ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠴᠣᠭᠴᠠᠯᠠᠨ᠎ᠠ
ᠨᠡᠶᠢᠲᠡᠯᠡᠭᠰᠡᠨ ᠴᠠᠭ᠄
2022/12/30
    ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠶᠢᠨ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠶᠯ ᠢᠶᠠᠷ ᠬᠠᠮᠤᠭ ᠤᠨ ᠪᠦᠷᠢᠨ ᠠᠮᠢ ᠠᠬᠤᠶ ᠶᠢᠨ ᠴᠢᠳᠠᠮᠵᠢᠳᠤ ᠣᠷᠣᠨ ᠪᠣᠯᠤᠨ᠎ᠠ  ᠃ ᠥᠪᠥᠷ ᠮᠣᠩᠭᠤᠯ ᠤᠨ ᠠᠮᠢ ᠠᠬᠤᠢ ᠶᠢᠨ ᠪᠠᠶᠢᠳᠠᠯ ᠶᠠᠮᠠᠷ ᠪᠠᠶᠢᠬᠤ ᠨᠢ ᠪᠦᠬᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠰᠢᠯ ᠲᠣᠭᠲᠠᠨᠢᠯ ᠪᠠ ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ᠂ ᠴᠢᠨᠠᠭᠰᠢᠯᠠᠪᠠᠯ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠨ᠎ᠠ  ᠃ ᠠᠮᠢ ᠠᠬᠤᠢ ᠶᠢᠨ ᠠᠮᠤᠷ ᠲᠦᠪᠰᠢᠨ ᠪᠣᠯ ᠣᠷᠣᠰᠢᠨ ᠲᠣᠭᠲᠠᠨᠢᠬᠤ ᠶᠢᠨ ᠦᠨᠳᠦᠰᠦ ᠮᠥᠨ᠂ 《 ᠠᠯᠳᠠᠪᠠᠯ ᠶᠠᠭᠤ ᠴᠤ ᠦᠭᠡᠢ ᠪᠣᠯᠤᠨ᠎ᠠ 》᠂ ᠠᠮᠢ ᠠᠬᠤᠢ ᠶᠢᠨ ᠠᠮᠤᠷ ᠲᠦᠪᠰᠢᠨ ᠪᠠᠶᠢᠬᠤ ᠦᠭᠡᠢ ᠪᠣᠯ ᠪᠢᠳᠡ ᠶᠠᠭᠤ ᠴᠤ ᠬᠥᠭᠵᠢᠵᠦ ᠴᠢᠳᠠᠬᠤ ᠦᠭᠡᠢ ᠶᠤᠮ  ᠃ ᠪᠢᠳᠡ 《 ᠤᠯᠤᠰ ᠤᠨ ᠶᠡᠭᠡ ᠲᠠᠯ᠎ᠠ 》  ᠶᠢᠨ ᠦᠨᠳᠤᠷᠴᠡ ᠠᠴᠠ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠶᠢᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠨᠢᠳᠤᠨ ᠴᠡᠴᠡᠭᠡᠢ ᠪᠠᠨ ᠬᠠᠮᠠᠭᠠᠯᠠᠬᠤ ᠲᠠᠢ ᠠᠳᠠᠯᠢ ᠪᠠᠷ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ᠂ ᠪᠢᠳᠡᠨ ᠤ ᠣᠷᠣᠰᠢᠨ ᠲᠣᠭᠲᠠᠨᠢᠬᠤ ᠪᠠ ᠬᠥᠭᠵᠢᠬᠦ᠂ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠥᠭᠡᠳ ᠴᠢᠩ ᠦᠨᠡᠨᠴᠢ ᠬᠠᠶᠢᠷ᠎ᠠ ᠰᠡᠳᠬᠢᠯᠭᠡ ᠲᠠᠢ ᠰᠠᠶᠢᠨ ᠰᠠᠶᠢᠬᠠᠨ ᠭᠡᠷ ᠣᠷᠣᠨ ᠢᠶᠠᠨ ᠰᠠᠶᠢᠲᠤᠷ ᠰᠠᠬᠢᠨ ᠬᠠᠮᠠᠭᠠᠯᠠᠬᠤ ᠪᠠᠷ ᠴᠢᠷᠮᠠᠶᠢᠬᠤ ᠬᠡᠷᠡᠭᠲᠡᠢ  ᠃      ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯ ᠤᠳᠠᠭᠠᠨ ᠳᠠᠭᠠᠭᠠᠮᠠᠭᠠᠶ ᠵᠢᠳᠬᠦᠨ ᠴᠢᠷᠮᠠᠶᠢᠬᠤ ᠶᠠᠪᠤᠳᠠᠯ ᠮᠥᠨ  ᠃ ᠤᠳᠠᠭᠠᠨ ᠳᠠᠭᠠᠭᠠᠮᠠᠭᠠᠢ ᠴᠢᠷᠮᠠᠶᠢᠪᠠᠯ ᠳᠠᠷᠤᠢ ᠤᠳᠠᠭᠠᠨ ᠳᠠᠭᠠᠭᠠᠮᠠᠭᠠᠢ ᠪᠠᠶᠢᠵᠤ᠂ ᠡᠳᠦᠷ ᠡᠳᠦᠷ ᠴᠢᠷᠮᠠᠶᠢᠨ ᠠᠵᠢᠯᠯᠠᠬᠤ ᠬᠡᠷᠡᠭᠲᠡᠢ᠂ ᠭᠤᠷᠪᠠᠨ ᠡᠳᠦᠷ ᠵᠢᠭᠠᠰᠤ ᠠᠩᠨᠠᠵᠤ ᠬᠤᠶᠠᠷ ᠡᠳᠦᠷ ᠲᠣᠣᠷ ᠢᠶᠠᠨ ᠡᠭᠡᠭᠡᠵᠦ ᠪᠣᠯᠬᠤ ᠦᠭᠡᠢ᠂ ᠬᠦᠴᠢᠷ ᠪᠡᠷᠬᠡᠰᠢᠶᠡᠯ ᠪᠠ ᠳᠠᠷᠤᠯᠲᠠ ᠳᠤ ᠤᠴᠠᠷᠠᠮᠠᠭᠴᠠ ᠬᠠᠭᠤᠴᠢᠨ ᠵᠠᠮ ᠢᠶᠠᠷ ᠢᠶᠠᠨ ᠵᠠᠮᠨᠠᠬᠤ ᠭᠡᠵᠦ ᠪᠤᠳᠤᠵᠤ ᠪᠣᠯᠬᠤ ᠦᠭᠡᠢ  ᠃ ᠪᠢᠳᠡ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠬᠤ ᠬᠡᠷᠡᠭᠲᠡᠢ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠨ᠎ᠠ᠂ ᠨᠤᠲᠤᠭ ᠪᠡᠯᠴᠢᠭᠡᠷ ᠢ ᠬᠠᠮᠠᠭᠠᠯᠠᠬᠤ᠂ ᠣᠢ ᠰᠢᠭᠤᠶ ᠶᠢ ᠲᠡᠷᠢᠭᠦᠨ ᠴᠢᠬᠤᠯᠠ ᠡᠭᠦᠷᠭᠡ ᠪᠣᠯᠭᠠᠬᠤ᠂ ᠪᠠᠭᠠᠲᠤᠷ ᠡᠷ᠎ᠡ ᠪᠠᠭᠤᠤ ᠪᠠᠨ ᠴᠠᠪᠴᠢᠬᠤ ᠰᠥᠰᠥ ᠵᠣᠷᠢᠭ ᠢᠶᠠᠷ ᠠᠮᠢ ᠠᠬᠤᠶ ᠣᠷᠴᠢᠨ ᠲᠣᠭᠤᠷᠢᠨ ᠢ ᠬᠤᠬᠢᠷᠠᠭᠤᠯᠬᠤ ᠴᠢᠨᠠᠭᠰᠢᠯᠠᠪᠠᠯ ᠡᠪᠳᠡᠬᠦ ᠬᠥᠭᠵᠢᠯᠲᠡ ᠶᠢᠨ ᠵᠠᠭᠪᠤᠷ ᠢ ᠲᠠᠶᠠᠭᠳᠠᠬᠤ ᠬᠡᠷᠡᠭᠲᠡᠶ᠂ ᠥᠴᠦᠬᠡᠨ ᠴᠦ ᠥᠯᠥ ᠬᠦᠯᠢᠴᠡᠬᠦ ᠣᠪᠣᠷ ᠢᠶᠠᠷ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠰᠢᠶᠳᠪᠦᠷᠢᠯᠡᠪᠡ᠂ ᠪᠣᠬᠢᠷᠲᠤᠯ ᠦᠭᠡᠢ ᠳᠠᠪᠠᠭᠤᠯᠢᠭ ᠢᠶᠠᠨ ᠵᠤᠵᠠᠭᠠᠳᠬᠠᠬᠤ ᠳᠤ ᠠᠰᠢᠭᠲᠠᠢ ᠶᠠᠪᠤᠳᠠᠯ ᠯᠠ ᠶᠤᠮ ᠪᠣᠯ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠳᠤ ᠠᠰᠢᠭ ᠦᠭᠡᠢ ᠦᠢᠯᠡ ᠠᠵᠢᠯᠯᠠᠭ᠎ᠠ ᠪᠣᠯ ᠳᠠᠷᠤᠶ ᠡᠷᠡᠰ ᠬᠦᠴᠦᠲᠡᠶ ᠵᠠᠯᠠᠷᠠᠭᠤᠯᠤᠨ᠎ᠠ᠂ ᠥᠪᠥᠷ ᠮᠣᠩᠭᠤᠯ ᠤᠨ ᠡᠨᠡ ᠬᠦ ᠨᠣᠮᠢᠨ ᠨᠣᠭᠤᠭᠠᠨ ᠢ ᠦᠨᠡᠨ ᠬᠦ ᠰᠠᠶᠢᠲᠤᠷ ᠰᠠᠬᠢᠨ ᠬᠠᠮᠠᠭᠠᠯᠠᠨ᠎ᠠ᠂ ᠡᠨᠡ ᠬᠡᠰᠡᠭ ᠴᠡᠩᠬᠡᠷ ᠥᠩᠭᠡ ᠲᠠᠢ᠂ ᠡᠨᠡ ᠬᠤᠪᠢ ᠨᠢ ᠴᠡᠪᠡᠷ  ᠃      ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠨᠢ ᠬᠥᠭᠵᠢᠭᠦᠯᠬᠦ ᠦᠭᠡᠢ ᠭᠡᠰᠡᠨ ᠦᠭᠡ ᠪᠢᠰᠢ᠂ ᠠᠵᠤ ᠠᠬᠤᠢ ᠶᠢᠨ ᠬᠥᠭᠵᠢᠯᠲᠡ ᠠᠴᠠ ᠰᠠᠯᠵᠤ ᠠᠮᠢ ᠠᠬᠤᠢ ᠶᠢᠨ ᠬᠠᠮᠠᠭᠠᠯᠠᠯᠲᠠ ᠶᠢ ᠠᠳᠬᠤᠬᠤ ᠨᠢ ᠳᠠᠷᠤᠢ 《 ᠬᠤᠪᠠᠭ᠋ᠠᠢ ᠮᠣᠳᠣᠨ ᠠᠴᠠ ᠵᠢᠭᠠᠰᠤ ᠡᠷᠢᠬᠦ 》 ᠶᠠᠪᠤᠳᠠᠯ ᠪᠠᠶᠢᠵᠤ᠂ ᠦᠷᠭᠦᠯᠵᠢᠯᠡᠬᠦᠶ᠎ᠡ ᠪᠡᠷᠬᠡ ᠶᠤᠮ  ᠃ ᠬᠡᠯᠡᠯᠭᠡᠨ ᠦᠭᠡᠢ᠂ ᠬᠥᠭᠵᠢᠯᠲᠡ ᠶᠢ ᠠᠳᠬᠤᠬᠤ ᠳᠤ ᠶᠠᠭᠠᠬᠢᠭᠰᠠᠨ ᠴᠤ ᠠᠮᠢ ᠠᠬᠤᠢ ᠶᠢᠨ ᠬᠠᠮᠠᠭᠠᠯᠠᠯᠲᠠ ᠶᠢ ᠬᠠᠶᠢᠬᠤᠷᠬᠤ ᠦᠭᠡᠢ ᠪᠠᠶᠢᠵᠤ ᠪᠣᠯᠬᠤ ᠦᠭᠡᠢ᠂ ᠠᠮᠢ ᠠᠬᠤᠢ ᠶᠢᠨ ᠬᠠᠮᠠᠭᠠᠯᠠᠯᠲᠠ ᠠᠴᠠ ᠰᠠᠯᠵᠤ ᠠᠵᠤ ᠠᠬᠤᠢ ᠶᠢ ᠬᠥᠭᠵᠢᠭᠦᠯᠬᠦ ᠪᠣᠯ ᠳᠠᠷᠤᠢ 《 ᠬᠤᠭᠤᠰᠣᠷᠠᠲᠠᠯ᠎ᠠ ᠰᠢᠪᠬᠠᠵᠤ ᠬᠤᠪᠠᠭ᠋ᠠᠶᠢᠷᠠᠲᠠᠯ᠎ᠠ ᠠᠪᠬᠤ 》 ᠶᠠᠪᠤᠳᠠᠯ ᠮᠥᠨ᠂ ᠲᠡᠷᠡ ᠨᠢ ᠮᠠᠰᠢ ᠶᠡᠭᠡ ᠬᠤᠣᠷ ᠬᠥᠨᠥᠭᠡᠯ ᠲᠠᠢ ᠶᠤᠮ  ᠃ ᠪᠢᠳᠡ 《 ᠬᠠᠮᠠᠭᠠᠯᠠᠬᠤ 》 ᠪᠠ 《 ᠬᠥᠭᠵᠢᠭᠦᠯᠬᠦ 》 ᠶᠢ ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠢ᠂ ᠬᠥᠭᠵᠢᠯᠲᠡ ᠶᠢᠨ ᠠᠷᠭ᠎ᠠ ᠮᠠᠶ᠋ᠢᠭ ᠤᠨ ᠠᠰᠠᠭᠤᠳᠠᠯ ᠢ ᠰᠢᠶᠳᠪᠦᠷᠢᠯᠡᠬᠦ ᠶᠢ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠰᠢᠶᠳᠪᠦᠷᠢᠯᠡᠬᠦ ᠲᠠᠢ ᠨᠢᠭᠡᠳᠬᠡᠨ᠎ᠡ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ᠂ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠬᠠᠮᠵᠢᠯᠴᠠᠨ ᠠᠬᠢᠭᠤᠯᠤᠨ᠎ᠠ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠬᠤ᠂ ᠨᠡᠮᠡᠭᠳᠡᠬᠦ᠂ ᠭᠤᠶᠢᠪᠢᠰᠢ ᠦᠭᠡᠢ᠂ 《 ᠬᠤᠤᠰ ᠨᠡᠭᠦᠷᠡᠰᠦᠲᠥ᠋ᠷᠥᠭᠴᠢ 》 ᠶᠢᠨ ᠠᠵᠢᠯ ᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠰᠠᠶᠢᠲᠤᠷ ᠬᠢᠨ᠎ᠠ᠂ ᠠᠵᠤ ᠦᠢᠯᠡᠰ ᠤᠨ ᠪᠦᠲᠦᠴᠡ ᠶᠢ ᠶᠡᠬᠡᠪᠡᠷ ᠲᠣᠬᠢᠷᠠᠭᠤᠯᠤᠨ᠎ᠠ᠂ ᠡᠨᠧᠷᠭᠢ ᠶᠢᠨ ᠪᠦᠲᠦᠴᠡ᠂ ᠠᠮᠢ ᠠᠬᠤᠶ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠂ ᠠᠮᠢ ᠠᠬᠤᠢ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠠᠮᠢ ᠠᠬᠤᠢ ᠶᠢᠨ ᠠᠯᠬᠤᠴᠠ ᠶᠢ ᠲᠦᠷᠭᠡᠳᠬᠡᠨ᠎ᠡ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ  ᠪᠠᠷ ᠬᠡᠯᠪᠡᠷᠢ ᠪᠠᠨ ᠬᠤᠪᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠶ᠎ᠠ᠂ ᠥᠨᠳᠥᠷ ᠲᠦᠪᠰᠢᠨ ᠢᠶᠠᠷ ᠬᠠᠮᠠᠭᠠᠯᠠᠬᠤ ᠪᠠ ᠴᠢᠨᠠᠷ ᠰᠠᠶᠢᠲᠠᠶ ᠬᠥᠭᠵᠢᠭᠦᠯᠬᠦ ᠶᠢ ᠬᠠᠮᠵᠢᠯᠴᠠᠨ ᠠᠬᠢᠭᠤᠯᠤᠨ᠎ᠠ  ᠃     ᠡᠬᠢ ᠪᠠᠶᠠᠯᠢᠭ ᠢ ᠠᠷᠪᠢᠯᠠᠬᠤ ᠪᠣᠯ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠦᠨᠳᠦᠰᠦᠨ ᠪᠤᠳᠤᠯᠭ᠎ᠠ ᠮᠥᠨ  ᠃ ᠥᠪᠥᠷ ᠮᠣᠩᠭᠤᠯ ᠳᠤ ᠠᠪᠴᠤ ᠬᠡᠯᠡᠪᠡᠯ᠂ ᠡᠬᠢ ᠪᠠᠶᠠᠯᠢᠭ ᠢ ᠠᠷᠪᠢᠯᠠᠬᠤ ᠳᠤ ᠢᠯᠡᠭᠦᠬᠡᠨ ᠬᠠᠮᠠᠭᠠᠯᠠᠵᠤ᠂ ᠴᠥᠭᠡᠨ ᠨᠡᠭᠡᠭᠡᠨ ᠬᠥᠭᠵᠢᠭᠦᠯᠵᠦ᠂ ᠪᠦᠷᠢᠯᠭᠡᠨ ᠰᠦᠢᠳᠬᠡᠬᠦ ᠦᠭᠡᠢ ᠪᠠᠶᠢᠬᠤ ᠬᠡᠷᠡᠭᠲᠡᠢ  ᠃ ᠪᠢᠳᠠ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠶᠡᠭᠡ ᠪᠠᠷ ᠬᠡᠷᠡᠭᠵᠢᠭᠦᠯᠵᠦ᠂ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠲᠤᠬᠠᠢ ᠵᠢᠯᠣᠭᠤᠳᠬᠤ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠡᠯ᠎ᠡ ᠬᠦᠷᠢᠶᠡᠨ ᠤ ᠠᠷᠪᠢᠯᠠᠨ ᠭᠠᠮᠨᠠᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠡᠨᠧᠷᠭᠢ ᠪᠣᠯᠤᠨ ᠤᠰᠤᠨ ᠤ ᠡᠬᠢ ᠪᠠᠶᠠᠯᠢᠭ ᠤᠨ ᠬᠤᠷᠣᠭᠳᠠᠯ᠂ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠶᠢᠨ ᠶᠡᠷᠦᠩᠬᠡᠢ ᠬᠡᠮᠵᠢᠶ᠎ᠡ ᠪᠣᠯᠤᠨ ᠬᠦᠴᠦᠯᠡᠴᠡ ᠶᠢᠨ ᠬᠤᠣᠰ ᠡᠵᠡᠮᠳᠡᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ 《 ᠲᠠᠪᠤᠨ ᠶᠡᠭᠡ ᠰᠠᠭᠤᠷᠢ 》 ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠵᠦ ᠠᠰᠢᠭᠯᠠᠬᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ  ᠃      ᠬᠥᠮᠦᠨ ᠬᠥᠬᠡᠮᠳᠦᠭ ᠠᠭᠤᠯᠠ ᠶᠢ ᠬᠥᠰᠡᠷᠳᠡᠭᠦᠯᠬᠦ ᠦᠭᠡᠢ᠂ ᠬᠥᠬᠡᠮᠳᠦᠭ ᠠᠭᠤᠯᠠ ᠬᠥᠮᠦᠨ ᠢ ᠯᠠᠪ ᠬᠥᠰᠡᠷᠳᠡᠭᠦᠯᠬᠦ ᠦᠭᠡᠢ  ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠬᠥᠮᠦᠨ ᠪᠦᠬᠦᠨ ᠠᠰᠢᠭ ᠭᠥᠷᠳᠡᠵᠦ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠪᠢᠳᠡ ᠬᠥᠮᠦᠨ ᠪᠣᠯᠭᠠᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠭᠴᠢ᠂ ᠪᠥᠲᠥᠭᠡᠨ ᠪᠠᠶᠢᠭᠤᠯᠤᠭᠴᠢ᠂ ᠣᠷᠣᠯᠴᠠᠭᠴᠢ ᠪᠣᠯᠵᠣ᠂ ᠠᠵᠢᠯᠴᠢ ᠠᠷᠪᠢᠴᠢ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠤᠬᠠᠮᠰᠠᠷ ᠠᠴᠠ ᠪᠠᠨ ᠪᠣᠶ ᠪᠣᠯᠭᠠᠵᠤ᠂ ᠬᠥᠮᠦᠨ ᠪᠦᠬᠦᠨ ᠠᠮᠢ ᠠᠬᠤᠶ ᠶᠢᠨ ᠪᠣᠯᠪᠠᠰᠤᠨ ᠢ ᠡᠷᠬᠢᠮᠯᠡᠵᠦ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠬᠠᠮᠲᠤ ᠪᠠᠷ ᠰᠠᠬᠢᠨ ᠬᠠᠮᠠᠭᠠᠯᠠᠬᠤ ᠰᠠᠶᠢᠨ ᠰᠠᠶᠢᠬᠠᠨ ᠬᠡᠪ ᠰᠤᠷᠲᠠᠯ ᠢ ᠪᠦᠷᠢᠯᠳᠦᠭᠦᠯᠬᠦ ᠬᠡᠷᠡᠭᠲᠡᠶ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号