ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠬᠤᠷᠠᠯ ᠬᠤᠷᠠᠯᠳᠤᠭᠤᠯᠪᠠ ᠰᠦᠨ ᠱᠣᠤ ᠴᠧᠩ ᠬᠤᠷᠠᠯ ᠢ ᠡᠷᠭᠢᠯᠡᠵᠦ ᠸᠠᠩ ᠯᠢ ᠰᠢᠶᠠ ᠬᠤᠷᠠᠯ ᠳᠤ ᠣᠷᠣᠯᠴᠠᠵᠠᠶ
ᠨᠡᠶᠢᠲᠡᠯᠡᠭᠰᠡᠨ ᠴᠠᠭ᠄
2022/12/30
    12 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠬᠤᠷᠠᠯ ᠬᠤᠷᠠᠯᠳᠤᠭᠤᠯᠪᠠ  ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠡᠷᠬᠢᠯᠡᠭᠴᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ  ᠃     ᠬᠤᠷᠠᠯ ᠠᠴᠠ ᠲᠣᠭᠠᠴᠢᠯᠠᠭᠰᠠᠨ ᠪᠣᠬᠢᠷᠲᠤᠯ ᠦᠬᠡᠢ ᠬᠠᠮᠵᠢᠯᠴᠠᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠠᠵᠢᠯᠯᠠᠭᠠᠨ ᠤ ᠲᠥᠰᠦᠯ ᠢ ᠬᠢᠨᠠᠨ ᠵᠥᠪᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠮᠠᠰᠢᠭᠤᠯᠤᠯ ᠢ ᠴᠢᠨᠠᠭᠰᠢᠳᠠ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ᠂ ᠪᠠᠶᠢᠭᠤᠯᠤᠮᠵᠢ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠵᠦ ᠪᠠᠶᠢᠯᠳᠤᠬᠤ ᠪᠤᠳᠤᠯᠭ᠎ᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠵᠢᠭᠦᠯᠬᠦ ᠲᠥᠰᠦᠯ ᠵᠡᠷᠭᠡ 3 ᠥᠭᠡᠷᠡᠴᠢᠯᠡᠯᠲᠡ ᠶᠢᠨ ᠲᠥᠰᠦᠯ ᠢ ᠬᠢᠨᠠᠨ ᠵᠥᠪᠯᠡᠵᠦ᠂ ᠪᠦᠬᠦ ᠣᠷᠣᠨ ᠤ ᠮᠡᠳᠡᠭᠡ ᠵᠠᠩᠭᠢᠵᠢᠯᠲᠠ ᠶᠢᠨ ᠬᠥᠭᠵᠢᠯᠲᠡ ᠪᠣᠯᠤᠨ ᠥᠭᠡᠷᠡᠴᠢᠯᠡᠯᠲᠡ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠂ ᠨᠠᠰᠤᠵᠢᠯ ᠤᠨ ᠠᠰᠠᠷᠠᠮᠵᠢ ᠶᠢ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠡᠷᠡᠭᠦᠯ ᠬᠥᠭᠵᠢᠯᠲᠡ ᠶᠢ ᠠᠬᠢᠭᠤᠯᠬᠤ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ  ᠃     ᠬᠤᠷᠠᠯ ᠠᠴᠠ᠂ ᠬᠥᠭᠵᠢᠯᠲᠡ ᠰᠡᠳᠦᠪ ᠭᠠᠷᠭᠠᠵᠤ᠂ ᠥᠭᠡᠷᠡᠴᠢᠯᠡᠯᠲᠡ ᠠᠷᠭ᠎ᠠ ᠤᠬᠠᠭᠠᠨ ᠭᠠᠷᠭᠠᠨ᠎ᠠ  ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠡᠷᠦᠩᠬᠡᠶ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠬᠦ᠂ 《 ᠵᠢᠱᠢᠶᠡᠴᠢ ᠥᠪᠡᠷᠲᠡᠭᠡᠨ ᠵᠠᠰᠠᠬᠤ ᠣᠷᠣᠨ 》 ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠦᠵᠡᠯ ᠰᠠᠨᠠᠭ᠎ᠠ ᠪᠠᠨ ᠴᠢᠯᠥᠭᠡᠯᠡᠵᠦ᠂ ᠦᠵᠡᠯᠲᠡ ᠪᠠᠨ ᠬᠤᠪᠢᠷᠠᠭᠤᠯᠵᠤ᠂ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠱᠠᠯᠠᠪᠳᠠᠨ ᠲᠥᠯᠥᠪᠵᠢᠭᠦᠯᠵᠦ᠂ ᠨᠢᠭᠡ ᠪᠦᠯᠦᠭ ᠬᠥᠭᠵᠢᠯᠲᠡ ᠶᠢᠨ ᠪᠣᠭᠤᠮᠢ ᠶᠢ ᠰᠢᠶᠳᠪᠦᠷᠢᠯᠡᠬᠦ᠂ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠬᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠳᠬᠡᠨ ᠲᠣᠭᠲᠠᠭᠠᠵᠤ᠂ ᠬᠥᠭᠵᠢᠯᠲᠡ ᠶᠢ ᠲᠦᠷᠭᠡᠳᠬᠡᠬᠦ ᠳᠤ ᠦᠷᠭᠦᠯᠵᠢᠯᠡᠨ ᠬᠦᠴᠦᠲᠡᠶ ᠬᠥᠳᠡᠯᠭᠡᠬᠦ ᠡᠨᠧᠷᠭᠢ ᠨᠡᠮᠡᠷᠢᠯᠡᠬᠦ ᠬᠡᠷᠡᠭᠲᠡᠶ  ᠃ ᠥᠭᠡᠷᠡᠴᠢᠯᠡᠯᠲᠡ ᠶᠢᠨ ᠰᠡᠳᠬᠢᠬᠦᠢ᠂ ᠣᠶᠢᠯᠠᠭᠠᠬᠤ ᠰᠡᠳᠬᠢᠬᠦᠢ ᠪᠠᠨ ᠴᠢᠩᠭᠠᠳᠬᠠᠵᠤ᠂ ᠪᠣᠳᠠᠲᠠᠢ ᠳᠤ ᠰᠠᠭᠤᠷᠢᠯᠠᠨ ᠵᠣᠷᠢᠭᠲᠠᠢ ᠲᠤᠷᠰᠢᠵᠤ᠂ ᠵᠣᠷᠢᠭᠲᠠᠢ ᠬᠢᠵᠦ᠂ ᠠᠭᠤᠯᠠ ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ  ᠃ ᠵᠠᠷᠢᠮ ᠥᠭᠡᠷᠡᠴᠢᠯᠡᠯᠲᠡ ᠳᠤ᠂ ᠬᠥᠭᠡᠷᠦᠭᠦᠯᠬᠦ ᠶᠢ ᠵᠣᠭᠰᠣᠭᠠᠬᠤ ᠪᠠᠷ ᠦᠨᠳᠦᠰᠦᠨ ᠠᠴᠠ ᠨᠢ ᠰᠢᠢᠳᠪᠦᠷᠢᠯᠡᠬᠦ ᠶᠢ ᠬᠦᠷᠬᠦ ᠦᠭᠡᠢ᠂ ᠳᠠᠷᠤᠢ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠬᠡᠷᠡᠭᠲᠡᠢ  ᠃      ᠬᠤᠷᠠᠯ ᠠᠴᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠨᠢᠭᠡᠨᠲᠡ ᠰᠢᠨ᠎ᠡ ᠱᠠᠲᠤᠨ  ᠳᠤ ᠣᠷᠣᠪᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠭᠡᠷᠡᠴᠢᠯᠡᠯᠲᠡ ᠶᠢᠨ ᠲᠣᠭᠲᠠᠯ ᠬᠦᠴᠦᠨ ᠪᠣᠯᠤᠨ ᠤᠶᠠᠨ ᠬᠠᠳᠠᠨ ᠴᠢᠨᠠᠷ ᠢᠶᠠᠨ ᠪᠠᠲᠤᠯᠠᠵᠤ᠂ ᠭᠠᠷᠳᠠᠬᠤ ᠴᠡᠭ ᠪᠣᠯᠤᠨ ᠭᠤᠣᠯᠳᠠᠯᠭ᠎ᠠ ᠪᠠᠨ ᠣᠨᠣᠪᠴᠢᠲᠠᠢ ᠣᠯᠵᠤ᠂ ᠡᠳᠦᠷ ᠪᠣᠯᠭᠠᠨ ᠬᠢᠵᠦ᠂ ᠤᠳᠠᠭᠠᠨ ᠳᠠᠭᠠᠭᠠᠮᠠᠭᠠᠢ ᠬᠢᠬᠦ ᠬᠡᠷᠡᠭᠲᠡᠢ  ᠃ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠪᠣᠳᠠᠲᠠᠶ ᠠᠴᠠ ᠡᠭᠦᠰᠴᠦ ᠥᠭᠡᠷᠡᠴᠢᠯᠡᠯᠲᠡ ᠶᠢᠨ ᠠᠵᠢᠯ ᠢ ᠪᠦᠲᠦᠭᠡᠯᠴᠢ ᠪᠠᠷ ᠰᠠᠶᠢᠲᠤᠷ ᠠᠳᠬᠤᠬᠤ  ᠳᠠᠭᠠᠨ ᠴᠢᠳᠠᠮᠠᠭᠠᠶ ᠪᠠᠶᠢᠬᠤ ᠬᠡᠷᠡᠭᠲᠡᠶ  ᠃ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠪᠠ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢ ᠨᠠᠷᠢᠨ ᠬᠢᠨᠠᠮᠠᠭᠠᠶ ᠡᠮᠬᠢᠯᠡᠨ ᠪᠦᠷᠢᠳᠬᠡᠵᠦ᠂ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ  ᠃      ᠵᠥᠪᠯᠡᠯ ᠤᠨ ᠳᠡᠳ᠋ ᠡᠷᠬᠢᠯᠡᠭᠴᠢ ᠸᠠᠩ ᠯᠢ ᠰᠢᠶᠠ᠂ ᠶᠠᠩ ᠸᠧᠢ ᠳ᠋ᠦᠩ᠂ ᠬᠤᠸᠠᠩ ᡁᠢ ᠴᠢᠶᠠᠩ᠂ ᠭᠡᠰᠢᠭᠦᠳ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠢ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号