| | 12 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ᠶᠠᠷᠢᠯᠴᠠᠬᠤ ᠬᠤᠷᠠᠯ ᠬᠤᠷᠠᠯᠳᠤᠭᠤᠯᠵᠤ᠂ 2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ | ᠲᠤᠬᠠᠶ ᠰᠠᠨᠠᠯ ᠰᠠᠨᠠᠭᠤᠯᠭ᠎ᠠ ᠬᠤᠷᠢᠶᠠᠪᠠ᠃ ᠸᠠᠩ ᠯᠢ ᠰᠢᠶᠠ ᠶᠠᠷᠢᠯᠴᠠᠬᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ | ᠲᠠᠯᠪᠢᠪᠠ᠃ | ᠶᠠᠷᠢᠯᠴᠠᠬᠤ ᠬᠤᠷᠠᠯ ᠳᠡᠭᠡᠷ᠎ᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ 2023 ᠣᠨ ᠤ ᠬᠠᠷᠠᠯᠲᠠ ᠡᠭᠦᠷᠭᠡ᠂ ᠠᠵᠤ ᠦᠶᠯᠡᠰ ᠤᠨ ᠬᠥᠭᠵᠢᠯᠲᠡ᠂ ᠡᠳ᠋ ᠤᠨ ᠵᠠᠰᠠᠭ ᠭᠠᠶᠢᠯᠢ ᠶᠢᠨ | ᠲᠥᠷᠥ ᠶᠢᠨ ᠪᠣᠳᠣᠯᠭ᠎ᠠ᠂ ᠣᠯᠠᠨ ᠨᠡᠶᠢᠲᠡ ᠶᠢᠨ ᠦᠶᠯᠡᠴᠢᠯᠡᠭᠡ᠂ ᠭᠠᠳᠠᠭᠠᠳᠤ ᠨᠡᠭᠡᠭᠡᠯᠲᠡ᠂ ᠣᠷᠣᠨ ᠪᠦᠰᠡ ᠶᠢᠨ | ᠵᠣᠬᠢᠴᠠᠩᠭᠤᠶ ᠬᠥᠭᠵᠢᠯᠲᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠤᠨ ᠲᠣᠭᠤᠷᠢᠨ ᠳᠤ | ᠪᠣᠳᠠᠲᠠᠶ ᠰᠠᠨᠠᠯ ᠰᠠᠨᠠᠭᠤᠯᠭ᠎ᠠ ᠳᠤᠷᠠᠳᠴᠠᠶ᠃ | ᠸᠠᠩ ᠯᠢ ᠰᠢᠶᠠ ᠰᠣᠨᠣᠰᠬᠤ ᠶᠢᠨ ᠳᠠᠭᠠᠤ ᠲᠡᠮᠳᠡᠭᠯᠡᠵᠦ᠂ ᠪᠠᠶᠢᠨ ᠪᠠᠶᠢᠨ ᠤᠯᠠᠨ ᠲᠠᠢ ᠰᠠᠨᠠᠯ ᠢᠶᠠᠨ | ᠭᠦᠨᠵᠡᠭᠡᠢ ᠰᠣᠯᠢᠯᠴᠠᠪᠠ᠃ ᠲᠡᠷᠡ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ | ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠬᠤ ᠪᠠᠷ ᠠᠵᠠ ᠲᠣᠬᠢᠶᠠᠯ ᠪᠣᠯᠭᠠᠵᠤ᠂ ᠡᠯ᠎ᠡ ᠲᠠᠯ᠎ᠠ ᠶᠢᠨ ᠤᠶᠤᠨ | ᠤᠬᠠᠭᠠᠨ ᠢ ᠨᠢᠭᠲᠠᠷᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠢᠷᠡᠬᠦ ᠵᠢᠯ ᠤᠨ | ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠰᠢᠰᠲ᠋ᠧᠮ ᠲᠠᠢ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ | ᠬᠡᠷᠡᠭᠲᠡᠢ᠃ ᠬᠤᠷᠠᠯ ᠳᠤ ᠣᠷᠣᠯᠴᠠᠭᠰᠠᠨ ᠨᠥᠬᠦᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠨ | ᠬᠤᠷᠢᠶᠠᠩᠭᠤᠶᠢᠯᠠᠵᠤ᠂ ᠭᠦᠢᠴᠡᠳ ᠰᠢᠩᠭᠡᠭᠡᠨ ᠠᠪᠴᠤ᠂ ᠤᠯᠠᠮ ᠴᠢᠨᠠᠭᠰᠢᠳᠠ ᠨᠠᠷᠢᠯᠢᠭ ᠵᠠᠰᠠᠵᠤ᠂ ᠦᠨᠡᠨ ᠢ | ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠭᠰᠠᠨ᠂ ᠬᠥᠮᠦᠰ ᠢ | ᠤᠷᠮᠠᠰᠢᠭᠤᠯᠤᠨ ᠵᠣᠷᠢᠭᠵᠢᠭᠤᠯᠤᠭᠰᠠᠨ ᠰᠠᠶᠢᠨ ᠮᠡᠳᠡᠭᠦᠯᠦᠯᠲᠡ ᠬᠢᠬᠦ ᠬᠡᠷᠡᠭᠲᠡᠢ ᠭᠡᠵᠦ ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠵᠠᠩ ᠱᠤᠤ ᠴᠦᠨ᠂ ᠪᠦ᠋ᠦ | ᠰᠢᠶᠠᠨ ᠬᠤᠸᠠ᠂ ᠵᠧᠩ ᠭᠤᠸᠠᠩ ᠵᠤᠤ ᠶᠠᠷᠢᠯᠴᠠᠬᠤ ᠬᠤᠷᠠᠯ ᠳᠤ ᠣᠷᠣᠯᠴᠠᠵᠠᠢ᠃ | | | | | | | | | | | | ᠁ |