| 12 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠧᠩ ᠵᠢᠶᠠ ᠵᠢᠤᠢ ᠬᠤᠷᠠᠯ ᠢ ᠡᠷᠭᠢᠯᠡᠵᠦ᠂ | ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠲᠢᠩᠬᠢᠮ ᠤᠨ ᠪᠠᠶᠢᠭᠤᠯᠭ᠎ᠠ ᠶᠢᠨ ᠭᠠᠵᠠᠷ ᠬᠡᠷ᠂ | ᠲᠢᠩᠬᠢᠮ ᠤᠨ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ ᠃ | ᠬᠤᠷᠠᠯ ᠠᠴᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ | ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠃ | ᠬᠤᠷᠠᠯ ᠠᠴᠠ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ | ᠳᠠᠷᠠᠭ᠎ᠠ ᠨᠠᠮ ᠤᠨ ᠲᠥᠪ ᠬᠤᠷᠢᠶ᠎ᠠ ᠠᠴᠠ ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠬᠤᠷᠠᠯ | ᠪᠣᠯᠤᠨ᠎ᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠦᠨᠳᠦᠰᠦᠨ ᠵᠢᠷᠤᠮᠯᠠᠯ ᠪᠠ | ᠠᠵᠢᠯᠯᠠᠭᠠᠨ ᠤ ᠵᠦᠭᠯᠡᠭᠦᠷ ᠬᠠᠩᠭᠠᠵᠤ᠂ ᠢᠷᠡᠬᠦ ᠵᠢᠯ ᠤᠨ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠠᠵᠢᠯ ᠳᠤ ᠰᠢᠨ᠎ᠡ | ᠱᠠᠭᠠᠷᠳᠠᠯᠭ᠎ᠠ ᠳᠤᠷᠠᠳᠴᠠᠶ ᠃ ᠶᠡᠷᠦᠩᠬᠡᠶ ᠱᠦᠵᠢ ᠰᠢ ᠶᠢᠨ ᠫᠢᠩ ᠶᠠᠷᠢᠶᠠᠨ ᠳᠠᠭᠠᠨ 《 ᠡᠯ᠎ᠡ ᠲᠥᠷᠥᠯ ᠤᠨ ᠲᠥᠷᠥ | ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠶ 》 《 ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥ ᠶᠢᠨ ᠪᠣᠳᠣᠯᠭ᠎ᠠ ᠨᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠠᠩᠬᠠᠷᠤᠯ ᠢᠶᠠᠨ | ᠲᠥᠪᠯᠡᠷᠡᠭᠦᠯᠬᠦ ᠬᠡᠷᠡᠭᠲᠡᠶ 》 《 ᠰᠤᠷᠭᠠᠨ ᠬᠥᠮᠦᠵᠢᠯ ᠢ ᠬᠦᠴᠦᠲᠡᠶ ᠨᠢᠭᠡᠳᠦᠯᠲᠡᠶ ᠲᠥᠯᠥᠪᠯᠡᠬᠦ ᠬᠡᠷᠡᠭᠲᠡᠶ 》 ᠭᠡᠵᠦ | ᠲᠣᠳᠣᠷᠬᠠᠶ ᠳᠤᠷᠠᠳᠤᠨ ᠭᠠᠷᠭᠠᠪᠠ᠂ ᠲᠧᠭᠨᠢᠭ ᠮᠡᠷᠭᠡᠵᠢᠯ᠂ ᠴᠢᠳᠠᠪᠤᠷᠢᠲᠠᠨ ᠤ ᠠᠵᠢᠯ ᠵᠡᠷᠭᠡ ᠴᠢᠬᠤᠯᠠ ᠥᠭᠦᠯᠡᠯᠲᠡ᠂ | ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠪᠠ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ᠂ | ᠵᠣᠭᠤᠰᠣᠨ ᠤ ᠪᠣᠳᠣᠯᠭ᠎ᠠ᠂ ᠠᠵᠤ ᠦᠢᠯᠡᠰ ᠤᠨ ᠲᠦᠷᠦ ᠶᠢᠨ ᠪᠤᠳᠦᠯᠭ᠎ᠠ᠂ ᠠᠷᠠᠳ ᠤᠨ ᠠᠮᠢᠳᠤᠷᠠᠯ ᠤᠨ ᠲᠥᠷᠥ ᠶᠢᠨ | ᠪᠣᠳᠣᠯᠭ᠎ᠠ ᠨᠢ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ 《 ᠲᠠᠪᠤᠨ ᠶᠡᠭᠡ ᠲᠥᠷᠥ ᠶᠢᠨ ᠪᠣᠳᠣᠯᠭ᠎ᠠ 》 | ᠪᠣᠯᠤᠭᠰᠠᠨ ᠤ ᠬᠤᠪᠢ ᠳᠤ᠂ ᠴᠢᠨᠠᠷ ᠰᠠᠶᠢᠲᠠᠶ ᠬᠥᠭᠵᠢᠯᠲᠡ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠡᠭᠦᠳᠦᠯᠲᠡ ᠶᠢᠨ ᠪᠠᠶᠢᠷᠢ ᠰᠠᠭᠤᠷᠢ ᠪᠠ ᠦᠶᠯᠡᠳᠦᠯ ᠨᠠᠩ ᠲᠣᠪᠣᠶᠢᠮ᠎ᠠ ᠪᠣᠯᠪᠠ᠂ ᠰᠢ ᠶᠢᠨ ᠫᠢᠩ ᠨᠥᠬᠦᠷ ᠢᠶᠠᠷ | ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠶᠴᠡᠳ ᠢᠯᠡᠷᠡᠭᠦᠯᠪᠡ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠨᠢ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠵᠤ ᠲᠤᠯᠭᠠᠭᠤᠷᠢᠯᠠᠬᠤ | ᠳᠤᠮᠳᠠ ᠨᠠᠩ ᠶᠡᠭᠡ ᠦᠶᠯᠡᠳᠦᠯ ᠦᠵᠡᠭᠦᠯᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠂ ᠨᠡᠩ ᠶᠡᠭᠡ | ᠰᠢᠪᠲᠤᠯᠤᠯᠲᠠ ᠭᠠᠷᠭᠠᠬᠤ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ | ᠪᠣᠯ ᠪᠥᠬᠦ ᠣᠷᠣᠨ ᠳᠠᠶᠠᠭᠠᠷ ᠨᠠᠮ ᠤᠨ ᠬᠤᠷᠢᠳᠤᠭᠠᠷ ᠶᠡᠭᠡ ᠬᠤᠷᠠᠯ᠂ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠴᠢᠬᠤᠯᠠ ᠶᠡᠭᠡ ᠵᠠᠩᠭᠢᠯᠠᠭ᠎ᠠ | ᠶᠢᠨ ᠴᠠᠭ ᠮᠥᠴᠡ ᠳᠤ ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠂ ᠱᠦᠵᠢ ᠰᠦᠨ | ᠱᠣᠤ ᠫᠢᠨ ᠪᠣᠯᠤᠨ ᠲᠡᠷᠢᠭᠦᠯᠡᠭᠴᠢ ᠸᠠᠩ ᠯᠢ ᠰᠢᠶᠠ ᠶᠠᠷᠢᠶ᠎ᠠ ᠨᠢ ᠠᠮᠵᠢᠯᠲᠠ ᠪᠦᠲᠦᠮᠵᠢ ᠪᠠᠨ ᠳ᠋ᠦᠩᠨᠡᠵᠦ ᠦᠨᠡᠨ | ᠠᠴᠠ ᠵᠥᠪ ᠢ ᠡᠷᠢᠵᠦ᠂ ᠠᠰᠠᠭᠤᠳᠠᠯ ᠢ ᠪᠥᠬᠦ ᠲᠠᠯ᠎ᠠ ᠪᠠᠷ ᠭᠦᠨᠵᠡᠭᠡᠶ ᠵᠠᠳᠠᠯᠵᠤ᠂ ᠠᠵᠢᠯ ᠤᠨ ᠪᠠᠶᠢᠷᠢᠯᠠᠭᠤᠯᠤᠯᠲᠠ | ᠲᠣᠳᠣᠷᠬᠠᠶ ᠪᠣᠯᠵᠣ᠂ ᠥᠪᠡᠷᠲᠡᠭᠡᠨ ᠵᠠᠰᠠᠬᠤ ᠣᠷᠣᠨ ᠤ ᠢᠷᠡᠬᠦ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ | ᠬᠢᠬᠦ ᠳᠤ ᠴᠢᠭᠯᠡᠯ ᠢ ᠲᠣᠳᠣᠷᠬᠠᠶ ᠵᠢᠭᠠᠵᠤ᠂ ᠵᠢᠷᠤᠮᠯᠠᠯ ᠬᠠᠩᠭᠠᠵᠠᠶ ᠃ | ᠬᠤᠷᠠᠯ ᠤᠨ ᠱᠠᠭᠠᠷᠳᠠᠯᠭ᠎ᠠ᠂ ᠲᠢᠩᠬᠢᠮ ᠤᠨ ᠰᠢᠰᠲ᠋ᠧᠮ ᠤᠨ ᠪᠥᠬᠦ ᠺᠠᠳ᠋ᠷ ᠠᠵᠢᠯᠲᠠᠨ ᠠᠵᠢᠯᠴᠢᠨ ᠤᠯᠤᠰ | ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠂ 《 ᠬᠤᠶᠠᠷ ᠢ ᠲᠣᠭᠲᠠᠭᠠᠬᠤ 》 | ᠶᠢᠨ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ ᠬᠡᠷᠡᠭᠲᠡᠶ᠂ 《 ᠳᠥᠷᠪᠡᠨ ᠤᠬᠠᠮᠰᠠᠷ 》 ᠢ | ᠤᠯᠠᠮ ᠨᠢᠭᠡ ᠠᠯᠬᠤᠮ ᠴᠢᠩᠭᠠᠳᠬᠠᠨ᠎ᠠ᠂ 《 ᠳᠥᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ ᠢ | ᠬᠠᠮᠠᠭᠠᠯᠠᠬᠤ 》 ᠶᠢ ᠪᠡᠶᠡᠯᠡᠭᠦᠯᠦᠨ᠎ᠡ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ | ᠪᠦᠭᠦᠳᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ ᠬᠡᠷᠡᠭᠲᠡᠶ᠂ ᠨᠠᠮ ᠤᠨ ᠬᠤᠷᠢᠳᠤᠭᠠᠷ ᠶᠡᠭᠡ ᠬᠤᠷᠠᠯ ᠤᠨ ᠡᠯ᠎ᠡ ᠵᠦᠢᠯ | ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠪᠠ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠣᠳᠣᠬᠠᠨ ᠤ ᠠᠵᠤ ᠠᠬᠤᠢ ᠶᠢᠨ ᠠᠵᠢᠯ ᠤᠨ ᠲᠤᠬᠠᠢ ᠨᠠᠮ ᠤᠨ | ᠲᠥᠪ ᠬᠤᠷᠢᠶᠠᠨ ᠤ ᠴᠢᠬᠤᠯᠠ ᠶᠡᠭᠡ ᠮᠠᠭᠠᠳᠯᠠᠯᠲᠠ ᠪᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ | ᠦᠨᠡᠨ ᠬᠦ ᠨᠢᠭᠡᠳᠬᠡᠨ᠎ᠡ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠶ᠎ᠠ᠂ ᠪᠦᠲᠦᠨ᠂ ᠣᠨᠣᠪᠴᠢᠲᠠᠶ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ | ᠲᠤᠭᠤᠰᠢᠯᠠᠭᠤᠯᠤᠶ᠎ᠠ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠎ᠡ᠂ ᠴᠢᠨᠠᠷ ᠰᠠᠶᠢᠲᠠᠶ | ᠬᠥᠭᠵᠢᠯᠲᠡ ᠶᠢ ᠨᠠᠩ ᠳᠣᠪᠣᠶᠢᠯᠭᠠᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠬᠢᠭᠡᠳ | ᠪᠤᠰᠤᠳ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠂ ᠪᠡᠶ᠎ᠡ ᠪᠠᠨ ᠳᠠᠭᠠᠭᠠᠵᠤ ᠥᠪᠡᠷ ᠢ | ᠪᠠᠨ ᠬᠦᠴᠦᠷᠬᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠂ | ᠲᠥᠪᠯᠡᠷᠡᠭᠦᠯᠦᠨ ᠬᠦᠴᠦᠯᠡᠬᠦ᠂ ᠭᠤᠣᠯᠳᠠᠯᠭ᠎ᠠ ᠲᠠᠢ ᠰᠢᠪᠲᠤᠯᠤᠯᠲᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ | ᠬᠤᠷᠠᠯ ᠠᠴᠠ ᠪᠠᠰᠠ ᠪᠤᠰᠤᠳ ᠬᠠᠮᠢᠶ᠎ᠠ ᠪᠥᠬᠦᠶ ᠵᠦᠶᠯᠡᠰ ᠢ ᠬᠢᠨᠠᠨ ᠵᠥᠪᠯᠡᠵᠡᠶ ᠃ | | | | | | | | | | | ᠁ |