| 12 ᠰᠠᠷ᠎ᠠ ᠶᠢᠨ 25 ᠤ ᠡᠳᠦᠷ᠂ ᠸᠠᠩ ᠯᠢ ᠰᠢᠶᠠ ᠬᠥᠬᠡᠬᠤᠲᠠ ᠳᠤ ᠭᠤᠤᠯᠳᠠᠯᠭ᠎ᠠ ᠲᠠᠢ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠢ ᠪᠠᠶᠢᠴᠠᠭᠠᠨ ᠰᠤᠳᠤᠯᠪᠠ᠃ | ᠸᠠᠩ ᠯᠢ ᠰᠢᠶᠠ ᠪᠤᠭᠤᠲᠤ ᠶᠢᠨ ᠶᠡᠭᠡ ᠵᠡᠭᠡᠯᠢ᠂ ᠦᠬᠠᠢ ᠶᠢᠨ ᠵᠡᠭᠦᠨ ᠵᠡᠭᠡᠯᠢ᠂ ᠶᠢᠨ ᠱᠧᠩ ᠶᠡᠭᠡ ᠬᠥᠭᠦᠷᠭᠡ | ᠶᠢᠨ ᠡᠮᠦᠨ᠎ᠡ ᠬᠡᠰᠡᠭ᠂ ᠵᠤᠤ ᠤᠳᠠ ᠵᠠᠮ ᠤᠨ ᠡᠮᠦᠨ᠎ᠡ ᠬᠡᠰᠡᠭ ᠢ ᠤᠷᠲᠤᠳᠬᠠᠬᠤ᠂ ᠬᠢᠩᠭᠠᠨ ᠡᠮᠦᠨ᠎ᠡ ᠵᠠᠮ ᠵᠡᠷᠭᠡ | ᠬᠡᠰᠡᠭ ᠵᠠᠮ ᠤᠨ 《 ᠲᠦᠭᠵᠢᠷᠡᠯ 》 ᠤᠨ ᠲᠡᠷᠭᠡ ᠨᠡᠪᠲᠡᠷᠡᠭᠰᠡᠨ ᠪᠠᠶᠢᠳᠠᠯ ᠢ ᠲᠤᠰ ᠲᠤᠰ ᠪᠠᠶᠢᠴᠠᠭᠠᠨ ᠰᠤᠳᠤᠯᠪᠠ | ᠃ ᠲᠡᠷᠡ᠂ ᠵᠠᠮ ᠤᠨ ᠪᠥᠲᠥᠭᠡᠨ ᠪᠠᠶᠢᠭᠤᠯᠤᠯᠲᠠ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠂ | 《 ᠮᠤᠬᠤᠷ ᠵᠠᠮ 》 ᠢ ᠴᠢᠨᠠᠭᠰᠢᠳᠠ ᠨᠡᠪᠲᠡᠷᠡᠭᠦᠯᠵᠦ᠂ 《 ᠪᠢᠴᠢᠯ ᠣᠷᠴᠢᠯ 》 ᠢ ᠰᠢᠯᠤᠭᠤᠳᠬᠠᠵᠤ᠂ ᠥᠷᠭᠡᠨ | ᠣᠯᠠᠨ ᠬᠤᠲᠠ ᠶᠢᠨ ᠠᠷᠠᠳ ᠲᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠬᠡᠷᠡᠭᠲᠡᠶ ᠭᠡᠵᠦ ᠴᠢᠬᠤᠯᠴᠢᠯᠠᠵᠠᠢ᠃ | | | | | | | | | | | ᠸᠠᠩ ᠯᠢ ᠰᠢᠶᠠ ᠭᠤᠷᠪᠠᠳᠤᠭᠠᠷ ᠲᠣᠭᠤᠷᠢᠯ ᠵᠠᠮ ᠤᠨ ᠡᠮᠦᠨ᠎ᠡ ᠱᠤᠭᠤᠮ᠂ ᠬᠤᠷᠴᠢᠨ ᠤ ᠵᠦᠷᠢᠯᠢᠭ ᠬᠥᠭᠦᠷᠭᠡ | ᠂ ᠬᠥᠬᠡᠬᠤᠲᠠ ᠵᠡᠭᠦᠨᠭᠠᠷ ᠤᠨ ᠵᠦᠷᠢᠯᠢᠭ ᠬᠥᠭᠦᠷᠭᠡ᠂ ᠶᠢᠨ ᠬᠠᠢ ᠵᠠᠮ ᠤᠨ ᠵᠡᠭᠦᠨᠰᠢ ᠰᠤᠨᠤᠭᠰᠠᠨ ᠬᠡᠰᠡᠭ ᠵᠡᠷᠭᠡ ᠵᠠᠮ | ᠤᠨ ᠬᠡᠰᠡᠭ ᠤᠨ ᠲᠡᠷᠭᠡ ᠨᠡᠪᠲᠡᠷᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠸᠠᠩ ᠯᠢ | ᠰᠢᠶᠠ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠳᠡᠨ ᠠᠴᠠ ᠡᠭᠦᠰᠴᠦ᠂ ᠨᠠᠷᠢᠨ ᠨᠢᠮᠪᠠᠶ | ᠵᠢᠷᠤᠵᠤ ᠲᠥᠯᠥᠪᠯᠡᠨ᠂ ᠣᠨᠴᠠᠯᠢᠭ ᠢ ᠳᠣᠪᠣᠶᠢᠯᠭᠠᠵᠤ᠂ ᠬᠠᠷᠢᠯᠴᠠᠨ ᠨᠡᠪᠲᠡᠷᠡᠯᠴᠡᠬᠦ ᠵᠦᠷᠢᠯᠢᠭ ᠬᠥᠭᠦᠷᠭᠡ ᠵᠡᠷᠭᠡ | ᠵᠠᠩᠭᠢᠯᠠᠭ᠎ᠠ ᠶᠢᠨ ᠴᠡᠭ ᠲᠤ ᠨᠣᠭᠤᠭᠠᠷᠠᠭᠤᠯᠬᠤ᠂ ᠭᠡᠷᠡᠯᠲᠦᠭᠦᠯᠬᠦ ᠢᠨᠵᠧᠨᠧᠷᠢᠩ ᠢ ᠨᠢᠭᠡᠳᠦᠯᠲᠡᠶ ᠲᠥᠯᠥᠪᠵᠢᠭᠦᠯᠦᠨ | ᠰᠠᠶᠢᠲᠤᠷ ᠪᠠᠶᠢᠭᠤᠯᠵᠤ᠂ ᠲᠡᠭᠦᠨ ᠢ 《 ᠦᠵᠡᠰᠬᠦᠯᠡᠩᠲᠦ ᠰᠠᠶᠢᠬᠠᠨ ᠬᠥᠬᠡᠬᠤᠲᠠ᠂ ᠲᠠᠯ᠎ᠠ ᠨᠤᠲᠤᠭ ᠤᠨ ᠲᠣᠮᠣ | ᠬᠤᠲᠠ 》 ᠶᠢᠨ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠪᠠᠷ ᠴᠢᠷᠮᠠᠶᠢᠬᠤ ᠬᠡᠷᠡᠭᠲᠡᠶ ᠭᠡᠵᠦ | ᠬᠡᠯᠡᠪᠡ᠃ | | | | | | | | | | ᠮᠠ ᠽᠥᠩ ᠱᠠᠨ ᠠᠭᠤᠯᠠ ᠶᠢᠨ ᠴᠡᠨᠡᠯᠡᠯᠲᠡ ᠶᠢᠨ ᠲᠠᠯᠠᠪᠠᠢ ᠳᠤ᠂ ᠸᠠᠩ ᠯᠢ ᠰᠢᠶᠠ ᠮᠥᠰᠥ ᠴᠠᠰᠤᠨ ᠤ | ᠤᠯᠠᠷᠢᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠴᠡᠨᠡᠯᠡᠯᠲᠡ ᠶᠢᠨ ᠲᠠᠯᠠᠪᠠᠢ ᠶᠢᠨ ᠰᠢᠨ᠎ᠡ ᠪᠠᠷ | ᠨᠡᠮᠡᠭᠳᠡᠭᠰᠡᠨ ᠥᠷᠭᠡᠳᠬᠡᠨ ᠪᠠᠶᠢᠭᠤᠯᠬᠤ ᠲᠦᠷᠦᠯ ᠵᠦᠢᠯ ᠵᠢᠴᠢ ᠮᠥᠰᠥ ᠴᠠᠰᠤᠨ ᠤ ᠤᠯᠠᠷᠢᠯ ᠤᠨ ᠬᠤᠯᠪᠣᠭᠳᠠᠯ | ᠪᠦᠬᠦᠢ ᠪᠠᠶᠢᠳᠠᠯ ᠢ ᠨᠠᠷᠢᠨ ᠣᠶᠢᠯᠠᠭᠠᠵᠤ᠂ ᠬᠦᠯᠢᠶᠡᠨ ᠠᠪᠬᠤ ᠲᠥᠪ ᠤᠨ ᠬᠤᠭᠤᠯᠠᠨ ᠭᠡᠷ ᠤᠨ ᠬᠤᠭᠤᠯᠠ ᠪᠤᠳᠠᠭᠠᠨ | ᠤ ᠦᠨ᠎ᠡ ᠶᠢ ᠯᠠᠪᠯᠠᠨ ᠠᠰᠠᠭᠤᠭᠰᠠᠨ ᠪᠥᠭᠡᠳ ᠴᠡᠨᠡᠯᠡᠯᠲᠡ ᠶᠢᠨ ᠳᠤᠷ᠎ᠠ ᠪᠠᠭ᠋ᠠᠲᠠᠳ ᠲᠠᠢ ᠳᠣᠲᠣᠨᠣ ᠪᠠᠷ ᠶᠠᠷᠢᠯᠴᠠᠪᠠ᠃ | ᠲᠡᠷᠡ᠂ ᠴᠠᠰᠤᠨ ᠳᠤ ᠭᠤᠯᠭᠤᠬᠤ ᠲᠠᠯᠠᠪᠠᠢ ᠳᠤ ᠲᠦᠷᠪᠡᠨ ᠤᠯᠠᠷᠢᠯ ᠤᠨ ᠡᠵᠡᠩᠨᠡᠯᠲᠡ ᠶᠢᠨ ᠵᠠᠭᠪᠤᠷ ᠢ ᠢᠳᠡᠪᠬᠢᠲᠡᠢ | ᠰᠦᠪᠡᠭᠴᠢᠯᠡᠵᠦ᠂ ᠦᠷᠭᠦᠯᠵᠢᠯᠡᠬᠦ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ 《 ᠬᠦᠢᠳᠡᠨ | ᠡᠬᠢ ᠪᠠᠶᠠᠯᠢᠭ 》 ᠢ ᠦᠷᠭᠦᠯᠵᠢᠯᠡᠨ ᠬᠥᠭᠵᠢᠶᠡᠨ ᠲᠠᠢ ᠪᠣᠯᠭᠠᠬᠤ ᠬᠡᠷᠡᠭᠲᠡᠢ ᠭᠡᠵᠦ ᠬᠡᠯᠡᠪᠡ᠃ | ᠪᠣᠣ ᠭᠠᠩ ᠲᠣᠰ ᠠᠵᠢᠯᠯᠠᠭ᠎ᠠ ᠳᠤ ᠣᠷᠣᠯᠴᠠᠵᠠᠢ᠃ | | | | | | | | | | | ᠁ |