| | ᠬᠡᠳᠦᠨ ᠤᠳᠠᠭ᠎ᠠ ᠶᠢᠨ ᠬᠠᠬᠢᠷ ᠡᠪᠦᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨᠭᠠᠷ | ᠬᠤᠰᠢᠭᠤᠨ ᠤ ᠳ᠋ᠠ ᠯᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ ᠥᠪᠥᠷ ᠮᠣᠩᠭᠤᠯ | ᠤᠨ ᠵᠢᠦ ᠲᠠᠢ ᠰᠢᠨ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠰᠢᠨ᠎ᠡ ᠪᠠᠷ ᠪᠠᠶᠢᠭᠤᠯᠤᠭᠰᠠᠨ | ᠲᠦᠷᠦᠯ ᠵᠦᠢᠯ ᠤᠨ ᠰᠠᠭᠤᠷᠢᠨ᠂ ᠰᠢᠨᠵᠢᠯᠡᠨ ᠰᠢᠯᠭᠠᠬᠤ ᠲᠠᠰᠤᠭ᠂ ᠡᠵᠡᠮᠳᠡᠬᠦ ᠲᠠᠰᠤᠭ᠂ ᠴᠠᠬᠢᠯᠭᠠᠨ ᠲᠦᠭᠡᠭᠡᠬᠦ | ᠲᠠᠰᠤᠭ ᠵᠡᠷᠭᠡ ᠦᠢᠯᠡᠳᠪᠦᠷᠢ ᠶᠢᠨ ᠪᠠᠶᠢᠰᠢᠩ ᠰᠦᠨᠳᠡᠷᠯᠡᠨ ᠪᠣᠰᠴᠤ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ | ᠦᠢᠯᠡᠳᠪᠦᠷᠢ ᠶᠢᠨ ᠲᠣᠭᠤᠷᠢᠭ ᠪᠤᠢ ᠪᠣᠯᠪᠠ ᠃ | 《 ᠡᠨᠡ ᠪᠣᠯ ᠳᠡᠯᠡᠬᠡᠶ ᠶᠢᠨ ᠠᠩᠬᠠᠳᠠᠭᠴᠢ ᠲᠦᠮᠡᠨ ᠲᠣᠨ ᠤ ᠲᠠᠰ ᠤᠨ ᠨᠡᠭᠦᠷᠡᠰᠦ ᠤᠰᠤᠲᠥ᠋ᠷᠥᠭᠴᠢ ᠶᠢᠨ | ᠨᠢᠭᠡᠳᠪᠦᠷᠢ ᠪᠠᠷ ᠦᠶᠯᠡᠳᠬᠦᠨ ᠪᠣᠯᠭᠠᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠠᠰᠢᠭᠯᠠᠬᠤ ᠲᠥᠷᠥᠯ | ᠵᠦᠶᠯ ᠪᠣᠯᠤᠨ᠎ᠠ ᠃ ᠺᠣᠮᠫᠠᠨᠢ ᠶᠢᠨ ᠶᠡᠷᠦᠩᠬᠡᠶ ᠢᠨᠵᠧᠨᠧᠷ ᠼᠦᠢ ᠢᠦ᠋ᠶ ᠲᠠᠨᠢᠯᠴᠠᠭᠤᠯᠬᠤ ᠳᠠᠭᠠᠨ᠂ ᠲᠣᠰ ᠲᠥᠷᠥᠯ | ᠵᠦᠶᠯ ᠤᠨ ᠭᠤᠤᠯ ᠪᠦᠲᠦᠭᠡᠭᠳᠡᠬᠦᠨ ᠨᠢ ᠴᠥᠮ ᠳᠥᠷᠪᠡᠨ ᠮᠧᠲ᠋ᠢᠯᠲᠦ ᠪᠧᠨ᠋ᠽᠧᠨ ᠪᠠᠶᠢᠵᠤ᠂ ᠪᠢᠴᠢᠯ ᠡᠯᠧᠺᠲᠷᠣᠨ᠂ | ᠰᠠᠨᠰᠠᠷ ᠤᠨ ᠠᠶᠠᠯᠠᠯ ᠵᠢᠴᠢ ᠴᠡᠷᠢᠭ ᠤᠨ ᠠᠵᠤ ᠦᠶᠯᠡᠳᠪᠦᠷᠢ ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠨ ᠳᠤ ᠥᠷᠭᠡᠨ ᠢᠶᠠᠷ ᠬᠡᠷᠡᠭᠯᠡᠵᠦ᠂ ᠲᠥᠷᠥᠯ ᠵᠦᠶᠯ ᠨᠢ ᠠᠰᠢᠭᠯᠠᠯᠲᠠ ᠳᠤ ᠣᠷᠣᠵᠤ ᠵᠢᠱᠢᠶ᠎ᠡ ᠦᠵᠡᠭᠦᠯᠦᠭᠰᠡᠨ | ᠤ ᠳᠠᠷᠠᠭ᠎ᠠ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠳᠡᠭᠡᠳᠦ ᠲᠠᠰ ᠤᠨ ᠬᠢᠮᠢ ᠶᠢᠨ ᠦᠶᠯᠡᠳᠬᠦᠨ | ᠦᠶᠯᠡᠳᠬᠦ ᠠᠵᠤ ᠦᠶᠯᠡᠳᠪᠦᠷᠢ ᠶᠢᠨ ᠱᠤᠭᠤᠮ ᠢ ᠰᠦᠪᠡᠭᠴᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ | ᠭᠡᠵᠡᠶ ᠃ | ᠵᠡᠭᠦᠨᠭᠠᠷ ᠬᠤᠰᠢᠭᠤ ᠣᠯᠠᠨ ᠵᠢᠯ ᠤᠨ ᠲᠤᠷᠰᠢ ᠨᠡᠭᠦᠷᠡᠰᠦ ᠮᠠᠯᠲᠠᠬᠤ ᠪᠠᠷ ᠭᠤᠤᠯᠯᠠᠬᠤ ᠠᠵᠤ ᠦᠶᠯᠡᠰ | ᠪᠣᠯᠭᠠᠵᠤ᠂ ᠮᠠᠨ ᠤ ᠤᠯᠤᠰ ᠤᠨ ᠲᠠᠩ ᠨᠦᠬᠡ ᠶᠢᠨ ᠭᠠᠷᠤᠯᠲᠠ ᠪᠠᠷ ᠬᠠᠮᠤᠭ ᠤᠨ ᠶᠡᠭᠡ ᠬᠠᠲᠠᠶᠢᠭᠤᠣᠯ ᠵᠠᠳᠠᠭᠠᠶ | ᠨᠡᠭᠦᠷᠡᠰᠦᠨ ᠠᠭᠤᠷᠬᠠᠶ ᠵᠡᠷᠭᠡ ᠨᠢᠭᠡ ᠪᠦᠯᠦᠭ ᠲᠣᠮᠣ ᠬᠡᠯᠪᠡᠷᠢ ᠶᠢᠨ ᠨᠡᠭᠦᠷᠡᠰᠦᠨ ᠠᠭᠤᠷᠬᠠᠶ ᠲᠠᠢ ᠪᠠᠶᠢᠳᠠᠭ ᠃ | ᠣᠶᠢᠷ᠎ᠠ ᠶᠢᠨ ᠵᠢᠯ ᠠᠴᠠ ᠨᠠᠭᠠᠰᠢ᠂ ᠵᠡᠭᠦᠨᠭᠠᠷ ᠬᠤᠰᠢᠭᠤ ᠶᠠᠭ ᠰᠠᠶᠢᠬᠠᠨ ᠰᠡᠮᠡᠭᠡᠷ ᠬᠤᠪᠢᠷᠠᠵᠤ᠂ ᠵᠢᠦ ᠲᠠᠢ᠂ ᠲᠢᠶᠠᠨ | ᠾᠧ᠂ ᠶᠤᠸᠠᠨ ᠵᠢᠩ᠂ ᠰᠢᠤᠢ ᠬᠥᠩ ᠵᠡᠷᠭᠡ ᠠᠵᠢᠯ ᠲᠥᠷᠥᠯ ᠤᠨ ᠲᠦᠷᠦᠭᠦᠦ ᠠᠵᠤ ᠠᠬᠤᠶᠢᠯᠠᠯ ᠬᠤᠶᠢᠨ᠎ᠠ | ᠬᠤᠶᠢᠨ᠎ᠠ ᠠᠴᠠ ᠪᠠᠨ ᠣᠷᠣᠵᠤ᠂ ᠨᠢᠭᠡ ᠪᠦᠯᠦᠭ ᠳᠡᠯᠡᠬᠡᠶ ᠶᠢᠨ ᠪᠠ ᠤᠯᠤᠰ ᠤᠨ ᠳᠣᠲᠣᠭᠠᠳᠤ ᠳᠤ ᠲᠡᠷᠢᠭᠦᠯᠡᠭᠰᠡᠨ | 《 ᠠᠩᠬᠠᠳᠠᠭᠴᠢ ᠢᠵᠢ ᠠᠩᠬᠠᠨ ᠤ ᠮᠡᠷᠭᠡᠵᠢᠯ 》᠂ ᠰᠢᠨ᠎ᠡ ᠲᠣᠨᠤᠭ ᠲᠥᠬᠦᠭᠡᠷᠦᠮᠵᠢ᠂ ᠰᠢᠨ᠎ᠡ ᠤᠷ᠎ᠠ ᠮᠡᠷᠭᠡᠰᠢᠯ | ᠦᠷᠭᠦᠯᠵᠢᠯᠡᠨ ᠪᠣᠳᠠᠲᠠᠶᠢᠵᠢᠪᠠ ᠃ | ᠵᠡᠭᠦᠨᠭᠠᠷ ᠬᠤᠰᠢᠭᠤ ᠪᠣᠯ ᠨᠢᠭᠡ ᠭᠠᠵᠠᠷ ᠤᠨ ᠬᠤᠪᠢᠷᠠᠯᠲᠠ ᠪᠢᠰᠢ᠂ 《 ᠬᠤᠨᠢ ᠨᠡᠭᠦᠷᠡᠰᠦ ᠬᠤᠪᠣᠷ ᠰᠢᠷᠣᠶ | ᠶᠢᠨ ᠬᠡᠶ 》 ᠪᠠᠷ ᠨᠡᠷ᠎ᠡ ᠠᠯᠳᠠᠷᠰᠢᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠲᠣ ᠠᠵᠤ | ᠦᠶᠯᠡᠰ ᠤᠨ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪ ᠨᠠᠮᠪᠠ 》 ᠶᠢ ᠤᠯᠠᠮ ᠠᠴᠠ ᠤᠯᠠᠮ | ᠢᠯᠡᠷᠡᠭᠦᠯᠵᠦ ᠪᠣᠶ᠄ ᠠᠩᠬᠠᠳᠠᠭᠴᠢ ᠤᠰᠤᠲᠥ᠋ᠷᠥᠭᠴᠢ ᠲᠦᠯᠡᠰᠢᠨ ᠳ᠋ᠢᠶᠠᠨ ᡂᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠦᠨᠳᠦ ᠠᠴᠢᠶᠠᠨ ᠤ ᠮᠠᠰᠢᠨ᠂ ᠠᠩᠬᠠᠳᠠᠭᠴᠢ ᠴᠡᠪᠡᠷ ᠤᠰᠤᠲᠥ᠋ᠷᠥᠭᠴᠢᠲᠦ ᠰᠢᠲᠠᠮᠠᠬᠠᠶ ᠬᠡᠶ ᠶᠢᠨ | ᠲᠦᠷᠪᠢᠨ ᠤ ᠵᠢᠱᠢᠶ᠎ᠡ ᠦᠵᠡᠭᠦᠯᠬᠦ ᠲᠥᠷᠥᠯ ᠵᠦᠶᠯ᠂ ᠠᠩᠬᠠᠳᠠᠭᠴᠢ ᠪᠥᠬᠦ ᠲᠠᠯ᠎ᠠ ᠶᠢᠨ ᠣᠶᠤᠨᠴᠢᠯᠠᠭᠰᠠᠨ ᠵᠠᠭᠤᠨ | ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ ᠤᠮᠠᠷᠠᠲᠤ ᠬᠢᠯᠢ ᠳᠤ ᠪᠠᠶᠢᠷᠢᠯᠠᠭᠰᠠᠨ ᠥᠪᠥᠷ ᠮᠣᠩᠭᠤᠯ ᠰᠢᠨ᠎ᠡ ᠶᠢ | ᠡᠭᠦᠳᠬᠦ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠪᠣᠶ ᠃ | 《 ᠬᠥᠭᠵᠢᠭᠡᠳᠦᠢ ᠭᠠᠵᠠᠷ ᠣᠷᠣᠨ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠᠲᠠᠢ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ᠂ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠵᠠᠮ ᠳᠡᠭᠡᠷ᠎ᠡ᠂ ᠥᠪᠥᠷ ᠮᠣᠩᠭᠤᠯ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ | ᠢᠶᠠᠨ ᠮᠠᠨᠳᠤᠭᠤᠯᠬᠤ 》 ᠠᠵᠢᠯᠯᠠᠭ᠎ᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠳᠠᠪᠠᠭᠤᠯᠢᠭ ᠤᠨᠴᠠᠯᠢᠬᠳᠤ ᠠᠵᠤ | ᠦᠶᠯᠡᠰ ᠤᠨ ᠬᠡᠷᠡᠭᠴᠡᠭᠡ ᠪᠠᠷ ᠭᠤᠤᠯ ᠤᠳᠤᠷᠢᠳᠤᠮᠵᠢ ᠪᠣᠯᠭᠠᠬᠤ ᠶᠢᠨ ᠲᠣᠭᠤᠷᠢᠨ ᠳᠤ ᠤᠯᠤᠰ ᠤᠨ ᠲᠠᠰ ᠤᠨ ᠰᠢᠨ᠎ᠡ | ᠶᠢ ᠡᠭᠦᠳᠬᠦ ᠲᠠᠪᠴᠠᠩ ᠢ ᠪᠠᠶᠢᠭᠤᠯᠵᠤ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠦᠬᠦᠯᠢ ᠴᠣᠭᠴᠠ ᠶᠢᠨ | ᠦᠷ᠎ᠡ ᠪᠦᠲᠦᠮᠵᠢ ᠶᠢ ᠲᠦᠷᠭᠡᠳᠬᠡᠨ ᠳᠡᠭᠡᠭᠰᠢᠯᠡᠭᠦᠯᠵᠦ᠂ ᠬᠠᠮᠵᠢᠯᠴᠠᠭᠰᠠᠨ ᠥᠨᠳᠥᠷ ᠪᠦᠲᠦᠮᠵᠢᠲᠡᠶ ᠣᠷᠣᠨ ᠪᠦᠰᠡ | ᠶᠢᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠲᠤᠯᠭᠠᠭᠤᠷᠢᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠬᠡᠯᠪᠡᠷᠢ ᠶᠢᠨ | ᠥᠪᠥᠷ ᠮᠣᠩᠭᠤᠯ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ ᠭᠡᠪᠡ᠃ | 2012 ᠣᠨ ᠠᠴᠠ ᠨᠠᠰᠢ᠂ ᠥᠪᠥᠷ ᠮᠣᠩᠭᠤᠯ ᠤᠨ ᠪᠥᠬᠦ ᠨᠡᠶᠢᠭᠡᠮ ᠤᠨ ᠰᠤᠳᠤᠯᠭᠠᠨ ᠪᠠ ᠲᠤᠷᠰᠢᠯᠲᠠ ᠶᠢᠨ | ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ ᠵᠢᠯ ᠳᠤᠮᠳᠠᠴᠢ ᠪᠠᠷ 7 . 2 % ᠢᠶᠠᠷ ᠨᠡᠮᠡᠭᠳᠡᠵᠦ᠂ ᠤᠯᠤᠰ ᠤᠨ | ᠳᠣᠲᠣᠭᠠᠳᠤ ᠶᠢᠨ ᠪᠦᠲᠦᠮᠵᠢᠲᠡᠶ ᠡᠭᠦᠳᠦᠯᠲᠡ ᠶᠢᠨ ᠲᠤᠰᠬᠠᠶ ᠠᠰᠢᠭ ᠤᠨ ᠲᠤᠭ᠎ᠠ 4 ᠳᠠᠬᠢᠨ ᠰᠢᠬᠠᠮ ᠨᠡᠮᠡᠭᠳᠡᠵᠦ᠂ | ᠣᠶᠢᠷ᠎ᠠ ᠶᠢᠨ 3 ᠵᠢᠯ ᠤᠨ ᠲᠤᠷᠰᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠲᠣᠰ ᠲᠣᠰ 40 %᠂ 184 % | ᠪᠠᠷ ᠨᠡᠮᠡᠭᠳᠡᠪᠡ᠃ |