| | ᠣᠶᠢᠷ᠎ᠠ ᠳᠤ᠂ ᠰᠢᠯᠢ ᠶᠢᠨ ᠭᠤᠤᠯ ᠠᠶᠢᠮᠠᠭ 2022 ᠣᠨ ᠤ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ | ᠦᠷ᠎ᠡ ᠪᠦᠲᠦᠭᠡᠯ ᠢ ᠲᠠᠨᠢᠯᠴᠠᠭᠤᠯᠬᠤ ᠶᠡᠭᠡ ᠬᠤᠷᠠᠯ ᠳᠡᠭᠡᠷ᠎ᠡ ᠠᠩᠬ᠎ᠠ ᠤᠳᠠᠭ᠎ᠠ 《 ᠮᠣᠩᠭᠤᠯ ᠬᠤᠨᠢ ᠶᠢᠨ ᠥᠨᠳᠥᠷ | ᠣᠯᠠᠨ ᠲᠥᠯ ᠢ ᠰᠣᠩᠭᠤᠨ ᠪᠣᠶᠢᠵᠢᠭᠤᠯᠬᠤ ᠮᠣᠯᠧᠺᠦᠯ ᠤᠨ ᠲᠡᠮᠳᠡᠭ ᠪᠠ ᠭᠧᠨ ᠤ ᠴᠢᠫ 》 ᠤᠨ ᠰᠢᠨ᠎ᠡ ᠶᠢ | ᠡᠭᠦᠳᠦᠭᠰᠡᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠦᠷ᠎ᠡ ᠪᠦᠲᠦᠭᠡᠯ ᠢ ᠨᠡᠶᠢᠲᠡᠯᠡᠪᠡ᠂ ᠲᠣᠰ ᠲᠥᠷᠥᠯ ᠵᠦᠶᠯ | ᠢ ᠮᠠᠯᠲᠠᠵᠤ ᠰᠢᠭᠰᠢᠨ ᠰᠣᠩᠭᠤᠬᠤ ᠪᠠᠷ ᠳᠠᠮᠵᠢᠨ ᠮᠣᠩᠭᠤᠯ ᠬᠤᠨᠢᠨ ᠤ ᠥᠨᠳᠥᠷ ᠣᠯᠠᠨ ᠬᠡᠭᠡᠯᠲᠦᠬᠦ ᠰᠢᠨᠵᠢ ᠪᠠᠢᠳᠠᠯ | ᠲᠠᠢ ᠬᠠᠮᠢᠶ᠎ᠠ ᠲᠠᠢ ᠮᠣᠯᠧᠺᠦᠯ ᠤᠨ ᠲᠡᠮᠳᠡᠭ᠂ ᠰᠠᠭᠤᠷᠢ ᠡᠳ᠋ ᠤᠨ ᠲᠤᠰᠠᠯᠠᠬᠤ ᠯᠠᠶᠢᠰᠧᠷ ᠵᠠᠳᠠᠯᠤᠯᠲᠠ ᠶᠢᠨ ᠢᠶᠣᠨᠵᠢᠯ | ᠨᠢᠰᠦᠯᠲᠡ ᠶᠢᠨ ᠴᠠᠭ ᠤᠨ ᠮᠠᠰ ᠤᠨ ᠵᠢᠭᠰᠠᠯ ᠤᠨ ᠲᠠᠪᠴᠠᠩ ᠳᠤ ᠰᠠᠭᠤᠷᠢᠯᠠᠭᠰᠠᠨ ᠮᠣᠩᠭᠤᠯ ᠬᠤᠨᠢ ᠶᠢᠨ ᠳᠡᠭᠡᠳᠦ | ᠣᠯᠠᠨ ᠬᠦᠪᠦᠷᠡᠯ ᠤᠨ ᠮᠣᠯᠧᠺᠦᠯ ᠤᠨ ᠲᠡᠮᠳᠡᠭ ᠢ ᠰᠢᠯᠭᠠᠨ ᠪᠠᠶᠢᠴᠠᠭᠠᠬᠤ ᠴᠠᠬᠢᠮ ᠢ ᠲᠥᠯᠥᠪᠯᠡᠪᠡ᠂ ᠬᠤᠨᠢᠨ ᠤ ᠣᠯᠠᠨ | ᠬᠦᠪᠦᠷᠡᠯ ᠤᠨ ᠮᠣᠯᠧᠺᠦᠯ ᠤᠨ ᠲᠡᠮᠳᠡᠭ ᠢ ᠪᠠᠶᠢᠴᠠᠭᠠᠨ ᠬᠡᠮᠵᠢᠬᠦ ᠬᠤᠷᠳᠤᠴᠠ ᠶᠢ ᠶᠡᠭᠡ ᠪᠠᠷ ᠳᠡᠭᠡᠭᠰᠢᠯᠡᠭᠦᠯᠪᠡ᠂ | ᠮᠣᠩᠭᠤᠯ ᠬᠤᠨᠢ ( ᠦᠵᠦᠮᠦᠴᠢᠨ ᠬᠤᠨᠢ ᠪᠠ ᠰᠥᠨᠢᠳ ᠬᠤᠨᠢ ) ᠶᠢ ᠨᠡᠶᠢᠲᠡ 1 ᠲᠦᠮᠡ ᠭᠠᠷᠤᠶ ᠪᠠᠶᠢᠴᠠᠭᠠᠨ | ᠰᠢᠯᠭᠠᠪᠠ᠂ ᠬᠡᠭᠡᠯᠲᠦᠭᠰᠡᠨ ᠮᠣᠩᠭᠤᠯ ᠬᠤᠨᠢᠨ ᠤ ᠰᠢᠨ᠎ᠡ ᠡᠭᠦᠯᠳᠡᠷ ᠢ ᠪᠣᠶᠢᠵᠢᠭᠤᠯᠬᠤ ᠳᠤ ᠰᠢᠨᠵᠢᠯᠡᠬᠦ ᠤᠬᠠᠭᠠᠨ | ᠮᠡᠷᠭᠡᠵᠢᠯ ᠤᠨ ᠳᠡᠮᠵᠢᠯᠭᠡ ᠬᠠᠩᠭᠠᠪᠠ ᠃ | ᠬᠠᠬᠢᠷ ᠡᠪᠦᠯ ᠤᠨ ᠤᠯᠠᠷᠢᠯ ᠳᠤ᠂ ᠰᠢᠯᠢᠩᠬᠤᠲᠠ ᠶᠢᠨ ᠪᠠᠶᠠᠨᠰᠢᠯᠢ ᠮᠠᠯᠵᠢᠯ ᠤᠨ ᠲᠠᠯᠠᠪᠠᠢ ᠶᠢᠨ ᠬᠤᠸᠠᠩ | ᠬᠤᠸᠠ ᠱᠤ᠋ ᠬᠤᠪᠢᠶᠠᠷᠢ ᠲᠠᠯᠠᠪᠠᠢ ᠳᠤ᠂ ᡁᠢ ᠮᠦ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢᠨ ᠦᠵᠦᠮᠦᠴᠢᠨ | ᠬᠤᠨᠢ 1000 ᠭᠠᠷᠤᠢ ᠳᠤ ᠬᠦᠷᠴᠦ᠂ ᠡᠭᠦᠨ ᠳᠤ 200 ᠬᠤᠨᠢ ᠶᠢ ᠴᠢᠫ ᠢᠶᠠᠷ ᠰᠢᠯᠭᠠᠨ ᠪᠠᠶᠢᠴᠠᠭᠠᠭᠰᠠᠨ ᠤ | ᠳᠠᠷᠠᠭ᠎ᠠ ᠰᠣᠩᠭᠤᠨ ᠪᠣᠶᠢᠵᠢᠭᠤᠯᠤᠭᠰᠠᠨ ᠤᠯᠠᠨ ᠬᠡᠭᠡᠯᠲᠦᠭᠦᠯᠦᠭᠴᠢ ᠲᠠᠢ ᠰᠠᠭᠤᠷᠢ ᠡᠮ᠎ᠡ ᠬᠤᠨᠢ ᠪᠤᠢ ᠃ 2019 | ᠣᠨ ᠳᠤ᠂ ᠲᠣᠰ ᠬᠤᠷᠰᠢᠶ᠎ᠠ ᠪᠣᠯᠤᠨ ᠮᠧᠩ ᡁᠢ ᠶᠤᠸᠠᠨ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ | ᠬᠠᠮᠲᠤᠷᠠᠯᠴᠠᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠤᠵᠢ ᠶᠠᠮᠤᠨ ᠤ ᠬᠠᠮᠲᠤ ᠪᠠᠷ ᠪᠠᠶᠢᠭᠤᠯᠤᠭᠰᠠᠨ | ᠲᠠᠯ᠎ᠠ ᠨᠤᠲᠤᠭ ᠤᠨ ᠬᠡᠷ ᠤᠨ ᠲᠡᠵᠢᠭᠡᠪᠦᠷᠢ ᠶᠢᠨ ᠦᠷᠡᠵᠢᠯ ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ | ᠪᠣᠶᠢᠵᠢᠭᠤᠯᠬᠤ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠣᠯᠤᠨ ᠰᠢᠯᠢ ᠶᠢᠨ ᠭᠤᠤᠯ ᠠᠶᠢᠮᠠᠭ ᠤᠨ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠮᠲᠤ ᠪᠠᠷ ᠬᠡᠷᠡᠭᠵᠢᠭᠦᠯᠦᠭᠰᠡᠨ 《 ᠬᠡᠭᠡᠯᠲᠦᠭᠰᠡᠨ ᠣᠯᠠᠨ ᠲᠣᠯᠣᠭᠠᠶ ᠲᠠᠢ | ᠮᠣᠩᠭᠤᠯ ᠬᠤᠨᠢᠨ ᠤ ᠰᠢᠨ᠎ᠡ ᠡᠭᠦᠯᠳᠡᠷ ᠢ ᠪᠣᠶᠢᠵᠢᠭᠤᠯᠬᠤ 》 ᠲᠥᠷᠥᠯ ᠵᠦᠶᠯ ᠳᠤ ᠣᠷᠣᠯᠴᠠᠪᠠ ᠃ ᠬᠤᠷᠰᠢᠶ᠎ᠠ | ᠶᠢᠨ ᠬᠠᠷᠢᠭᠤᠴᠠᠯᠭᠠᠲᠠᠨ ᠵᠦ ᠶᠦᠩ᠄ 《 ᠴᠢᠫ ᠰᠢᠯᠭᠠᠨ ᠪᠠᠶᠢᠴᠠᠭᠠᠵᠤ ᠬᠡᠷᠡᠭᠯᠡᠭᠰᠡᠨ ᠠᠩᠬᠠᠨ ᠤ ᠵᠢᠯ ᠳᠤ᠂ ᠢᠬᠡᠷ᠎ᠡ | ᠲᠥᠯ ᠤᠨ ᠨᠣᠷᠮ᠎ᠠ 30 % ᠪᠠᠷ ᠳᠡᠭᠡᠭᠰᠢᠯᠡᠵᠡᠶ᠂ ᠢᠬᠡᠷ᠎ᠡ ᠲᠥᠯ ᠤᠨ ᠭᠧᠨ ᠲᠠᠢ ᠡᠮ᠎ᠡ ᠢᠮᠠᠭᠠᠨ ᠤ ᠲᠤᠭ᠎ᠠ | ᠬᠡᠮᠵᠢᠶ᠎ᠡ ᠥᠷᠭᠡᠳᠬᠦ ᠶᠢ ᠳᠠᠭᠠᠯᠳᠤᠨ᠂ ᠪᠢᠳᠡ ᠰᠣᠩᠭᠤᠨ ᠪᠣᠶᠢᠵᠢᠭᠤᠯᠤᠭᠰᠠᠨ ᠣᠯᠠᠨ ᠲᠥᠯᠯᠡᠬᠦ ᠰᠠᠭᠤᠷᠢ ᠡᠮ᠎ᠡ | ᠢᠮᠠᠭ᠎ᠠ ᠶᠢ ᠥᠪᠡᠷ ᠤᠨ ᠥᠷᠲᠡᠭ ᠤᠨ ᠦᠨ᠎ᠡ ᠪᠠᠷ ᠭᠡᠰᠢᠭᠦᠨ ᠮᠠᠯᠴᠢᠨ ᠡᠷᠦᠬᠡ ᠳᠤ ᠬᠤᠳᠠᠯᠳᠤᠨ ᠥᠭᠴᠦ᠂ ᠦᠷ᠎ᠡ | ᠪᠦᠲᠦᠭᠡᠯ ᠢᠶᠠᠷ ᠨᠠᠩ ᠣᠯᠠᠨ ᠮᠠᠯᠴᠢᠳ ᠲᠤ ᠠᠰᠢᠭ ᠬᠦᠷᠲᠡᠭᠡᠨ᠎ᠡ ᠃ 》 | ᠣᠶᠢᠷ᠎ᠠ ᠶᠢᠨ ᠵᠢᠯ ᠠᠴᠠ ᠨᠠᠭᠠᠰᠢ᠂ ᠰᠢᠯᠢ ᠶᠢᠨ ᠭᠤᠤᠯ ᠠᠶᠢᠮᠠᠭ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠬᠢᠭᠡᠳ ᠠᠵᠤ ᠠᠬᠤᠶᠢᠯᠠᠯ᠂ ᠲᠡᠵᠢᠭᠡᠨ ᠦᠷᠡᠵᠢᠭᠦᠯᠬᠦ ᠡᠷᠦᠬᠡ ᠶᠢᠨ | ᠦᠶᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠬᠦ ᠶᠢ ᠢᠳᠡᠪᠬᠢᠲᠡᠶ ᠠᠬᠢᠭᠤᠯᠵᠤ᠂ | ᠨᠠᠩ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠲᠤᠷᠰᠢᠯᠲᠠ ᠶᠢᠨ ᠲᠠᠰᠤᠭ ᠠᠴᠠ | ᠶᠡᠭᠡ ᠮᠠᠯᠵᠢᠯ ᠤᠨ ᠲᠠᠯᠠᠪᠠᠶ ᠳᠠᠰᠢ ᠬᠤᠪᠢᠷᠠᠭᠤᠯᠬᠤ ᠶᠢ ᠠᠬᠢᠭᠤᠯᠪᠠ ᠃ ᠣᠳᠣᠬᠠᠨ ᠳᠤ᠂ ᠥᠪᠥᠷ ᠮᠣᠩᠭᠤᠯ ᠤᠨ | ᠶᠡᠭᠡ ᠰᠤᠷᠭᠠᠭᠤᠯᠢ ᠶᠢᠨ ᠮᠤᠵᠢ ᠶᠠᠮᠤᠨ ᠲᠠᠯ᠎ᠠ ᠨᠤᠲᠤᠭ ᠤᠨ ᠬᠡᠷ ᠤᠨ ᠲᠡᠵᠢᠭᠡᠪᠦᠷᠢ ᠶᠢᠨ ᠦᠷᠡᠵᠢᠯ ᠢ ᠲᠣᠬᠢᠷᠠᠭᠤᠯᠤᠨ | ᠡᠵᠡᠮᠳᠡᠬᠦ ᠪᠠ ᠦᠷᠡᠵᠢᠭᠦᠯᠦᠨ ᠪᠣᠶᠢᠵᠢᠭᠤᠯᠬᠤ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠬᠠᠮᠲᠤ | ᠪᠠᠷ ᠪᠠᠶᠢᠭᠤᠯᠵᠤ ᠰᠢᠯᠢ ᠶᠢᠨ ᠭᠤᠤᠯ ᠠᠶᠢᠮᠠᠭ ᠲᠠᠢ ᠥᠨᠳᠥᠷ ᠲᠥᠯᠯᠡᠬᠦ ᠮᠣᠩᠭᠤᠯ ᠬᠤᠨᠢᠨ ᠤ ᠰᠢᠨ᠎ᠡ ᠡᠭᠦᠯᠳᠡᠷ ᠢ | ᠪᠣᠶᠢᠵᠢᠭᠤᠯᠬᠤ ᠵᠥᠪᠯᠡᠯᠴᠡᠭᠡᠷ ᠲᠣᠭᠲᠠᠵᠤ᠂ ᠰᠢᠯᠢᠩᠬᠤᠲᠠ᠂ ᠵᠡᠭᠦᠨ ᠦᠵᠦᠮᠦᠴᠢᠨ ᠬᠤᠰᠢᠭᠤ᠂ ᠰᠥᠨᠢᠳ ᠪᠠᠷᠠᠭᠤᠨ | ᠬᠤᠰᠢᠭᠤ ᠵᠡᠷᠭᠡ ᠭᠠᠵᠠᠷ ᠤᠨ ᠠᠷᠠᠳ ᠤᠨ ᠵᠠᠰᠠᠭ ᠤᠨ ᠣᠷᠳᠣᠨ ᠲᠠᠢ ᠥᠨᠳᠥᠷ ᠲᠥᠯᠯᠡᠬᠦ ᠦᠵᠦᠮᠦᠴᠢᠨ ᠬᠤᠨᠢ ᠪᠠ | ᠰᠥᠨᠢᠳ ᠬᠤᠨᠢᠨ ᠤ ᠰᠢᠨ᠎ᠡ ᠡᠭᠦᠯᠳᠡᠷ ᠢ ᠪᠣᠶᠢᠵᠢᠭᠤᠯᠬᠤ ᠵᠥᠪᠯᠡᠯᠴᠡᠭᠡᠷ ᠲᠣᠭᠲᠠᠵᠤ᠂ ᠮᠠᠨ ᠤ ᠤᠯᠤᠰ ᠤᠨ ᠬᠤᠨᠢᠨ | ᠤ ᠣᠷᠣᠨ ᠨᠤᠲᠤᠭ ᠤᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠰᠢᠨ᠎ᠡ ᠶᠢ ᠡᠭᠦᠳᠦᠨ ᠠᠰᠢᠭᠯᠠᠬᠤ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠨᠢᠨ ᠤ ᠦᠷ᠎ᠡ ᠶᠢᠨ ᠦᠶᠯᠡᠰ ᠤᠨ 《 ᠪᠣᠭᠤᠮᠢ 》 | ᠶᠢᠨ ᠠᠰᠠᠭᠤᠳᠠᠯ ᠢ ᠰᠢᠶᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠪᠡ ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠦᠷ᠎ᠡ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠠ | ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠪᠣᠯᠤᠭᠰᠠᠨ ᠰᠢᠯᠢ ᠶᠢᠨ ᠭᠤᠣᠯ | ᠠᠶᠢᠮᠠᠭ ᠲᠤ᠂ ᠮᠣᠩᠭᠤᠯ ᠬᠤᠨᠢᠨ ᠤ ᠡᠭᠦᠯᠳᠡᠷ ᠤᠯᠠᠨ ᠮᠥᠷᠲᠡᠭᠡᠨ ᠰᠦᠷᠦᠭᠵᠢᠯ ᠤᠨ ᠬᠡᠪᠴᠢᠶ᠎ᠡ ᠶᠡᠭᠡ ᠪᠣᠯᠪᠠᠴᠤ᠂ | ᠬᠤᠣᠰ ᠬᠡᠭᠡᠯᠲᠦᠭᠦᠯᠬᠦ ᠭᠧᠨ ᠨᠡᠯᠢᠶᠡᠳ ᠳᠣᠣᠷ᠎ᠠ ᠪᠠᠶᠢᠵᠤ᠂ ᠤᠯᠠᠨ ᠬᠡᠭᠡᠯᠲᠦᠭᠦᠯᠬᠦ ᠭᠧᠨ ᠤ ᠡᠮ᠎ᠡ ᠬᠤᠨᠢ ᠶᠢ | ᠰᠣᠩᠭᠤᠨ ᠪᠣᠶᠢᠵᠢᠭᠤᠯᠬᠤ ᠨᠢ ᠮᠠᠯᠴᠢᠳ ᠤᠨ ᠣᠷᠣᠯᠭ᠎ᠠ ᠶᠢ ᠳᠡᠭᠡᠭᠰᠢᠯᠡᠭᠦᠯᠬᠦ ᠪᠠ ᠨᠤᠲᠤᠭ ᠪᠡᠯᠴᠢᠭᠡᠷ ᠢ ᠬᠠᠮᠠᠭᠠᠯᠠᠬᠤ | ᠂ ᠮᠠᠯ ᠠᠵᠤ ᠠᠬᠤᠢ ᠶᠢᠨ ᠡᠷᠴᠢᠮᠵᠢᠭᠦᠯᠦᠭᠰᠡᠨ ᠥᠨᠳᠥᠷ ᠪᠦᠲᠦᠮᠵᠢᠲᠡᠢ ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ | ᠠᠴᠢ ᠬᠤᠯᠪᠣᠭᠳᠠᠯ ᠲᠠᠢ ᠶᠤᠮ ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠤᠵᠢ ᠶᠠᠮᠤᠨ ᠤ ᠬᠠᠮᠲᠤ ᠪᠠᠷ | ᠪᠠᠶᠢᠭᠤᠯᠤᠭᠰᠠᠨ ᠲᠠᠯ᠎ᠠ ᠨᠤᠲᠤᠭ ᠤᠨ ᠬᠡᠷ ᠤᠨ ᠲᠡᠵᠢᠭᠡᠪᠦᠷᠢ ᠶᠢᠨ ᠦᠷᠡᠵᠢᠯ ᠢ ᠲᠣᠬᠢᠷᠠᠭᠤᠯᠤᠨ ᠡᠵᠡᠮᠳᠡᠬᠦ ᠪᠠ | ᠦᠷᠡᠵᠢᠭᠦᠯᠦᠨ ᠪᠣᠶᠢᠵᠢᠭᠤᠯᠬᠤ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠳᠡᠳ᠋ ᠰᠤᠳᠤᠯᠤᠭᠴᠢ | ᠲᠦᠩ ᠪᠢᠨ᠄ 《 ᠮᠣᠩᠭᠤᠯ ᠬᠤᠨᠢᠨ ᠤ ᠳᠤᠮᠳᠠᠴᠢ ᠲᠥᠯᠯᠡᠬᠦ ᠲᠤᠭ᠎ᠠ ᠶᠢ ᠳᠡᠭᠡᠭᠰᠢᠯᠡᠭᠦᠯᠵᠦ᠂ ᠬᠤᠪᠢ ᠶᠢᠨ | ᠦᠶᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ ᠰᠠᠭᠤᠷᠢ ᠡᠮ᠎ᠡ ᠬᠤᠨᠢᠨ ᠤ ᠲᠤᠭ᠎ᠠ | ᠬᠡᠮᠵᠢᠶ᠎ᠡ ᠶᠢ ᠪᠠᠭᠤᠷᠠᠭᠤᠯᠵᠤ᠂ ᠬᠤᠨᠢᠨ ᠰᠦᠷᠦᠭ ᠤᠨ ᠪᠡᠯᠴᠢᠭᠡᠷ ᠬᠡᠮᠡᠯᠢᠬᠦ ᠬᠡᠮᠵᠢᠶ᠎ᠡ ᠶᠢ ᠪᠠᠭᠠᠰᠬᠠᠵᠤ᠂ ᠪᠡᠯᠴᠢᠭᠡᠷ | ᠬᠠᠮᠠᠭᠠᠯᠠᠬᠤ ᠪᠠ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ ᠨᠢᠭᠡ ᠯᠡ ᠳᠡᠭᠡᠷ᠎ᠡ ᠬᠤᠶᠠᠷ ᠢ ᠣᠯᠤᠨ᠎ᠠ ᠃ ᠲᠠᠷᠠᠭᠠᠴᠢ | ᠶᠢᠨ ᠠᠯᠬᠤᠮ ᠳᠤ᠂ ᠮᠣᠩᠭᠤᠯ ᠬᠤᠨᠢᠨ ᠤ ᠣᠯᠠᠨ ᠲᠥᠯᠯᠡᠬᠦ ᠭᠧᠨ ᠤ ᠴᠡᠪᠡᠷᠴᠡ ᠶᠢᠨ ᠳᠡᠭᠡᠭᠰᠢᠯᠡᠯᠲᠡ ᠵᠢᠴᠢ | ᠰᠢᠨᠵᠢᠯᠡᠬᠦ ᠤᠬᠠᠭᠠᠨᠴᠢ ᠪᠠᠷ ᠲᠡᠵᠢᠭᠡᠬᠦ ᠶᠢ ᠳᠠᠭᠠᠯᠳᠤᠨ᠂ ᠢᠬᠡᠷ᠎ᠡ ᠲᠥᠯ ᠤᠨ ᠨᠣᠷᠮ᠎ᠠ 80 % ᠳᠤ ᠬᠥᠷᠬᠦ | ᠪᠣᠯᠤᠮᠵᠢ ᠲᠠᠢ ᠪᠣᠯᠤᠨ᠎ᠠ ᠃ 》 ᠃ |