ᠲᠥᠪ ᠲᠧᠯᠸᠢᠰ ᠤᠨ 《 ᠰᠣᠨᠢᠨ ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ 》᠄ ᠰᠢᠨ᠎ᠡ ᠶᠢ ᠡᠭᠦᠳᠬᠦ  ᠪᠠᠷ ᠬᠥᠳᠡᠯᠭᠡᠭᠦᠷ ᠪᠣᠯᠭᠠᠵᠤ ᠳᠡᠯᠡᠬᠡᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠵᠦᠭ ᠲᠣᠮᠣ ᠠᠯᠬᠤᠮ ᠢᠶᠠᠷ ᠤᠷᠤᠭᠰᠢᠯᠠᠨ᠎ᠠ
ᠨᠡᠶᠢᠲᠡᠯᠡᠭᠰᠡᠨ ᠴᠠᠭ᠄
2022/12/31
     ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠄ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠲᠦᠷᠭᠡᠯᠡᠨ ᠬᠡᠷᠡᠭᠵᠢᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠯᠡᠨ ᠪᠡᠶᠡᠯᠡᠭᠦᠯᠵᠦ᠂ ᠤᠯᠤᠰ  ᠤᠨ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ᠤᠤᠭᠠᠯ ᠡᠭᠦᠳᠦᠯᠲᠡ ᠶᠢᠨ ᠴᠢᠨᠠᠷᠲᠠᠢ ᠬᠦᠳᠦᠯᠦᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠬᠢᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠳᠤ ᠡᠷᠡᠰ ᠢᠯᠠᠯᠲᠠ ᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ  ᠃ ᠰᠢᠷᠢᠰ ᠮᠡᠳᠡᠭᠡᠯᠡᠯ 《 ᠬᠦᠰᠡᠯ ᠤᠨ ᠰᠢᠨ᠎ᠡ ᠠᠶᠠᠨ 》 12 ᠰᠠᠷ᠎ᠠ ᠶᠢᠨ 4 ᠤ ᠡᠳᠦᠷ ᠠᠩᠬᠠᠷᠤᠯ ᠳᠠᠭᠠᠨ ᠠᠪᠴᠠᠶ᠄ ᠮᠠᠨ ᠤ ᠤᠯᠤᠰ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠤᠨ ᠡᠩᠨᠡᠭᠡᠨ ᠳᠤ ᠠᠮᠵᠢᠯᠲᠠ ᠲᠠᠢ ᠣᠷᠣᠵᠤ᠂ ᠳᠡᠯᠡᠬᠡᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠵᠦᠭ ᠲᠣᠮᠣ ᠠᠯᠬᠤᠮ ᠢᠶᠠᠷ ᠤᠷᠤᠭᠰᠢᠯᠠᠵᠤ ᠪᠠᠶᠢᠨ᠎ᠠ  ᠃     11 ᠰᠠᠷ᠎ᠠ ᠶᠢᠨ 29 ᠤ ᠡᠳᠦᠷ᠂ ᠬᠤᠪᠢᠯᠭᠠᠨ ᠣᠩᠭᠤᠴᠠ ᠠᠷᠪᠠᠨ ᠲᠠᠪᠤᠳᠤᠭᠠᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠭᠤᠷᠪᠠᠨ ᠰᠠᠨᠰᠠᠷᠴᠢᠨ ᠢ ᠠᠴᠢᠵᠤ ᠠᠮᠵᠢᠯᠲᠠ ᠲᠠᠢ ᠪᠠᠷ ᠰᠠᠨᠰᠠᠷ ᠲᠤ ᠬᠠᠷᠪᠤᠨ ᠭᠠᠷᠭᠠᠵᠤ᠂ ᠬᠤᠪᠢᠯᠭᠠᠨ ᠣᠩᠭᠤᠴᠠ ᠠᠷᠪᠠᠨ ᠳᠥᠷᠪᠡᠳᠦᠭᠡᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠲᠠᠢ ᠰᠠᠨᠰᠠᠷ ᠲᠤ ᠠᠭᠤᠯᠵᠠᠪᠠ  ᠃ ᠨᠢᠭᠡ ᠪᠦᠯᠦᠭ ᠰᠠᠨᠰᠠᠷ ᠤᠨ ᠠᠶᠠᠯᠠᠯ ᠤᠨ ᠬᠥᠮᠦᠰ ᠰᠠᠨᠰᠠᠷ ᠲᠤ ᠬᠦᠰᠡᠯ ᠵᠡᠭᠦᠳᠦ ᠪᠠᠨ ᠴᠣᠭᠴᠠᠯᠠᠵᠤ ᠂ ᠦᠷᠭᠦᠯᠵᠢᠯᠡᠨ ᠲᠡᠮᠡᠴᠡᠵᠦ᠂ ᠳᠤᠮᠳᠠᠳᠤ ᠤᠯᠤᠰ ᠤᠨ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠪᠡ  ᠃      ᠬᠡᠬᠦᠳᠡᠭ ᠴᠡᠭᠡᠵᠢᠨ ᠳᠡᠭᠡᠨ ᠣᠳᠣᠨ ᠮᠡᠴᠢᠳ ᠲᠠᠢ ᠶᠡᠭᠡ ᠲᠡᠯᠡᠶ ᠶᠢ ᠪᠠᠭᠲᠠᠭᠠᠵᠤ᠂ ᠠᠭᠤᠤ ᠶᠡᠭᠡ ᠠᠶᠠᠨ  ᠢᠶᠠᠨ ᠡᠬᠢᠯᠡᠭᠦᠯᠪᠡ  ᠃      ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢᠨ᠎ᠡ ᠶᠢ ᠡᠭᠦᠳᠬᠦ  ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ᠂ ᠰᠢᠨ᠎ᠡ  ᠶᠢ ᠡᠭᠦᠳᠬᠦ ᠶᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠤ ᠲᠡᠷᠢᠭᠦᠨ ᠪᠠᠶᠢᠷᠢᠨ ᠳᠤ ᠲᠠᠯᠪᠢᠬᠤ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠠᠭᠤᠯᠤᠭᠳᠠᠬᠤᠨ ᠤ ᠬᠡᠯᠪᠡᠷᠢ ᠶᠢᠨ ᠨᠡᠮᠡᠭᠳᠡᠯ ᠳᠤ ᠲᠦᠰᠢᠭᠯᠡᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠦᠷᠲᠡᠯ᠎ᠡ᠂ ᠳᠠᠬᠢᠭᠠᠳ ᠥᠨᠳᠥᠷ ᠬᠢᠷᠢ ᠲᠦᠪᠰᠢᠨ ᠪᠥᠬᠦᠶ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠬᠦᠷᠲᠡᠯ᠎ᠡ᠂ ᠰᠢᠨ᠎ᠡ ᠶᠢ ᠡᠭᠦᠳᠬᠦ ᠮᠠᠨ ᠤ ᠤᠯᠤᠰ ᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠪᠥᠬᠦ ᠲᠠᠯ᠎ᠠ ᠳᠠᠬᠢ ᠭᠤᠤᠯᠯᠠᠬᠤ ᠪᠠᠶᠢᠷᠢ ᠰᠠᠭᠤᠷᠢ ᠡᠳᠦᠷ ᠢᠷᠡᠬᠦᠶ᠎ᠡ ᠲᠣᠪᠣᠶᠢᠮ᠎ᠠ ᠪᠣᠯᠵᠠᠶ  ᠃     ᠳᠡᠯᠡᠬᠡᠢ ᠶᠢᠨ ᠬᠤᠰᠢᠭᠤᠷᠠᠯ ᠰᠢᠨᠵᠢᠯᠡᠬᠦ ᠤᠬᠠᠭᠠᠨ ᠳᠤ ᠬᠠᠨᠳᠤᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠯᠬᠤᠭ᠎ᠠ ᠥᠴᠦᠬᠡᠨ ᠴᠦ ᠵᠤᠬᠰᠤᠰᠢ ᠦᠭᠡᠢ ᠪᠠᠶᠢᠵᠤ᠂ ᠴᠢᠬᠤᠯᠠ ᠶᠡᠭᠡ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠵᠠᠯᠭᠠᠭ᠎ᠠ ᠪᠠᠷ ᠴᠣᠯᠭᠤᠷᠠᠨ ᠭᠠᠷᠪᠠ  ᠃      ᠪᠥᠭᠡᠭᠡᠨᠡᠷᠡᠯ ᠲᠥᠯᠥᠪ ᠤᠨ ᠹᠢᠽᠢᠺ᠂ ᠨᠠᠨᠤ᠋ ᠮᠠᠲ᠋ᠧᠷᠢᠶᠠᠯ ᠵᠡᠷᠭᠡ ᠨᠢᠭᠡ ᠪᠦᠯᠦᠭ ᠴᠢᠬᠤᠯᠠ ᠬᠤᠰᠢᠭᠤᠷᠠᠯ ᠴᠢᠭᠯᠡᠯ  ᠤᠨ ᠰᠤᠳᠤᠯᠭᠠᠨ ᠳᠡᠯᠡᠬᠡᠢ ᠶᠢᠨ ᠨᠢᠭᠡᠳᠦᠭᠡᠷ ᠵᠢᠭᠰᠠᠭᠠᠯ ᠤᠨ ᠡᠩᠨᠡᠭᠡᠨ ᠳᠤ ᠣᠷᠣᠪᠠ︔ ᠬᠠᠮ ᠰᠢᠨᠵᠢᠯᠡᠬᠦ ᠤᠬᠠᠭᠠᠨ ᠤ ᠲᠣᠨᠣᠭᠯᠠᠯ ᠤᠨ ᠪᠠᠶᠢᠭᠤᠯᠤᠯᠲᠠ ᠦᠳᠲᠡᠷ ᠲᠦᠷᠭᠡᠨ ᠬᠥᠭᠵᠢᠵᠦ᠂ ᠮᠠᠲ᠋ᠧᠷᠢᠶᠠᠯ᠂ ᠡᠨᠧᠷᠭᠢ ᠶᠢᠨ ᠰᠤᠷᠪᠤᠯᠵᠢ᠂ ᠠᠮᠢ ᠨᠠᠰᠤ᠂ ᠢᠨᠵᠧᠨᠧᠷᠢᠩ ᠤᠨ ᠮᠡᠷᠭᠡᠵᠢᠯ ᠵᠡᠷᠭᠡ 7 ᠰᠢᠨᠵᠢᠯᠡᠭᠡᠨ ᠤ ᠬᠦᠷᠢᠶᠡᠨ ᠳᠠᠬᠢ ᠪᠠᠶᠢᠷᠢᠯᠠᠭᠤᠯᠤᠯᠲᠠ ᠶᠢᠨ ᠪᠣᠷᠣ ᠲᠥᠯᠥᠪ ᠨᠢᠭᠡᠨᠲᠡ ᠠᠩᠬ᠎ᠠ ᠠᠯᠬᠤᠮ ᠪᠦᠷᠢᠯᠳᠦᠵᠦ᠂ 《 ᠳᠤᠮᠳᠠᠳᠤ ᠤᠯᠤᠰ ᠤᠨ ᠲᠩᠷᠢ ᠶᠢᠨ ᠨᠢᠳᠦ 》 《 ᠬᠢᠮᠡᠯ ᠨᠠᠷᠠ 》 ᠵᠡᠷᠭᠡ ᠤᠯᠠᠨ ᠤᠯᠤᠰ ᠤᠨ ᠲᠡᠷᠢᠭᠦᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠲᠥᠬᠦᠭᠡᠷᠦᠮᠵᠢ ᠰᠢᠨᠵᠢᠯᠡᠬᠦ ᠤᠬᠠᠭᠠᠨ ᠤ ᠰᠤᠳᠤᠯᠭᠠᠨ ᠤ ᠬᠤᠷᠴᠠ ᠵᠡᠪᠰᠡᠭ ᠪᠣᠯᠪᠠ  ᠃      ᠠᠵᠤ ᠠᠬᠤᠢ ᠶᠢᠨ ᠭᠤᠣᠯ ᠲᠠᠶᠢᠨ ᠤ ᠲᠠᠯᠠᠪᠤᠷ ᠲᠤ ᠬᠠᠨᠳᠤᠵᠤ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠳᠤᠮᠳᠠᠳᠤ ᠤᠯᠤᠰ ᠤᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠳᠤᠮᠳᠠ ᠲᠠᠰᠤᠷᠠᠯᠳᠠ ᠦᠭᠡᠢ ᠣᠷᠣᠵᠤ ᠢᠷᠡᠪᠡ  ᠃ ᠥᠩᠭᠡᠷᠡᠭᠰᠡᠨ ᠳᠤ ᠳᠡᠯᠡᠬᠡᠢ ᠳᠡᠭᠡᠷᠡᠬᠢ ᠬᠠᠮᠤᠭ ᠤᠨ ᠨᠢᠮᠭᠡᠨ 《 ᠤᠷᠠᠵᠤ ᠬᠠᠶᠠᠭᠰᠠᠨ ᠪᠤᠯᠤᠳ 》 ᠢ ᠰᠤᠳᠤᠯᠤᠨ ᠦᠢᠯᠡᠳᠴᠦ ᠪᠠᠶᠢᠭᠰᠠᠨ ᠱᠠᠨ ᠰᠢ ᠶᠢᠨ ᠲᠠᠶᠢᠶᠤᠸᠠᠨ ᠤ ᠪᠤᠯᠤᠳ ᠲᠡᠮᠦᠷ ᠤᠨ ᠪᠦᠯᠦᠭᠯᠡᠯ ᠺᠣᠮᠫᠠᠨᠢ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠪᠠᠰᠠ ᠣᠨᠴᠠ ᠲᠦᠷᠦᠯ ᠤᠨ ᠵᠢᠪᠡᠷᠡᠬᠦ ᠦᠭᠡᠢ ᠪᠤᠯᠤᠳ ᠤᠨ ᠰᠢᠨ᠎ᠡ ᠦᠢᠯᠡᠳᠬᠦᠨ ᠢ ᠰᠤᠳᠤᠯᠤᠨ ᠦᠢᠯᠡᠳᠴᠦ᠂ ᠮᠠᠨ ᠤ ᠤᠯᠤᠰ ᠤᠨ LNG ᠳᠠᠯᠠᠢ ᠶᠢᠨ ᠲᠡᠭᠡᠭᠡᠪᠦᠷᠢ ᠪᠣᠯᠤᠨ ᠬᠠᠳᠠᠭᠠᠯᠠᠵᠤ ᠬᠡᠷᠡᠭᠯᠡᠬᠦ ᠰᠠᠭᠤᠷᠢ ᠮᠠᠲ᠋ᠧᠷᠢᠶᠠᠯ ᠤᠨ ᠬᠦᠷᠢᠶᠡᠨ ᠳᠠᠬᠢ ᠰᠢᠨ᠎ᠡ ᠰᠢᠪᠲᠤᠯᠤᠯᠲᠠ ᠶᠢ ᠪᠡᠶᠡᠯᠡᠭᠦᠯᠪᠡ  ᠃      ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠨᠡᠩ ᠲᠤᠪᠤᠶᠢᠮ᠎ᠠ ᠪᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠠᠷᠪᠠ ᠭᠠᠷᠤᠢ ᠵᠢᠯ ᠤᠨ ᠡᠮᠦᠨᠡᠬᠢ 4 . 