ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ 《 ᠬᠤᠶᠠᠷ ᠵᠢᠭᠦᠷ ᠵᠡᠷᠭᠡ ᠪᠠᠷ ᠨᠢᠰᠬᠦ 》
ᠨᠡᠶᠢᠲᠡᠯᠡᠭᠰᠡᠨ ᠴᠠᠭ᠄
2022/12/30
    ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠡᠷᠬᠡᠪᠰᠢ ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠭᠴᠢ ᠬᠦᠴᠦᠨ ᠪᠣᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ  ᠃ ᠰᠢᠨ᠎ᠡ ᠶᠢ ᠡᠭᠦᠳᠬᠦ ᠰᠣᠶᠣᠯ ᠢ ᠪᠣᠶᠢᠵᠢᠭᠤᠯᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠯᠢᠳᠡᠭ ᠰᠤᠷᠤᠯᠴᠠᠬᠤ ᠰᠤᠷᠲᠠᠯ  ᠢ ᠬᠥᠮᠦᠵᠢᠭᠦᠯᠵᠦ᠂ ᠰᠢᠨ᠎ᠡ ᠶᠢ ᠡᠭᠦᠳᠬᠦ ᠠᠭᠤᠷ ᠠᠮᠢᠰᠬᠤᠯ ᠢ ᠪᠤᠢ ᠪᠣᠯᠭᠠᠨ᠎ᠠ  ᠃ ᠡᠨᠡ ᠨᠢ ᠰᠢᠨ᠎ᠡ ᠴᠠᠭ ᠦᠶ᠎ᠡ  ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠳᠤ ᠰᠢᠨ᠎ᠡ ᠤᠨᠤᠯ ᠤᠨ ᠵᠢᠯᠤᠭᠤᠳᠤᠯᠭ᠎ᠠ ᠬᠠᠩᠭᠠᠵᠤ᠂ ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ  ᠃      ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠥᠨᠳᠥᠷ ᠬᠢᠷᠢ ᠲᠦᠪᠰᠢᠨ ᠪᠥᠬᠦᠶ ᠰᠢᠨᠵᠢᠯᠡᠬᠦ ᠤᠬᠠᠭᠠᠨ ᠮᠡᠷᠭᠡᠵᠢᠯ  ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ᠂ ᠳᠡᠯᠡᠬᠡᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠪᠥᠬᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠳᠡᠭᠡᠳᠦ ᠬᠡᠮᠵᠢᠶᠡᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠯ᠎ᠠ ᠪᠠᠷ ᠠᠯᠢ ᠣᠯᠠᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ  ᠃ ᠶᠡᠷᠦᠩᠬᠡᠢ ᠱᠦᠵᠢ ᠰᠢ ᠶᠢᠨ ᠫᠢᠩ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠣᠯ ᠰᠢᠨ᠎ᠡ ᠶᠢ ᠡᠭᠦᠳᠬᠦ ᠬᠥᠭᠵᠢᠯᠲᠡ ᠶᠢ ᠪᠡᠶᠡᠯᠡᠭᠦᠯᠬᠦ ᠬᠤᠣᠰ ᠵᠢᠭᠦᠷ ᠮᠥᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠡ ᠶᠢ ᠡᠭᠦᠳᠬᠦ ᠲᠠᠢ ᠠᠳᠠᠯᠢᠬᠠᠨ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ  ᠃      ᠥᠪᠥᠷ ᠮᠣᠩᠭᠤᠯ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠢᠰᠲ᠋ᠧᠮᠵᠢ ᠶᠢ ᠬᠦᠴᠦᠯᠡᠨ ᠪᠦᠷᠢᠨᠰᠢᠭᠦᠯᠵᠦ᠂ 2002 ᠣᠨ ᠳᠤ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠳᠦᠷᠢᠮ 》 ᠢ ᠨᠡᠶᠢᠲᠡᠯᠡᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠥᠯᠥᠪᠵᠢᠭᠦᠯᠭᠡ ᠶᠢᠨ ᠲᠣᠪᠴᠢ ᠶᠢ ᠬᠡᠷᠡᠭᠵᠢᠭᠦᠯᠬᠦ ᠲᠥᠰᠦᠯ 》 ᠵᠡᠷᠭᠡ ᠠᠯᠢ ᠣᠯᠠᠨ ᠴᠢᠬᠤᠯᠠ ᠪᠢᠴᠢᠭ ᠮᠠᠲ᠋ᠧᠷᠢᠶᠠᠯ ᠢ ᠵᠠᠯᠭᠠᠭᠠᠪᠠᠷ ᠨᠡᠶᠢᠲᠡᠯᠡᠵᠦ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠤᠨ ᠠᠷᠭ᠎ᠠ ᠶᠢᠨ ᠰᠢᠨ᠎ᠡ ᠶᠢ ᠡᠭᠦᠳᠬᠦ᠂ ᠠᠭᠤᠯᠭ᠎ᠠ ᠶᠢ ᠥᠷᠭᠡᠵᠢᠭᠦᠯᠬᠦ ᠵᠡᠷᠭᠡ ᠲᠠᠯ᠎ᠠ ᠪᠠᠷ ᠢᠳᠡᠪᠬᠢ ᠦᠶᠯᠡᠳᠦᠯ ᠦᠵᠡᠭᠦᠯᠪᠡ  ᠃      ᠰᠢᠯᠢᠳᠡᠭ ᠰᠤᠷᠲᠠᠯ ᠪᠠ ᠰᠤᠷᠤᠯᠴᠠᠬᠤ ᠰᠤᠷᠲᠠᠯ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠰᠠᠶᠢᠲᠤᠷ ᠬᠢᠬᠦ ᠶᠢᠨ 《 ᠠᠮᠢᠨ ᠰᠤᠳᠠᠰᠤ 》 ᠮᠥᠨ᠂ ᠲᠡᠷᠡ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ  ᠤᠨ ᠪᠦᠲᠦᠵᠦ ᠪᠦᠷᠢᠯᠬᠦ ᠲᠠᠢ ᠬᠤᠯᠪᠣᠭᠳᠠᠵᠤ ᠪᠠᠶᠢᠳᠠᠭ᠂ ᠡᠶᠢᠮᠦ ᠠᠴᠠ ᠰᠢᠨᠵᠢᠯᠡᠬᠦ ᠤᠬᠠᠭᠠᠨ ᠤ ᠠᠮᠵᠢᠯᠲᠠ ᠪᠦᠲᠦᠮᠵᠢ ᠨᠢ ᠤᠶᠤᠨ ᠰᠠᠨᠠᠭᠠᠨ ᠤ ᠲᠦᠰᠢᠭ ᠲᠤᠯᠭᠠᠭᠤᠷᠢ ᠠᠴᠠ ᠰᠠᠯᠵᠤ ᠴᠢᠳᠠᠬᠤ ᠦᠭᠡᠢ᠂ ᠰᠢᠯᠢᠳᠡᠭ ᠰᠤᠷᠤᠯᠴᠠᠬᠤ ᠰᠤᠷᠲᠠᠯ ᠨᠢ ᠤᠶᠤᠨ ᠰᠠᠨᠠᠭᠠᠨ ᠤ ᠵᠢᠯᠤᠭᠤᠳᠤᠯᠭ᠎ᠠ ᠠᠴᠠ ᠰᠠᠯᠵᠤ ᠴᠢᠳᠠᠬᠤ ᠦᠭᠡᠢ᠂ ᠰᠢᠯᠢᠳᠡᠭ ᠰᠤᠷᠤᠯᠴᠠᠬᠤ ᠰᠤᠷᠲᠠᠯ ᠢ ᠬᠠᠳᠠᠭᠠᠯᠠᠬᠤ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ  ᠪᠠᠷ ᠪᠠᠳᠠᠷᠠᠭᠤᠯᠬᠤ ᠳᠤ ᠪᠠᠶᠢᠨ᠎ᠠ  ᠃ ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠲᠠᠰᠤᠷᠠᠯᠲᠠ ᠤᠢᠭᠡᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨᠲᠠᠳ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠰᠢᠨ᠎ᠡ ᠶᠢ ᠡᠭᠦᠳᠬᠦ ᠶᠢ ᠤᠷᠮᠠᠰᠢᠭᠤᠯᠬᠤ᠂ ᠰᠢᠨ᠎ᠡ ᠶᠢ ᠡᠭᠦᠳᠬᠦ ᠶᠢ ᠪᠠᠭᠲᠠᠭᠠᠬᠤ ᠨᠡᠶᠢᠭᠡᠮ ᠤᠨ ᠣᠷᠴᠢᠨ ᠠᠬᠤᠶ ᠶᠢ ᠪᠣᠶ ᠪᠣᠯᠭᠠᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠠᠭᠤᠷᠢ ᠪᠡᠯᠡᠳᠬᠡᠮᠵᠢ  ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠭᠤᠯᠭ᠎ᠠ ᠶᠢ ᠪᠠᠶᠠᠯᠢᠭᠵᠢᠭᠤᠯᠤᠨ ᠰᠢᠨᠡᠳᠬᠡᠵᠦ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ᠂ ᠰᠢᠨᠵᠢᠯᠡᠬᠦ ᠤᠬᠠᠭᠠᠨ ᠤ ᠠᠷᠭ᠎ᠠ ᠶᠢ ᠰᠠᠨᠠᠭᠠᠴᠢᠯᠠᠬᠤ᠂ ᠰᠢᠨᠵᠢᠯᠡᠬᠦ ᠤᠬᠠᠭᠠᠨ ᠤ ᠦᠵᠡᠯ ᠰᠠᠨᠠᠭ᠎ᠠ ᠶᠢ ᠤᠯᠠᠮᠵᠢᠯᠠᠬᠤ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠵᠡᠷᠭᠡ ᠲᠠᠯ᠎ᠠ ᠪᠠᠷ ᠠᠯᠢ ᠣᠯᠠᠨ ᠴᠢᠷᠮᠠᠶᠢᠯᠭ᠎ᠠ ᠪᠠ ᠲᠤᠷᠰᠢᠯᠲᠠ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠦᠢᠯᠡᠰ  ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠳᠤ ᠢᠳᠡᠪᠬᠢ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠨ᠎ᠠ  ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ᠂ ᠪᠦᠬᠦ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠠᠶᠢᠯᠤᠮᠵᠢ ᠶᠢᠨ ᠤᠷᠤᠯᠳᠤᠭᠠᠨ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠢᠯᠢᠳᠡᠭ ᠪᠦᠲᠦᠭᠡᠯ ᠢ ᠡᠯᠰᠡᠨ ᠴᠤᠭᠯᠠᠭᠤᠯᠬᠤ ᠪᠠ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠵᠡᠷᠭᠡ ᠣᠯᠠᠨ ᠲᠦᠮᠡᠨᠴᠢ ᠴᠢᠨᠠᠷᠲᠠᠶ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠪᠦᠬᠦ ᠨᠡᠶᠢᠭᠡᠮ ᠳᠤ ᠪᠠᠶᠢᠭᠠᠯᠢ ᠶᠢᠨ ᠰᠢᠨᠵᠢᠯᠡᠬᠦ ᠤᠬᠠᠭᠠᠨ ᠪᠣᠯᠤᠨ ᠨᠡᠶᠢᠭᠡᠮ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠤᠯᠠᠮᠵᠢᠯᠠᠵᠤ᠂ ᠮᠡᠳᠡᠯᠭᠡ ᠶᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠴᠢᠳᠠᠪᠤᠷᠢᠲᠠᠨ ᠢ ᠬᠦᠨᠳᠦᠳᠬᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠳᠤ ᠠᠮᠢ ᠪᠡᠶ᠎ᠡ ᠪᠠᠨ ᠵᠣᠷᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠨᠡᠩ ᠥᠷᠭᠡᠨ ᠳᠡᠯᠭᠡᠷ ᠢᠶᠠᠷ ᠪᠣᠶ ᠪᠣᠯᠭᠠᠬᠤ ᠬᠡᠷᠡᠭᠲᠡᠶ  ᠃     ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠪᠣᠯ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠪᠠ ᠰᠢᠨ᠎ᠡ ᠶᠢ ᠡᠭᠦᠳᠦᠨ ᠬᠥᠭᠵᠢᠬᠦ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠮᠥᠨ  ᠃ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠨᠡᠶᠢᠳᠡᠮ ᠳᠡᠭᠡᠭᠰᠢᠯᠡᠭᠦᠯᠬᠦ ᠦᠭᠡᠢ ᠪᠣᠯ ᠥᠨᠳᠥᠷ ᠬᠡᠪ ᠴᠢᠨᠠᠷ ᠪᠦᠬᠦᠢ ᠰᠢᠨ᠎ᠡ ᠶᠢ ᠡᠭᠦᠳᠬᠦ ᠠᠤᠭ᠎ᠠ ᠶᠡᠭᠡ ᠡᠩᠨᠡᠭᠡ ᠶᠢ ᠪᠠᠶᠢᠭᠤᠯᠬᠤ ᠳᠤ ᠪᠡᠷᠬᠡ ᠶᠤᠮ  ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠣᠨᠢᠨ ᠮᠡᠳᠡᠭᠡᠨ ᠤ ᠳᠠᠮᠵᠢᠭᠤᠯᠭ᠎ᠠ ᠶᠢᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠵᠠᠩ ᠱᠤ᠋ ᠲᠢᠶᠠᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠲᠠᠨ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠢᠭᠡᠳᠦᠯᠲᠡᠶ ᠲᠣᠬᠢᠷᠠᠭᠤᠯᠤᠯᠲᠠ ᠳᠣᠤᠷ᠎ᠠ᠂ ᠠᠯᠢ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠪᠠ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠳᠤ ᠣᠷᠣᠯᠴᠠᠵᠤ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠤᠭᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠯᠭᠡ ᠶᠢᠨ ᠤᠯᠠᠮᠵᠢᠯᠠᠭᠴᠢ᠂ ᠰᠢᠨᠵᠢᠯᠡᠬᠦ ᠤᠬᠠᠭᠠᠨᠴᠢ ᠠᠷᠭ᠎ᠠ ᠶᠢᠨ ᠰᠠᠨᠠᠭᠠᠴᠢᠯᠠᠭᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠷᠠᠳ ᠤᠨ ᠲᠥᠯᠥᠭᠡ ᠬᠡᠷᠡᠭᠯᠡᠬᠦ ᠶᠢ ᠦᠶᠯᠡᠳᠦᠯᠭᠡᠵᠢᠭᠦᠯᠦᠭᠴᠢ ᠪᠣᠯᠵᠠᠶ  ᠃ 《 ᠮᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠲᠠᠳ ᠢᠮᠠᠭᠲᠠ ᠰᠢᠨᠵᠢᠯᠡᠬᠦ ᠤᠬᠠᠭᠠᠨ ᠰᠣᠶᠣᠯ ᠢ ᠪᠠᠳᠠᠷᠠᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭᠠᠨ ᠤ 〈 ᠭᠤᠣᠯ ᠬᠦᠭ ᠠᠶᠠᠰ 〉 ᠢ ᠴᠢᠪᠬᠠᠳᠠᠪᠠᠯ ᠰᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠣᠶᠢᠯᠠᠭᠠᠵᠤ᠂ ᠰᠠᠢ ᠰᠢᠨ᠎ᠡ ᠶᠢ ᠡᠭᠦᠳᠬᠦ ᠰᠣᠶᠣᠯ ᠢ ᠪᠣᠶᠢᠵᠢᠭᠤᠯᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠯᠢᠳᠡᠭ ᠰᠤᠷᠤᠯᠴᠠᠬᠤ ᠰᠤᠷᠲᠠᠯ ᠢ ᠪᠤᠢ ᠪᠣᠯᠭᠠᠵᠤ᠂ ᠰᠢᠨ᠎ᠡ ᠶᠢ ᠡᠭᠦᠳᠬᠦ ᠠᠭᠤᠷ ᠠᠮᠢᠰᠬᠤᠯ ᠢ ᠪᠤᠢ ᠪᠣᠯᠭᠠᠵᠤ ᠴᠢᠳᠠᠨ᠎ᠠ 》 ᠭᠡᠵᠦ ᠵᠠᠩ ᠱᠤ᠋ ᠲᠢᠶᠠᠨ᠂ 《 ᠨᠢᠭᠡ ᠤᠯᠤᠰ᠂ ᠨᠢᠭᠡ ᠦᠨᠳᠦᠰᠦᠲᠡᠨ ᠳᠡᠯᠡᠬᠡᠢ ᠳ᠋ᠠᠬᠢᠨ ᠳᠤ ᠰᠡᠬᠦᠶᠢᠨ ᠰᠦᠨᠳᠡᠷᠯᠡᠬᠦ ᠬᠦᠴᠦᠷᠬᠡᠭ ᠭᠠᠷ ᠪᠣᠯᠤᠶ᠎ᠠ ᠭᠡᠪᠡᠯ ᠡᠷᠬᠡᠪᠰᠢ ᠢᠲᠡᠭᠡᠯ ᠵᠣᠷᠢᠭ ᠲᠠᠢ᠂ ᠰᠥᠰᠥ ᠵᠣᠷᠢᠭ ᠲᠠᠢ ᠪᠠᠶᠢᠬᠤ ᠬᠡᠷᠡᠭᠲᠡᠢ᠂ ᠳᠠᠷᠤᠢ ᠰᠢᠨᠵᠢᠯᠡᠬᠦ ᠤᠬᠠᠭᠠᠨ ᠳᠡᠯᠡᠬᠡᠢ ᠶᠢᠨ ᠡᠮᠦᠨ᠎ᠡ ᠡᠩᠨᠡᠭᠡᠨ ᠳᠤ ᠬᠤᠰᠢᠭᠤᠷᠠᠬᠤ ᠬᠡᠷᠡᠭᠲᠡᠢ᠂ ᠢᠩᠭᠢᠪᠡᠯ ᠰᠠᠶ᠋ᠢ ᠢᠲᠡᠭᠡᠯ ᠬᠦᠴᠦᠨ ᠲᠠᠢ ᠪᠣᠯᠤᠨ᠎ᠠ  ᠃ ᠪᠦᠬᠦ ᠠᠷᠠᠳ ᠲᠤ ᠪᠢᠳᠡᠨ ᠤ ᠢᠲᠡᠭᠡᠯ ᠵᠣᠷᠢᠭ ᠢ ᠮᠡᠳᠡᠭᠦᠯᠬᠦ ᠬᠡᠷᠡᠭᠲᠡᠢ᠂ ᠢᠩᠭᠢᠪᠡᠯ ᠰᠠᠶ᠋ᠢ ᠰᠥᠰᠥ ᠵᠣᠷᠢᠭ ᠲᠠᠢ ᠪᠤᠯᠵᠤ᠂ ᠰᠠᠶ᠋ᠢ ᠦᠶ᠎ᠡ ᠦᠶ᠎ᠡ ᠶᠢᠨ ᠵᠠᠯᠠᠭᠤᠴᠤᠳ ᠪᠠᠭᠠᠴᠤᠳ ᠤᠨ ᠰᠥᠰᠥ ᠵᠣᠷᠢᠭ ᠢ ᠨᠡᠮᠡᠭᠳᠡᠭᠦᠯᠵᠦ᠂ ᠡᠭᠦᠨ ᠤ ᠤᠯᠠᠮ ᠠᠴᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ ᠪᠡᠶᠡᠯᠡᠭᠦᠯᠵᠦ ᠴᠢᠳᠠᠨ᠎ᠠ! ᠥᠪᠥᠷ ᠮᠣᠩᠭᠤᠯ ᠤᠨ ᠮᠦᠽᠧᠶ ᠶᠢᠨ ᠰᠤᠳᠤᠯᠤᠭᠴᠢ ᠤᠯᠠᠭᠠᠨᠲᠤᠶᠠᠭ᠎ᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠲᠠᠨ ᠪᠣᠯᠤᠭᠰᠠᠨ ᠤ ᠬᠤᠪᠢ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠲᠤᠶᠢᠯ ᠢᠶᠠᠷ ᠤᠷᠮᠠᠰᠢᠨ ᠵᠣᠷᠢᠭᠵᠢᠵᠤ ᠪᠠᠶᠢᠨ᠎ᠠ  ᠃ 《 ᠪᠢᠳᠡ ᠶᠡᠷᠦᠩᠬᠡᠶ ᠱᠦᠵᠢ ᠶᠢᠨ ᠣᠯᠠᠨ ᠤᠳᠠᠭ᠎ᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢ ᠴᠠᠭ ᠢᠮᠠᠭᠲᠠ ᠪᠠᠲᠤ ᠴᠡᠭᠡᠵᠢᠯᠡᠬᠦ ᠬᠡᠷᠡᠭᠲᠡᠶ᠂ ᠰᠢᠨ᠎ᠡ ᠶᠢ ᠡᠭᠦᠳᠴᠦ ᠪᠠᠶᠢᠨ᠎ᠠ᠂ ᠵᠣᠬᠢᠴᠠᠭᠤᠯᠬᠤ᠂ ᠨᠡᠭᠡᠭᠡᠯᠲᠡ ᠵᠢᠴᠢ ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠤ ᠵᠢᠯᠣᠭᠤᠳᠤᠯᠭ᠎ᠠ ᠳᠣᠤᠷ᠎ᠠ᠂ ᠠᠭᠤᠯᠭ᠎ᠠ ᠪᠠᠷ ᠪᠠᠶᠠᠯᠢᠭ᠂ ᠣᠯᠠᠨ ᠶᠠᠩᠵᠤ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠠᠵᠢᠯᠯᠠᠭ᠎ᠠ ᠨᠡᠶᠢᠭᠡᠮ ᠳᠤ ᠦᠶᠯᠡᠴᠢᠯᠡᠨ᠎ᠡ᠂ ᠨᠡᠶᠢᠭᠡᠮ ᠤᠨ ᠠᠩᠬᠠᠷᠤᠯ ᠪᠠ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠭᠦᠨ᠎ᠡ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ ᠬᠤᠪᠢ ᠨᠡᠮᠡᠷᠢ ᠦᠵᠡᠭᠦᠯᠦᠨ᠎ᠡ 》 ᠭᠡᠵᠦ ᠤᠯᠠᠭᠠᠨᠲᠤᠶᠠᠭ᠎ᠠ ᠢᠯᠡᠳᠬᠡᠪᠡ᠂ 《 ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠲᠠᠨ ᠪᠣᠯᠤᠭᠰᠠᠨ ᠤ ᠬᠤᠪᠢ ᠳᠤ᠂ ᠡᠷᠬᠡᠪᠰᠢ ᠡᠭᠦᠷᠭᠡ ᠬᠠᠷᠢᠭᠤᠴᠠᠯᠭ᠎ᠠ ᠪᠠ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ ᠬᠡᠷᠡᠭᠲᠡᠢ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠳᠤᠮᠳᠠ᠂ 〈 ᠳᠥᠷᠪᠡᠨ ᠴᠢᠭᠯᠡᠯ 〉 ᠢ ᠪᠠᠷᠢᠮᠲᠠᠯᠠᠬᠤ ᠬᠡᠷᠡᠭᠲᠡᠶ᠂ ᠲᠣᠰ ᠪᠡᠶ᠎ᠡ ᠶᠢᠨ ᠨᠡᠶᠢᠭᠡᠮ ᠤᠨ ᠬᠠᠷᠢᠭᠤᠴᠠᠯᠭ᠎ᠠ ᠪᠠ ᠡᠭᠦᠷᠭᠡᠯᠡᠯ ᠢᠶᠠᠨ ᠴᠢᠩᠭᠠᠳᠬᠠᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠭᠦᠯᠬᠦ ᠪᠠ ᠳᠡᠯᠭᠡᠷᠡᠭᠦᠯᠬᠦ ᠴᠢᠳᠠᠪᠤᠷᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ  ᠃ 》     ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠠᠳᠬᠤᠬᠤ ᠪᠣᠯ ᠳᠠᠷᠤᠶ ᠰᠢᠨ᠎ᠡ ᠶᠢ ᠡᠭᠦᠳᠬᠦ ᠶᠢ ᠠᠳᠬᠤᠬᠤ ᠶᠠᠪᠤᠳᠠᠯ ᠮᠥᠨ᠂ ᠰᠢᠨ᠎ᠡ ᠶᠢ ᠡᠭᠦᠳᠬᠦ ᠶᠢ ᠠᠳᠬᠤᠬᠤ ᠳᠤ ᠡᠷᠬᠡᠪᠰᠢ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠠᠳᠬᠤᠬᠤ ᠬᠡᠷᠡᠭᠲᠡᠶ  ᠃ ᠳᠠᠷᠠᠭ᠎ᠠ ᠠᠯᠬᠤᠮ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠪᠣᠯᠤᠨ᠎ᠠ᠂ 《 ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠶ ᠠᠬᠢᠭᠤᠯᠤᠨ ᠪᠣᠳᠠᠲᠠᠶᠢᠵᠢᠭᠤᠯᠬᠤ ᠬᠡᠷᠡᠭᠲᠡᠶ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠬᠠᠶ ᠠᠯᠢ ᠣᠯᠠᠨ ᠲᠣᠬᠢᠷᠠᠭᠤᠯᠤᠯᠲᠠ ᠪᠠᠶᠢᠷᠢᠯᠠᠭᠤᠯᠤᠯᠲᠠ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠢᠮᠠᠭᠲᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠢ ᠠᠳᠠᠯᠢ ᠴᠢᠬᠤᠯᠠ ᠪᠠᠶᠢᠷᠢᠨ ᠳᠤ ᠲᠠᠯᠪᠢᠨ᠎ᠠ᠂ ᠪᠦᠬᠦ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠶ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠲᠣᠭᠲᠠᠴᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠪᠠ ᠪᠦᠬᠦ ᠠᠷᠠᠳ  ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠂ ᠲᠠᠪᠴᠠᠩ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ᠂ ᠡᠬᠢ ᠪᠠᠶᠠᠯᠢᠭ ᠤᠨ ᠳᠠᠪᠠᠭᠤᠯᠢᠭ᠂ ᠴᠢᠳᠠᠪᠤᠷᠢᠲᠠᠨ ᠤ ᠳᠠᠪᠠᠭᠤᠯᠢᠭ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠬᠤ᠂ ᠵᠡᠮ ᠨᠡᠭᠡᠭᠡᠨ ᠰᠢᠨ᠎ᠡ ᠶᠢ ᠡᠭᠦᠳᠬᠦ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠨᠠᠩ ᠣᠯᠠᠨ ᠬᠥᠮᠦᠰ ᠲᠤ ᠬᠦᠷᠲᠡᠭᠡᠨ᠎ᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ 《 ᠬᠤᠶᠠᠷ ᠢ ᠵᠡᠷᠭᠡᠪᠡᠷ ᠬᠥᠭᠵᠢᠭᠦᠯᠬᠦ 》  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号