ᠤᠯᠠᠭᠠᠨᠬᠠᠳᠠ ᠬᠤᠲᠠ᠄ 《 ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠠᠬᠢᠭᠤᠯᠵᠤ ᠪᠣᠳᠠᠲᠤ ᠦᠷ᠎ᠡ ᠪᠦᠲᠦᠮᠵᠢ ᠭᠠᠷᠭᠠᠨ᠎ᠠ
ᠨᠡᠶᠢᠲᠡᠯᠡᠭᠰᠡᠨ ᠴᠠᠭ᠄
2022/12/31
    ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠶᠡᠭᠡ ᠰᠦᠮ᠎ᠡ ᠪᠠᠯᠭᠠᠰᠤᠨ ᠤ ᠭᠦᠩ ᠵᠦ ᠯᠢᠩ ᠬᠤᠤᠰ ᠲᠦᠮᠡᠨ ᠮᠥ ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠲᠤ᠂ ᠬᠤ᠋ ᠵᠢᠩ ᠴᠢᠤᠸᠠᠨ ᠵᠡᠷᠭᠡ 4 ᠲᠠᠷᠢᠮᠠᠯ ᠤᠨ ᠡᠷᠦᠬᠡ ᠡᠨᠡ ᠵᠢᠯ ᠤᠨ ᠪᠡᠯᠡᠳᠬᠡᠮᠵᠢᠲᠦ ᠲᠥᠪᠡᠳ ᠬᠠᠰᠢ ᠶᠢ ᠵᠣᠨ ᠤ ᠭᠤᠤᠷᠰᠤ ᠪᠠᠷ ᠳᠠᠷᠢᠬᠤ ᠪᠠ ᠡᠪᠦᠯ ᠤᠨ ᠭᠤᠤᠷᠰᠤ ᠪᠠᠷ ᠳᠠᠷᠢᠬᠤ ᠳᠠᠭᠠᠨ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠪᠦᠲᠦᠭᠡᠭᠳᠡᠬᠦᠨ ᠢ ᠬᠡᠷᠡᠭᠯᠡᠬᠦ ᠪᠠᠷ ᠳᠠᠮᠵᠢᠭᠤᠯᠤᠨ᠂ ᠢᠵᠢ ᠪᠥᠷᠢᠳᠦᠭᠦᠯᠦᠨ ᠳᠠᠷᠢᠬᠤ ᠮᠡᠷᠭᠡᠵᠢᠯ ᠲᠠᠢ ᠤᠶᠠᠯᠳᠤᠭᠤᠯᠤᠨ᠂ ᠲᠥᠪᠡᠳ ᠬᠠᠰᠢ ᠶᠢᠨ ᠭᠠᠷᠤᠯᠲᠠ ᠶᠢ ᠳᠤᠮᠳᠠᠴᠢ ᠪᠠᠷ 10 % ᠪᠠᠷ ᠨᠡᠮᠡᠭᠳᠡᠭᠦᠯᠦᠭᠰᠡᠨ ᠪᠥᠭᠡᠳ ᠴᠢᠨᠠᠷ ᠴᠢᠨᠰᠠᠭ᠎ᠠ ᠨᠢ ᠢᠯᠡᠳᠲᠡ ᠳᠡᠭᠡᠭᠰᠢᠯᠡᠵᠦ᠂ ᠵᠢᠮᠢᠰ ᠨᠢ ᠵᠢᠭᠳᠡ᠂ ᠵᠢᠮᠢᠰ ᠤᠨ ᠥᠩᠭᠡ ᠨᠢ ᠲᠤᠩᠭᠠᠯᠠᠭ᠂ ᠵᠢᠮᠢᠰ ᠤᠨ ᠬᠦᠨᠳᠦᠴᠡ ᠨᠢ ᠳᠡᠭᠡᠭᠰᠢᠯᠡᠵᠦ᠂ ᠭᠠᠷᠤᠯᠲᠠ ᠪᠠ ᠣᠷᠣᠯᠭ᠎ᠠ ᠶᠢ ᠨᠢ ᠨᠡᠮᠡᠭᠳᠡᠭᠦᠯᠬᠦ ᠶᠢ ᠪᠡᠶᠡᠯᠡᠭᠦᠯᠪᠡ  ᠃      ᠲᠣᠰ ᠦᠷ᠎ᠡ ᠪᠦᠲᠦᠭᠡᠯ ᠨᠢ 2021 ᠣᠨ ᠤ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ  ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠨᠢᠭᠡᠴᠡ ᠲᠠᠢ ᠬᠠᠮᠲᠤᠷᠠᠨ ᠬᠡᠷᠡᠭᠵᠢᠭᠦᠯᠦᠭᠰᠡᠨ 《 ᠥᠪᠥᠷ ᠮᠣᠩᠭᠤᠯ ᠤᠨ ᠪᠡᠯᠡᠳᠬᠡᠮᠵᠢᠲᠦ ᠢᠳᠡᠰᠢᠨ ᠨᠣᠭᠤᠭ᠎ᠠ ᠶᠢᠨ ᠦᠶᠯᠡᠳᠪᠦᠷᠢᠯᠡᠯ ᠤᠨ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠬᠢᠭᠡᠳ ᠬᠤᠷᠠᠮᠠᠯ ᠵᠢᠱᠢᠶ᠎ᠡ ᠦᠵᠡᠭᠦᠯᠬᠦ 》 ᠲᠥᠷᠥᠯ ᠵᠦᠶᠯ ᠠᠴᠠ ᠢᠷᠡᠯᠲᠡ ᠲᠠᠢ ᠶᠤᠮ  ᠃ ᠲᠥᠷᠥᠯ ᠵᠦᠶᠯ ᠤᠨ ᠪᠦᠷᠢᠯᠳᠦᠬᠦᠨ ᠨᠢᠭᠡᠴᠢ ᠪᠣᠯᠬᠤ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠴᠧᠨ ᠴᠢᠩ ᠫᠷᠤᠹᠧᠰᠰᠤᠷ ᠤᠨ ᠪᠦᠯᠬᠦᠮ᠂ ᠰᠦᠩᠱᠠᠨ ᠲᠣᠭᠤᠷᠢᠭ ᠤᠨ ᠳ᠋ᠠ ᠮᠢᠶᠣᠣ ᠪᠠᠯᠭᠠᠰᠤ ᠶᠢᠨ ᠭᠦᠩ ᠵᠦ ᠯᠢᠩ ᠬᠤᠤᠰ ᠲᠦᠮᠡᠨ ᠮᠥ ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠢᠶᠠᠷ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠵᠤ᠂ ᠲᠥᠪᠡᠳ ᠬᠠᠰᠢ ᠪᠠᠷ ᠰᠤᠳᠤᠯᠤᠭᠳᠠᠬᠤᠨ ᠪᠣᠯᠭᠠᠵᠤ᠂ ᠤᠯᠠᠭᠠᠨᠬᠠᠳᠠ ᠬᠤᠲᠠ ᠶᠢᠨ ᠪᠡᠯᠡᠳᠬᠡᠮᠵᠢᠲᠦ ᠢᠳᠡᠰᠢᠨ ᠨᠣᠭᠤᠭ᠎ᠠ ᠶᠢᠨ ᠬᠥᠷᠥᠰᠥ ᠰᠢᠷᠣᠶ ᠶᠢᠨ ᠬᠠᠷᠰᠢ ᠰᠠᠭᠠᠳ ᠤᠨ ᠠᠰᠠᠭᠤᠳᠠᠯ ᠳᠤ ᠴᠢᠭᠯᠡᠭᠦᠯᠦᠨ ᠲᠤᠰᠬᠠᠶ ᠵᠦᠶᠯ ᠤᠨ ᠰᠤᠳᠤᠯᠭᠠᠨ ᠥᠷᠨᠢᠭᠦᠯᠵᠦ᠂ ᠴᠠᠬᠢᠭᠤᠷ ᠺᠠᠯᠼ ᠮᠠᠭᠨᠢ ᠶᠢᠨ ᠲᠥᠷᠥᠯ ᠤᠨ ᠬᠥᠷᠥᠰᠥ ᠰᠢᠷᠣᠶ ᠶᠢ ᠰᠠᠶᠢᠵᠢᠷᠠᠭᠤᠯᠬᠤ ᠡᠳ᠋ ᠪᠠ ᠣᠷᠭᠠᠨᠢᠭ ᠰᠢᠩᠭᠡᠨ ᠪᠡᠶᠡᠲᠦ ᠴᠢᠳᠠᠮᠵᠢᠳᠤ ᠤᠰᠤᠨ ᠪᠣᠷᠲᠣᠭᠤᠷ ᠢ ᠪᠡᠶ᠎ᠡ ᠪᠠᠨ ᠳᠠᠭᠠᠭᠠᠨ ᠰᠤᠳᠤᠯᠤᠨ ᠨᠡᠭᠡᠭᠡᠵᠦ᠂ ᠲᠠᠷᠢᠮᠠᠯ ᠤᠨ ᠠᠳᠠᠯᠢ ᠪᠤᠰᠤ ᠦᠷᠡᠵᠢᠯ ᠤᠨ ᠬᠤᠭᠤᠴᠠᠭᠠᠨ ᠳᠤ ᠣᠷᠭᠠᠨᠢᠭ ᠰᠢᠩᠭᠡᠨ ᠪᠡᠶᠡᠲᠦ ᠴᠢᠳᠠᠮᠵᠢᠳᠤ ᠤᠰᠤᠨ ᠪᠣᠷᠲᠣᠭᠤᠷ ᠪᠠ ᠪᠤᠰᠤᠳ ᠰᠢᠮ᠎ᠡ ᠲᠡᠵᠢᠭᠡᠯ ᠤᠨ ᠬᠡᠯᠪᠡᠷᠢ ᠶᠢᠨ ᠤᠰᠤᠨ ᠳᠤ ᠠᠭᠤᠰᠬᠤ ᠴᠢᠨᠠᠷᠲᠠᠶ ᠪᠣᠷᠲᠣᠭᠤᠷ ᠢ ᠨᠡᠬᠡᠮᠵᠢᠯᠡᠨ ᠣᠷᠣᠭᠤᠯᠵᠤ᠂ ᠬᠠᠮᠢᠶ᠎ᠠ ᠪᠥᠬᠦᠶ ᠢᠵᠢ ᠪᠥᠷᠢᠳᠦᠭᠦᠯᠦᠭᠰᠡᠨ ᠳᠠᠷᠢᠵᠤ ᠪᠣᠶᠢᠵᠢᠭᠤᠯᠬᠤ ᠮᠡᠷᠭᠡᠵᠢᠯ ᠲᠠᠢ ᠤᠶᠠᠯᠳᠤᠭᠤᠯᠤᠨ᠂ ᠲᠥᠪᠡᠳ ᠬᠠᠰᠢ ᠶᠢᠨ ᠤᠨᠠᠯᠲᠠ ᠪᠠ ᠶᠠᠰᠤ ᠴᠢᠨᠠᠷ ᠤᠨ ᠬᠤᠤᠰ ᠳᠡᠭᠡᠭᠰᠢᠯᠡᠯᠲᠡ ᠶᠢ ᠪᠡᠶᠡᠯᠡᠭᠦᠯᠪᠡ  ᠃ ᠰᠢᠯᠭᠠᠨ ᠪᠠᠶᠢᠴᠠᠭᠠᠯᠲᠠ ᠪᠠᠷ ᠳᠡᠮᠵᠢᠨ᠂ ᠲᠥᠪᠡᠳ ᠬᠠᠰᠢ ᠶᠢᠨ ᠸᠢᠲ᠋ᠠᠮᠢᠨ C ᠶᠢᠨ ᠠᠭᠤᠯᠤᠭᠳᠠᠴᠠ ᠶᠢ ᠳᠤᠮᠳᠠᠴᠢ ᠪᠠᠷ 10 % ᠪᠠᠷ ᠳᠡᠭᠡᠭᠰᠢᠯᠡᠭᠦᠯᠵᠦ᠂ ᠠᠭᠤᠰᠬᠤ ᠴᠢᠨᠠᠷᠲᠠᠶ ᠰᠢᠬᠢᠷ ᠤᠨ ᠠᠭᠤᠯᠤᠭᠳᠠᠴᠠ ᠶᠢ ᠳᠤᠮᠳᠠᠴᠢ ᠪᠠᠷ 8 % ᠪᠠᠷ ᠳᠡᠭᠡᠭᠰᠢᠯᠡᠭᠦᠯᠵᠦ᠂ ᠬᠥᠷᠥᠰᠥᠨ ᠤ ᠳᠠᠪᠤᠰᠤᠨ ᠤ ᠠᠭᠤᠯᠤᠭᠳᠠᠴᠠ ᠶᠢ ᠳᠤᠮᠳᠠᠴᠢ ᠪᠠᠷ 3 . 5 % ᠪᠠᠷ ᠪᠠᠭᠤᠷᠠᠭᠤᠯᠵᠤ᠂ ᠲᠥᠬᠦᠭᠡᠷᠦᠮᠵᠢ ᠶᠢᠨ ᠦᠷᠭᠦᠯᠵᠢᠯᠡᠨ ᠳᠠᠷᠢᠬᠤ ᠬᠥᠷᠥᠰᠥ ᠰᠢᠷᠣᠶ ᠶᠢᠨ ᠮᠠᠭᠤᠳᠠᠯ ᠢ ᠪᠦᠲᠦᠮᠵᠢᠲᠡᠶ ᠨᠠᠮᠳᠠᠭᠤᠯᠵᠤ᠂ ᠲᠤᠬᠠᠶ ᠶᠢᠨ ᠭᠠᠵᠠᠷ ᠤᠨ ᠲᠦᠬᠦᠭᠡᠷᠤᠮᠵᠢᠳᠤ ᠲᠠᠷᠢᠶᠠᠯᠠᠩ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ  ᠃      ᠣᠶᠢᠷ᠎ᠠ ᠶᠢᠨ ᠵᠢᠯ ᠳᠤ᠂ ᠤᠯᠠᠭᠠᠨᠬᠠᠳᠠ ᠬᠤᠲᠠ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ 《 4 + 8 + N 》 ᠬᠠᠮᠲᠤᠷᠠᠯᠴᠠᠭᠠᠨ ᠤ ᠭᠤᠤᠯ ᠴᠣᠭᠴᠠ ᠯᠤᠭ᠎ᠠ ᠶᠢᠨ ᠬᠠᠮᠵᠢᠯᠴᠠᠨ ᠰᠢᠨ᠎ᠡ ᠶᠢ ᠡᠭᠦᠳᠬᠦ ᠶᠢ ᠢᠳᠡᠪᠬᠢᠲᠡᠶ ᠥᠷᠨᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠶᠡᠭᠡ ᠳᠡᠭᠡᠳᠦ ᠰᠤᠷᠭᠠᠭᠤᠯᠢ ᠶᠢᠨ ᠡᠬᠢ ᠡᠭᠦᠰᠦᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠤ ᠣᠶᠤᠨ ᠤ ᠲᠤᠯᠭᠠᠭᠤᠷᠢᠯᠠᠯ ᠤᠨ ᠳᠠᠪᠠᠭᠤᠯᠢᠭ ᠢ ᠪᠦᠲᠦᠮᠵᠢᠲᠡᠶ ᠪᠠᠳᠠᠷᠠᠭᠤᠯᠵᠤ᠂ ᠤᠯᠠᠭᠠᠨᠬᠠᠳᠠ ᠬᠤᠲᠠ ᠶᠢᠨ ᠪᠡᠯᠡᠳᠬᠡᠮᠵᠢᠲᠦ ᠢᠳᠡᠰᠢᠨ ᠨᠣᠭᠤᠭ᠎ᠠ  ᠶᠢᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ  ᠃
 
ᠢᠷᠡᠯᠲᠡ᠄ ᠤᠯᠠᠭᠠᠨᠬᠠᠳᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号