ᠦᠬᠠᠶ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠡᠮ ᠡᠮᠨᠡᠯᠭᠡ ᠡᠷᠡᠭᠦᠯ ᠬᠠᠮᠠᠭᠠᠯᠠᠯ  ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠢᠳᠡᠪᠬᠢᠲᠡᠶ ᠠᠬᠢᠭᠤᠯᠪᠠ
ᠨᠡᠶᠢᠲᠡᠯᠡᠭᠰᠡᠨ ᠴᠠᠭ᠄
2022/12/27
     ᠣᠶᠢᠷ᠎ᠠ ᠶᠢᠨ ᠵᠢᠯ ᠳᠤ᠂ ᠦᠬᠠᠶ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠷᠥᠯ ᠬᠤᠪᠢᠶᠠᠨ ᠵᠢᠯᠣᠭᠤᠳᠬᠤ ᠪᠠᠨ ᠲᠠᠰᠤᠷᠠᠯᠲᠠ ᠥᠬᠡᠶ ᠴᠢᠩᠭᠠᠳᠬᠠᠵᠤ᠂ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠦᠬᠠᠶ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠢ ᠢᠳᠡᠪᠬᠢᠲᠡᠶ ᠪᠠᠳᠠᠷᠠᠭᠤᠯᠵᠤ᠂ ᠦᠬᠠᠶ ᠬᠤᠲᠠ ᠶᠢᠨ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃      ᠦᠬᠠᠶ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠡᠯ᠎ᠡ ᠲᠥᠷᠥᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠢ ᠢᠳᠡᠪᠬᠢᠲᠡᠶ ᠴᠤᠭᠯᠠᠭᠤᠯᠬᠤ ᠪᠠᠷ ᠳᠠᠮᠵᠢᠭᠤᠯᠤᠨ ᠲᠥᠷᠥᠯ ᠵᠦᠶᠯ ᠤᠨ ᠨᠥᠭᠡᠴᠡ ᠪᠣᠯᠭᠠᠵᠤ᠂ ᠰᠢᠯᠢᠳᠡᠭ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠲᠥᠷᠥᠯ ᠵᠦᠶᠯ ᠢᠶᠠᠷ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠤᠨ ᠲᠠᠨᠢᠯᠴᠠᠭᠤᠯᠵᠤ᠂ ᠵᠠᠷᠤᠳᠠᠯ ᠤᠨ ᠳᠡᠮᠵᠢᠯᠭᠡ ᠤᠯᠬᠤ ᠪᠠᠷ ᠴᠢᠷᠮᠠᠶᠢᠵᠤ ᠪᠠᠶᠢᠨ᠎ᠠ︔ ᠦᠬᠠᠶ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠣᠷᠣᠨ ᠤ ᠳᠣᠲᠣᠷ᠎ᠠ ᠭᠠᠳᠠᠨᠠᠬᠢ ᠶᠡᠭᠡ ᠳᠡᠭᠡᠰᠦ ᠰᠤᠷᠭᠠᠭᠤᠯᠢ ᠵᠢᠴᠢ ᠡᠮᠴᠢᠯᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠪᠠ ᠰᠣᠯᠢᠯᠴᠠᠭ᠎ᠠ ᠪᠠᠨ ᠴᠢᠩᠭᠠᠳᠬᠠᠬᠤ ᠶᠢ ᠳᠠᠮᠵᠢᠨ ᠵᠣᠷᠢᠭᠵᠢᠭᠤᠯᠵᠤ᠂ ᠳᠠᠪᠠᠭᠤᠯᠢᠭ ᠰᠢᠨᠵᠢᠯᠡᠭᠡᠨ ᠤ ᠰᠠᠯᠠᠭ᠎ᠠ᠂ ᠣᠨᠴᠠᠯᠢᠭᠲᠤ ᠲᠤᠰᠬᠠᠶ ᠮᠡᠷᠭᠡᠵᠢᠯ ᠤᠨ ᠰᠠᠯᠠᠭ᠎ᠠ ᠶᠢᠨ ᠲᠣᠭᠤᠷᠢᠨ ᠳᠤ ᠰᠢᠨ᠎ᠡ ᠮᠡᠷᠭᠡᠵᠢᠯ ᠤᠨ ᠰᠤᠳᠤᠯᠭᠠᠨ ᠪᠠ ᠳᠡᠯᠭᠡᠷᠡᠭᠦᠯᠦᠨ ᠬᠡᠷᠡᠭᠯᠡᠬᠦ ᠶᠢ ᠬᠠᠮᠲᠤᠷᠠᠨ ᠥᠷᠨᠢᠭᠦᠯᠦᠨ᠎ᠡ︔ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠤ ᠦᠵᠡᠯ ᠤᠬᠠᠮᠰᠠᠷ ᠢ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠡᠮᠴᠢᠯᠡᠭᠡ ᠡᠷᠡᠭᠦᠯ ᠬᠠᠮᠠᠭᠠᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠲᠥᠷᠥᠯ ᠵᠦᠶᠯ ᠢ ᠭᠤᠶᠤᠴᠢᠯᠠᠨ ᠮᠡᠳᠡᠭᠦᠯᠬᠦ᠂ ᠰᠡᠳᠦᠪ ᠳᠠᠭᠤᠰᠬᠠᠬᠤ᠂ ᠦᠷ᠎ᠡ ᠪᠦᠲᠦᠭᠡᠯ ᠢ ᠳᠡᠩᠰᠡᠯᠡᠨ ᠲᠡᠮᠳᠡᠭᠯᠡᠬᠦ ᠵᠡᠷᠭᠡ ᠲᠠᠯ᠎ᠠ ᠶᠢᠨ ᠦᠶᠯᠡᠴᠢᠯᠡᠭᠡ ᠶᠢ ᠥᠷᠨᠢᠭᠦᠯᠦᠨ᠎ᠡ︔ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠤ ᠲᠤᠰᠬᠠᠢ ᠮᠡᠷᠭᠡᠵᠢᠯᠲᠡᠨ ᠢ ᠦᠬᠠᠢ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠬᠥᠮᠥᠷᠭᠡ ᠳᠤ ᠣᠷᠣᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠬᠥᠮᠥᠷᠭᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠨᠥᠬᠦᠪᠥᠷᠢᠯᠡᠵᠦ᠂ ᠣᠳᠣᠬᠠᠨ ᠳᠤ ᠦᠬᠠᠢ ᠬᠤᠳᠠ ᠶᠢᠨ 53 ᠨᠡᠷᠡᠰ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠤ ᠲᠤᠰᠬᠠᠢ ᠮᠡᠷᠭᠡᠵᠢᠯᠲᠡᠨ ᠦᠬᠠᠢ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠬᠥᠮᠥᠷᠭᠡ ᠳᠤ ᠰᠣᠩᠭᠤᠭᠳᠠᠨ ᠣᠷᠣᠵᠠᠢ᠃      ᠲᠠᠷᠠᠭᠠᠴᠢ ᠶᠢᠨ ᠠᠯᠬᠤᠮ ᠳᠤ᠂ ᠦᠬᠠᠶ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠣᠨᠣᠰᠢᠯᠠᠨ ᠡᠮᠨᠡᠬᠦ ᠮᠡᠷᠭᠡᠵᠢᠯ᠂ ᠡᠷᠡᠭᠦᠯ ᠮᠡᠨᠳᠦ ᠶᠢ ᠠᠬᠢᠭᠤᠯᠬᠤ ᠵᠡᠷᠭᠡ ᠲᠠᠯ᠎ᠠ ᠶᠢᠨ ᠡᠮᠴᠢᠯᠡᠭᠡᠨ ᠤ ᠰᠤᠳᠤᠯᠭᠠᠨ ᠪᠠ ᠮᠡᠷᠭᠡᠵᠢᠯ ᠤᠨ ᠳᠡᠯᠭᠡᠷᠡᠭᠦᠯᠦᠯᠲᠡ ᠶᠢ ᠳᠡᠮᠵᠢᠬᠦ ᠪᠠᠨ ᠦᠷᠭᠦᠯᠵᠢᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠤᠨ ᠬᠠᠮᠢᠶᠠᠷᠤᠯᠲᠠ ᠶᠢ ᠴᠢᠩᠭᠠᠳᠬᠠᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠦᠶᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭᠠᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠡᠷᠳᠡᠮ ᠰᠢᠨᠵᠢᠯᠡᠭᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠰᠢᠯᠲᠠ ᠶᠢ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠤᠨ ᠦᠬᠠᠶ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ  ᠳᠤ ᠦᠵᠡᠭᠦᠯᠬᠦ ᠠᠬᠢᠭᠤᠯᠬᠤ ᠦᠶᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠤᠨ᠎ᠠ᠃
 
ᠢᠷᠡᠯᠲᠡ᠄ ᠦᠬᠠᠶ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号