| | ᠣᠲᠣ ᠶᠠᠭ ᠰᠢᠨ᠎ᠡ ᠡᠨᠧᠷᠭᠢ ᠶᠢ ᠪᠥᠬᠦ ᠬᠦᠴᠦᠨ ᠢᠶᠠᠷ ᠢᠶᠠᠨ ᠬᠥᠭᠵᠢᠭᠦᠯᠵᠦ ᠪᠠᠶᠢᠭ᠎ᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠮᠠᠨ ᠤ ᠤᠯᠤᠰ ᠤᠨ ᠳᠠᠷᠤᠯᠲᠠ ᠪᠠᠷ ᠬᠠᠮᠤᠭ ᠤᠨ ᠥᠨᠳᠥᠷ᠂ ᠣᠷᠳᠣ ᠪᠠᠷ ᠬᠠᠮᠤᠭ | ᠤᠨ ᠣᠷᠳᠣ ᠤᠰᠤᠲᠥ᠋ᠷᠥᠭᠴᠢ ᠬᠡᠶ ᠶᠢᠨ ᠭᠤᠤᠯ ᠱᠤᠭᠤᠮ ᠤᠨ ᠬᠤᠭᠤᠯᠠᠶ ᠶᠢ ᠪᠠᠶᠢᠭᠤᠯᠬᠤ ᠪᠠᠷ ᠪᠣᠶ ᠃ | 12 ᠳ᠋ᠤᠭᠠᠷ ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠭᠠᠨ ᠤ ᠬᠦᠷᠢᠶᠡᠯᠡᠩ ᠪᠣᠯᠤᠨ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ | ᠬᠤᠭᠤᠯᠠᠶ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠪᠣᠯᠤᠨ ᠲᠠᠢ ᠤᠯᠤᠰ ( ᠰᠦᠵᠧᠦ ) | ᠤᠨ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠵᠤ᠂ ᠭᠤᠷᠪᠠᠨ ᠲᠠᠯ᠎ᠠ ᠪᠠᠷ ᠢᠶᠠᠨ ᠬᠠᠮᠲᠤᠷᠠᠨ ᠦᠬᠠᠶ | ᠠᠴᠠ ᠬᠥᠬᠡᠬᠤᠲᠠ ᠬᠥᠷᠬᠦ ᠤᠰᠤᠲᠥ᠋ᠷᠥᠭᠴᠢ ᠳᠠᠮᠵᠢᠭᠤᠯᠬᠤ ᠬᠤᠭᠤᠯᠠᠶ ᠵᠢᠴᠢ 《 ᠥᠪᠥᠷ ᠮᠣᠩᠭᠤᠯ ᠤᠨ | ᠤᠰᠤᠲᠥ᠋ᠷᠥᠭᠴᠢ ᠡᠨᠧᠷᠭᠢ ᠶᠢᠨ ᠬᠤᠩᠭᠢᠯ 》 ᠤᠨ ᠲᠥᠷᠥᠯ ᠵᠦᠶᠯ ᠢ ᠬᠠᠮᠲᠤ ᠪᠠᠷ ᠪᠥᠲᠥᠭᠡᠨ ᠪᠠᠶᠢᠭᠤᠯᠬᠤ ᠪᠠᠷ | ᠪᠠᠶᠢᠨ᠎ᠠ ᠃ ᠲᠣᠰ ᠲᠥᠷᠥᠯ ᠵᠦᠶᠯ ᠨᠢ ᠮᠠᠨ ᠤ ᠤᠯᠤᠰ ᠤᠨ ᠳᠠᠷᠤᠯᠲᠠ ᠪᠠᠷ ᠬᠠᠮᠤᠭ ᠤᠨ ᠥᠨᠳᠥᠷ᠂ ᠣᠷᠳᠣ ᠶᠢᠨ | ᠬᠡᠮᠵᠢᠶ᠎ᠡ ᠪᠠᠷ ᠬᠠᠮᠤᠭ ᠤᠨ ᠣᠷᠳᠣ ᠤᠰᠤᠲᠥ᠋ᠷᠥᠭᠴᠢ ᠬᠡᠶ ᠶᠢᠨ ᠭᠤᠤᠯ ᠱᠤᠭᠤᠮ ᠤᠨ ᠬᠤᠭᠤᠯᠠᠶ ᠶᠢ ᠪᠥᠲᠥᠭᠡᠨ | ᠪᠠᠶᠢᠭᠤᠯᠬᠤ ᠪᠠᠷ ᠲᠥᠯᠥᠪᠯᠡᠵᠦ᠂ ᠦᠬᠠᠶ ᠶᠢᠨ ᠬᠥᠬᠡ ᠤᠰᠤᠲᠥ᠋ᠷᠥᠭᠴᠢ ᠶᠢᠨ ᠰᠠᠭᠤᠷᠢᠨ ᠭᠠᠵᠠᠷ ᠢᠶᠠᠷ ᠡᠬᠢᠯᠡᠯᠲᠡ | ᠶᠢᠨ ᠴᠡᠭ ᠪᠣᠯᠭᠠᠵᠤ᠂ ᠬᠠᠲᠤᠨ ᠭᠤᠤᠯ ᠤᠨ ᠠᠭᠤᠯᠵᠠᠷ ᠢᠶᠠᠷ ᠥᠩᠭᠡᠷᠡᠬᠦ ᠲᠣᠮᠣ ᠬᠡᠯᠪᠡᠷᠢ ᠶᠢᠨ ᠴᠡᠪᠡᠷ ᠡᠨᠧᠷᠭᠢ ᠶᠢᠨ | ᠰᠠᠭᠤᠷᠢᠨ ᠭᠠᠵᠠᠷ ᠪᠣᠯᠤᠨ᠎ᠠ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠥᠪᠥᠷ ᠮᠣᠩᠭᠤᠯ ᠤᠨ ᠵᠡᠭᠦᠨ ᠬᠡᠰᠡᠭ᠂ | ᠥᠪᠥᠷ ᠮᠣᠩᠭᠤᠯ ᠤᠨ ᠪᠠᠷᠠᠭᠤᠨ ᠬᠡᠰᠡᠭ ᠢ ᠬᠤᠯᠪᠣᠭᠰᠠᠨ ᠤᠰᠤᠲᠥ᠋ᠷᠥᠭᠴᠢ ᠡᠨᠧᠷᠭᠢ ᠶᠢᠨ ᠨᠥᠭᠡᠴᠡᠯᠡᠨ | ᠲᠡᠭᠡᠭᠡᠪᠦᠷᠢᠯᠡᠬᠦ ᠴᠢᠬᠤᠯᠠ ᠰᠠᠭᠤᠷᠢ ᠪᠡᠯᠡᠳᠬᠡᠮᠵᠢ ᠪᠣᠯᠵᠣ᠂ ᠥᠪᠥᠷ ᠮᠣᠩᠭᠤᠯ ᠤᠨ ᠤᠰᠤᠲᠥ᠋ᠷᠥᠭᠴᠢ ᠡᠨᠧᠷᠭᠢ ᠶᠢᠨ | ᠠᠵᠤ ᠠᠬᠤᠶ ᠶᠢᠨ ᠬᠤᠩᠭᠢᠯ ᠤᠨ ᠭᠤᠤᠯ ᠨᠥᠭᠡᠴᠡᠯᠡᠨ ᠲᠡᠭᠡᠭᠡᠪᠦᠷᠢᠯᠡᠬᠦ ᠪᠡᠯᠡᠳᠬᠡᠮᠵᠢ ᠶᠢ ᠪᠥᠲᠥᠭᠡᠨ ᠪᠠᠶᠢᠭᠤᠯᠵᠤ᠂ | 《 ᠤᠰᠤᠲᠥ᠋ᠷᠥᠭᠴᠢ - ᠴᠠᠬᠢᠯᠭᠠᠨ 》 ᠤ ᠠᠭᠤᠰᠤᠯᠴᠠᠨ ᠬᠥᠭᠵᠢᠬᠦ ᠶᠢ ᠪᠦᠲᠦᠮᠵᠢᠲᠡᠶ ᠲᠤᠯᠭᠠᠭᠤᠷᠢᠯᠠᠵᠤ᠂ | ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠤᠨ ᠲᠥᠷᠥᠯ ᠵᠦᠶᠯ ᠤᠨ ᠪᠠᠯᠠ ᠣᠷᠣᠭᠤᠯᠤᠯᠲᠠ ᠶᠢᠨ ᠡᠷᠴᠢᠮ ᠢ | ᠪᠠᠭᠤᠷᠠᠭᠤᠯᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠨᠡᠭᠡᠭᠡᠯᠲᠡ ᠬᠢᠬᠦ ᠶᠢ ᠪᠦᠲᠦᠮᠵᠢᠲᠡᠶ ᠠᠬᠢᠭᠤᠯᠬᠤ ᠪᠣᠯᠤᠨ᠎ᠠ ᠃ | | ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠳᠠᠬᠢᠨ ᠡᠭᠦᠰᠴᠦ ᠪᠣᠯᠬᠤ ᠡᠨᠧᠷᠭᠢ ᠶᠢᠨ ᠡᠬᠢ ᠪᠠᠶᠠᠯᠢᠭ | ᠡᠯᠪᠡᠭ ᠳᠡᠯᠪᠡᠭ᠂ ᠤᠰᠤᠲᠥ᠋ᠷᠥᠭᠴᠢ ᠡᠨᠧᠷᠭᠢ ᠶᠢᠨ ᠬᠡᠷᠡᠭᠯᠡᠯᠲᠡ ᠥᠷᠭᠡᠨ ᠠᠭᠤᠳᠠᠮ ᠪᠠᠶᠢᠬᠤ ᠳᠠᠪᠠᠭᠤᠯᠢᠭ ᠲᠤ | ᠰᠠᠭᠤᠷᠢᠯᠠᠨ᠂ ᠠᠯᠢ ᠣᠯᠠᠨ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠤᠰᠤᠲᠥ᠋ᠷᠥᠭᠴᠢ ᠡᠨᠧᠷᠭᠢ ᠶᠢᠨ | ᠠᠵᠤ ᠦᠶᠯᠡᠰ ᠤᠨ ᠬᠥᠭᠵᠢᠯᠲᠡ ᠶᠢᠨ ᠵᠠᠩᠭᠢᠯᠠᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠶᠢ ᠵᠠᠪᠳᠤᠨ ᠠᠳᠬᠤᠵᠤ᠂ | ᠤᠰᠤᠲᠥ᠋ᠷᠥᠭᠴᠢ ᠡᠨᠧᠷᠭᠢ ᠶᠢᠨ ᠠᠵᠤ ᠦᠶᠯᠡᠰ ᠤᠨ ᠡᠨᠧᠷᠭᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ | ᠴᠢᠬᠤᠯᠠ ᠲᠤᠯᠭᠠᠭᠤᠷᠢᠯᠠᠯ ᠴᠡᠭ ᠪᠣᠯᠬᠤ ᠶᠢ ᠠᠬᠢᠭᠤᠯᠵᠤ᠂ ᠠᠷᠢᠭᠤᠨ ᠴᠡᠪᠡᠷ ᠳᠣᠤᠷ᠎ᠠ ᠨᠡᠭᠦᠷᠡᠰᠦᠲᠥ᠋ᠷᠥᠭᠴᠢᠲᠦ | ᠠᠮᠤᠷ ᠲᠦᠪᠰᠢᠨ ᠥᠨᠳᠥᠷ ᠪᠦᠲᠦᠮᠵᠢᠲᠡᠶ ᠣᠲᠣ ᠦᠶ᠎ᠡ ᠶᠢᠨ ᠡᠨᠧᠷᠭᠢ ᠶᠢᠨ ᠰᠢᠰᠲ᠋ᠧᠮ ᠢ ᠢᠳᠡᠪᠬᠢᠲᠡᠶ ᠪᠠᠶᠢᠭᠤᠯᠵᠤ᠂ | ᠤᠰᠤᠲᠥ᠋ᠷᠥᠭᠴᠢ ᠡᠨᠧᠷᠭᠢ ᠶᠢᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ ᠃ |