ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ ᠬᠤᠪᠣᠷ ᠰᠢᠷᠣᠢ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ
ᠨᠡᠶᠢᠲᠡᠯᠡᠭᠰᠡᠨ ᠴᠠᠭ᠄
2022/12/30
    ᠡᠨᠡ ᠵᠢᠯ ᠠᠴᠠ ᠨᠠᠭᠠᠰᠢ᠂ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠬᠤᠪᠣᠷ ᠰᠢᠷᠣᠶ ᠶᠢᠨ ᠠᠵᠤ ᠦᠶᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠶᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶᠯᠡᠴᠢᠯᠡᠭᠡᠨ ᠤ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠠᠭᠤᠰᠤᠯᠴᠠᠭᠤᠯᠤᠭᠰᠠᠨ ᠬᠤᠪᠣᠷ ᠰᠢᠷᠣᠶ ᠶᠢᠨ ᠠᠵᠤ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠲᠠᠰᠤᠷᠠᠯᠲᠠ ᠥᠬᠡᠶ ᠲᠡᠭᠦᠯᠳᠡᠷᠵᠢᠪᠡ᠃ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠲᠣᠭᠤᠷᠢᠨ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠠᠯᠳᠠ ᠬᠦᠴᠦᠨ ᠢ ᠲᠦᠷᠭᠡᠳᠬᠡᠨ ᠠᠬᠢᠭᠤᠯᠵᠤ᠂ ᠬᠤᠪᠣᠷ ᠰᠢᠷᠣᠶ ᠶᠢᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠤᠭᠤᠲᠤ ᠶᠢᠨ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠢᠲᠡᠭᠡᠯ ᠵᠣᠷᠢᠭ  ᠢ ᠲᠠᠰᠤᠷᠠᠯᠲᠠ ᠥᠬᠡᠶ ᠴᠢᠩᠭᠠᠷᠠᠭᠤᠯᠬᠤ ᠬᠡᠷᠡᠭᠲᠡᠶ᠃      ᠬᠤᠪᠣᠷ ᠰᠢᠷᠣᠶ ᠶᠢᠨ ᠠᠵᠤ ᠦᠶᠯᠡᠰ ᠤᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠶᠡᠭᠡ  ᠪᠠᠷ ᠠᠬᠢᠭᠤᠯᠬᠤ ᠲᠠᠯ᠎ᠠ ᠪᠠᠷ᠂ ᠲᠣᠰ ᠲᠣᠪᠴᠢᠶ᠎ᠠ ᠠᠴᠠ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ᠂ ᠪᠤᠭᠤᠲᠤ  ᠶᠢᠨ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ᠂ ᠲᠢᠶᠠᠨ ᠾᠧ ᠰᠣᠷᠢᠨᠵᠢᠨ ᠮᠠᠲ᠋ᠧᠷᠢᠶᠠᠯ᠂ ᠶᠢᠨ ᠮᠧᠩ ᠬᠤᠶ ᠰᠣᠷᠢᠨᠵᠢᠨ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢ ᠲᠦᠷᠦᠭᠦᠯᠡᠬᠦ ᠨᠢᠭᠡᠴᠡ ᠪᠣᠯᠭᠠᠵᠤ᠂ ᠳᠠᠭᠠᠭᠠᠨ ᠡᠭᠦᠷᠭᠡᠯᠡᠭᠰᠡᠨ ᠪᠠᠶ᠋ᠬᠠᠤᠪᠤᠭ᠎ᠠ ᠣᠯᠠᠨ ᠲᠡᠮᠦᠷᠯᠢᠭ ᠤᠨ ᠡᠬᠢ ᠪᠠᠶᠠᠯᠢᠭ  ᠤᠨ ᠪᠣᠬᠢᠷᠲᠤᠯ ᠥᠬᠡᠶ ᠥᠨᠳᠥᠷ ᠪᠦᠲᠦᠮᠵᠢᠲᠡᠶ ᠨᠡᠭᠡᠭᠡᠨ ᠠᠰᠢᠭᠯᠠᠵᠤ ᠲᠥᠪᠯᠡᠷᠡᠭᠦᠯᠦᠨ ᠵᠢᠱᠢᠶ᠎ᠡ ᠦᠵᠡᠭᠦᠯᠬᠦ ᠵᠡᠷᠭᠡ 6 ᠲᠥᠷᠥᠯ ᠵᠦᠶᠯ ᠢ ᠤᠯᠤᠰ ᠤᠨ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠢᠶᠠᠷ ᠭᠤᠶᠤᠴᠢᠯᠠᠨ ᠮᠡᠳᠡᠭᠦᠯᠵᠦ᠂ ᠴᠠᠩ ᠠᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠥᠨᠳᠥᠷ ᠲᠦᠯᠬᠢᠬᠦ ᠬᠦᠴᠦᠨ ᠤ ᠨᠢᠭᠲᠠᠴᠠ ᠶᠢᠨ ᠲᠣᠭᠲᠠᠮᠠᠯ ᠰᠣᠷᠢᠨᠵᠢᠨ ᠤ ᠢᠵᠢᠯᠢ ᠠᠯᠬᠤᠮᠲᠤ ᠰᠢᠯᠤᠭᠤᠨ ᠴᠠᠬᠢᠯᠭᠠᠨ ᠮᠠᠰᠢᠨ ᠢ ᠰᠤᠳᠤᠯᠤᠨ ᠦᠶᠯᠡᠳᠬᠦ ᠲᠥᠷᠥᠯ ᠵᠦᠶᠯ᠂ ᠬᠤᠩ ᠪᠥᠸᠧ ᠲᠧ ᠬᠤᠪᠣᠷ ᠰᠢᠷᠣᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠤᠳᠤᠭ ᠤᠨ ᠥᠨᠳᠥᠷ ᠳᠤᠯᠠᠭᠠᠨ ᠳᠤ ᠳᠠᠭᠠᠭᠠᠮᠠᠭᠠᠶ ᠵᠠᠩᠭᠢᠯᠠᠭ᠎ᠠ ᠶᠢᠨ ᠮᠡᠷᠭᠡᠵᠢᠯ ᠵᠡᠷᠭᠡ 7 ᠲᠥᠷᠥᠯ ᠵᠦᠶᠯ ᠨᠢ ᠥᠪᠡᠷᠲᠡᠭᠡᠨ ᠵᠠᠰᠠᠬᠤ ᠣᠷᠣᠨ ᠤ 《 ᠵᠠᠷᠯᠠᠯ ᠨᠡᠶᠢᠲᠡᠯᠡᠨ ᠮᠠᠩᠯᠠᠶᠢᠯᠠ᠃      ᠬᠤᠪᠣᠷ ᠰᠢᠷᠣᠶ ᠶᠢᠨ ᠬᠦᠷᠢᠶᠡᠨ ᠳᠠᠬᠢ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠠ ᠦᠷ᠎ᠡ ᠪᠦᠲᠦᠭᠡᠯ ᠢ ᠣᠨᠳᠣᠤᠰᠢᠭᠤᠯᠬᠤ ᠲᠠᠯ᠎ᠠ ᠪᠠᠷ᠂ ᠪᠤᠭᠤᠲᠤ ᠬᠤᠲᠠ ᠪᠤᠭᠤᠲᠤ ᠶᠢᠨ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠤᠭᠤᠲᠤ ᠶᠢᠨ ᠬᠤᠪᠣᠷ ᠰᠢᠷᠣᠶ  ᠶᠢᠨ ᠰᠤᠳᠤᠯᠤᠨ ᠨᠡᠭᠡᠭᠡᠬᠦ ᠲᠥᠪ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠬᠦᠷᠢᠶᠡᠯᠡᠩ ᠵᠡᠷᠭᠡ ᠰᠤᠳᠤᠯᠤᠨ ᠨᠡᠭᠡᠭᠡᠬᠦ ᠪᠠᠶᠢᠭᠤᠯᠤᠮᠵᠢ ᠪᠠᠷ ᠭᠤᠤᠯ ᠴᠣᠭᠴᠠ ᠪᠣᠯᠭᠠᠵᠤ᠂ ᠰᠢᠨ᠎ᠡ  ᠶᠢ ᠡᠭᠦᠳᠬᠦ ᠲᠠᠪᠴᠠᠩ ᠤᠨ ᠪᠠᠶᠢᠭᠤᠯᠤᠯᠲᠠ ᠪᠠ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠶᠯ ᠤᠨ ᠬᠡᠷᠡᠭᠵᠢᠭᠦᠯᠦᠯᠲᠡ ᠪᠠᠷ ᠳᠠᠮᠵᠢᠭᠤᠯᠤᠨ᠂ ᠳᠡᠭᠡᠳᠦ ᠲᠠᠰ ᠤᠨ ᠴᠢᠳᠠᠪᠤᠷᠢᠲᠠᠨ ᠪᠠ ᠪᠦᠯᠬᠦᠮ ᠨᠡᠶᠢᠲᠡ ᠶᠢ ᠲᠡᠳᠡᠨ ᠠᠪᠴᠢᠷᠠᠵᠤ ᠳᠠᠭᠠᠭᠠᠴᠢᠯᠠᠨ ᠬᠠᠮᠵᠢᠯᠴᠠᠭᠤᠯᠪᠠ᠃ ᠪᠤᠭᠤᠲᠤ ᠬᠤᠲᠠ ᠤᠷᠢᠳ ᠬᠤᠵᠢᠳ ᠶᠠᠨ ᠴᠦᠨ ᠬᠤᠸᠠ᠂ ᠱᠧᠨ ᠪᠦ᠋ᠦ ᠭᠧᠨ᠂ ᠯᠢ ᠢ᠂ ᠵᠠᠩ ᠬᠤᠩ ᠵᠢᠶᠧ᠂ ᠬᠥ᠋ ᠭᠦᠸᠧ ᠪᠢᠶᠤᠤ᠂ ᠯᠢ ᠸᠧᠶ᠂ ᠬᠤᠸᠠᠩ ᠰᠢᠶᠤᠤ ᠸᠧᠶ᠂ ᠰᠢᠤᠢ ᠬᠤᠶ ᠪᠢᠨ᠂ ᠳ᠋ᠢᠩ ᠸᠧᠨ ᠵᠢᠶᠠᠩ᠂ ᠾᠧ ᠵᠢᠶ ᠱᠠᠨ᠂ ᠸᠠᠩ ᠢᠳᠧ ᠵᠡᠷᠭᠡ ᠠᠺᠠᠳᠧᠮᠢᠴᠢ ᠵᠢᠴᠢ ᠪᠦᠯᠬᠦᠮ ᠢ 30 ᠭᠠᠷᠤᠶ ᠣᠷᠣᠭᠤᠯᠵᠤ ᠠᠪᠴᠢᠷᠠᠵᠠᠶ᠃ ᠡᠭᠦᠨ ᠤ ᠬᠠᠮᠲᠤ᠂ ᠵᠠᠩ ᡁᠢ ᠬᠤᠩ᠂ ᠶᠠᠩ ᠵᠠᠨ ᠹᠧᠩ᠂ ᠯᠢᠦ ᠭᠦᠸᠧ ᠵᠧᠩ᠂ ᠶᠠᠨ ᠬᠤᠶ ᠵᠥᠩ ᠢᠶᠠᠷ ᠲᠥᠯᠥᠭᠡᠯᠡᠭᠦᠯᠦᠭᠰᠡᠨ ᠨᠤᠲᠤᠭ ᠤᠨ ᠬᠤᠪᠣᠷ ᠰᠢᠷᠣᠶ ᠶᠢᠨ ᠬᠦᠷᠢᠶᠡᠨ ᠤ ᠲᠤᠰᠬᠠᠶ ᠮᠡᠷᠭᠡᠵᠢᠯᠲᠡᠨ ᠢ ᠪᠣᠶᠢᠵᠢᠭᠤᠯᠵᠤ᠂ ᠴᠤᠯᠤ ᠴᠡᠪᠡᠷ ᠬᠤᠪᠣᠷ ᠰᠢᠷᠣᠶ ᠶᠢᠨ ᠲᠡᠮᠦᠷᠯᠢᠭ ᠦᠶᠯᠡᠳᠬᠦ᠂ ᠬᠤᠪᠣᠷ ᠰᠢᠷᠣᠶ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠥᠨᠳᠥᠷ ᠴᠢᠳᠠᠪᠬᠢᠲᠤ ᠨᠧᠦᠳᠢᠮ ᠲᠡᠮᠦᠷ ᠪᠣᠷ ᠮᠠᠲ᠋ᠧᠷᠢᠶᠠᠯ ᠪᠠ ᠬᠤᠪᠣᠷ ᠰᠢᠷᠣᠶ ᠶᠢᠨ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ ᠢ ᠰᠤᠳᠤᠯᠤᠨ ᠦᠶᠯᠡᠳᠬᠦ ᠵᠡᠷᠭᠡ ᠬᠦᠷᠢᠶᠡᠨ ᠳᠤ ᠮᠠᠰᠢ ᠣᠯᠠᠨ ᠦᠷ᠎ᠡ ᠪᠦᠲᠦᠭᠡᠯ ᠣᠯᠵᠤ᠂ ᠬᠤᠪᠣᠷ ᠰᠢᠷᠣᠶ ᠶᠢᠨ ᠠᠵᠢᠯ ᠲᠥᠷᠥᠯ ᠳᠤ ᠨᠡᠯᠢᠶᠡᠳ ᠥᠨᠳᠥᠷ ᠠᠯᠳᠠᠷᠰᠢᠯ ᠲᠠᠢ ᠪᠣᠯᠪᠠ᠃      ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠶᠯᠭᠡᠭᠡᠨ ᠤ ᠬᠤᠪᠣᠷ ᠰᠢᠷᠣᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠶᠢ ᠭᠦᠨᠵᠡᠭᠡᠶ ᠠᠬᠢᠭᠤᠯᠬᠤ ᠲᠠᠯ᠎ᠠ ᠪᠠᠷ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠶᠯᠭᠡᠭᠡᠨ ᠤ ᠰᠢᠨ᠎ᠡ ᠶᠢ ᠡᠭᠦᠳᠬᠦ ᠦᠶᠯᠡᠴᠢᠯᠡᠭᠡᠨ ᠤ 《 ᠠᠷᠪᠠᠨ ᠵᠠᠭᠤ ᠮᠢᠩᠭ᠎ᠠ ᠲᠦᠮᠡ 》 ᠶᠢᠨ ᠲᠤᠰᠬᠠᠶ ᠠᠵᠢᠯᠯᠠᠭ᠎ᠠ ᠪᠤᠭᠤᠲᠤ ᠬᠤᠲᠠ  ᠳᠤ ᠡᠬᠢᠯᠡᠪᠡ︔ ᠪᠥᠬᠦ ᠤᠯᠤᠰ ᠤᠨ ᠠᠩᠬᠠᠳᠠᠭᠴᠢ 《 ᠳᠤᠮᠳᠠᠳᠤ ᠤᠯᠤᠰ ᠤᠨ ᠪᠠᠩᠬᠢ ᠶᠢᠨ ᠬᠤᠪᠣᠷ ᠰᠢᠷᠣᠶ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠶᠯᠭᠡᠭᠡᠨ ᠤ ᠣᠨᠴᠠᠯᠢᠭᠲᠤ ᠰᠠᠯᠪᠤᠷᠢ ᠪᠠᠩᠬᠢ 》 ᠪᠤᠭᠤᠲᠤ ᠬᠤᠲᠠ ᠳᠤ ᠫᠠᠶᠢᠰᠠ ᠡᠯᠭᠦᠨ ᠠᠵᠢᠯᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠮᠥᠩᠭᠦᠨ ᠭᠦᠶᠯᠭᠡᠭᠡᠨ ᠤ ᠲᠤᠯᠭᠠᠭᠤᠷᠢᠯᠠᠯ ᠬᠠᠩᠭᠠᠵᠤ᠂ ᠬᠤᠪᠣᠷ ᠰᠢᠷᠣᠶ  ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠪᠠᠯᠠ ᠮᠥᠩᠭᠦ ᠶᠢᠨ ᠡᠷᠭᠢᠯᠲᠡ᠂ ᠮᠡᠷᠭᠡᠵᠢᠯ ᠤᠨ ᠲᠠᠰ ᠳᠠᠪᠰᠢᠯᠲᠠ ᠵᠡᠷᠭᠡ ᠲᠠᠯ᠎ᠠ ᠪᠠᠷ ᠬᠢ ᠴᠢᠨᠠᠷ ᠰᠠᠶᠢᠲᠠᠶ ᠮᠥᠩᠭᠦᠨ ᠭᠦᠶᠯᠭᠡᠭᠡᠨ ᠤ ᠦᠶᠯᠡᠴᠢᠯᠡᠭᠡ ᠬᠠᠩᠭᠠᠪᠠ᠃      ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠰᠠ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠢᠱᠢᠶ᠎ᠡ ᠦᠵᠡᠭᠦᠯᠬᠦ ᠣᠷᠣᠨ  ᠢ ᠡᠭᠦᠳᠦᠨ ᠪᠠᠶᠢᠭᠤᠯᠬᠤ ᠪᠠᠷ ᠭᠤᠶᠤᠴᠢᠯᠠᠨ ᠮᠡᠳᠡᠭᠦᠯᠬᠦ ᠶᠢ ᠢᠳᠡᠪᠬᠢᠲᠡᠶ ᠲᠠᠨᠢᠯᠴᠠᠭᠤᠯᠵᠤ᠂ ᠳᠣᠲᠣᠷ ᠡᠮᠨᠡᠯᠭᠡ ᠶᠢᠨ ᠶᠡᠭᠡ ᠰᠤᠷᠭᠠᠭᠤᠯᠢ᠂ ᠪᠤᠭᠤᠲᠤ ᠶᠢᠨ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ ᠲᠤᠷᠰᠢᠯᠲᠠ ᠶᠢᠨ ᠨᠢᠭᠡᠴᠡ ᠪᠣᠯᠬᠤ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ  ᠶᠢᠨ ᠳᠤᠮᠳᠠ ᠪᠠᠭ᠎ᠠ ᠠᠵᠤ ᠠᠬᠤᠶᠢᠯᠠᠯ ᠤᠨ ᠬᠤᠤᠰ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠰᠦᠯ ᠢ ᠨᠡᠶᠢᠲᠡᠯᠡᠪᠡ᠃ ᠪᠤᠭᠤᠲᠤ ᠬᠤᠲᠠ ᠶᠢᠨ ᠬᠤᠪᠣᠷ ᠰᠢᠷᠣᠶ ᠶᠢᠨ ᠬᠦᠷᠢᠶᠡᠨ ᠳᠠᠬᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ 48 ᠠᠵᠤ ᠠᠬᠤᠶᠢᠯᠠᠯ ᠢ ᠪᠣᠶᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠶᠡᠷᠦᠩᠬᠡᠶ ᠲᠣᠭᠠᠨ ᠤ ᠭᠤᠷᠪᠠᠨ ᠤ ᠨᠢᠭᠡ ᠰᠢᠬᠠᠮ ᠢ ᠡᠵᠡᠯᠡᠪᠡ᠃ 41 ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠶᠢ ᠳᠡᠮᠵᠢᠵᠦ᠂ ᠰᠤᠳᠤᠯᠤᠨ ᠨᠡᠭᠡᠭᠡᠬᠦ ᠠᠵᠢᠯᠯᠠᠭ᠎ᠠ ᠲᠠᠢ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 37 ᠪᠣᠯᠪᠠ᠃
 
ᠢᠷᠡᠯᠲᠡ᠄ ᠪᠤᠭᠤᠲᠤ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号