| | 12 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠰᠢᠨ᠎ᠡ ᠡᠨᠧᠷᠭᠢ ᠶᠢᠨ ᠬᠦᠷᠢᠶᠡᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ | ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠶ᠎ᠠ ᠲᠠᠯᠪᠢᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠬᠦ ᠳᠠᠭᠤᠯᠠ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ | ᠶᠢᠨ ᠲᠡᠷᠢᠭᠦᠯᠡᠭᠴᠢ ᠠᠨ ᠷᠦᠨ ᠱᠧᠩ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠠᠵᠤ ᠠᠬᠤᠶᠢᠯᠠᠯᠲᠠᠨ ᠤ ᠲᠥᠯᠥᠭᠡᠯᠡᠭᠴᠢ ᠰᠢᠨ᠎ᠡ ᠡᠨᠧᠷᠭᠢ ᠶᠢᠨ ᠠᠵᠤ | ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠣᠭᠤᠷᠢᠨ ᠳᠤ ᠶᠠᠷᠢᠶ᠎ᠠ ᠲᠠᠯᠪᠢᠵᠤ᠂ ᠴᠥᠭᠡᠨ ᠪᠤᠰᠤ | ᠦᠨ᠎ᠡ ᠦᠷᠳᠡᠭ ᠲᠠᠢ ᠰᠠᠨᠠᠯ ᠰᠠᠨᠠᠭᠤᠯᠭ᠎ᠠ ᠳᠤᠷᠠᠳᠴᠠᠢ᠃ ᠬᠤᠸᠠᠩ ᡁᠢ ᠴᠢᠶᠠᠩ᠂ ᠮᠠᠨ ᠤ ᠣᠷᠣᠨ ᠤ 《 ᠦᠩᠭᠡ | ᠦᠵᠡᠮᠵᠢ ᠬᠢᠵᠠᠭᠠᠯᠠᠰᠢ ᠦᠭᠡᠢ ᠰᠠᠶᠢᠬᠠᠨ ᠪᠠᠶᠢᠨ᠎ᠠ 》᠂ ᠡᠯ᠎ᠡ ᠠᠵᠤ ᠠᠬᠤᠶᠢᠯᠠᠯᠲᠠᠳ ᠠᠵᠠ ᠲᠣᠬᠢᠶᠠᠯ ᠢ | ᠡᠵᠡᠮᠳᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠲᠥᠪ ᠤᠨ ᠪᠠ ᠪᠦᠬᠦ ᠣᠷᠣᠨ ᠤ ᠠᠵᠤ ᠠᠬᠤᠢ ᠶᠢᠨ ᠠᠵᠢᠯ | ᠤᠨ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠡᠨᠧᠷᠭᠢ ᠶᠢᠨ ᠬᠦᠷᠢᠶᠡᠨ ᠳᠤ ᠥᠷᠯᠥᠭᠡ | ᠦᠳᠡᠰᠢ ᠶᠢ ᠲᠡᠮᠡᠴᠡᠨ᠂ ᠶᠡᠭᠡ ᠪᠠᠷ ᠠᠵᠢᠯᠯᠠᠵᠤ ᠲᠦᠷᠭᠡᠨ ᠬᠥᠭᠵᠢᠭᠦᠯᠵᠦ᠂ ᠵᠣᠷᠢᠭᠲᠠᠢ ᠬᠥᠭᠵᠢᠭᠦᠯᠵᠦ᠂ ᠪᠦᠬᠦ ᠠᠵᠤ | ᠦᠢᠯᠡᠰ ᠤᠨ ᠬᠡᠯᠬᠢᠶ᠎ᠡ ᠶᠢ ᠴᠣᠭᠴᠠᠯᠠᠬᠤ᠂ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠥᠷᠭᠡᠳᠬᠡᠬᠦ᠂ ᠲᠡᠷᠢᠭᠦᠨ ᠤ | ᠮᠡᠷᠭᠡᠵᠢᠯ ᠢ ᠬᠡᠷᠡᠭᠯᠡᠬᠦ᠂ ᠵᠠᠬ᠎ᠠ ᠳᠡᠯᠭᠡᠭᠦᠷᠴᠢᠯᠡᠨ ᠰᠢᠩᠭᠡᠭᠡᠬᠦ ᠶᠢ ᠥᠷᠭᠡᠳᠬᠡᠬᠦ᠂ ᠠᠵᠤ ᠠᠬᠤᠶᠢᠯᠠᠯ ᠤᠨ ᠰᠲ᠋ᠣᠺ ᠢᠶᠠᠨ | ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ᠂ ᠪᠦᠯᠬᠦᠮ ᠪᠠᠶᠢᠭᠤᠯᠤᠨ ᠬᠥᠭᠵᠢᠭᠦᠯᠬᠦ ᠶᠢ ᠠᠬᠢᠭᠤᠯᠬᠤ ᠲᠠᠯ᠎ᠠ ᠪᠠᠷ | ᠬᠦᠴᠦ ᠣᠷᠣᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠥᠪᠥᠷ ᠮᠣᠩᠭᠤᠯ ᠤᠨ ᠰᠢᠨ᠎ᠡ | ᠡᠨᠧᠷᠭᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃ | | | | | | | | | | | ᠁ |