ᠥᠪᠥᠷ ᠮᠣᠩᠭᠤᠯ ᠤᠨ ᠡᠳᠦᠷ ᠤᠨ ᠰᠣᠨᠢᠨ᠄ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠰᠢᠨᠵᠢᠯᠡᠬᠦ ᠤᠬᠠᠭᠠᠨ ᠮᠡᠷᠭᠡᠵᠢᠯ ᠤᠨ ᠴᠡᠴᠡᠭ ᠢᠶᠠᠷ ᠠᠵᠤ ᠦᠶᠯᠡᠰ ᠤᠨ ᠦᠷ᠎ᠡ ᠵᠢᠮᠢᠰ  ᠢ ᠰᠠᠭᠤᠯᠭᠠᠪᠠ
ᠨᠡᠶᠢᠲᠡᠯᠡᠭᠰᠡᠨ ᠴᠠᠭ᠄
2022/12/31
     ᠲᠦᠷᠦᠭᠦᠬᠡᠨ᠂ ᠬᠥᠬᠡᠬᠤᠲᠠ ᠶᠢᠨ ᠬᠤᠷᠢᠨᠭᠡᠷ ᠰᠢᠨ᠎ᠡ ᠲᠣᠭᠤᠷᠢᠭ ᠤᠨ ᠤᠯᠤᠰ ᠤᠨ ᠰᠦ ᠰᠠᠭᠠᠯᠢ ᠶᠢᠨ ᠦᠶᠯᠡᠰ ᠤᠨ ᠰᠢᠨ᠎ᠡ ᠶᠢ ᠡᠭᠦᠳᠬᠦ ᠲᠥᠪ ᠤᠨ ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠬᠤ ᠭᠤᠤᠯ ᠲᠠᠯᠠᠪᠠᠶ᠂ ᠰᠠᠢ ᠺᠧ ᠰᠢᠩ ᠪᠦᠯᠦᠭᠯᠡᠯ ᠤᠨ ᠰᠠᠭᠠᠯᠢ ᠶᠢᠨ ᠦᠨᠢᠶ᠎ᠡ ᠦᠷᠡᠵᠢᠭᠦᠯᠦᠨ ᠪᠣᠶᠢᠵᠢᠭᠤᠯᠬᠤ ᠪᠠ ᠲᠡᠵᠢᠭᠡᠨ ᠦᠷᠡᠵᠢᠭᠦᠯᠬᠦ ᠮᠡᠷᠭᠡᠵᠢᠯ ᠤᠨ ᠰᠤᠳᠤᠯᠭᠠᠨ ᠤ ᠪᠦᠯᠬᠦᠮ ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠵᠠᠩ ᠶᠦᠩ ᠠᠺᠠᠳᠧᠮᠢᠴᠢ ᠶᠢᠨ ᠪᠦᠯᠬᠦᠮ ᠲᠠᠢ ᠬᠠᠮᠲᠤᠷᠠᠨ 2 ᠺᠯᠤᠨ ᠰᠠᠭᠠᠯᠢ ᠶᠢᠨ ᠦᠨᠢᠶ᠎ᠡ ᠶᠢ ᠠᠮᠵᠢᠯᠲᠠᠲᠠᠶ ᠪᠣᠶᠢᠵᠢᠭᠤᠯᠵᠤ᠂ ᠰᠠᠭᠠᠯᠢ ᠶᠢᠨ ᠦᠨᠢᠶᠡᠨ ᠤ ᠺᠯᠤᠨ ᠬᠦᠪᠦᠷᠡᠯ ᠤᠨ ᠦᠶᠯᠡᠳᠪᠦᠷᠢᠯᠡᠯ ᠤᠨ ᠦᠷ᠎ᠡ ᠪᠦᠲᠦᠮᠵᠢ ᠪᠠ ᠰᠢᠯᠵᠢᠭᠦᠯᠦᠨ ᠵᠠᠶᠢᠯᠠᠭᠤᠯᠤᠭᠰᠠᠨ ᠬᠦᠯᠢᠶᠡᠭᠴᠢ ᠶᠢᠨ ᠵᠢᠷᠮᠦᠰᠦᠯᠡᠬᠦ ᠨᠣᠷᠮ᠎ᠠ ᠵᠡᠷᠭᠡ ᠭᠤᠤᠯ ᠮᠡᠷᠭᠡᠵᠢᠯ ᠤᠨ ᠭᠦᠶᠴᠡᠳᠬᠡᠯ ᠲᠤᠭ᠎ᠠ ᠶᠢᠨ ᠰᠢᠪᠲᠤᠯᠤᠯᠲᠠ ᠶᠢᠨ ᠴᠢᠨᠠᠷᠲᠠᠶ ᠳᠡᠭᠡᠭᠰᠢᠯᠡᠯᠲᠡ ᠶᠢ ᠪᠡᠶᠡᠯᠡᠭᠦᠯᠪᠡ  ᠃     ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ 《 ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ 》 ᠠᠷᠭ᠎ᠠ ᠬᠡᠯᠪᠡᠷᠢ ᠪᠠᠷ ᠦᠷ᠎ᠡ ᠶᠢᠨ ᠦᠶᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠶᠯᠡᠰ ᠤᠨ ᠳᠠᠭᠠᠭᠤᠯᠤᠭᠴᠢ ᠠᠵᠤ ᠠᠬᠤᠶᠢᠯᠠᠯ ᠲᠦᠷᠦᠭᠦᠯᠡᠨ᠂ ᠣᠷᠣᠨ ᠤ ᠳᠣᠲᠣᠷ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠬᠠᠮᠲᠤᠷᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠡᠭᠦᠷᠭᠡ ᠶᠢ ᠡᠭᠦᠷᠭᠡᠯᠡᠨ᠎ᠡ ᠭᠡᠵᠦ ᠲᠣᠳᠣᠷᠬᠠᠶᠢᠯᠠᠪᠠ  ᠃ ᠡᠨᠡᠬᠦ ᠠᠬᠤᠶ ᠪᠠᠶᠢᠳᠠᠯ ᠳᠣᠤᠷ᠎ᠠ᠂ ᠰᠠᠶ ᠺᠧ ᠰᠢᠩ ᠪᠦᠯᠦᠭᠯᠡᠯ ᠠᠴᠠ ᠥᠪᠥᠷ ᠮᠣᠩᠭᠤᠯ ᠤᠨ ᠳᠡᠭᠡᠳᠦ ᠲᠠᠰ ᠤᠨ ᠰᠠᠭᠠᠯᠢ ᠶᠢᠨ ᠦᠨᠢᠶᠡᠨ ᠤ ᠡᠭᠦᠯᠳᠡᠷ ᠤᠨ ᠢᠷᠡᠯᠲᠡ ᠶᠢ ᠠᠭᠤᠳᠠᠯᠠᠬᠤ ᠵᠢᠴᠢ ᠥᠨᠳᠥᠷ ᠪᠦᠲᠦᠮᠵᠢᠲᠡᠶ ᠦᠷᠡᠵᠢᠭᠦᠯᠦᠨ ᠪᠣᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠲᠦᠷᠦᠭᠦᠯᠡᠨ ᠵᠣᠬᠢᠶᠠᠨ ᠪᠠᠶᠢᠭᠤᠯᠤᠭᠰᠠᠨ ᠪᠥᠭᠡᠳ 《 ᠳᠡᠭᠡᠳᠦ ᠲᠠᠰ ᠤᠨ ᠰᠠᠭᠠᠯᠢ ᠶᠢᠨ ᠦᠨᠢᠶᠡᠨ ᠤ ᠡᠭᠦᠯᠳᠡᠷ ᠤᠨ ᠢᠷᠡᠯᠲᠡ ᠶᠢ ᠠᠭᠤᠳᠠᠯᠠᠬᠤ ᠵᠢᠴᠢ ᠥᠨᠳᠥᠷ ᠪᠦᠲᠦᠮᠵᠢᠲᠡᠶ ᠦᠷᠡᠵᠢᠭᠦᠯᠦᠨ ᠪᠣᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ 》 ᠲᠥᠷᠥᠯ ᠵᠦᠶᠯ ᠤᠨ ᠨᠡᠷᠡᠰ ᠢ ᠠᠮᠵᠢᠯᠲᠠ  ᠲᠠᠢ ᠨᠡᠶᠢᠲᠡᠯᠡᠵᠡᠶ  ᠃    《 ᠰᠦ ᠰᠠᠭᠠᠯᠢ ᠶᠢᠨ ᠦᠶᠯᠡᠰ ᠤᠨ ᠦᠶᠯᠡᠰ ᠤᠨ ᠬᠥᠭᠵᠢᠯᠲᠡ ᠶᠢ ᠨᠥᠯᠥᠭᠡᠯᠡᠬᠦ ᠠᠯᠢ ᠣᠯᠠᠨ ᠮᠡᠷᠭᠡᠵᠢᠯ ᠤᠨ ᠡᠯᠧᠮᠧᠨ᠋ᠲ ᠤᠨ ᠳᠣᠲᠣᠷ᠎ᠠ᠂ ᠰᠠᠭᠠᠯᠢ ᠶᠢᠨ ᠦᠨᠢᠶᠡᠨ ᠤ ᠤᠳᠤᠮᠯᠠᠯ ᠤᠨ ᠴᠢᠨᠠᠷ ᠴᠢᠨᠰᠠᠭ᠎ᠠ ᠪᠣᠯ ᠬᠠᠮᠤᠭ ᠤᠨ ᠴᠢᠬᠤᠯᠠ ᠬᠦᠴᠦᠨ ᠵᠦᠶᠯ ᠮᠥᠨ᠂ ᠰᠠᠶᠢᠨ ᠡᠭᠦᠯᠳᠡᠷ ᠪᠠ ᠬᠠᠮᠲᠤᠯᠢᠭ ᠤᠨ ᠤᠳᠤᠮᠯᠠᠯ ᠢ ᠰᠠᠶᠢᠵᠢᠷᠠᠭᠤᠯᠬᠤ ᠮᠡᠷᠭᠡᠵᠢᠯ  ᠤᠨ ᠬᠤᠪᠢ ᠨᠡᠮᠡᠷᠢ ᠶᠢᠨ ᠨᠣᠷᠮ᠎ᠠ ᠨᠢ 40 % ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ  ᠃ ᠬᠠᠷᠢᠨ ᠭᠤᠤᠯ ᠪᠣᠯᠬᠤ ᠰᠠᠭᠠᠯᠢ ᠶᠢᠨ ᠦᠨᠢᠶᠡᠨ ᠤ ᠡᠭᠦᠯᠳᠡᠷ ᠤᠨ ᠢᠷᠡᠯᠲᠡ ᠶᠢ ᠪᠡᠶ᠎ᠡ ᠪᠠᠨ ᠳᠠᠭᠠᠭᠠᠵᠤ ᠪᠣᠶᠢᠵᠢᠭᠤᠯᠬᠤ ᠪᠠ ᠰᠠᠭᠠᠯᠢ  ᠶᠢᠨ ᠦᠨᠢᠶᠡᠨ ᠤ ᠰᠠᠶᠢᠨ ᠡᠭᠦᠯᠳᠡᠷ ᠢ ᠲᠦᠷᠭᠡᠨ ᠦᠷᠡᠵᠢᠭᠦᠯᠬᠦ ᠮᠡᠷᠭᠡᠵᠢᠯ ᠪᠣᠯ ᠪᠦᠬᠦᠶᠢᠯᠡ ᠠᠵᠢᠯ ᠲᠥᠷᠥᠯ ᠤᠨ ᠳᠤᠲᠠᠭᠤᠳᠠᠯ ᠮᠥᠨ᠂ ᠤᠯᠠᠮᠵᠢᠯᠠᠯᠲᠤ ᠭᠠᠭᠴᠠᠭᠠᠷ ᠴᠣᠬᠢᠬᠤ ᠮᠠᠶ᠋ᠢᠭ ᠤᠨ ᠰᠢᠨ᠎ᠡ ᠡᠭᠦᠳᠦᠯᠲᠡ ᠳᠤ ᠲᠦᠰᠢᠭᠯᠡᠬᠦ ᠳᠤ ᠪᠡᠷᠬᠡ ᠶᠤᠮ  ᠃ ᠰᠠᠶ ᠰᠢᠨᠵᠢᠯᠡᠬᠦ ᠤᠬᠠᠭᠠᠨ ᠤ ᠣᠳᠣᠨ ᠰᠤᠳᠤᠯᠬᠤ ᠬᠦᠷᠢᠶᠡᠯᠡᠩ ᠤᠨ ᠳᠠᠷᠤᠭ᠎ᠠ᠂ ᠲᠥᠷᠥᠯ ᠵᠦᠶᠯ  ᠤᠨ ᠬᠥᠲᠥᠯᠥᠭᠴᠢ ᠯᠢ ᠰᠢ ᠾᠧ ᠳ᠋ᠣᠺᠲ᠋ᠣᠷ ᠤᠨ ᠲᠠᠨᠢᠯᠴᠠᠭᠤᠯᠭ᠎ᠠ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠤᠨ ᠳᠠᠭᠠᠭᠤᠯᠭ᠎ᠠ ᠳᠣᠤᠷ᠎ᠠ᠂ ᠰᠠᠢ ᠺᠧ ᠰᠢᠩ ᠰᠤᠳᠤᠯᠭᠠᠨ ᠤ ᠬᠦᠷᠢᠶᠡᠯᠡᠩ ᠰᠠᠨᠠᠭᠠᠴᠢᠯᠠᠭ᠎ᠠ ᠠᠴᠠ ᠪᠠᠨ ᠪᠠᠷᠠᠭᠤᠨ ᠬᠤᠶᠢᠲᠤ ᠶᠢᠨ ᠲᠠᠷᠢᠶᠠᠯᠠᠩ ᠣᠢ ᠰᠢᠭᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠲᠠᠢ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠮᠠᠯ ᠠᠵᠤ ᠠᠬᠤᠶ ᠮᠠᠯ ᠡᠮᠨᠡᠯᠭᠡ ᠶᠢᠨ ᠰᠤᠳᠤᠯᠬᠤ ᠭᠠᠵᠠᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ ᠣᠷᠣᠨ ᠤ ᠳᠣᠲᠣᠨ᠎ᠠ ᠭᠠᠳᠠᠨᠠᠬᠢ 5 ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ  ᠤ ᠰᠤᠳᠤᠯᠭᠠᠨ ᠤ ᠬᠦᠷᠢᠶᠡᠯᠡᠩ ᠭᠠᠵᠠᠷ ᠪᠣᠯᠤᠨ ᠠᠵᠤ ᠠᠬᠤᠶᠢᠯᠠᠯ ᠨᠢᠭᠲᠠ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠤᠨ᠎ᠠ᠂ 《 ᠦᠶᠯᠡᠳᠪᠦᠷᠢᠯᠡᠬᠦ 》 ᠪᠠᠷ ᠳᠠᠮᠵᠢᠬᠤ᠂ ᠰᠤᠷᠬᠤ᠂ ᠰᠤᠳᠤᠯᠬᠤ᠂ ᠰᠢᠨ᠎ᠡ ᠶᠢ ᠡᠭᠦᠳᠬᠦ ᠬᠤᠯᠪᠣᠭᠠᠯᠠᠯ  ᠢ ᠬᠡᠷᠡᠭᠯᠡᠨ᠎ᠡ᠂ ᠳᠠᠪᠠᠭᠤᠯᠢᠭ ᠲᠠᠯ᠎ᠠ ᠪᠠᠷ ᠢᠶᠠᠨ ᠨᠥᠬᠦᠪᠥᠷᠢᠯᠡᠬᠦ᠂ ᠮᠠᠨ ᠤ ᠤᠯᠤᠰ ᠤᠨ ᠰᠠᠭᠠᠯᠢ ᠶᠢᠨ ᠦᠨᠢᠶᠡᠨ ᠤ ᠡᠭᠦᠯᠳᠡᠷ ᠤᠨ ᠦᠢᠯᠡᠰ ᠤᠨ ᠬᠥᠭᠵᠢᠯᠲᠡ ᠳᠤ ᠣᠷᠣᠰᠢᠵᠤ ᠪᠠᠶᠢᠭ᠎ᠠ ᠳᠡᠭᠡᠳᠦ ᠲᠠᠰ ᠤᠨ ᠰᠠᠭᠠᠯᠢ ᠶᠢᠨ ᠦᠨᠢᠶᠡᠨ ᠤ ᠡᠭᠦᠯᠳᠡᠷ ᠤᠨ ᠢᠷᠡᠯᠲᠡ ᠳᠤᠲᠠᠭᠳᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠶᠳᠪᠦᠷᠢᠯᠡᠬᠦ ᠬᠡᠷᠡᠭᠲᠡᠶ᠂ ᠥᠨᠳᠥᠷ ᠪᠦᠲᠦᠮᠵᠢᠲᠡᠶ ᠦᠷ᠎ᠡ ᠪᠣᠶᠢᠵᠢᠭᠤᠯᠬᠤ ᠭᠤᠤᠯ ᠵᠠᠩᠭᠢᠯᠠᠭ᠎ᠠ ᠶᠢᠨ ᠮᠡᠷᠭᠡᠵᠢᠯ ᠪᠠᠭᠤᠷᠠᠶ᠂ ᠳᠡᠭᠡᠳᠦ ᠲᠡᠰ ᠤᠨ ᠦᠷ᠎ᠡ ᠠᠴᠠ ᠢᠷᠡᠯᠲᠡ ᠲᠠᠢ ᠦᠷ᠎ᠡ ᠬᠠᠩᠭᠠᠬᠤ ᠴᠢᠳᠠᠪᠤᠷᠢ ᠪᠣᠯᠤᠨ ᠦᠶᠯᠡᠳᠬᠦᠨ ᠤ ᠭᠤᠤᠯᠯᠠᠬᠤ ᠥᠷᠢᠰᠦᠯᠳᠦᠬᠦ ᠬᠦᠴᠦᠨ ᠬᠦᠷᠦᠯᠴᠡᠬᠦ ᠦᠭᠡᠢ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ᠂ ᠳᠡᠯᠡᠬᠡᠶ ᠶᠢᠨ ᠲᠡᠷᠢᠭᠦᠨ ᠵᠡᠷᠭᠡ  ᠶᠢᠨ ᠰᠠᠭᠠᠯᠢ ᠶᠢᠨ ᠦᠨᠢᠶ᠎ᠡ ᠡᠭᠦᠯᠳᠡᠷ ᠤᠨ ᠪᠤᠬ᠎ᠠ ᠶᠢ ᠪᠣᠶᠢᠵᠢᠭᠤᠯᠤᠨ᠎ᠠ᠂ ᠣᠯᠠᠨ ᠤᠯᠤᠰ ᠤᠨ ᠪᠠᠷᠢᠮᠵᠢᠶᠠᠲᠤ ᠰᠠᠭᠠᠯᠢ  ᠶᠢᠨ ᠦᠨᠢᠶᠡᠨ ᠤ ᠡᠭᠦᠯᠳᠡᠷ ᠪᠣᠶᠢᠵᠢᠭᠤᠯᠬᠤ ᠪᠠ ᠦᠷᠡᠵᠢᠭᠦᠯᠬᠦ ᠮᠡᠷᠭᠡᠵᠢᠯ ᠤᠨ ᠲᠠᠪᠴᠠᠩ ᠪᠣᠯᠤᠨ ᠣᠯᠠᠨ ᠤᠯᠤᠰ ᠤᠨ ᠬᠠᠷᠠᠭᠠᠨ ᠳᠠᠬᠢ ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ  ᠶᠢ ᠡᠭᠦᠳᠬᠦ ᠪᠦᠯᠬᠦᠮ ᠨᠡᠶᠢᠲᠡ ᠶᠢ ᠪᠠᠶᠢᠭᠤᠯᠤᠨ᠎ᠠ᠂ ᠰᠠᠭᠠᠯᠢ ᠶᠢᠨ ᠦᠨᠢᠶᠡᠨ ᠤ ᠡᠭᠦᠯᠳᠡᠷ ᠤᠨ ᠢᠷᠡᠯᠲᠡ ᠬᠢᠭᠡᠳ ᠳᠡᠭᠡᠳᠦ ᠲᠠᠰ ᠤᠨ ᠦᠷ᠎ᠡ ᠶᠢᠨ ᠦᠢᠯᠡᠰ ᠤᠨ ᠦᠢᠯᠡᠳᠬᠦᠨ ᠢ ᠡᠵᠡᠨ ᠮᠡᠳᠡᠨ ᠡᠵᠡᠮᠳᠡᠵᠦ ᠪᠣᠯᠬᠤ ᠶᠢ ᠪᠡᠶᠡᠯᠡᠭᠦᠯᠦᠨ᠎ᠡ᠂ ᠡᠭᠦᠯᠳᠡᠷ ᠪᠣᠶᠢᠵᠢᠭᠤᠯᠵᠤ ᠦᠷᠡᠵᠢᠭᠦᠯᠬᠦ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠳᠡᠯᠡᠬᠡᠶ ᠶᠢᠨ ᠲᠡᠷᠢᠭᠦᠨ ᠳᠤ ᠣᠷᠣᠪᠠ  ᠃    《 ᠡᠨᠡ ᠪᠣᠯ ᠨᠢᠭᠡ ᠤᠳᠠᠭ᠎ᠠ ᠶᠢᠨ ᠬᠡᠷᠡᠭᠴᠡᠭᠡ ᠪᠣᠯᠤᠨ ᠬᠠᠩᠭᠠᠯᠭ᠎ᠠ ᠶᠢᠨ ᠬᠤᠣᠰ ᠴᠢᠭᠯᠡᠯ ᠢᠶᠠᠷ ᠤᠷᠤᠭᠰᠢᠯᠠᠵᠤ ᠪᠠᠶᠢᠭ᠎ᠠ ᠶᠠᠪᠤᠳᠠᠯ ᠪᠣᠯᠤᠨ᠎ᠠ  ᠃ ᠲᠣᠰ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠪᠦᠷᠢᠯᠳᠦᠬᠦᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ ᠨᠠᠰᠤᠨᠪᠦᠭᠡ ᠢᠯᠡᠷᠬᠡᠶᠢᠯᠡᠬᠦ ᠳᠡᠭᠡᠨ᠂ ᠰᠠᠢ ᠺᠧ ᠰᠢᠩ ᠬᠡᠷ ᠤᠨ ᠲᠡᠵᠢᠭᠡᠪᠦᠷᠢ ᠶᠢᠨ ᠦᠶᠯᠡᠰ ᠬᠢᠭᠡᠳ ᠠᠮᠢᠳᠤ ᠪᠣᠳᠠᠰ ᠦᠷᠡᠵᠢᠭᠦᠯᠦᠨ ᠪᠣᠶᠢᠵᠢᠭᠤᠯᠬᠤ ᠮᠡᠷᠭᠡᠵᠢᠯ ᠤᠨ ᠬᠦᠷᠢᠶᠡᠨ ᠳᠤ ᠥᠷᠨᠢᠭᠦᠨ ᠬᠥᠭᠵᠢᠩᠭᠦᠶ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠪᠠ ᠡᠯᠪᠡᠭ ᠪᠠᠶᠠᠯᠢᠭ ᠬᠡᠷᠡᠭᠯᠡᠭᠡᠨ ᠤ ᠠᠬᠤᠶ ᠪᠠᠶᠢᠳᠠᠯ ᠲᠠᠢ ᠪᠠᠶᠢᠵᠤ᠂ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠳᠤ ᠤᠷᠤᠭᠰᠠᠨ ᠤ ᠳᠠᠷᠠᠭ᠎ᠠ᠂ ᠠᠵᠤ ᠠᠬᠤᠶᠢᠯᠠᠯ ᠤᠨ ᠬᠡᠷᠡᠭᠴᠡᠭᠡ ᠳᠤ ᠴᠢᠭᠯᠡᠭᠦᠯᠦᠨ ᠰᠠᠭᠤᠷᠢ ᠰᠤᠳᠤᠯᠭᠠᠨ ᠥᠷᠨᠢᠭᠦᠯᠵᠦ᠂ ᠦᠷ᠎ᠡ ᠪᠦᠲᠦᠭᠡᠯ ᠢ ᠨᠢ ᠠᠵᠤ ᠠᠬᠤᠶᠢᠯᠠᠯ ᠤᠨ ᠦᠶᠯᠡᠳᠪᠦᠷᠢᠯᠡᠯ ᠤᠨ ᠤᠷ᠎ᠠ ᠮᠡᠷᠭᠡᠰᠢᠯ ᠳᠤ ᠰᠢᠭᠤᠳ ᠰᠢᠯᠵᠢᠭᠦᠯᠵᠦ᠂ ᠵᠢᠱᠢᠭᠰᠡᠨ ᠦᠷ᠎ᠡ ᠪᠦᠲᠦᠮᠵᠢ ᠳᠤ ᠬᠦᠷᠴᠦ ᠴᠢᠳᠠᠬᠤ ᠡᠰᠡᠬᠦ᠂ ᠬᠡᠪᠴᠢᠶᠡᠵᠢᠭᠦᠯᠦᠨ ᠦᠶᠯᠡᠳᠪᠦᠷᠢᠯᠡᠵᠦ ᠴᠢᠳᠠᠬᠤ ᠡᠰᠡᠬᠦ ᠶᠢ ᠰᠢᠯᠭᠠᠨ ᠪᠠᠶᠢᠴᠠᠭᠠᠵᠤ ᠪᠣᠯᠤᠨ᠎ᠠ᠂ ᠡᠨᠡ ᠨᠢ ᠪᠦᠲᠦᠮᠵᠢᠲᠡᠶ ᠮᠡᠷᠭᠡᠵᠢᠯ ᠤᠨ ᠠᠵᠤ ᠦᠶᠯᠡᠰ ᠤᠨ ᠬᠡᠯᠬᠢᠶ᠎ᠡ ᠶᠢ ᠪᠦᠷᠢᠯᠳᠦᠭᠦᠯᠦᠭᠰᠡᠨ ᠪᠠᠶᠢᠨ᠎ᠠ ᠭᠡᠪᠡ  ᠃      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠠᠵᠤ ᠠᠬᠤᠶᠢᠯᠠᠯ ᠢᠶᠠᠷ ᠤᠳᠤᠷᠢᠳᠤᠮᠵᠢ ᠪᠣᠯᠭᠠᠭᠰᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ ᠳᠡᠭᠡᠭᠰᠢᠯᠡᠭᠦᠯᠦᠨ᠎ᠡ ᠭᠡᠵᠦ ᠳᠤᠷᠠᠳᠴᠠᠢ  ᠃      ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠪᠣᠯᠤᠭᠰᠠᠨ ᠤ ᠬᠤᠪᠢ ᠳᠤ᠂ ᠠᠵᠤ ᠠᠬᠤᠶᠢᠯᠠᠯ ᠪᠣᠯ ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢᠨ ᠠᠭᠤᠰᠤᠯᠴᠠᠯ ᠤᠨ ᠵᠠᠩᠭᠢᠯᠠᠭ᠎ᠠ ᠪᠣᠯᠤᠨ᠎ᠠ  ᠃ 《 ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠳᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠡᠳᠦᠪ ᠭᠠᠷᠭᠠᠭᠴᠢ᠂ ᠰᠡᠳᠦᠪ ᠬᠠᠷᠢᠭᠤᠯᠤᠭᠴᠢ ᠪᠠ ᠰᠡᠳᠦᠪ ᠬᠢᠨᠠᠭᠴᠢ ᠪᠣᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠠᠭᠤᠰᠤᠯᠴᠠᠯ ᠢᠶᠠᠷ ᠠᠵᠤ ᠠᠬᠤᠶᠢᠯᠠᠯ  ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠢᠯ ᠲᠦᠷᠦᠯ ᠤᠨ ᠲᠠᠪᠰᠢᠯᠳᠠ ᠶᠢ ᠬᠦᠳᠦᠯᠥᠨ ᠳᠠᠭᠠᠭᠤᠯᠬᠤ ᠬᠡᠷᠡᠭᠲᠡᠢ  ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠭᠠᠵᠠᠷ ᠤᠨ ᠳᠠᠷᠤᠭ᠎ᠠ ᡂᠢ ᠪᠥᠸᠧ ᠢᠯᠡᠷᠬᠡᠶᠢᠯᠡᠬᠦ ᠳᠡᠭᠡᠨ᠂ 《 ᠠᠷᠪᠠᠨ ᠳᠥᠷᠪᠡᠳᠦᠭᠡᠷ ᠲᠠᠪᠤᠨ ᠵᠢᠯ 》 ᠳᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠵᠤ ᠠᠬᠤᠶᠢᠯᠠᠯ ᠢᠶᠠᠷ ᠭᠤᠤᠯᠯᠠᠭᠤᠯᠤᠭᠰᠠᠨ ᠠᠭᠤᠰᠤᠯᠴᠠᠨ ᠨᠡᠪᠲᠡᠷᠡᠯᠴᠡᠵᠦ ᠰᠢᠨ᠎ᠡ ᠶᠢ ᠡᠭᠦᠳᠬᠦ ᠠᠮᠢ ᠠᠬᠤᠶ ᠶᠢ ᠪᠠᠶᠢᠭᠤᠯᠬᠤ ᠶᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠤᠨ ᠬᠠᠮᠢᠶᠠᠷᠤᠯᠲᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠶᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠵᠢᠯᠴᠠᠨ ᠰᠢᠨ᠎ᠡ ᠶᠢ ᠡᠭᠦᠳᠬᠦ ᠶᠢ ᠬᠥᠲᠥᠯᠥᠨ ᠵᠢᠯᠣᠭᠤᠳᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠎ᠠ ᠭᠡᠵᠡᠶ  ᠃     ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2021 ᠣᠨ ᠳᠤ ᠥᠪᠡᠷᠲᠡᠭᠡᠨ ᠵᠠᠰᠠᠬᠤ ᠣᠷᠣᠨ ᠠᠴᠠ ᠡᠬᠢᠯᠡᠭᠦᠯᠦᠭᠰᠡᠨ ᠠᠩᠬᠠᠨ ᠤ ᠪᠦᠯᠦᠭ ᠮᠡᠷᠭᠡᠵᠢᠯ ᠤᠨ ᠪᠣᠭᠤᠮᠲᠠ ᠰᠢᠪᠲᠤᠯᠬᠤ ᠲᠥᠷᠥᠯ ᠤᠨ 《 ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ 》 ᠨᠡᠷᠡᠰ ᠤᠨ ᠱᠠᠭᠠᠷᠳᠠᠯᠭ᠎ᠠ ᠶᠢ ᠴᠥᠮ ᠠᠵᠤ ᠠᠬᠤᠶᠢᠯᠠᠯ ᠳᠤᠷᠠᠳᠤᠨ ᠭᠠᠷᠭᠠᠵᠤ᠂ 2022 ᠣᠨ ᠳᠤ ᠡᠬᠢᠯᠡᠭᠦᠯᠦᠭᠰᠡᠨ ᠦᠷ᠎ᠡ ᠶᠢᠨ ᠦᠶᠯᠡᠰ᠂ ᠬᠤᠤᠰ ᠨᠡᠭᠦᠷᠡᠰᠦᠲᠥ᠋ᠷᠥᠭᠴᠢ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ 《 ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ 》 ᠲᠥᠷᠥᠯ ᠵᠦᠶᠯ ᠤᠨ ᠪᠥᠬᠦ ᠱᠠᠭᠠᠷᠳᠠᠯᠭ᠎ᠠ ᠶᠢ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠡᠭᠦᠷᠭᠡᠯᠡᠬᠦ ᠪᠠᠷ ᠪᠠᠶᠢᠨ᠎ᠠ  ᠃ ᠡᠨᠡ ᠵᠢᠯ ᠠᠴᠠ ᠨᠠᠭᠠᠰᠢ᠂ ᠠᠵᠤ ᠠᠬᠤᠶᠢᠯᠠᠯ ᠲᠦᠷᠦᠭᠦᠯᠡᠨ ᠬᠡᠷᠡᠭᠵᠢᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠤᠰᠬᠠᠶ ᠲᠥᠷᠥᠯ ᠵᠦᠶᠯ᠂ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠶᠯ ᠤᠨ ᠪᠠᠯᠠ ᠮᠥᠩᠭᠦ ᠶᠢᠨ ᠡᠵᠡᠯᠡᠬᠦ ᠬᠠᠷᠢᠴᠠᠯ 77 . 65 % ᠳᠤ ᠬᠦᠷᠴᠦ᠂ ᠣᠷᠣᠨ ᠤ ᠳᠣᠲᠣᠷᠠᠬᠢ ᠬᠥᠲᠥᠴᠢ ᠨᠢᠷᠤᠭᠤᠪᠴᠢ ᠠᠵᠤ ᠠᠬᠤᠶᠢᠯᠠᠯ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ 52 ᠪᠠᠶᠢᠭᠤᠯᠵᠤ᠂ ᠣᠷᠣᠨ ᠤ ᠳᠣᠲᠣᠷ᠎ᠠ ᠭᠠᠳᠠᠨᠠᠬᠢ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠢ ᠨᠡᠶᠢᠲᠡ 384 ᠣᠷᠣᠭᠤᠯᠵᠤ᠂ 500 ᠭᠠᠷᠤᠶ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠲᠠᠪᠴᠠᠩ ᠤᠨ ᠰᠢᠨ᠎ᠡ ᠶᠢ ᠡᠭᠦᠳᠬᠦ ᠡᠬᠢ ᠪᠠᠶᠠᠯᠢᠭ  ᠢ ᠬᠤᠷᠠᠮᠳᠤᠭᠤᠯᠵᠤ᠂ ᠰᠤᠳᠤᠯᠤᠨ ᠨᠡᠭᠡᠭᠡᠬᠦ ᠪᠦᠯᠬᠦᠮ ᠤᠨ ᠶᠡᠷᠦᠩᠬᠡᠶ ᠬᠥᠮᠦᠨ ᠤ ᠲᠤᠭ᠎ᠠ 2103 ᠪᠣᠯᠵᠣ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠯᠢ ᠼᠠᠨ ᠠᠺᠠᠳᠧᠮᠢᠴᠢ ᠶᠢ ᠪᠠᠭᠲᠠᠭᠠᠭᠰᠠᠨ 24 ᠨᠡᠷᠡᠰ ᠲᠡᠷᠢᠭᠦᠨ ᠰᠢᠨᠵᠢᠯᠡᠬᠦ ᠤᠬᠠᠭᠠᠨᠲᠠᠨ ᠢ ᠠᠮᠵᠢᠯᠲᠠ ᠲᠠᠢ ᠪᠠᠷ ᠴᠢᠬᠤᠯᠠ ᠶᠡᠭᠡ ᠲᠥᠷᠥᠯ ᠵᠦᠶᠯ ᠤᠨ ᠨᠡᠷᠡᠰ ᠤᠨ ᠵᠢᠭᠰᠠᠭᠠᠯᠲᠠ ᠳᠤ ᠣᠷᠣᠯᠴᠠᠭᠤᠯᠵᠤ᠂ ᠬᠦᠴᠦᠷᠬᠡᠭ  ᠃     ᠲᠠᠲᠠᠭᠠᠯ ᠳᠣᠯᠭᠢᠶᠠᠨ ᠢᠯᠡᠳᠬᠡᠯ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠲᠥᠷᠥ ᠶᠢᠨ ᠪᠣᠳᠣᠯᠭ᠎ᠠ ᠶᠢ ᠪᠠᠷᠢᠮᠲᠠᠯᠠᠨ᠎ᠠ᠂ ᠲᠥᠷᠥᠯ ᠵᠦᠶᠯ ᠢ ᠬᠥᠲᠥᠯᠥᠨ ᠵᠢᠯᠣᠭᠤᠳᠬᠤ ᠪᠠ ᠦᠶᠯᠡᠴᠢᠯᠡᠭᠡ ᠪᠠᠷ ᠬᠥᠲᠥᠯᠥᠨ ᠳᠠᠭᠠᠭᠤᠯᠬᠤ᠂ ᠳᠠᠭᠠᠭᠤᠯᠤᠭᠴᠢ ᠠᠵᠤ ᠠᠬᠤᠶᠢᠯᠠᠯ ᠲᠦᠷᠦᠭᠦᠯᠡᠨ ᠬᠢᠬᠦ ᠶᠢ ᠲᠦᠷᠭᠡᠳᠬᠡᠨ ᠪᠠᠶᠢᠭᠤᠯᠬᠤ ᠬᠡᠷᠡᠭᠲᠡᠶ᠂ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠤᠨ ᠲᠦᠰᠢᠭ ᠲᠤᠯᠭᠠᠭᠤᠷᠢ᠂ ᠡᠯ᠎ᠡ ᠰᠢᠨ᠎ᠡ ᠶᠢ ᠡᠭᠦᠳᠬᠦ ᠭᠤᠤᠯ ᠴᠣᠭᠴᠠ ᠬᠠᠷᠢᠯᠴᠠᠨ ᠬᠠᠮᠵᠢᠯᠴᠠᠭᠰᠠᠨ ᠥᠨᠳᠥᠷ ᠲᠦᠪᠰᠢᠨ ᠪᠦᠬᠦᠢ ᠰᠢᠨ᠎ᠡ ᠶᠢ ᠡᠭᠦᠳᠬᠦ ᠬᠤᠯᠪᠣᠭᠠᠲᠤ ᠴᠣᠭᠴᠠ᠂ ᠵᠠᠬ᠎ᠠ ᠳᠡᠯᠭᠡᠭᠦᠷ ᠤᠨ ᠲᠣᠭᠲᠠᠴᠠ ᠪᠠᠷ ᠬᠤᠯᠪᠣᠭᠠᠰᠤ ᠪᠣᠯᠭᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠲᠣᠬᠢᠷᠠᠭᠤᠯᠤᠨ᠎ᠠ᠂ ᠠᠬᠢᠭᠤᠯᠬᠤ ᠰᠢᠨᠵᠢᠯᠡᠬᠦ ᠤᠬᠠᠭᠠᠨᠲᠠᠨ᠂ ᠠᠵᠤ ᠠᠬᠤᠶᠢᠯᠠᠯᠲᠠᠨ ᠵᠡᠷᠭᠡ ᠡᠯ᠎ᠡ ᠲᠠᠯ᠎ᠠ ᠶᠢᠨ ᠬᠦᠴᠦᠨ ᠪᠠ ᠬᠥᠷᠥᠩᠭᠡ᠂ ᠥᠪ ᠬᠦᠷᠦᠩᠭᠡ᠂ ᠴᠢᠳᠠᠪᠤᠷᠢᠲᠠᠨ ᠭᠦᠢᠴᠡᠳ ᠤᠶᠠᠯᠳᠤᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠂ ᠰᠢᠨ᠎ᠡ ᠶᠢ ᠡᠭᠦᠳᠬᠦ ᠰᠢᠰᠲ᠋ᠧᠮᠵᠢ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ ᠲᠥᠯᠥᠭᠡ᠂ ᠠᠵᠤ ᠦᠶᠯᠡᠰ ᠤᠨ ᠠᠭᠠᠵᠢᠮ ᠢᠶᠠᠷ ᠠᠭᠢᠬᠤ ᠮᠠᠶ᠋ᠢᠭ ᠤᠨ ᠮᠡᠷᠭᠡᠵᠢᠯ ᠤᠨ ᠰᠢᠨ᠎ᠡ ᠡᠭᠦᠳᠦᠯᠲᠡ ᠠᠴᠠ ᠨᠤᠷᠠᠭᠠᠯᠲᠠ ᠶᠢᠨ ᠴᠢᠨᠠᠷᠲᠠᠶ ᠮᠡᠷᠭᠡᠵᠢᠯ ᠤᠨ ᠰᠢᠨ᠎ᠡ ᠡᠭᠦᠳᠦᠯᠲᠡ ᠶᠢ ᠲᠠᠰ ᠳᠡᠪᠰᠢᠭᠦᠯᠬᠦ ᠴᠢᠨᠠᠷ ᠰᠠᠶᠢᠲᠠᠶ ᠬᠥᠭᠵᠢᠯᠲᠡ ᠳᠠᠰᠢ ᠵᠢᠭᠦᠷ ᠤᠷᠭᠤᠭᠤᠯᠬᠤ ᠶᠢ ᠠᠬᠢᠭᠤᠯᠤᠨ᠎ᠠ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号