| | ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠨᠢᠭᠡᠴᠡ᠄ | 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠦᠶᠯᠡᠴᠢᠯᠡᠭᠡᠨ ᠤ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ 》 ( ᠥᠪᠥᠷ ᠰᠠᠯᠠᠭ᠎ᠠ ᠲᠠᠷᠬᠠᠭᠠᠭᠰᠠᠨ ᠦᠰᠦᠭ 2022 . 34 ᠳ᠋ᠦ᠋ᠭᠡᠷ | ᠲᠣᠭᠠᠲᠤ ) ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ 2022 ᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠦᠶᠯᠡᠴᠢᠯᠡᠭᠡᠨ ᠤ ᠪᠠᠶᠢᠭᠤᠯᠤᠮᠵᠢ ᠶᠢᠨ ᠦᠶᠯᠡᠴᠢᠯᠡᠭᠡᠨ ᠤ | ᠠᠮᠵᠢᠯᠲᠠ ᠪᠦᠲᠦᠮᠵᠢ ᠶᠢ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠃ ᠬᠤᠯᠪᠣᠭᠳᠠᠯ ᠪᠦᠬᠦᠢ ᠤᠴᠢᠷ ᠢ | ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠮᠡᠳᠡᠭᠦᠯᠬᠦ ᠮᠠᠲ᠋ᠧᠷᠢᠶᠠᠯ | ᠮᠡᠳᠡᠭᠦᠯᠬᠦ ᠨᠢᠭᠡᠴᠡ ᠨᠢ ᠱᠠᠭᠠᠷᠳᠠᠯᠭ᠎ᠠ ᠶᠣᠰᠣᠭᠠᠷ 2022 ᠣᠨ ᠤ 《 ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠦᠶᠯᠡᠴᠢᠯᠡᠭᠡᠨ ᠤ ᠪᠠᠶᠢᠭᠤᠯᠤᠮᠵᠢ ᠶᠢᠨ ᠦᠶᠯᠡᠴᠢᠯᠡᠭᠡᠨ ᠤ ᠠᠵᠢᠯ ᠤᠨ | ᠠᠮᠵᠢᠯᠲᠠ ᠪᠦᠲᠦᠮᠵᠢ ᠶᠢᠨ ᠮᠡᠳᠡᠭᠦᠯᠬᠦ ᠪᠢᠴᠢᠭ 》 ᠢ ᠲᠠᠭᠯᠠᠵᠤ᠂ ᠰᠠᠭᠤᠷᠢ ᠭᠦᠶᠴᠡᠳᠬᠡᠯ ᠲᠤᠭ᠎ᠠ ᠪᠠ ᠦᠶᠯᠡᠴᠢᠯᠡᠭᠡᠨ ᠤ | ᠠᠵᠢᠯ ᠤᠨ ᠠᠮᠵᠢᠯᠲᠠ ᠪᠦᠲᠦᠮᠵᠢ ᠶᠢᠨ ᠭᠦᠶᠴᠡᠳᠬᠡᠯ ᠲᠤᠭ᠎ᠠ ᠶᠢ ᠵᠦᠶᠯ ᠳᠠᠷᠠᠭᠠᠯᠠᠨ ᠲᠠᠭᠯᠠᠵᠤ᠂ ᠵᠣᠬᠢᠬᠤ ᠭᠡᠷᠡᠴᠢ | ᠮᠠᠲ᠋ᠧᠷᠢᠶᠠᠯ ᠬᠠᠩᠭᠠᠨ᠎ᠠ ᠃ | ᠃ᠲᠤᠰᠬᠠᠶ ᠦᠶᠯᠡᠴᠢᠯᠡᠭᠡᠨ ᠤ ᠪᠠᠶᠢᠭᠤᠯᠤᠮᠵᠢ ᠶᠢᠨ ᠦᠶᠯᠡᠴᠢᠯᠡᠭᠡᠨ ᠤ ᠠᠵᠢᠯ ᠤᠨ ᠠᠮᠵᠢᠯᠲᠠ ᠶᠢᠨ ᠴᠤᠭᠯᠠᠷᠠᠯ ᠢ ᠪᠤᠳᠤᠬᠤ | ᠴᠠᠭ ᠨᠢ 2021 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ 2022 ᠣᠨ ᠤ 10 ᠳ᠋ᠤᠭᠠᠷ ᠰᠠᠷ᠎ᠠ ᠶᠢᠨ 31 | ᠤ ᠡᠳᠦᠷ ᠪᠣᠯᠤᠨ᠎ᠠ᠂ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠡᠩᠰᠡᠯᠡᠨ ᠲᠡᠮᠳᠡᠭᠯᠡᠬᠦ ᠪᠠᠶᠢᠭᠤᠯᠤᠮᠵᠢ ᠶᠢᠨ | ᠦᠶᠯᠡᠴᠢᠯᠡᠭᠡᠨ ᠤ ᠠᠵᠢᠯ ᠤᠨ ᠠᠮᠵᠢᠯᠲᠠ ᠶᠢᠨ ᠴᠤᠭᠯᠠᠷᠠᠯ ᠢ ᠪᠤᠳᠤᠬᠤ ᠴᠠᠭ ᠨᠢ 2022 ᠣᠨ ᠤ 1 ᠳ᠋ᠦ᠋ᠭᠡᠷ ᠰᠠᠷ᠎ᠠ ᠶᠢᠨ | 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠤᠨ᠎ᠠ ᠃ | ᠬᠤᠶᠠᠷ᠂ ᠮᠡᠳᠡᠭᠦᠯᠬᠦ ᠶᠠᠪᠤᠴᠠ | ( ᠨᠢᠭᠡ ) ᠦᠢᠯᠡᠴᠢᠯᠡᠭᠡᠨ ᠤ ᠪᠠᠶᠢᠭᠤᠯᠤᠮᠵᠢ ᠶᠢᠨ ᠮᠡᠳᠡᠭᠦᠯᠬᠦ ᠮᠠᠲ᠋ᠧᠷᠢᠶᠠᠯ ᠢ ᠡᠯ᠎ᠡ ᠠᠶᠢᠮᠠᠭ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠯ᠎ᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ ᠵᠡᠷᠭᠡ ᠶᠢᠨ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠎ᠡ ᠃ ᠥᠪᠡᠷᠲᠡᠭᠡᠨ | ᠵᠠᠰᠠᠬᠤ ᠣᠷᠣᠨ ᠳᠤ ᠰᠠᠭᠤᠭ᠎ᠠ ᠲᠥᠪ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠣᠷᠣᠨ ᠤ | ᠰᠢᠭᠤᠳ ᠬᠠᠷᠢᠶ᠎ᠠ ᠨᠢᠭᠡᠴᠡ ᠶᠢᠨ ᠦᠶᠯᠡᠴᠢᠯᠡᠭᠡᠨ ᠤ ᠪᠠᠶᠢᠭᠤᠯᠤᠮᠵᠢ ᠶᠢᠨ ᠮᠡᠳᠡᠭᠦᠯᠬᠦ ᠮᠠᠲ᠋ᠧᠷᠢᠶᠠᠯ ᠢ ᠰᠢᠭᠤᠳ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠳᠤ ᠮᠡᠳᠡᠭᠦᠯᠦᠨ᠎ᠡ ᠃ | ( ᠬᠤᠶᠠᠷ ) ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ | ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠬᠠᠷᠭᠤᠭᠤᠯᠵᠤ᠂ ᠬᠢᠷᠢ | ᠲᠡᠩᠴᠡᠭᠰᠡᠨ ᠪᠠᠶᠢᠪᠠᠯ 2023 ᠣᠨ ᠤ 1 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠬᠤᠯᠪᠣᠭᠳᠠᠯ ᠪᠥᠬᠦᠶ | ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠨᠢᠭᠡ ᠨᠢᠭᠡ ᠬᠤᠪᠢ ᠠᠯᠪᠠᠨ ᠲᠠᠮᠠᠭ᠎ᠠ ᠳᠠᠷᠤᠭᠰᠠᠨ ᠤ ᠳᠠᠷᠠᠭ᠎ᠠ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠦᠷ᠎ᠡ ᠪᠦᠲᠦᠭᠡᠯ ᠤᠨ ᠬᠠᠮᠢᠶᠠᠷᠤᠯᠲᠠ | ᠬᠢᠭᠡᠳ ᠤᠯᠠᠷᠢᠭᠤᠯᠬᠤ ᠭᠠᠵᠠᠷ ᠲᠤ ᠮᠡᠳᠡᠭᠦᠯᠦᠨ ᠬᠦᠷᠭᠡᠵᠦ᠂ ᠡᠯᠧᠺᠲᠷᠣᠨ ᠬᠡᠪᠯᠡᠯ ᠢ PDF ᠶᠢᠨ ᠬᠡᠯᠪᠡᠷᠢ ᠪᠠᠷ | ᠬᠠᠷᠢᠯᠴᠠᠬᠤ ᠬᠥᠮᠦᠨ ᠤ ᠰᠢᠦᠳᠠᠨ ᠤ ᠬᠠᠶᠢᠷᠴᠠᠭ ᠲᠤ ᠶᠠᠪᠤᠭᠤᠯᠤᠨ᠎ᠠ ᠃ | ᠭᠤᠷᠪᠠ᠂ ᠳᠡᠮᠵᠢᠬᠦ ᠠᠷᠭ᠎ᠠ ᠬᠡᠮᠵᠢᠶ᠎ᠡ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠭᠤᠶᠤᠴᠢᠯᠠᠨ ᠮᠡᠳᠡᠭᠦᠯᠦᠭᠰᠡᠨ | ᠮᠠᠲ᠋ᠧᠷᠢᠶᠠᠯ ᠢ ᠬᠢᠨᠠᠨ ᠲᠣᠭᠲᠠᠭᠠᠬᠤ ᠶᠢ ᠵᠣᠬᠢᠶᠠᠨ ᠪᠠᠶᠢᠭᠤᠯᠵᠤ᠂ ᠦᠶᠯᠡᠴᠢᠯᠡᠭᠡᠨ ᠤ ᠠᠵᠢᠯ ᠤᠨ ᠠᠮᠵᠢᠯᠲᠠ ᠪᠦᠲᠦᠮᠵᠢ ᠨᠢ | ᠪᠠᠷᠢᠮᠵᠢᠶ᠎ᠠ ᠳᠤ ᠬᠦᠷᠦᠭᠰᠡᠨ ᠪᠠᠶᠢᠪᠠᠯ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠳᠠᠷᠠᠭᠠᠬᠢ ᠨᠥᠬᠦᠪᠥᠷᠢ ᠶᠢᠨ | ᠳᠡᠮᠵᠢᠯᠭᠡ ᠣᠯᠭᠤᠨ᠎ᠠ ᠃ | ᠲᠦᠷᠪᠡ᠂ ᠬᠠᠷᠢᠯᠴᠠᠬᠤ ᠬᠡᠯᠪᠡᠷᠢ | ᠬᠠᠷᠢᠯᠴᠠᠬᠤ ᠬᠥᠮᠦᠨ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ | ᠢ ᠤᠯᠠᠷᠢᠭᠤᠯᠬᠤ ᠲᠥᠪ ᠯᠢᠦ ᠬᠤ᠋ ᠵᠢᠶᠦ᠋ᠨ 0471 - 6328564 | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠦᠷ᠎ᠡ ᠪᠦᠲᠦᠭᠡᠯ ᠤᠨ ᠬᠠᠮᠢᠶᠠᠷᠤᠯᠲᠠ ᠬᠢᠭᠡᠳ | ᠬᠤᠪᠢᠷᠠᠭᠤᠯᠤᠯᠲᠠ ᠶᠢᠨ ᠭᠠᠵᠠᠷ ᠶᠠᠩ ᠶᠦᠩ 0471 - 6328614 | ᠢᠮᠧᠯ᠄ cgzx6328564@126.com | ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠹᠧᠩᠵᠸᠦ ᠡᠮᠦᠨ᠎ᠡ ᠵᠠᠮ ᠤᠨ 78 ᠳ᠋ᠤᠭᠠᠷ ᠨᠣᠮᠧᠷ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ | ᠦᠶᠯᠡᠴᠢᠯᠡᠭᠡᠨ ᠤ ᠪᠠᠶᠢᠭᠤᠯᠤᠮᠵᠢ ᠶᠢᠨ ᠦᠶᠯᠡᠴᠢᠯᠡᠭᠡᠨ ᠤ ᠠᠵᠢᠯ ᠤᠨ ᠠᠮᠵᠢᠯᠲᠠ ᠶᠢᠨ ᠮᠡᠳᠡᠭᠦᠯᠬᠦ ᠪᠢᠴᠢᠭ | | ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ | 2022 ᠣᠨ ᠤ | 12 ᠳ᠋ᠤᠭᠠᠷ ᠰᠠᠷ᠎ᠠ ᠶᠢᠨ 30 ᠤ ᠡᠳᠦᠷ | | | | | | | | | | ᠁ |