9 ᠲᠦᠮᠡ ᠪᠠᠶᠢᠭᠰᠠᠨ ᠠᠴᠠ ᠪᠠᠨ 2021 ᠣᠨ ᠪᠣᠯᠬᠤ ᠳᠤ 33 ᠲᠦᠮᠡ ᠪᠣᠯᠤᠨ ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠬᠤᠪᠢ ᠨᠡᠮᠡᠷᠢ ᠶᠢᠨ ᠨᠤᠷᠮ᠎ᠠ 2012 ᠣᠨ ᠳᠤ 52 . 2 % ᠪᠠᠶᠢᠭᠰᠠᠨ ᠠᠴᠠ ᠪᠠᠨ 60 % ᠠᠴᠠ ᠳᠡᠭᠡᠭᠰᠢ ᠪᠣᠯᠲᠠᠯ᠎ᠠ ᠳᠡᠭᠡᠭᠰᠢᠯᠡᠪᠡ  ᠃ ᠰᠢᠨ᠎ᠡ ᠶᠢ ᠡᠭᠦᠳᠬᠦ ᠨᠢ ᠳᠤᠮᠳᠠᠳᠤ ᠤᠯᠤᠰ ᠤᠨ ᠠᠵᠤ ᠠᠬᠤᠢ ᠶᠢᠨ ᠳᠡᠭᠡᠳᠦ ᠬᠤᠷᠳᠤᠴᠠ ᠠᠴᠠ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ  ᠃      ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠭᠤᠯᠤᠨ᠂ ᠵᠠᠩᠭᠢᠯᠠᠭ᠎ᠠ ᠶᠢᠨ ᠬᠦᠷᠢᠶ᠎ᠡ ᠪᠠ 《 ᠪᠣᠭᠤᠮᠢ 》 ᠪᠤᠯᠵᠤ ᠪᠠᠶᠢᠭ᠎ᠠ ᠭᠠᠵᠠᠷ ᠣᠷᠣᠨ ᠳᠤ ᠬᠦᠴᠦ ᠲᠠᠯᠪᠢᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠪᠡᠶ᠎ᠡ ᠪᠠᠨ ᠳᠠᠭᠠᠭᠠᠵᠤ ᠡᠵᠡᠮᠳᠡᠬᠦ ᠶᠢ ᠴᠢᠷᠮᠠᠶᠢᠨ ᠪᠡᠶᠡᠯᠡᠭᠦᠯᠦᠨ᠎ᠡ  ᠃      ᠰᠢᠨ᠎ᠡ ᠡᠨᠧᠷᠭᠢ᠂ ᠲᠡᠷᠢᠭᠦᠨ ᠤ ᠴᠥᠮ᠎ᠡ ᠶᠢᠨ ᠡᠨᠧᠷᠭᠢ᠂ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠵᠡᠷᠭᠡ ᠮᠡᠷᠭᠡᠵᠢᠯ ᠲᠠᠰᠤᠷᠠᠯᠲᠠ ᠦᠭᠡᠢ ᠰᠢᠪᠲᠤᠯᠤᠯᠲᠠ ᠲᠠᠢ ᠪᠣᠯᠪᠠ︔ 5 G᠂ ᠬᠡᠰᠡᠭ ᠤᠳ ᠤᠨ ᠬᠡᠯᠬᠢᠶ᠎ᠡ᠂ ᠺᠸᠠᠨ᠋ᠲ ᠮᠡᠳᠡᠭᠡ ᠬᠤᠯᠪᠣᠭ᠎ᠠ ᠵᠡᠷᠭᠡ ᠰᠢᠨ᠎ᠡ ᠪᠠᠷ ᠬᠥᠭᠵᠢᠭᠰᠡᠨ ᠮᠡᠷᠭᠡᠵᠢᠯ ᠤᠨ ᠬᠡᠷᠡᠭᠯᠡᠯᠲᠡ ᠶᠢ ᠲᠦᠷᠭᠡᠳᠬᠡᠪᠡ︔ ᠳᠡᠭᠡᠳᠦ ᠴᠢᠳᠠᠪᠬᠢᠳᠤ ᠲᠣᠨᠣᠭᠯᠠᠯ᠂ ᠤᠶᠤᠨᠲᠤ ᠮᠠᠰᠢᠨ ᠬᠥᠮᠦᠨ᠂ ᠯᠠᠶᠢᠰᠧᠷ ᠦᠢᠯᠡᠳᠬᠦ ᠵᠡᠷᠭᠡ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠨᠢ ᠴᠦ 《 ᠪᠣᠭᠤᠮᠢ 》 ᠶᠢᠨ ᠬᠦᠴᠢᠷ ᠠᠰᠠᠭᠤᠳᠠᠯ ᠢ ᠲᠠᠰᠤᠷᠠᠯᠳᠠ ᠦᠭᠡᠢ ᠰᠢᠪᠲᠤᠯᠵᠤ᠂ ᠠᠵᠤ ᠦᠢᠯᠡᠰ ᠤᠨ ᠳᠤᠮᠳᠠ ᠳᠡᠭᠡᠳᠦ ᠲᠦᠪᠰᠢᠨ ᠲᠡᠶᠢᠰᠢ ᠳᠡᠭᠡᠭᠰᠢᠯᠡᠬᠦ ᠶᠢ ᠠᠬᠢᠭᠤᠯᠵᠤ ᠪᠠᠶᠢᠨ᠎ᠠ  ᠃ ᠨᠡᠯᠦᠭᠡᠷ ᠠᠭᠤᠳᠠᠮ ᠰᠠᠨᠰᠠᠷ ᠣᠭᠲᠠᠷᠭᠤᠢ ᠳᠤ᠂ ᠳᠣᠬᠢᠭᠤᠷ ᠲᠤᠯᠤᠭᠠᠨ ᠤᠳᠤ ᠠᠶᠠᠯᠠᠯ ᠵᠠᠯᠠᠬᠤ ᠰᠢᠰᠲ᠋ᠧᠮ ᠳᠤ ᠨᠢᠭᠡᠨᠲᠡ 45 ᠳᠠᠭᠠᠭᠤᠯᠢ ᠤᠳᠤ ᠲᠣᠭᠤᠷᠢᠯᠲᠠ ᠶᠢᠨ ᠵᠠᠮ ᠳᠤ ᠦᠢᠯᠡᠴᠢᠯᠡᠭᠡ ᠬᠠᠩᠭᠠᠵᠤ᠂ ᠪᠦᠬᠦ ᠡᠳᠦᠷ ᠤᠨ᠂ ᠪᠦᠬᠦ ᠡᠳᠦᠷ ᠤᠨ᠂ ᠳᠡᠭᠡᠳᠦ ᠨᠠᠷᠢᠯᠢᠭ ᠪᠠᠶᠢᠷᠢ ᠲᠣᠭᠲᠠᠭᠠᠬᠤ ᠠᠶᠠᠯᠠᠯ ᠵᠠᠯᠠᠬᠤ ᠪᠠ ᠴᠠᠭ ᠣᠯᠭᠤᠬᠤ ᠦᠢᠯᠡᠴᠢᠯᠡᠭᠡ ᠬᠠᠩᠭᠠᠵᠤ ᠴᠢᠳᠠᠬᠤ ᠪᠠᠷ ᠪᠠᠷᠠᠬᠤ ᠦᠭᠡᠢ᠂ ᠪᠠᠰᠠ ᠲᠤᠮᠤ ᠳ᠋ᠠᠶᠢᠲ᠋ᠠ᠂ ᠪᠠᠷᠠᠭᠠᠨ ᠤ ᠰᠦᠯᠵᠢᠶ᠎ᠡ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠮᠡᠷᠭᠡᠵᠢᠯ ᠯᠦᠭᠡ ᠭᠦᠨᠵᠡᠭᠡᠢ ᠠᠭᠤᠰᠤᠯᠴᠠᠵᠤ᠂ ᠠᠵᠤ ᠠᠬᠤᠢ ᠨᠡᠶᠢᠭᠡᠮ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠤᠯᠭᠠᠭᠤᠷᠢᠯᠠᠵᠤ ᠪᠠᠶᠢᠨ᠎ᠠ  ᠃      ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠵᠤ᠂ ᠰᠢᠨ᠎ᠡ ᠶᠢ ᠡᠭᠦᠳᠬᠦ ᠪᠠᠷ ᠠᠷᠠᠳ ᠲᠦᠮᠡᠨ  ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠨ᠎ᠠ  ᠃ ᠡᠮ ᠲᠠᠩ᠂ ᠲᠡᠷᠢᠭᠦᠨ ᠤ ᠣᠨᠣᠰᠢᠯᠠᠨ ᠡᠮᠨᠡᠬᠦ ᠮᠡᠷᠭᠡᠵᠢᠯ ᠵᠡᠷᠭᠡ ᠶᠢ ᠰᠢᠨᠡᠴᠢᠯᠡᠵᠦ ᠠᠷᠠᠳ ᠣᠯᠠᠨ ᠳᠤ ᠨᠠᠩ ᠣᠯᠠᠨ ᠴᠢᠨᠠᠷ ᠰᠠᠶᠢᠲᠠᠶ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠡᠳ᠋ᠯᠡᠭᠦᠯᠦᠨ᠎ᠡ  ᠃       ᠰᠢᠨ᠎ᠡ ᠴᠠᠭ ᠦᠶ᠎ᠡ ᠳᠤ ᠣᠷᠣᠭᠠᠳ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠤ ᠲᠡᠦᠬᠡᠲᠦ ᠴᠢᠨᠠᠷᠲᠠᠢ᠂ ᠪᠦᠬᠦᠯᠢ ᠴᠣᠭᠴᠠᠲᠤ ᠴᠢᠨᠠᠷᠲᠠᠢ᠂ ᠪᠠᠶᠢᠷᠢᠰᠢᠯ ᠤᠨ ᠴᠢᠨᠠᠷᠲᠠᠢ ᠴᠢᠬᠤᠯᠠ ᠶᠡᠭᠡ ᠬᠤᠪᠢᠷᠠᠯᠲᠠ ᠭᠠᠷᠴᠤ᠂ ᠰᠢᠨ᠎ᠡ ᠶᠢ ᠡᠭᠦᠳᠬᠦ ᠮᠠᠶ᠋ᠢᠭ ᠤᠨ ᠤᠯᠤᠰ ᠤᠨ ᠡᠩᠨᠡᠭᠡᠨ ᠳᠤ ᠠᠮᠵᠢᠯᠲᠠ ᠲᠠᠢ ᠣᠷᠣᠪᠠ  ᠃      ᠨᠠᠮ ᠤᠨ ᠬᠤᠷᠢᠳᠤᠭᠠᠷ ᠶᠡᠭᠡ ᠬᠤᠷᠠᠯ ᠠᠴᠠ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ ᠪᠤᠢ ᠪᠣᠯᠭᠠᠨ᠎ᠠ ᠭᠡᠵᠦ ᠳᠤᠷᠠᠳᠤᠨ ᠭᠠᠷᠭᠠᠪᠠ  ᠃ ᠲᠦᠭ ᠲᠦᠮᠡᠨ ᠳᠤᠮᠳᠠᠳᠤ ᠶᠢᠨ ᠬᠥᠪᠡᠭᠦᠳ ᠥᠬᠢᠳ ᠶᠠᠭ ᠳᠡᠯᠡᠬᠡᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠪᠣᠯᠬᠤ ᠲᠡᠶᠢᠰᠢ ᠲᠠᠰᠤᠷᠠᠯᠳᠠ ᠦᠭᠡᠢ ᠤᠷᠤᠭᠰᠢᠯᠠᠵᠤ᠂ 2035 ᠣᠨ ᠪᠣᠯᠬᠤ ᠳᠤ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 100 ᠵᠢᠯ ᠪᠣᠯᠬᠤ ᠳᠤ ᠳᠡᠯᠡᠬᠡᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠪᠣᠯᠬᠤ ᠬᠠᠷᠠᠯᠲᠠ ᠯᠠᠪᠲᠠᠢ ᠪᠡᠶᠡᠯᠡᠭᠳᠡᠨ᠎ᠡ︕
 
ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号