ᠥᠪᠡᠷᠲᠡᠭᠡᠨ ᠵᠠᠰᠠᠬᠤ ᠣᠷᠣᠨ ᠤ 《 ᠠᠯᠠᠰᠢᠨ ᠬᠤᠨᠢᠨ ᠤ ᠰᠢᠯᠢᠳᠡᠭ ᠡᠭᠦᠯᠳᠡᠷ ᠤᠨ ᠡᠬᠢ ᠪᠠᠶᠠᠯᠢᠭ ᠤᠨ ᠰᠢᠨ᠎ᠡ ᠶᠢ ᠡᠭᠦᠳᠬᠦ ᠵᠢᠴᠢ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ 》 ᠶᠢᠨ ᠲᠥᠷᠥᠯ ᠵᠦᠶᠯ ᠡᠬᠢᠯᠡᠪᠡ
ᠨᠡᠶᠢᠲᠡᠯᠡᠭᠰᠡᠨ ᠴᠠᠭ᠄
2022/12/30
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠶᠯᠡᠰ ᠤᠨ ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ 《 ᠢᠳᠡᠰᠢᠨ ᠬᠤᠨᠢᠨ ᠤ ᠰᠢᠯᠢᠳᠡᠭ ᠡᠭᠦᠯᠳᠡᠷ ᠤᠨ ᠡᠬᠢ ᠪᠠᠶᠠᠯᠢᠭ ᠤᠨ ᠰᠢᠨ᠎ᠡ ᠶᠢ ᠡᠭᠦᠳᠬᠦ ᠵᠢᠴᠢ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ 》 ᠶᠢᠨ ᠲᠥᠷᠥᠯ ᠵᠦᠶᠯ ᠢ ᠡᠬᠢᠯᠡᠭᠦᠯᠬᠦ ᠵᠢᠴᠢ ᠬᠡᠷᠡᠭᠵᠢᠭᠦᠯᠬᠦ ᠲᠥᠰᠦᠯ ᠤᠨ ᠯᠠᠪᠯᠠᠭ᠎ᠠ ᠶᠢᠨ ᠬᠤᠷᠠᠯ ᠰᠦᠯᠵᠢᠶᠡᠨ ᠳᠡᠭᠡᠷ᠎ᠡ ᠬᠤᠷᠠᠯᠳᠤᠪᠠ  ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠢᠨ ᠬᠠᠶ ᠰᠤᠳᠤᠯᠤᠭᠴᠢ᠂ ᠷᠦᠩ ᠸᠧᠶ ᠾᠧᠩ ᠰᠤᠳᠤᠯᠤᠭᠴᠢ᠂ ᠰᠢᠨᠵᠢᠶᠠᠩ ᠤᠨ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠧᠩ ᠸᠧᠨ ᠰᠢᠨ ᠰᠤᠳᠤᠯᠤᠭᠴᠢ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠨ ᠬᠤᠩ ᠪᠢᠩ ᠫᠷᠤᠹᠧᠰᠰᠤᠷ᠂ ᠥᠪᠥᠷ ᠮᠣᠩᠭᠤᠯ ᠤᠨ ᠲᠠᠷᠢᠶᠠᠯᠠᠩ  ᠤᠨ ᠶᠡᠭᠡ ᠰᠤᠷᠭᠠᠭᠤᠯᠢ ᠶᠢᠨ ᠯᠢ ᠶᠢᠨ ᠴᠢᠤᠸᠠᠨ ᠫᠷᠤᠹᠧᠰᠰᠤᠷ᠂ ᠮᠠᠩᠯᠠᠶ ᠫᠷᠤᠹᠧᠰᠰᠤᠷ᠂ ᠾᠧᠨᠠᠨ ᠤ ᠮᠠᠯ ᠠᠵᠤ ᠠᠬᠤᠶ ᠶᠢᠨ ᠠᠵᠤ ᠠᠬᠤᠶ ᠶᠢᠨ ᠳᠡᠭᠡᠳᠦ ᠰᠤᠷᠭᠠᠭᠤᠯᠢ ᠶᠢᠨ ᠴᠢᠤᠸᠠᠨ ᠺᠠᠶ ᠫᠷᠤᠹᠧᠰᠰᠤᠷ ᠢ ᠤᠷᠢᠵᠤ ᠵᠥᠪᠯᠡᠯᠭᠡ ᠥᠭᠬᠦ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠪᠦᠷᠢᠯᠳᠦᠭᠦᠯᠵᠦ᠂ ᠲᠥᠷᠥᠯ ᠵᠦᠶᠯ ᠢ ᠬᠡᠷᠡᠭᠵᠢᠭᠦᠯᠬᠦ ᠲᠥᠰᠦᠯ  ᠳᠤ ᠭᠦᠶᠴᠡᠳ ᠵᠥᠪᠯᠡᠯᠭᠡ ᠥᠭᠴᠦ ᠨᠤᠲᠠᠯᠠᠯᠲᠠ ᠬᠢᠵᠡᠶ  ᠃ ᠲᠣᠰ ᠲᠥᠷᠥᠯ ᠵᠦᠶᠯ ᠢ ᠬᠡᠷᠡᠭᠵᠢᠭᠦᠯᠬᠦ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶᠢᠵᠢᠭᠰᠠᠨ ᠪᠡᠶ᠎ᠡ ᠪᠠᠨ ᠳᠠᠭᠠᠭᠠᠭᠰᠠᠨ ᠡᠭᠦᠯᠳᠡᠷ ᠳᠤᠲᠠᠭᠳᠠᠬᠤ ᠠᠰᠠᠭᠤᠳᠠᠯ ᠢ ᠰᠢᠶᠳᠪᠦᠷᠢᠯᠡᠵᠦ᠂ ᠠᠯᠠᠰᠢᠨ ᠬᠤᠨᠢᠨ ᠤ ᠠᠵᠤ ᠦᠶᠢᠯᠡᠰᠵᠢᠯᠲᠡ ᠶᠢᠨ ᠪᠦᠲᠦᠴᠡ ᠶᠢᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠲᠤᠶᠢᠯ ᠤᠨ ᠴᠢᠬᠤᠯᠠ ᠦᠶᠯᠡᠳᠦᠯ ᠲᠠᠢ ᠭᠡᠵᠦ ᠰᠠᠨᠠᠯ ᠨᠢᠭᠡᠲᠡᠶ ᠦᠵᠡᠪᠡ  ᠃    《 ᠠᠯᠠᠰᠢᠨ ᠬᠤᠨᠢᠨ ᠤ ᠰᠢᠯᠢᠳᠡᠭ ᠡᠭᠦᠯᠳᠡᠷ ᠤᠨ ᠡᠬᠢ ᠪᠠᠶᠠᠯᠢᠭ ᠤᠨ ᠰᠢᠨ᠎ᠡ ᠶᠢ ᠡᠭᠦᠳᠬᠦ ᠵᠢᠴᠢ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ 》 ᠶᠢᠨ ᠲᠥᠷᠥᠯ ᠵᠦᠶᠯ ᠢ ᠥᠪᠥᠷ ᠮᠣᠩᠭᠤᠯ ᠤᠨ ᠰᠠᠶ ᠨᠦᠦᠸ᠋ ᠦᠷ᠎ᠡ ᠶᠢᠨ ᠬᠤᠨᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ 10 ᠨᠢᠭᠡᠴᠡ ᠲᠠᠢ ᠬᠠᠮᠲᠤᠷᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠤᠨ ᠨᠡᠶᠢᠲᠡᠯᠡᠵᠦ᠂ 1800 ᠲᠦᠮᠡᠨ ᠲᠥᠭᠦᠷᠢᠭ ᠤᠨ ᠵᠥᠪᠰᠢᠶᠡᠷᠡᠯ ᠣᠯᠵᠤ᠂ 3 ᠵᠢᠯ ᠤᠨ ᠬᠤᠭᠤᠴᠠᠭ᠎ᠠ ᠲᠠᠢ ᠬᠡᠷᠡᠭᠵᠢᠭᠦᠯᠦᠨ᠎ᠡ  ᠃ ᠲᠥᠷᠥᠯ ᠵᠦᠶᠯ ᠨᠢ ᠴᠢᠨᠠᠷ ᠰᠠᠶᠢᠲᠠᠶ ᠡᠭᠦᠯᠳᠡᠷ ᠤᠨ ᠢᠷᠡᠯᠲᠡ ᠶᠢ ᠪᠡᠶ᠎ᠡ ᠪᠠᠨ ᠳᠠᠭᠠᠭᠠᠵᠤ ᠡᠵᠡᠮᠳᠡᠵᠦ ᠳᠡᠶᠢᠯᠬᠦ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠴᠢᠨᠠᠷ ᠰᠠᠶᠢᠲᠠᠶ ᠢᠳᠡᠰᠢᠨ ᠬᠤᠨᠢ ᠶᠢ ᠬᠠᠮᠲᠤᠷᠠᠨ ᠡᠭᠦᠯᠳᠡᠷ ᠪᠣᠶᠢᠵᠢᠭᠤᠯᠬᠤ ᠮᠡᠷᠭᠡᠵᠢᠯ ᠤᠨ ᠰᠢᠰᠲ᠋ᠧᠮᠵᠢ ᠶᠢ ᠪᠠᠶᠢᠭᠤᠯᠬᠤ ᠪᠠᠷ ᠳᠠᠮᠵᠢᠭᠤᠯᠤᠨ᠂ ᠢᠳᠡᠰᠢᠨ ᠬᠤᠨᠢᠨ ᠤ ᠡᠭᠦᠯᠳᠡᠷ ᠤᠨ ᠦᠶᠯᠡᠰ ᠢ ᠬᠢᠵᠠᠭᠠᠷᠯᠠᠵᠤ ᠪᠠᠶᠢᠭ᠎ᠠ ᠵᠠᠩᠭᠢᠯᠠᠭ᠎ᠠ ᠶᠢᠨ ᠭᠤᠤᠯ ᠠᠰᠠᠭᠤᠳᠠᠯ ᠳᠤ ᠴᠢᠭᠯᠡᠭᠦᠯᠦᠨ ᠬᠠᠮᠲᠤᠷᠠᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠨ᠎ᠡ  ᠃ ᠢᠯᠡᠷᠡᠯ ᠤᠨ ᠬᠡᠯᠪᠡᠷᠢ ᠶᠢᠨ ᠨᠠᠷᠢᠯᠢᠭ ᠣᠨᠣᠪᠴᠢᠲᠤ ᠴᠢᠳᠠᠪᠬᠢ ᠶᠢ ᠬᠡᠮᠵᠢᠨ ᠲᠣᠭᠲᠠᠭᠠᠬᠤ᠂ ᠮᠣᠯᠧᠺᠦᠯ ᠢᠶᠠᠷ ᠡᠭᠦᠯᠳᠡᠷ ᠪᠣᠶᠢᠵᠢᠭᠤᠯᠬᠤ᠂ ᠭᠧᠨ ᠤ ᠪᠦᠯᠦᠭ ᠢ ᠰᠣᠩᠭᠤᠬᠤ ᠵᠡᠷᠭᠡ ᠮᠡᠷᠭᠡᠵᠢᠯ ᠢ ᠥᠷᠭᠡᠨ ᠢᠶᠠᠷ ᠬᠡᠷᠡᠭᠯᠡᠬᠦ ᠪᠠᠷ ᠳᠡᠮᠵᠢᠨ᠂ ᠥᠨᠳᠥᠷ ᠬᠢᠷᠢ ᠲᠦᠪᠰᠢᠨ ᠪᠥᠬᠦᠶ ᠥᠪᠥᠷ ᠮᠣᠩᠭᠤᠯ ᠤᠨ ᠠᠯᠠᠰᠢᠨ ᠬᠤᠨᠢᠨ  ᠤ ᠤᠳᠤᠮᠯᠠᠯ ᠢ ᠦᠨᠡᠯᠡᠨ ᠵᠢᠱᠢᠬᠦ ᠲᠥᠪ ᠤᠨ ᠲᠣᠮᠣ ᠳ᠋ᠠᠶᠢᠲ᠋ᠠ ᠶᠢᠨ ᠲᠠᠪᠴᠠᠩ ᠵᠢᠴᠢ ᠡᠭᠦᠯᠳᠡᠷ ᠪᠣᠶᠢᠵᠢᠭᠤᠯᠬᠤ ᠮᠡᠳᠡᠭᠡ ᠵᠠᠩᠭᠢ ᠶᠢᠨ ᠣᠶᠤᠨᠴᠢ ᠲᠤᠯᠭᠠᠭᠤᠷᠢᠯᠠᠬᠤ ᠲᠠᠪᠴᠠᠩ ᠢ ᠪᠠᠶᠢᠭᠤᠯᠤᠨ᠎ᠠ︔ ᠡᠭᠦᠨ ᠤ ᠬᠠᠮᠲᠤ ᠮᠢᠬᠠᠨ ᠳᠤ ᠬᠡᠷᠡᠭᠯᠡᠬᠦ ᠴᠢᠳᠠᠮᠵᠢ ᠪᠠᠷ ᠲᠣᠪᠣᠶᠢᠮ᠎ᠠ᠂ ᠦᠶᠯᠡᠳᠪᠦᠷᠢᠯᠡᠯ ᠤᠨ ᠴᠢᠳᠠᠮᠵᠢ ᠪᠠᠷ ᠳᠠᠪᠠᠭᠤᠯᠢᠭ᠂ ᠮᠠᠨ ᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠪᠠ ᠲᠡᠵᠢᠭᠡᠨ ᠦᠷᠡᠵᠢᠭᠦᠯᠬᠦ ᠵᠠᠭᠪᠤᠷ ᠲᠤ ᠨᠡᠶᠢᠴᠡᠭᠰᠡᠨ ᠠᠯᠠᠰᠢᠨ ᠬᠤᠨᠢᠨ ᠤ ᠰᠢᠨ᠎ᠡ ᠡᠭᠦᠯᠳᠡᠷ ( ᠤᠳᠤᠮ ) ᠢ ᠰᠣᠩᠭᠤᠨ ᠪᠣᠶᠢᠵᠢᠭᠤᠯᠵᠤ᠂ ᠨᠢᠭᠡ ᠪᠦᠯᠦᠭ ᠦᠷᠭᠦᠯᠵᠢᠯᠡᠭᠰᠡᠨ ᠵᠠᠬ᠎ᠠ ᠳᠡᠯᠭᠡᠭᠦᠷ  ᠤᠨ ᠥᠷᠢᠰᠥᠯᠳᠦᠭᠡᠨ ᠤ ᠳᠠᠪᠠᠭᠤᠯᠢᠭ ᠲᠠᠢ ᠠᠯᠠᠰᠢᠨ ᠬᠤᠨᠢᠨ ᠤ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠢ ᠪᠣᠶ ᠪᠣᠯᠭᠠᠵᠤ᠂ ᠬᠤᠳᠠᠯᠳᠤᠭᠠᠴᠢᠯᠠᠭᠰᠠᠨ ᠠᠵᠢᠯᠯᠠᠭᠠᠨ ᠲᠠᠢ ᠠᠯᠠᠰᠢᠨ ᠬᠤᠨᠢᠨ ᠤ ᠡᠭᠦᠯᠳᠡᠷ ᠪᠣᠶᠢᠵᠢᠭᠤᠯᠬᠤ ᠰᠢᠰᠲ᠋ᠧᠮᠵᠢ  ᠶᠢ ᠪᠠᠶᠢᠭᠤᠯᠤᠨ᠂ ᠪᠡᠶ᠎ᠡ ᠪᠠᠨ ᠳᠠᠭᠠᠭᠠᠭᠰᠠᠨ ᠡᠭᠦᠯᠳᠡᠷ ᠳᠤᠲᠠᠭᠳᠠᠬᠤ ᠲᠤᠰᠬᠠᠶᠢᠵᠢᠭᠰᠠᠨ 《 ᠭᠤᠤᠯ ᠳᠤᠲᠠᠭᠳᠠᠵᠤ ᠪᠠᠶᠢᠭ᠎ᠠ ᠡᠪᠡᠷᠰᠢᠶᠡᠯ 》 ᠢ ᠰᠢᠶᠳᠪᠦᠷᠢᠯᠡᠵᠦ᠂ ᠥᠪᠥᠷ ᠮᠣᠩᠭᠤᠯ ᠤᠨ ᠠᠯᠠᠰᠢᠨ ᠬᠤᠨᠢᠨ ᠤ ᠡᠭᠦᠯᠳᠡᠷ ᠤᠨ ᠦᠶᠯᠡᠰ  ᠤᠨ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠪᠠ ᠬᠥᠲᠥᠯᠦᠨ ᠳᠠᠭᠠᠭᠤᠯᠵᠤ᠂ ᠮᠠᠨ ᠤ ᠣᠷᠣᠨ ᠤ ᠡᠭᠦᠯᠳᠡᠷ ᠣᠷᠣᠭᠤᠯᠬᠤ ᠬᠡᠯᠪᠡᠷᠢ ᠠᠴᠠ ᠭᠠᠳᠠᠭᠰᠢ ᠭᠠᠷᠭᠠᠬᠤ ᠬᠡᠯᠪᠡᠷᠢ ᠳᠠᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠬᠠᠷᠠᠯᠲᠠ ᠶᠢ ᠪᠡᠶᠡᠯᠡᠭᠦᠯᠦᠨ᠎ᠡ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号