ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ  ᠶᠢᠨ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ  ᠬᠡᠷᠬᠢᠨ ᠬᠦᠴᠦᠯᠡᠬᠦ ᠪᠣᠶ
ᠨᠡᠶᠢᠲᠡᠯᠡᠭᠰᠡᠨ ᠴᠠᠭ᠄
2022/12/31
   ᠲᠤᠰᠬᠠᠶ ᠮᠡᠷᠭᠡᠵᠢᠯᠲᠡᠳ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠡᠯᠧᠮᠧᠨ᠋ᠲ   ᠤᠨ ᠲᠤᠬᠠᠶ ᠲᠠᠶᠢᠯᠤᠮᠵᠢ ᠬᠢᠪᠠ  ᠃12 ᠰᠠᠷ᠎ᠠ ᠶᠢᠨ 15 ᠤ ᠡᠳᠦᠷ 16 ᠤ ᠡᠳᠦᠷ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠵᠤ᠂ ᠣᠳᠣᠬᠠᠨ ᠤ ᠠᠵᠤ ᠠᠬᠤᠶ ᠶᠢᠨ ᠪᠠᠶᠢᠳᠠᠯ ᠢ ᠵᠠᠳᠠᠯᠤᠭᠰᠠᠨ ᠪᠥᠭᠡᠳ 2023 ᠣᠨ ᠤ ᠠᠵᠤ ᠠᠬᠤᠶ ᠶᠢᠨ ᠠᠵᠢᠯ ᠳᠤ ᠪᠠᠶᠢᠷᠢᠯᠠᠭᠤᠯᠤᠯᠲᠠ ᠬᠢᠪᠠ  ᠃   《 ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠬᠠᠶ ᠱᠠᠭᠠᠷᠳᠠᠯᠭ᠎ᠠ ᠶᠢ ᠨᠢᠭᠡ ᠯᠡ ᠦᠭᠡ ᠪᠠᠷ ᠬᠡᠯᠡᠪᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠨᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠶ  ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠬᠦᠷᠢᠶᠡᠯᠡᠩ  ᠤᠨ ᠰᠤᠳᠤᠯᠤᠭᠴᠢ ᠳ᠋ᠢᠩ ᠮᠢᠩ ᠯᠸᠢ ᠬᠡᠯᠡᠬᠦ ᠳᠡᠭᠡᠨ᠂ ᠪᠢᠳᠡ ᠤᠯᠤᠰ ᠣᠷᠣᠨ ᠤ ᠬᠦᠴᠦᠷᠬᠡᠭᠵᠢᠨ ᠮᠠᠨᠳᠤᠭᠰᠠᠨ ᠲᠡᠦᠬᠡ ᠶᠢᠨ ᠯᠣᠭᠢᠭ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠯᠣᠭᠢᠭ᠂ ᠭᠠᠳᠠᠭᠠᠳᠤ ᠬᠥᠭᠵᠢᠯᠲᠡ  ᠶᠢᠨ ᠣᠷᠴᠢᠨ ᠨᠥᠬᠦᠴᠡᠯ ᠤᠨ ᠭᠡᠳᠡᠷᠭᠦ ᠰᠢᠬᠠᠯᠲᠠ ᠶᠢᠨ ᠯᠣᠭᠢᠭ ᠠᠴᠠ ᠡᠨᠡ ᠬᠦ ᠴᠢᠬᠤᠯᠠ ᠠᠭᠤᠯᠭ᠎ᠠ ᠶᠢ ᠣᠶᠢᠯᠠᠭᠠᠬᠤ ᠴᠢᠬᠤᠯᠠᠲᠠᠶ ᠶᠤᠮ ᠭᠡᠵᠡᠶ  ᠃      ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ ᠰᠢᠶᠤᠤ ᠶᠢᠦ ᠳ᠋ᠠᠨ 19 ᠤ ᠡᠳᠦᠷ ᠰᠢᠨᠵᠢᠯᠡᠬᠦ ᠤᠬᠠᠭᠠᠨ ᠮᠡᠷᠭᠡᠵᠢᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ  ᠶᠢ ᠬᠦᠯᠢᠶᠡᠬᠦ ᠳᠡᠭᠡᠨ᠂ ᠡᠨᠡ ᠵᠢᠯ ᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠨᠢ ᠬᠤᠷᠸ᠎ᠠ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠵᠠᠩᠭᠢᠯᠠᠭ᠎ᠠ ᠶᠢᠨ ᠪᠠᠶᠢᠷᠢ ᠰᠠᠭᠤᠷᠢ ᠶᠢ ᠨᠠᠩ ᠳᠣᠪᠣᠶᠢᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠲᠤᠯᠭᠠᠭᠤᠷᠢ ᠦᠶᠯᠡᠴᠢᠯᠡᠭᠡᠨ ᠤ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠬᠠᠷᠠᠯᠲᠠ ᠴᠢᠭᠯᠡᠯ ᠢ ᠨᠠᠩ ᠲᠣᠳᠣᠷᠬᠠᠶ ᠪᠣᠯᠭᠠᠬᠤ ᠶᠢᠨ ᠬᠠᠮᠲᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠬᠢᠭᠡᠳ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ᠂ ᠵᠣᠭᠤᠰᠣᠨ ᠤ ᠲᠥᠷᠥ ᠶᠢᠨ ᠪᠣᠳᠣᠯᠭ᠎ᠠ᠂ ᠠᠵᠤ ᠦᠶᠯᠡᠰ  ᠤᠨ ᠲᠥᠷᠥ ᠶᠢᠨ ᠪᠣᠳᠣᠯᠭ᠎ᠠ᠂ ᠨᠡᠶᠢᠭᠡᠮ ᠤᠨ ᠲᠥᠷᠥ ᠶᠢᠨ ᠪᠣᠳᠣᠯᠭ᠎ᠠ ᠵᠡᠷᠭᠡ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠬᠠᠮᠲᠤ ᠪᠠᠷ ᠬᠦᠴᠦᠯᠡᠨ᠎ᠡ ᠭᠡᠵᠡᠶ  ᠃   《 ᠨᠢᠳᠤᠨᠤᠨ ᠤ 〈 ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠬᠤ ᠬᠡᠷᠡᠭᠲᠡᠶ 〉 ᠭᠡᠵᠦ ᠴᠢᠬᠤᠯᠠᠴᠢᠯᠠᠭᠰᠠᠨ ᠤ ᠭᠤᠤᠯᠳᠠᠯᠭ᠎ᠠ ᠨᠢ ᠲᠦᠷᠢᠮ ᠢ ᠬᠡᠷᠡᠭᠵᠢᠭᠦᠯᠬᠦ ᠲᠠᠢ ᠠᠳᠠᠯᠢ ᠥᠬᠡᠶ ᠪᠠᠶᠢᠳᠠᠭ᠂ ᠡᠨᠡ ᠵᠢᠯ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠨᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠰᠠᠨᠠᠭᠠᠴᠢᠯᠠᠭᠠᠲᠤ ᠪᠠᠶᠢᠷᠢᠯᠠᠭᠤᠯᠤᠯᠲᠠ ᠪᠠᠨ ᠴᠢᠩᠭᠠᠳᠬᠠᠵᠤ᠂ ᠢᠳᠡᠪᠬᠢᠲᠡᠶ ᠲᠣᠬᠢᠷᠠᠭᠤᠯᠤᠯ ᠡᠵᠡᠮᠳᠡᠯ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠪᠠᠷ ᠭᠠᠷᠳᠠᠴᠠ ᠪᠣᠯᠭᠠᠨ ᠰᠢᠨ᠎ᠡ ᠪᠠᠶᠢᠳᠠᠯ ᠢ ᠨᠡᠭᠡᠭᠡᠬᠦ ᠶᠢ ᠳᠣᠪᠣᠶᠢᠯᠭᠠᠭᠰᠠᠨ ᠪᠠᠶᠢᠨ᠎ᠠ  ᠃ ᠰᠢᠶᠤᠤ ᠶᠢᠦ ᠳ᠋ᠠᠨ ᠬᠡᠯᠡᠪᠡ  ᠃    《 ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ 》 ᠨᠢ ᠶᠠᠮᠠᠷ ᠪᠠᠷᠢᠮᠵᠢᠶ᠎ᠠ ᠲᠠᠢ ᠪᠣᠶ  ᠃ᠡᠭᠦᠨ  ᠠᠴᠠ ᠡᠮᠦᠨ᠎ᠡ᠂ ᠮᠠᠨ ᠤ ᠤᠯᠤᠰ ᠥᠨᠳᠥᠷ ᠲᠦᠪᠰᠢᠨ ᠪᠥᠬᠦᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ  ᠪᠠᠨ ᠳᠠᠭᠠᠭᠠᠨ ᠬᠦᠴᠦᠷᠬᠡᠭᠵᠢᠬᠦ ᠶᠢ ᠪᠡᠶᠡᠯᠡᠭᠦᠯᠬᠦ ᠶᠢ ᠴᠢᠬᠤᠯᠠᠴᠢᠯᠠᠵᠤ ᠪᠠᠶᠢᠪᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥ ᠶᠢᠨ ᠪᠣᠳᠣᠯᠭ᠎ᠠ ᠨᠢ ᠪᠡᠶ᠎ᠡ ᠪᠠᠨ ᠳᠠᠭᠠᠭᠠᠨ ᠬᠦᠴᠦᠷᠬᠡᠭᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠶ᠎ᠡ ᠪᠠᠨ ᠳᠠᠭᠠᠭᠠᠨ ᠬᠦᠴᠦᠷᠬᠡᠭᠵᠢᠬᠦ ᠳᠤ ᠶᠠᠮᠠᠷ ᠪᠠᠷᠢᠮᠵᠢᠶ᠎ᠠ ᠪᠠᠶᠢᠬᠤ ᠶᠢ ᠬᠡᠷᠬᠢᠨ ᠣᠶᠢᠯᠠᠭᠠᠬᠤ ᠪᠣᠶ?      ᠳ᠋ᠢᠩ ᠮᠢᠩ ᠯᠸᠢ ᠶᠢᠨ ᠦᠵᠡᠬᠦ ᠪᠠᠷ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠣᠤᠷᠠᠬᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢ ᠪᠡᠶ᠎ᠡ ᠪᠠᠨ ᠳᠠᠭᠠᠭᠠᠵᠤ ᠡᠵᠡᠮᠳᠡᠵᠦ ᠳᠡᠶᠢᠯᠬᠦ᠂ ᠬᠦᠴᠦᠷᠬᠡᠭ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠩᠬᠠᠨ ᠤ ᠡᠭᠦᠳᠦᠯᠲᠡ ᠶᠢᠨ ᠴᠢᠳᠠᠪᠤᠷᠢ ᠲᠠᠢ ᠪᠠᠶᠢᠬᠤ᠂ ᠴᠢᠬᠤᠯᠠ ᠶᠡᠭᠡ ᠠᠩᠬᠠᠨ ᠤ ᠡᠭᠦᠳᠦᠯᠲᠡ ᠶᠢᠨ ᠰᠢᠨᠵᠢᠯᠡᠬᠦ ᠤᠬᠠᠭᠠᠨ ᠤ ᠦᠵᠡᠯ ᠰᠠᠨᠠᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠭᠠᠷᠭᠠᠵᠤ ᠳᠡᠶᠢᠯᠬᠦ᠂ ᠰᠢᠨ᠎ᠡ ᠶᠢ ᠡᠭᠦᠳᠬᠦ ᠰᠢᠯᠢᠳᠡᠭ ᠬᠦᠴᠦᠨ ᠵᠦᠶᠯ ᠳᠡᠭᠡᠳᠦ ᠬᠡᠮᠵᠢᠶ᠎ᠡ ᠪᠠᠷ ᠲᠥᠪᠯᠡᠷᠡᠵᠦ ᠪᠠᠶᠢᠬᠤ᠂ ᠰᠢᠨ᠎ᠡ ᠶᠢ ᠡᠭᠦᠳᠬᠦ ᠴᠢᠳᠠᠪᠤᠷᠢᠲᠠᠨ ᠲᠠᠰᠤᠷᠠᠯᠲᠠ ᠥᠬᠡᠶ ᠴᠣᠯᠭᠤᠷᠠᠨ ᠭᠠᠷᠴᠤ ᠪᠠᠶᠢᠬᠤ᠂ ᠨᠡᠶᠢᠭᠡᠮ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠬᠤ ᠪᠠᠷ ᠪᠡᠯᠭᠡ ᠲᠡᠮᠳᠡᠭ ᠪᠣᠯᠭᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠨᠠᠩ ᠶᠡᠭᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ ᠳᠠᠪᠬᠤᠷᠭ᠎ᠠ ᠶᠢᠨ ᠭᠠᠳᠠᠭᠠᠳᠤ ᠨᠡᠭᠡᠭᠡᠯᠲᠡ ᠶᠢᠨ ᠬᠠᠮᠲᠤᠷᠠᠯᠴᠠᠭ᠎ᠠ ᠶᠢ ᠬᠡᠷᠡᠭᠵᠢᠭᠦᠯᠬᠦ ᠬᠤᠪᠢᠰᠤᠩᠭᠤᠶ ᠨᠢᠭᠡᠳᠦᠯ ᠢ ᠪᠠᠷᠢᠮᠲᠠᠯᠠᠬᠤ ᠪᠠᠷ ᠣᠨᠴᠠᠯᠢᠭ ᠪᠣᠯᠭᠠᠬᠤ ᠬᠡᠷᠡᠭᠲᠡᠶ  ᠃    《 ᠣᠳᠣᠬᠠᠨ ᠳᠤ ᠮᠠᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠤᠳᠤᠯᠭ᠎ᠠ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ  ᠶᠢᠨ ᠬᠡᠷᠡᠭᠴᠡᠭᠡ ᠳᠤ ᠦᠢᠯᠡᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠰᠠᠭᠤᠷᠢ ᠴᠢᠨᠠᠷ ᠪᠠ ᠪᠡᠶ᠎ᠡ ᠪᠠᠨ ᠳᠠᠭᠠᠭᠠᠬᠤ ᠴᠢᠨᠠᠷ ᠢ ᠴᠢᠩᠭᠠᠳᠬᠠᠬᠤ ᠬᠡᠷᠡᠭᠲᠡᠢ  ᠃ ᠳ᠋ᠢᠩ ᠮᠢᠩ ᠯᠸᠢ ᠲᠠᠶᠢᠯᠪᠤᠷᠢᠯᠠᠬᠤ ᠳᠠᠭᠠᠨ ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠨᠢ ᠪᠡᠶ᠎ᠡ ᠪᠠᠨ ᠳᠠᠭᠠᠭᠠᠨ ᠬᠦᠴᠦᠷᠬᠡᠭᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭ ᠠᠴᠠ ᠱᠤᠭᠤᠮ ᠳᠤ ᠬᠦᠷᠲᠡᠯ᠎ᠡ ᠪᠥᠬᠦ ᠲᠠᠯ᠎ᠠ ᠳᠤ ᠬᠦᠷᠲᠡᠯ᠎ᠡ ᠭᠤᠤᠯᠳᠠᠯᠭ᠎ᠠ  ᠲᠠᠢ ᠪᠠᠶᠢᠷᠢᠰᠢᠭᠤᠯᠵᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠪᠣᠯᠭᠠᠨ ᠲᠠᠰ ᠳᠠᠷᠠᠭᠠᠯᠠᠨ ᠰᠢᠨ᠎ᠡ ᠶᠢ ᠡᠭᠦᠳᠬᠦ ᠪᠥᠬᠦ ᠬᠡᠯᠬᠢᠶ᠎ᠡ ᠰᠤᠷᠭᠠᠨ ᠬᠥᠮᠦᠵᠢᠯ ᠪᠠ ᠴᠢᠳᠠᠪᠤᠷᠢᠲᠠᠨ ᠪᠣᠯᠬᠤ ᠶᠢᠨ ᠤᠯᠠᠮ ᠠᠴᠠ ᠴᠢᠳᠠᠪᠤᠷᠢᠲᠠᠨ ᠬᠦᠴᠦᠷᠬᠡᠭ᠂ ᠰᠢᠨᠵᠢᠯᠡᠬᠦ ᠤᠬᠠᠭᠠᠨ ᠮᠡᠷᠭᠡᠵᠢᠯ ᠬᠦᠴᠦᠷᠬᠡᠭ ᠪᠠᠶᠢᠭᠰᠠᠨ ᠠᠴᠠ ᠠᠵᠤ ᠦᠶᠯᠡᠰ ᠬᠦᠴᠦᠷᠬᠡᠭ᠂ ᠠᠵᠤ ᠠᠬᠤᠶ ᠬᠦᠴᠦᠷᠬᠡᠭ᠂ ᠤᠯᠤᠰ ᠣᠷᠣᠨ ᠬᠦᠴᠦᠷᠬᠡᠭ ᠪᠣᠯᠬᠤ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠶ ᠭᠡᠵᠡᠶ  ᠃    《 ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠭᠤᠷᠪᠠᠨ ᠨᠢᠭᠡᠳᠦᠯᠲᠡᠶ ᠲᠥᠯᠥᠪᠵᠢᠭᠦᠯᠭᠡ ᠶᠢ ᠨᠠᠩ ᠴᠢᠬᠤᠯᠠᠴᠢᠯᠠᠨ᠎ᠠ 》      ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠬᠠᠢ ᠰᠢᠨ᠎ᠡ ᠳᠤᠷᠠᠳᠤᠯᠭ᠎ᠠ ᠰᠢᠨ᠎ᠡ ᠱᠠᠭᠠᠷᠳᠠᠯᠭ᠎ᠠ ᠳᠤ ᠴᠢᠭᠯᠡᠭᠦᠯᠦᠨ᠂ ᠰᠢᠶᠤᠤ ᠶᠢᠦ ᠳ᠋ᠠᠨ ᠲᠡᠭᠦᠨ ᠢ 《 ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠤᠳᠤᠯᠭ᠎ᠠ ᠶᠢ ᠣᠨᠴᠠᠭᠠᠶᠢᠯᠠᠨ ᠴᠢᠬᠤᠯᠠᠴᠢᠯᠠᠭᠰᠠᠨ ᠭᠤᠷᠪᠠᠨ ᠨᠢᠭᠡᠳᠦᠯᠲᠡᠢ ᠲᠥᠯᠥᠪᠵᠢᠭᠦᠯᠬᠦ ᠱᠠᠭᠠᠷᠳᠠᠯᠭ᠎ᠠ ᠪᠣᠯᠤᠨ᠎ᠠ᠂ ᠲᠡᠭᠦᠨ ᠤ ᠮᠥᠨ ᠴᠢᠨᠠᠷ ᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠳᠤᠮᠳᠠ ᠠᠳᠠᠯᠢ ᠪᠤᠰᠤ ᠲᠦᠷᠦ ᠶᠢᠨ ᠪᠤᠳᠤᠯᠭ᠎ᠠ ᠶᠢᠨ ᠡᠯᠧᠮᠧᠨ᠋ᠲ᠂ ᠦᠢᠯᠡᠳᠦᠯ ᠤᠨ ᠲᠣᠭᠲᠠᠴᠠ ᠪᠣᠯᠤᠨ ᠲᠦᠷᠦ ᠶᠢᠨ ᠪᠤᠳᠤᠯᠭ᠎ᠠ ᠶᠢᠨ ᠪᠠᠭᠠᠵᠢ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠳᠤ ᠪᠠᠶᠢᠨ᠎ᠠ  ᠃ ᠡᠨᠡ ᠭᠤᠷᠪᠠᠨ ᠨᠢᠭᠡᠳᠦᠯᠲᠡᠶ ᠲᠥᠯᠥᠪᠵᠢᠭᠦᠯᠭᠡ ᠨᠢ ᠲᠣᠰ ᠲᠣᠰ᠄ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠤ ᠠᠵᠢᠯ ᠢ ᠨᠢᠭᠡᠳᠦᠯᠲᠡᠶ ᠲᠥᠯᠥᠪᠵᠢᠭᠦᠯᠬᠦ ᠶᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠦᠶᠯᠡᠳᠦᠯ ᠢ ᠨᠢᠭᠡᠳᠦᠯᠲᠡᠶ ᠲᠥᠯᠥᠪᠵᠢᠭᠦᠯᠬᠦ ᠶᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠵᠠᠩᠭᠢᠯᠠᠭ᠎ᠠ ᠪᠣᠯᠭᠠᠵᠤ᠂ ᠪᠡᠶ᠎ᠡ ᠪᠠᠨ ᠳᠠᠭᠠᠭᠠᠵᠤ ᠬᠥᠮᠦᠵᠢᠭᠦᠯᠬᠦ ᠬᠢᠭᠡᠳ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠨᠢᠭᠡᠳᠦᠯᠲᠡᠶ ᠲᠥᠯᠥᠪᠵᠢᠭᠦᠯᠬᠦ ᠶᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠰᠢᠨ᠎ᠡ ᠭᠤᠤᠯᠳᠠᠯᠭ᠎ᠠ ᠪᠣᠯᠭᠠᠨ᠎ᠠ  ᠃      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠢ ᠠᠩᠬ᠎ᠠ ᠤᠳᠠᠭ᠎ᠠ ᠨᠢᠭᠡᠳᠦᠯᠲᠡᠢ ᠲᠥᠯᠥᠪᠯᠡᠨ ᠪᠠᠶᠢᠷᠢᠯᠠᠭᠤᠯᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ  ᠪᠠᠷ ᠪᠦᠳᠦᠭᠡᠨ ᠪᠠᠶᠢᠭᠤᠯᠬᠤ ᠶᠢᠨ ᠰᠠᠭᠤᠷᠢᠯᠠᠬᠤ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠦᠰᠢᠭ ᠲᠤᠯᠭᠠᠭᠤᠷᠢ ᠮᠥᠨ ᠭᠡᠵᠦ ᠴᠢᠬᠤᠯᠠᠴᠢᠯᠠᠪᠠ  ᠃     《 ᠡᠨᠡ ᠤᠳᠠᠭ᠎ᠠ ᠶᠢᠨ ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠤᠨ᠎ᠠ  ᠃ ᠮᠠᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠤᠳᠦᠯᠭ᠎ᠠ ᠨᠢ ᠡᠷᠬᠡᠪᠰᠢ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠰᠤᠷᠭᠠᠨ ᠬᠥᠮᠦᠵᠢᠯ ᠢ ᠨᠢᠭᠲᠠ ᠤᠶᠠᠯᠳᠤᠭᠤᠯᠬᠤ ᠬᠡᠷᠡᠭᠲᠡᠢ ᠪᠥᠭᠡᠳ ᠪᠠᠰᠠ ᠨᠡᠩ ᠶᠡᠭᠡ ᠤᠢᠷᠢᠰᠦᠯᠳᠦᠬᠦ ᠬᠦᠴᠦᠨ ᠲᠠᠢ ᠴᠢᠳᠠᠪᠤᠷᠢᠲᠠᠨ ᠤ ᠲᠦᠷᠦ ᠶᠢᠨ ᠪᠤᠳᠦᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠢ  ᠃ ᠳ᠋ᠢᠩ ᠮᠢᠩ ᠯᠸᠢ ᠶᠢᠨ ᠦᠵᠡᠬᠦ  ᠪᠠᠷ᠂ ᠣᠳᠣᠬᠠᠨ ᠤ ᠪᠠᠴᠢᠮ ᠲᠤᠯᠭᠠᠮ ᠡᠭᠦᠷᠭᠡ ᠪᠣᠯ ᠰᠤᠷᠭᠠᠨ ᠬᠥᠮᠦᠵᠢᠯ ᠪᠠ ᠴᠢᠳᠠᠪᠤᠷᠢᠲᠠᠨ ᠬᠥᠮᠦᠵᠢᠭᠦᠯᠬᠦ ᠠᠷᠭ᠎ᠠ ᠮᠠᠶ᠋ᠢᠭ ᠢ ᠬᠤᠪᠢᠷᠠᠭᠤᠯᠬᠤ ᠠᠴᠠ ᠭᠠᠷᠳᠠᠵᠤ᠂ ᠰᠢᠨ᠎ᠡ ᠶᠢ ᠡᠭᠦᠳᠬᠦ ᠰᠡᠳᠬᠢᠬᠦᠶ ᠶᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠰᠠᠭᠤᠷᠢ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠳᠤ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ᠂ ᠠᠵᠤ ᠦᠶᠯᠡᠰ ᠪᠠ ᠰᠤᠷᠭᠠᠨ ᠬᠥᠮᠦᠵᠢᠯ ᠢ ᠤᠶᠠᠯᠳᠤᠭᠤᠯᠤᠨ ᠴᠢᠳᠠᠪᠤᠷᠢᠲᠠᠨ ᠬᠥᠮᠦᠵᠢᠭᠦᠯᠬᠦ ᠶᠢᠨ ᠬᠠᠮᠲᠤ ᠴᠢᠳᠠᠪᠤᠷᠢᠲᠠᠨ ᠤ ᠲᠦᠷᠢᠮ ᠤᠨ ᠨᠠᠩ ᠰᠠᠶᠢᠨ ᠳᠠᠪᠠᠭᠤᠯᠢᠭ ᠢ ᠪᠣᠶ ᠪᠣᠯᠭᠠᠵᠤ᠂ ᠳᠡᠯᠡᠬᠡᠶ ᠶᠢᠨ ᠬᠡᠪᠴᠢᠶᠡᠨ ᠳᠤ ᠣᠷᠣᠶᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠲᠡᠳᠡᠨ ᠠᠪᠴᠢᠷᠠᠵᠤ ᠴᠤᠭᠯᠠᠷᠠᠭᠤᠯᠬᠤ ᠶᠠᠪᠤᠳᠠᠯ ᠪᠣᠯᠤᠨ᠎ᠠ  ᠃      ᠡᠨᠡ ᠤᠳᠠᠭ᠎ᠠ ᠶᠢᠨ ᠬᠤᠷᠠᠯ ᠳᠤ 《 ᠨᠢᠭᠡ ᠪᠦᠯᠦᠭ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠪᠠᠶᠢᠷᠢᠯᠠᠭᠤᠯᠤᠨ ᠬᠡᠷᠡᠭᠵᠢᠭᠦᠯᠦᠨ᠎ᠡ 》 ᠭᠡᠵᠦ ᠣᠨᠴᠠᠭᠠᠶᠢᠯᠠᠨ ᠳᠤᠷᠠᠳᠴᠠᠢ  ᠃ ᠳ᠋ᠢᠩ ᠮᠢᠩ ᠯᠸᠢ ᠬᠡᠯᠡᠬᠦ ᠳᠡᠭᠡᠨ᠂ ᠨᠢᠭᠡ ᠪᠦᠯᠦᠭ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠵᠦᠶᠯᠡᠰ ᠢ ᠬᠡᠷᠡᠭᠵᠢᠭᠦᠯᠬᠦ ᠪᠠᠷ ᠳᠠᠮᠵᠢᠭᠤᠯᠤᠨ᠂ 《 ᠪᠣᠭᠤᠮᠢ 》 ᠶᠢᠨ ᠮᠡᠷᠭᠡᠵᠢᠯ ᠳᠤ ᠰᠢᠪᠲᠤᠯᠤᠯᠲᠠ ᠭᠠᠷᠭᠠᠵᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠶᠢ ᠪᠡᠶᠡᠯᠡᠭᠦᠯᠦᠨ᠎ᠡ ᠭᠡᠵᠡᠶ  ᠃     《 ᠡᠨᠡ ᠪᠣᠯ ᠡᠭᠦᠨ ᠠᠴᠠ ᠡᠮᠦᠨᠡᠬᠢ ᠮᠠᠨ ᠤ ᠤᠯᠤᠰ ᠤᠨ ᠬᠤᠯᠪᠣᠭᠳᠠᠯ ᠪᠥᠬᠦᠶ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠵᠢᠭᠦᠯᠭᠡ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ ᠪᠠᠶᠢᠭ᠎ᠠ ᠶᠠᠪᠤᠳᠠᠯ ᠮᠥᠨ  ᠃ ᠰᠢᠶᠤᠤ ᠶᠢᠦ ᠳ᠋ᠠᠨ ᠲᠠᠨᠢᠯᠴᠠᠭᠤᠯᠬᠤ ᠳᠠᠭᠠᠨ᠂ ᠡᠭᠦᠨ ᠠᠴᠠ ᠡᠮᠦᠨ᠎ᠡ᠂ 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ  ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ 》 ᠳᠤ᠂ ᠵᠣᠬᠢᠶᠠᠮᠠᠯ ᠣᠶᠤᠨ ᠴᠢᠳᠠᠪᠤᠷᠢ᠂ ᠺᠸᠠᠨ᠋ᠲ ᠮᠡᠳᠡᠭᠡ ᠵᠠᠩᠭᠢ᠂ ᠬᠤᠷᠠᠮᠠᠯ ᠴᠠᠬᠢᠯᠭᠠᠨ ᠬᠡᠯᠬᠢᠶ᠎ᠡ᠂ ᠠᠮᠢ ᠨᠠᠰᠤᠨ ᠤ ᠡᠷᠡᠭᠦᠯ ᠮᠡᠨᠳᠦ᠂ ᠲᠠᠷᠢᠬᠢᠨ ᠤ ᠰᠢᠨᠵᠢᠯᠡᠬᠦ ᠤᠬᠠᠭᠠᠨ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ᠂ ᠠᠭᠠᠷ ᠰᠠᠨᠰᠠᠷ ᠤᠨ ᠰᠢᠨᠵᠢᠯᠡᠬᠦ ᠤᠬᠠᠭᠠᠨ ᠮᠡᠷᠭᠡᠵᠢᠯ᠂ ᠭᠦᠨ ᠲᠡᠯᠡᠶ ᠭᠦᠨ ᠲᠡᠯᠡᠶ ᠵᠡᠷᠭᠡ ᠬᠤᠰᠢᠭᠤᠷᠠᠯ ᠬᠦᠷᠢᠶᠡᠨ ᠳᠤ ᠴᠢᠭᠯᠡᠭᠦᠯᠦᠨ᠂ ᠨᠢᠭᠡ ᠪᠦᠯᠦᠭ ᠤᠷᠢᠳᠠᠴᠢ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠢ ᠬᠡᠷᠡᠭᠵᠢᠭᠦᠯᠦᠨ᠎ᠡ ᠭᠡᠵᠦ ᠳᠤᠷᠠᠳᠤᠨ ᠭᠠᠷᠭᠠᠪᠠ  ᠃      ᠠᠩᠬᠠᠷᠤᠭᠤᠰᠢᠲᠠᠶ ᠨᠢ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ᠂ ᠲᠣᠰ ᠤᠳᠠᠭ᠎ᠠ ᠶᠢᠨ ᠬᠤᠷᠠᠯ ᠳᠤ ᠪᠠᠰᠠ᠄ ᠰᠢᠨ᠎ᠡ ᠬᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠤᠮᠳᠠᠬᠢ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠦᠶᠯᠡᠳᠦᠯ ᠢ ᠰᠠᠶᠢᠲᠤᠷ ᠪᠠᠳᠠᠷᠠᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠳᠣᠪᠣᠶᠢᠯᠭᠠᠬᠤ ᠬᠡᠷᠡᠭᠲᠡᠶ  ᠃     《 ᠡᠨᠡ ᠨᠢ ᠪᠢᠳᠠ ᠰᠢᠨ᠎ᠡ ᠬᠡᠯᠪᠡᠷᠢ ᠶᠢᠨ ᠪᠦᠬᠦ ᠤᠯᠤᠰ ᠤᠨ ᠪᠠᠶᠢᠭᠤᠯᠤᠮᠵᠢ ᠶᠢ ᠲᠠᠰᠤᠷᠠᠯᠳᠠ ᠦᠭᠡᠢ ᠬᠥᠭᠵᠢᠭᠦᠯᠦᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠦᠬᠦ ᠬᠡᠯᠬᠢᠶ᠎ᠡ ᠶᠢ ᠲᠠᠬᠢᠨ ᠴᠣᠭᠴᠠᠯᠠᠬᠤ ᠶᠢ ᠬᠠᠷᠠᠭᠤᠯᠵᠤ ᠪᠠᠶᠢᠨ᠎ᠠ  ᠃ ᠳ᠋ᠢᠩ ᠮᠢᠩ ᠯᠸᠢ ᠵᠢᠭᠠᠵᠤ ᠭᠠᠷᠭᠠᠭᠰᠠᠨ ᠨᠢ᠂ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠨᠡᠶᠢᠭᠡᠮ ᠤᠨ ᠬᠦᠴᠦᠨ ᠢ ᠣᠷᠭᠠᠨᠢᠭ ᠢᠶᠠᠷ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠨ᠂ ᠬᠦᠴᠦᠨ ᠢᠶᠠᠨ ᠲᠥᠪᠯᠡᠷᠡᠭᠦᠯᠵᠦ᠂ ᠲᠣᠭᠲᠠᠴᠠ ᠶᠢ ᠰᠢᠯᠢᠳᠡᠭᠵᠢᠭᠦᠯᠦᠨ᠂ ᠬᠠᠮᠵᠢᠯᠴᠠᠨ ᠪᠡᠷᠬᠡ ᠰᠡᠳᠦᠪ ᠢ ᠰᠢᠶᠳᠪᠦᠷᠢᠯᠡᠵᠦ᠂ ᠪᠦᠲᠦᠮᠵᠢᠲᠡᠶ ᠵᠠᠬ᠎ᠠ ᠳᠡᠯᠭᠡᠭᠦᠷ ᠪᠠ ᠪᠦᠲᠦᠮᠵᠢᠲᠡᠶ ᠵᠠᠰᠠᠭ ᠤᠨ ᠣᠷᠳᠣᠨ ᠤ ᠨᠠᠩ ᠰᠠᠶᠢᠨ ᠤᠶᠠᠯᠳᠤᠯ ᠢ ᠳᠥᠯᠭᠢᠨ ᠠᠬᠢᠭᠤᠯᠵᠤ᠂ ᠰᠢᠰᠲ᠋ᠧᠮᠵᠢᠭᠦᠯᠬᠦ ᠴᠢᠳᠠᠪᠤᠷᠢ ᠪᠠ ᠭᠤᠤᠯᠳᠠᠯᠭ᠎ᠠ  ᠲᠠᠢ ᠰᠢᠪᠲᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠥᠨᠳᠥᠷ ᠪᠦᠲᠦᠮᠵᠢᠲᠡᠶ᠂ ᠬᠠᠮᠵᠢᠯᠴᠠᠭᠰᠠᠨ᠂ ᠨᠡᠭᠡᠭᠡᠯᠲᠡ ᠲᠠᠢ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ  ᠃     《 ᠵᠠᠰᠠᠭ ᠤᠨ ᠣᠷᠳᠣᠨ ᠳᠤ ᠠᠪᠴᠤ ᠬᠡᠯᠡᠪᠡᠯ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠤᠮᠳᠠᠬᠢ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠣᠬᠢᠶᠠᠨ ᠪᠠᠶᠢᠭᠤᠯᠤᠯᠲᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠢ ᠴᠢᠩᠭᠠᠳᠬᠠᠵᠤ᠂ ᠬᠠᠮᠵᠢᠯᠴᠠᠨ ᠪᠣᠭᠤᠮᠲᠠ ᠰᠢᠪᠲᠤᠯᠬᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠤᠮᠵᠢᠵᠢᠬᠤ ᠂ ᠰᠢᠰᠲ᠋ᠧᠮᠵᠢᠬᠦ᠂ ᠬᠠᠮᠵᠢᠯᠴᠠᠬᠤ ᠴᠢᠭᠯᠡᠯ ᠲᠡᠶᠢᠰᠢ ᠬᠥᠭᠵᠢᠬᠦ ᠬᠡᠷᠡᠭᠲᠡᠢ  ᠃ ᠳ᠋ᠢᠩ ᠮᠢᠩ ᠯᠸᠢ ᠢᠯᠡᠷᠬᠡᠶᠢᠯᠡᠬᠦ ᠳᠡᠭᠡᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠲᠠᠰᠤᠷᠠᠯᠲᠠ ᠥᠬᠡᠶ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠡᠷᠬᠡᠪᠰᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠣᠶᠢᠵᠢᠭᠤᠯᠤᠨ ᠳᠡᠭᠡᠭᠰᠢᠯᠡᠭᠦᠯᠬᠦ ᠡᠨᠡ ᠬᠦ ᠬᠠᠷᠠᠯᠲᠠ ᠲᠠᠢ ᠨᠢᠭᠲᠠ ᠤᠶᠠᠯᠳᠤᠭᠤᠯᠤᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠥᠷᠢᠰᠥᠯᠳᠦᠭᠡᠨ ᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠶᠳᠪᠦᠷᠢᠯᠡᠭᠴᠢ ᠴᠢᠨᠠᠷᠲᠠᠶ ᠦᠶᠯᠡᠳᠦᠯ ᠢ ᠴᠢᠩᠭᠠᠷᠠᠭᠤᠯᠵᠤ᠂ ᠥᠨᠳᠥᠷ ᠪᠦᠲᠦᠮᠵᠢᠲᠡᠶ ᠪᠥᠭᠡᠳ ᠬᠦᠴᠦᠷᠬᠡᠭ ᠶᠡᠭᠡ ᠨᠡᠶᠢᠲᠡᠯᠢᠭ ᠴᠢᠨᠠᠷᠲᠠᠶ ᠮᠡᠷᠭᠡᠵᠢᠯ ᠤᠨ ᠬᠠᠩᠭᠠᠯᠭ᠎ᠠ ᠶᠢᠨ ᠰᠢᠰᠲ᠋ᠧᠮ ᠢ ᠬᠥᠭᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠲᠠᠯ᠎ᠠ ᠶᠢᠨ ᠬᠡᠯᠬᠢᠶ᠎ᠡ ᠶᠢ ᠳᠡᠭᠡᠭᠰᠢᠯᠡᠭᠦᠯᠬᠦ ᠬᠡᠷᠡᠭᠲᠡᠶ  ᠃
 
ᠢᠷᠡᠯᠲᠡ᠄ ᠰᠢᠨᠵᠢᠯᠡᠬᠦ ᠤᠬᠠᠭᠠᠨ ᠮᠡᠷᠭᠡᠵᠢᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号