠳᠣᠣᠷ᠎ᠠ᠂ | ᠡᠲᠡᠭᠡᠷ ᠬᠥᠮᠥᠰ ᠲᠤ ᠳᠠᠬᠢᠨᠲᠠ ᠦᠨᠡᠯᠡᠨ | ᠵᠢᠱᠢᠯᠲᠡ ᠬᠢᠵᠦ ᠲᠠᠷᠢᠯᠭ᠎ᠠ ᠬᠢᠵᠦ ᠪᠣᠯᠬᠤ ᠳᠤ | ᠬᠦᠷᠪᠡᠯ ᠳᠠᠷᠤᠢ ᠲᠠᠷᠢᠯᠭ᠎ᠠ ᠬᠢᠵᠦ ᠪᠣᠯᠣᠨ᠎ᠠ᠃ | ᠵᠢᠷᠦᠬᠡ ᠴᠢᠰᠤᠨ ᠰᠤᠳᠠᠯ ᠤᠨ ᠡᠪᠡᠳᠴᠢᠲᠡᠨ | ᠵᠢᠷᠦᠬᠡ ᠴᠢᠰᠤᠨ ᠰᠤᠳᠠᠯ ᠤᠨ ᠡᠪᠡᠳᠴᠢᠲᠡᠨ | ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ | ᠣᠨᠣᠰᠢᠯᠠᠭᠳᠠᠭᠰᠠᠨ ᠤ ᠳᠠᠷᠠᠭ᠎ᠠ᠂ | ᠭᠡᠷ ᠲᠤ ᠪᠠᠨ ᠡᠮᠨᠡᠨ ᠵᠠᠰᠠᠬᠤ ᠳᠤ ᠶᠠᠭᠤ ᠶᠢ | ᠠᠩᠬᠠᠷᠪᠠᠯ ᠵᠣᠬᠢᠬᠤ ᠪᠣᠢ ᠤᠤᠯ ᠨᠢ | ᠵᠢᠷᠦᠬᠡ ᠴᠢᠰᠤᠨ ᠰᠤᠳᠠᠯ ᠤᠨ ᠰᠠᠭᠤᠷᠢ | ᠡᠪᠡᠳᠴᠢᠨ ᠲᠠᠢ ᠬᠥᠮᠥᠰ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠳᠤ ᠨᠡᠷᠪᠡᠭᠳᠡᠭᠰᠡᠨ ᠴᠦ | ᠰᠠᠨᠠᠭ᠎ᠠ ᠵᠣᠪᠠᠭ᠋ᠤ ᠬᠡᠷᠡᠭ ᠦᠭᠡᠢ᠂ ᠲᠡᠳᠡ | ᠭᠡᠷ ᠲᠤ ᠪᠠᠨ ᠰᠠᠭᠤᠵᠤ ᠤᠤᠯ ᠤᠨ | ᠡᠪᠡᠳᠴᠢᠨ ᠢᠶᠠᠨ ᠰᠠᠶᠢᠲᠤᠷ ᠵᠠᠰᠠᠭᠤᠯᠬᠤ | ᠬᠡᠷᠡᠭᠲᠡᠢ᠂ ᠲᠡᠳᠡᠨᠦᠰ ᠤᠨ ᠣᠯᠠᠩᠬᠢ ᠨᠢ ᠪᠦᠷ | ᠵᠢᠷᠦᠬᠡᠨ ᠤ ᠲᠢᠲᠢᠮ ᠡᠪᠡᠳᠴᠢᠨ᠂ ᠴᠢᠰᠤᠨ | ᠳᠠᠷᠤᠯᠲᠠ ᠥᠨᠳᠥᠷ ᠡᠪᠡᠳᠴᠢᠨ ᠪᠤᠶᠤ ᠵᠢᠷᠦᠬᠡ | ᠮᠠᠭᠤᠳᠠᠬᠤ ᠮᠡᠲᠦ ᠶᠢᠨ ᠡᠪᠡᠳᠴᠢᠨ ᠳᠤ | ᠨᠡᠷᠪᠡᠭᠳᠡᠵᠦ᠂ ᠪᠦᠷ ᠰᠠᠭᠤᠷᠢ ᠡᠪᠡᠳᠴᠢᠨ ᠤ ᠡᠮ | ᠤᠤᠭᠤᠵᠤ ᠪᠠᠶᠢᠳᠠᠭ᠃ ᠶᠡᠭᠡ ᠪᠠᠷ | ᠬᠠᠯᠠᠭᠤᠷᠠᠭᠰᠠᠨ ᠤ ᠳᠠᠷᠠᠭ᠎ᠠ ᠤᠰᠤ ᠠᠷᠪᠢᠨ | ᠤᠤᠭᠤᠪᠠᠯ ᠵᠢᠷᠦᠬᠡ ᠮᠠᠭᠤᠳᠠᠬᠤ ᠢᠯᠡᠷᠡᠯ ᠢ | ᠨᠥᠯᠥᠭᠡᠯᠡᠵᠦ ᠮᠡᠳᠡᠨ᠎ᠡ᠂ ᠵᠢᠱᠢᠶᠡᠯᠡᠪᠡᠯ | ᠪᠤᠯᠴᠢᠩ ᠮᠢᠬ᠎ᠠ ᠱᠠᠷᠬᠢᠷᠠᠵᠤ ᠡᠪᠡᠳᠬᠦ ᠶᠢ | ᠨᠠᠮᠳᠠᠭᠤᠯᠬᠤ ᠡᠮ ᠪᠠ ᠵᠢᠷᠦᠬᠡ ᠴᠢᠰᠤᠨ | ᠰᠤᠳᠠᠯ ᠤᠨ ᠵᠠᠰᠠᠯ ᠤᠨ ᠡᠮ ᠵᠡᠷᠭᠡ ᠨᠢ | ᠣᠳᠣᠬᠠᠨ ᠳᠤ ᠲᠡᠳᠡᠭᠡᠷ ᠤᠨ ᠬᠤᠭᠤᠷᠣᠨᠳᠣᠬᠢ | ᠡᠰᠡᠷᠭᠦ ᠦᠢᠯᠡᠳᠦᠯ ᠢ ᠬᠠᠷᠠᠬᠠᠨ ᠣᠯᠵᠤ | ᠮᠡᠳᠡᠭᠡᠳᠦᠢ᠂ ᠡᠶᠢᠮᠦ ᠠᠴᠠ ᠰᠠᠨᠠᠭ᠎ᠠ | ᠵᠣᠪᠠᠭᠰᠠᠨ ᠤ ᠬᠡᠷᠡᠭ ᠠᠯᠠᠭ᠎ᠠ᠃ ᠤᠴᠢᠷ ᠨᠢ | ᠠᠩᠬᠠᠷᠬᠤ ᠴᠢᠬᠤᠯᠠᠲᠠᠢ ᠭᠤᠣᠯ ᠠᠰᠠᠭᠤᠳᠠᠯ | ᠭᠡᠪᠡᠯ ᠵᠢᠷᠦᠬᠡ ᠴᠢᠰᠤᠨ ᠰᠤᠳᠠᠯ ᠤᠨ | ᠡᠪᠡᠳᠴᠢᠨ ᠢ ᠡᠭᠦᠰᠬᠡᠬᠦ ᠪᠠ ᠬᠦᠨᠳᠦᠷᠡᠭᠦᠯᠬᠦ | ᠶᠠᠪᠤᠳᠠᠯ ᠪᠠᠶᠢᠵᠤ᠂ ᠵᠢᠷᠦᠬᠡᠨ ᠤ ᠰᠠᠭᠤᠷᠢ | ᠡᠪᠡᠳᠴᠢᠨ ᠢ ᠰᠠᠶᠢᠲᠤᠷ ᠵᠠᠰᠠᠬᠤ ᠳᠤ᠂ ᠤᠤᠯ ᠤᠨ | ᠪᠠᠶᠢᠭᠰᠠᠨ ᠵᠢᠷᠦᠬᠡ ᠴᠢᠰᠤᠨ ᠰᠤᠳᠠᠯ ᠤᠨ | ᠡᠪᠡᠳᠴᠢᠨ ᠤ ᠡᠮ ᠢᠶᠠᠨ ᠰᠠᠶᠢᠲᠤᠷ | ᠬᠡᠷᠡᠭᠯᠡᠵᠦ᠂ ᠪᠡᠶ᠎ᠡ ᠮᠠᠬᠠᠪᠤᠳ ᠤᠨ | ᠡᠭᠡᠯᠢᠯᠡᠭᠡ ᠶᠢᠨ ᠴᠢᠳᠠᠯ ᠢᠶᠠᠨ | ᠨᠡᠮᠡᠭᠳᠡᠭᠦᠯᠦᠨ᠂ ᠤᠨᠲᠠᠯᠭ᠎ᠠ ᠪᠠᠨ | ᠰᠠᠶᠢᠵᠢᠷᠠᠭᠤᠯᠵᠤ᠂ ᠪᠤᠬᠢᠨᠢᠳᠤᠵᠤ ᠵᠣᠪᠠᠭ᠋ᠤ | ᠪᠣᠳᠣᠯ ᠢ ᠲᠡᠪᠴᠢᠬᠦ ᠬᠡᠷᠡᠭᠲᠡᠢ᠃ ᠣᠯᠠᠩᠬᠢ | ᠵᠢᠷᠦᠬᠡᠨ ᠤ ᠡᠪᠡᠳᠴᠢᠲᠡᠨ ᠨᠢ ᠮᠠᠰᠢ ᠣᠯᠠᠨ | ᠨᠠᠵᠠᠭᠠᠢ ᠰᠤᠷᠠᠭ ᠴᠢᠮᠡᠭᠡ ᠶᠢ ᠣᠯᠵᠤ | ᠰᠣᠨᠣᠰᠤᠭᠰᠠᠭᠠᠷ ᠳᠠᠷᠤᠢ ᠡᠪᠡᠳᠴᠢᠨ ᠨᠢ | ᠬᠦᠨᠳᠦᠷᠡᠳᠡᠭ᠃ ᠡᠶᠢᠮᠦ ᠠᠴᠠ ᠠᠶᠤᠵᠤ | ᠰᠦᠷᠳᠡᠭᠰᠡᠨ ᠤ ᠬᠡᠷᠡᠭ ᠦᠭᠡᠢ᠂ ᠡᠶᠢᠮᠦᠷᠬᠦᠦ | ᠰᠡᠳᠬᠢᠴᠡ ᠶᠢ ᠢᠯᠠᠨ ᠳᠠᠪᠠᠭ᠋ᠤ ᠬᠡᠷᠡᠭᠲᠡᠢ᠃ | ᠡᠭᠦᠨ ᠠᠴᠠ ᠭᠠᠳᠠᠨ᠎ᠠ ᠤᠷᠲᠤ ᠬᠤᠭᠤᠴᠠᠭ᠎ᠠ ᠪᠠᠷ | ᠤᠤᠭᠤᠵᠤ ᠪᠠᠶᠢᠭᠰᠠᠨ ᠵᠢᠷᠦᠬᠡ ᠴᠢᠰᠤᠨ | ᠰᠤᠳᠠᠯ ᠤᠨ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠡᠮ ᠢᠶᠠᠨ ᠵᠣᠭᠰᠣᠭᠠᠵᠤ ᠪᠣᠯᠬᠤ | ᠦᠭᠡᠢ᠂ ᠡᠮ ᠤᠤᠭᠤᠬᠤ ᠪᠠᠨ ᠵᠣᠭᠰᠣᠪᠠᠯ | ᠡᠪᠡᠳᠴᠢᠨ ᠢ ᠡᠭᠦᠰᠬᠡᠬᠦ ᠪᠤᠶᠤ | ᠬᠦᠨᠳᠦᠷᠡᠭᠦᠯᠵᠦ ᠮᠡᠳᠡᠨ᠎ᠡ᠃ ᠬᠡᠷᠪᠡ | ᠦᠷᠭᠦᠯᠵᠢᠯᠡᠭᠰᠡᠨ ᠴᠢᠨᠠᠷᠲᠠᠢ ᠴᠡᠭᠡᠵᠢ | ᠡᠪᠡᠳᠬᠦ ᠳᠤ ᠬᠦᠷᠪᠡᠯ ᠡᠮᠨᠡᠯᠭᠡ ᠳᠤ ᠣᠴᠢᠵᠤ | ᠪᠠᠶᠢᠴᠠᠭᠠᠯᠭᠠᠬᠤ ᠬᠡᠷᠡᠭᠲᠡᠢ᠃ | ᠡᠮᠨᠡᠯᠭᠡ ᠶᠢᠨ ᠬᠤᠷᠢᠶ᠎ᠠ 24 ᠴᠠᠭ ᠲᠤ ᠪᠦᠷ | ᠨᠡᠭᠡᠭᠡᠯᠲᠡᠲᠡᠢ ᠪᠠᠶᠢᠵᠤ᠂ ᠤᠯᠠᠮ ᠨᠢᠭᠡ ᠠᠯᠬᠤᠮ | ᠣᠨᠣᠰᠢᠯᠠᠬᠤ ᠪᠠ ᠡᠮᠨᠡᠨ ᠵᠠᠰᠠᠭᠤᠯᠵᠤ | ᠪᠣᠯᠣᠨ᠎ᠠ᠃ ᠵᠢᠷᠦᠬᠡ ᠴᠢᠰᠤᠨ ᠰᠤᠳᠠᠯ ᠤᠨ | ᠡᠪᠡᠳᠴᠢᠲᠡᠨ ᠬᠠᠯᠳᠠᠪᠤᠷᠢᠯᠠᠯ ᠢ ᠬᠡᠷᠬᠢᠨ | ᠰᠡᠷᠭᠡᠶᠢᠯᠡᠬᠦ ᠪᠣᠢ︖ ᠤᠤᠯ ᠳᠤ ᠪᠠᠨ | ᠵᠢᠷᠦᠬᠡ ᠴᠢᠰᠤᠨ ᠰᠤᠳᠠᠯ ᠤᠨ ᠡᠪᠡᠳᠴᠢᠨ ᠲᠠᠢ | ᠬᠥᠮᠥᠰ᠂ ᠣᠨᠴᠠᠭᠠᠶᠢᠯᠠᠨ ᠴᠢᠰᠤᠨ ᠳᠠᠷᠤᠯᠲᠠ | ᠥᠨᠳᠥᠷ᠂ ᠵᠢᠷᠦᠬᠡᠨ ᠤ ᠲᠢᠲᠢᠮ ᠡᠪᠡᠳᠴᠢᠨ᠂ | ᠵᠢᠷᠦᠬᠡ ᠮᠠᠭᠤᠳᠠᠬᠤ ᠵᠡᠷᠭᠡ ᠡᠪᠡᠳᠴᠢᠲᠡᠨ᠂ | ᠪᠠᠰᠠ ᠵᠢᠷᠦᠬᠡᠨ ᠤ ᠵᠠᠰᠠᠯ ᠬᠢᠯᠭᠡᠭᠰᠡᠨ | ᠡᠪᠡᠳᠴᠢᠲᠡᠨ᠂ ᠡᠰᠡᠬᠦᠯ᠎ᠡ ᠵᠢᠷᠦᠬᠡᠨ ᠤ ᠭᠠᠳᠠᠷ | ᠮᠡᠰᠡ ᠵᠠᠰᠠᠯ ᠬᠢᠯᠭᠡᠭᠰᠡᠨ ᠡᠪᠡᠳᠴᠢᠲᠡᠨ | ᠭᠡᠷ ᠲᠤ ᠪᠠᠨ ᠰᠠᠭᠤᠬᠤ ᠳᠤ ᠪᠠᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ | ᠬᠠᠯᠳᠠᠪᠤᠷᠢᠯᠠᠯ ᠠᠴᠠ ᠣᠨᠴᠠᠭᠠᠶᠢᠯᠠᠨ | ᠰᠡᠷᠭᠡᠶᠢᠯᠡᠬᠦ ᠬᠡᠷᠡᠭᠲᠡᠢ᠃ ᠳᠣᠣᠷᠠᠬᠢ | ᠳᠥᠷᠪᠡᠨ ᠲᠠᠯ᠎ᠠ ᠨᠢ ᠣᠯᠠᠨ ᠤᠯᠤᠰ ᠤᠨ ᠡᠷᠡᠭᠦᠯ | ᠬᠠᠮᠠᠭᠠᠯᠠᠯ ᠤᠨ ᠵᠣᠬᠢᠶᠠᠨ | ᠪᠠᠶᠢᠭᠤᠯᠤᠯᠲᠠ ᠠᠴᠠ ᠲᠣᠭᠲᠠᠭᠠᠭᠰᠠᠨ ᠭᠡᠷ | ᠪᠦᠯᠢ ᠶᠢᠨ ᠠᠮᠢᠳᠤᠷᠠᠯ ᠤᠨ ᠵᠠᠷᠴᠢᠮ | ᠪᠣᠯᠣᠨ᠎ᠠ᠄ ᠨᠢᠭᠡᠳᠦᠭᠡᠷ ᠲᠤ᠂ ᠢᠳᠡᠭᠡᠨ | ᠤᠮᠳᠠᠭᠠᠨ ᠢᠶᠠᠨ ᠵᠣᠬᠢᠰᠲᠠᠢ ᠪᠠᠶᠢᠯᠭᠠᠬᠤ | ᠬᠡᠷᠡᠭᠲᠡᠢ᠃ ᠰᠢᠬᠢᠷ ᠲᠣᠰᠣ ᠳᠠᠪᠤᠰᠤ ᠶᠢ | ᠬᠡᠲᠦᠷᠡᠲᠡᠯ᠎ᠡ ᠢᠳᠡᠪᠡᠯ ᠯᠠᠪᠲᠠᠢ ᠡᠷᠡᠭᠦᠯ | ᠮᠡᠨᠳᠦ ᠳᠤ ᠠᠰᠢᠭ ᠦᠭᠡᠢ ᠪᠠᠶᠢᠵᠤ᠂ ᠵᠢᠷᠦᠬᠡᠨ ᠤ | ᠳᠠᠭᠠᠭᠠᠴᠠ ᠶᠢ ᠨᠡᠮᠡᠭᠳᠡᠭᠦᠯᠦᠨ᠎ᠡ᠂ | ᠡᠶᠢᠮᠦ ᠠᠴᠠ ᠵᠠᠪᠠᠯ ᠰᠢᠬᠢᠷ ᠲᠣᠰᠣ ᠳᠠᠪᠤᠰᠤ | ᠢᠳᠡᠬᠦ ᠬᠡᠮᠵᠢᠶ᠎ᠡ ᠪᠠᠨ ᠬᠢᠵᠠᠭᠠᠷᠯᠠᠬᠤ | ᠬᠡᠷᠡᠭᠲᠡᠢ᠃ ᠬᠤᠶᠠᠳᠤᠭᠠᠷ ᠲᠤ᠂ | ᠲᠠᠮᠠᠬᠢ ᠪᠠᠨ ᠵᠣᠭᠰᠣᠵᠤ ᠠᠷᠢᠬᠢ ᠪᠠᠨ | ᠬᠢᠵᠠᠭᠠᠷᠯᠠᠨ᠎ᠠ᠃ ᠣᠯᠠᠩᠬᠢ ᠬᠥᠮᠥᠰ 65 | ᠭᠷᠡᠳᠦ᠋ᠰ ᠠᠴᠠ ᠳᠡᠭᠡᠭᠰᠢᠬᠢ ᠠᠷᠢᠬᠢ ᠨᠢ | ᠰᠢᠨ᠎ᠡ ᠲᠢᠲᠢᠮᠯᠢᠭ ᠸᠢᠷᠦ᠋ᠰ ᠢ ᠠᠯᠠᠵᠤ | ᠳᠡᠶᠢᠯᠦᠨ᠎ᠡ ᠭᠡᠵᠦ ᠦᠵᠡᠳᠡᠭ᠂ ᠭᠡᠪᠡᠴᠦ ᠠᠷᠢᠬᠢ | ᠤᠤᠭᠤᠪᠠᠯ ᠯᠠᠪᠲᠠᠢ ᠤᠷᠢᠳ ᠢᠶᠠᠷ ᠵᠢᠷᠦᠬᠡᠨ | ᠡᠪᠡᠳᠴᠢᠨ ᠢ ᠬᠥᠳᠡᠯᠭᠡᠨ᠎ᠡ᠃ ᠡᠶᠢᠮᠦ ᠠᠴᠠ | ᠲᠠᠮᠠᠬᠢ ᠪᠠᠨ ᠵᠣᠭᠰᠣᠵᠤ ᠠᠷᠢᠬᠢ ᠪᠠᠨ | ᠬᠢᠵᠠᠭᠠᠷᠯᠠᠬᠤ ᠨᠢ ᠵᠢᠷᠦᠬᠡ ᠴᠢᠰᠤᠨ | ᠰᠤᠳᠠᠯ ᠤᠨ ᠡᠪᠡᠳᠴᠢᠨ ᠳᠤ ᠯᠠᠪ ᠠᠰᠢᠭᠲᠠᠢ | ᠭᠡᠳᠡᠭ ᠢ ᠣᠯᠠᠨ ᠳᠤ ᠰᠠᠨᠠᠭᠤᠯᠵᠤ ᠪᠠᠶᠢᠨ᠎ᠠ᠃ | ᠭᠤᠷᠪᠠᠳᠤᠭᠠᠷ ᠲᠤ᠂ ᠵᠣᠬᠢᠬᠤ ᠬᠡᠮᠵᠢᠶᠡᠨ ᠤ | ᠬᠥᠳᠡᠯᠭᠡᠭᠡᠨ ᠬᠢᠨ᠎ᠡ᠃ ᠭᠡᠷ ᠲᠤ ᠪᠠᠨ ᠪᠠᠶᠢᠬᠤ | ᠬᠤᠭᠤᠴᠠᠭᠠᠨ ᠳᠤ ᠪᠠᠨ ᠵᠢᠷᠦᠬᠡ ᠴᠢᠰᠤᠨ | ᠰᠤᠳᠠᠯ ᠤᠨ ᠰᠠᠭᠤᠷᠢ ᠡᠪᠡᠳᠴᠢᠨ ᠲᠠᠢ ᠪᠣᠯ | ᠶᠡᠷᠦ ᠳᠤ ᠪᠠᠨ ᠪᠤᠯᠴᠢᠩ ᠤᠨ ᠬᠥᠳᠡᠯᠭᠡᠭᠡᠨ | ᠬᠢᠬᠦ ᠶᠢ ᠠᠩᠬᠠᠷᠴᠤ᠂ ᠬᠦᠴᠢᠯᠲᠥ᠋ᠷᠥᠭᠴᠢ ᠦᠭᠡᠢ | ᠬᠥᠳᠡᠯᠭᠡᠭᠡᠨ ᠬᠢᠵᠦ᠂ ᠶᠠᠯᠢᠩ ᠡᠷᠭᠦᠬᠦ ᠪᠤᠶᠤ | ᠤᠰᠤᠨ ᠯᠣᠩᠬᠤ ᠪᠠᠷ ᠮᠥᠴᠢ ᠶᠢᠨ ᠬᠥᠳᠡᠯᠭᠡᠭᠡᠨ | ᠬᠢᠵᠦ ᠪᠣᠯᠣᠨ᠎ᠠ᠂ ᠮᠥᠴᠢ ᠶᠢᠨ | ᠬᠥᠳᠡᠯᠭᠡᠭᠡᠨ ᠨᠢ ᠵᠢᠷᠦᠬᠡᠨ ᠤ ᠠᠵᠢᠯᠯᠠᠭ᠎ᠠ | ᠪᠠ ᠵᠢᠷᠦᠬᠡᠨ ᠤ ᠴᠢᠰᠤᠨ ᠰᠤᠳᠠᠯ ᠳᠤ ᠪᠦᠷ | ᠰᠠᠶᠢᠨ ᠪᠠᠶᠢᠳᠠᠭ᠃ ᠳᠥᠷᠪᠡᠳᠦᠭᠡᠷ ᠲᠤ᠂ | ᠰᠡᠳᠬᠢᠯ ᠰᠠᠨᠠᠭ᠎ᠠ ᠪᠠᠨ ᠲᠠᠶᠢᠪᠤᠭᠤᠨ | ᠪᠠᠶᠢᠯᠭᠠᠨ᠎ᠠ᠃ ᠠᠶᠤᠵᠤ ᠰᠦᠷᠳᠡᠬᠦ ᠶᠢ ᠢᠯᠠᠨ | ᠳᠠᠪᠠᠭ᠋ᠤ ᠬᠡᠷᠡᠭᠲᠡᠢ᠃ ᠡᠨᠡ ᠬᠦ ᠰᠢᠨ᠎ᠡ | ᠲᠢᠲᠢᠮᠯᠢᠭ ᠸᠢᠷᠦ᠋ᠰ ᠨᠢ ᠶᠠᠭ ᠪᠢᠳᠡᠨ ᠤ | ᠲᠡᠯᠡᠶ ᠪᠠᠷ ᠠᠶᠠᠯᠠᠬᠤ ᠲᠠᠢ ᠠᠳᠠᠯᠢ ᠪᠠᠶᠢᠵᠤ᠂ | ᠯᠠᠪᠲᠠᠢ ᠢᠯᠠᠨ ᠳᠠᠪᠠᠵᠤ ᠴᠢᠳᠠᠨ᠎ᠠ᠃ ᠵᠢᠷᠦᠬᠡ | ᠴᠢᠰᠤᠨ ᠰᠤᠳᠠᠯ ᠤᠨ ᠡᠪᠡᠳᠴᠢᠨ ᠢᠶᠠᠨ | ᠬᠦᠨᠳᠦᠷᠡᠭᠦᠯᠵᠦ ᠪᠣᠯᠬᠤ ᠦᠭᠡᠢ᠂ ᠭᠡᠷ ᠲᠤ ᠪᠠᠨ | ᠰᠠᠭᠤᠬᠤ ᠳᠤ ᠪᠠᠨ ᠴᠤ ᠡᠪᠡᠳᠴᠢᠨ ᠡᠭᠦᠰᠴᠦ | ᠬᠦᠨᠳᠦᠷᠡᠬᠦ ᠠᠴᠠ ᠰᠡᠷᠭᠡᠶᠢᠯᠡᠬᠦ | ᠬᠡᠷᠡᠭᠲᠡᠢ᠃ | | | | | | | | | | |