| | ᠣᠶᠢᠷ᠎ᠠ ᠳᠤ᠂ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠷᠢᠨ ᠡᠬᠢᠲᠦ ᠬᠤᠪᠢᠶᠠᠷᠢ ᠺᠣᠮᠫᠠᠨᠢ ᠶᠢᠨ | ᠳ᠋ᠦᠩ ᠵᠢᠩ ᠠᠮᠢᠳᠤ ᠪᠣᠳᠠᠰ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠵᠢᠯ ᠳᠤ 28 ᠲᠦᠮᠡᠨ ᠲᠣᠨ BDO ᠦᠶᠯᠡᠳᠪᠦᠷᠢᠯᠡᠬᠦ ᠲᠥᠷᠥᠯ ᠵᠦᠶᠯ ᠤᠨ | ᠮᠠᠲ᠋ᠧᠷᠢᠶᠠᠯ ᠣᠷᠣᠭᠤᠯᠬᠤ ᠲᠡᠷᠭᠡ ᠵᠢᠯᠣᠭᠤᠳᠬᠤ ᠠᠵᠢᠯ ᠲᠡᠭᠦᠰ ᠠᠮᠵᠢᠯᠲᠠ ᠣᠯᠵᠤ᠂ ᠰᠢᠯᠢᠳᠡᠭ ᠦᠶᠯᠡᠳᠬᠦᠨ ᠢ | ᠤᠷᠤᠭᠰᠢᠲᠠᠶ ᠦᠶᠯᠡᠳᠪᠦᠷᠢᠯᠡᠵᠦ᠂ ᠴᠡᠪᠡᠷᠴᠡ ᠨᠢ 99 . 91 % ᠳᠤ ᠬᠦᠷᠴᠡᠶ ᠃ ᠡᠭᠦᠨ ᠠᠴᠠ ᠡᠮᠦᠨ᠎ᠡ | ᠨᠢᠭᠡᠨᠲᠡ ᠠᠰᠢᠭᠯᠠᠯᠲᠠ ᠳᠤ ᠤᠷᠤᠭᠰᠠᠨ 10 ᠲᠦᠮᠡᠨ ᠲᠣᠨ ᠦᠶᠯᠡᠳᠪᠦᠷᠢᠯᠡᠬᠦ ᠴᠢᠳᠠᠪᠤᠷᠢ ᠶᠢ ᠨᠡᠮᠡᠪᠡᠯ᠂ ᠳ᠋ᠦᠩ | ᠶᠤᠸᠠᠨ ᠰᠢᠨᠵᠢᠯᠡᠬᠦ ᠤᠬᠠᠭᠠᠨ ᠮᠡᠷᠭᠡᠵᠢᠯ ᠨᠢ 38 ᠲᠦᠮᠡᠨ ᠲᠣᠨ BDO ᠶᠢᠨ ᠵᠢᠯ ᠤᠨ ᠦᠶᠯᠡᠳᠪᠦᠷᠢᠯᠡᠬᠦ | ᠴᠢᠳᠠᠪᠤᠷᠢ ᠪᠠᠷ ᠪᠦᠬᠦ ᠤᠯᠤᠰ ᠤᠨ ᠬᠠᠮᠤᠭ ᠤᠨ ᠶᠡᠭᠡ ᠬᠡᠪᠴᠢᠶ᠎ᠡ ᠲᠠᠢ BDO ᠵᠢᠴᠢ ᠰᠡᠭᠦᠯᠴᠢ ᠶᠢᠨ ᠭᠦᠨᠵᠡᠭᠡᠶ | ᠪᠣᠯᠪᠠᠰᠤᠷᠠᠭᠤᠯᠬᠤ ᠦᠶᠯᠡᠳᠬᠦᠨ ᠤ ᠪᠦᠬᠦ ᠠᠵᠤ ᠦᠶᠯᠡᠰ ᠤᠨ ᠬᠡᠯᠬᠢᠶ᠎ᠡ ᠶᠢᠨ ᠦᠶᠯᠡᠳᠪᠦᠷᠢᠯᠡᠯ ᠤᠨ ᠰᠠᠭᠤᠷᠢᠨ | ᠭᠠᠵᠠᠷ ᠪᠣᠯᠤᠭᠰᠠᠨ ᠪᠠᠶᠢᠨ᠎ᠠ ᠃ | ᠥᠪᠥᠷ ᠮᠣᠩᠭᠤᠯ ᠤᠨ ᠳ᠋ᠦᠩ ᠶᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ | ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠪᠠᠶᠢᠭᠤᠯᠵᠤ ᠠᠰᠢᠭᠯᠠᠯᠲᠠ ᠳᠤ | ᠣᠷᠣᠭᠤᠯᠤᠭᠰᠠᠨ ᠵᠠᠳᠠᠷᠠᠵᠤ ᠪᠣᠯᠬᠤ ᠰᠦᠯᠢᠶᠣᠣ ᠶᠢᠨ ᠳᠡᠭᠡᠳᠦ ᠤᠷᠤᠰᠬᠠᠯ ᠤᠨ ᠲᠦᠭᠦᠬᠡᠶ ᠮᠠᠲ᠋ᠧᠷᠢᠶᠠᠯ BDO | ᠦᠶᠯᠡᠳᠪᠦᠷᠢᠯᠡᠬᠦ ᠠᠵᠤ ᠠᠬᠤᠶᠢᠯᠠᠯ ᠪᠣᠯᠤᠨ᠎ᠠ ᠃ ᠠᠵᠤ ᠠᠬᠤᠶᠢᠯᠠᠯ ᠤᠳ ᠪᠥᠬᠦ ᠳᠡᠯᠡᠬᠡᠶ ᠶᠢᠨ ᠲᠡᠷᠢᠭᠦᠨ ᠤ | BDO ᠦᠶᠯᠡᠳᠬᠦ ᠮᠡᠷᠭᠡᠵᠢᠯ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠡᠲ᠋ᠢᠨ ᠢᠶᠠᠷ ᠲᠦᠭᠦᠬᠡᠶ | ᠮᠠᠲ᠋ᠧᠷᠢᠶᠠᠯ ᠪᠣᠯᠭᠠᠭᠰᠠᠨ ᠡᠲ᠋ᠢᠨ ᠠᠯᠳᠧᠭᠢᠳ᠋ ᠤᠨ ᠠᠷᠭ᠎ᠠ ᠪᠠᠷ ᠦᠶᠯᠡᠳᠪᠦᠷᠢᠯᠡᠬᠦ ᠦᠶᠯᠡᠳᠪᠦᠷᠢᠯᠡᠯ ᠤᠨ ᠱᠤᠭᠤᠮ ᠨᠢ | BDO ᠪᠠᠶᠢᠵᠤ᠂ ᠦᠶᠯᠡᠳᠪᠦᠷᠢᠯᠡᠯ ᠨᠢ ᠦᠷᠭᠦᠯᠵᠢᠯᠡᠨ ᠲᠣᠭᠲᠠᠭᠤᠨ᠂ ᠠᠦ᠋ᠲ᠋ᠣᠴᠢᠯᠠᠭᠰᠠᠨ ᠬᠡᠮᠵᠢᠶ᠎ᠡ ᠨᠢ ᠥᠨᠳᠥᠷ | ᠪᠠᠶᠢᠵᠤ᠂ ᠦᠶᠯᠡᠳᠬᠦᠨ ᠤ ᠶᠠᠰᠤ ᠴᠢᠨᠠᠷ ᠨᠢ ᠪᠥᠬᠦ ᠳᠡᠯᠡᠬᠡᠶ ᠶᠢᠨ ᠠᠳᠠᠯᠢ ᠠᠵᠢᠯ ᠲᠥᠷᠥᠯ ᠤᠨ ᠬᠠᠮᠤᠭ ᠤᠨ | ᠰᠢᠯᠢᠳᠡᠭ ᠬᠢᠷᠢ ᠲᠦᠪᠰᠢᠨ ᠳᠤ ᠬᠦᠷᠴᠡᠶ ᠃ | ᠳ᠋ᠦᠩ ᠵᠢᠩ ᠠᠮᠢᠳᠤ ᠪᠣᠳᠠᠰ ᠤᠨ ᠵᠢᠯ ᠤᠨ ᠭᠠᠷᠤᠯᠲᠠ ᠶᠢᠨ 28 ᠲᠦᠮᠡᠨ ᠲᠣᠨ BDO ᠲᠥᠷᠥᠯ ᠵᠦᠶᠯ | ᠤᠨ ᠶᠡᠷᠦᠩᠬᠡᠶ ᠪᠠᠯᠠ ᠣᠷᠣᠭᠤᠯᠤᠯᠲᠠ 29 . 39 ᠳ᠋ᠦᠩᠰᠢᠭᠤᠷ ᠲᠥᠭᠦᠷᠢᠭ ᠲᠤ ᠬᠦᠷᠴᠦ᠂ 2021 ᠣᠨ ᠤ 5 | ᠰᠠᠷ᠎ᠠ ᠳᠤ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠵᠤ᠂ ᠡᠯ᠎ᠡ ᠲᠠᠯ᠎ᠠ ᠶᠢᠨ ᠨᠢᠭᠲᠠ ᠬᠠᠮᠵᠢᠯᠴᠠᠭ᠎ᠠ ᠳᠣᠤᠷ᠎ᠠ᠂ | ᠵᠥᠪᠬᠡᠨ ᠨᠢᠭᠡ ᠵᠢᠯ ᠭᠠᠷᠤᠶ ᠶᠢᠨ ᠬᠤᠭᠤᠴᠠᠭᠠᠨ ᠳᠤ ᠪᠠᠷᠢᠯᠭ᠎ᠠ ᠳᠠᠭᠤᠰᠴᠤ ᠮᠠᠲ᠋ᠧᠷᠢᠶᠠᠯ ᠣᠷᠣᠭᠤᠯᠤᠨ ᠲᠡᠷᠭᠡ | ᠵᠢᠯᠣᠭᠤᠳᠬᠤ ᠶᠢ ᠪᠡᠶᠡᠯᠡᠭᠦᠯᠪᠡ ᠃ ᠪᠥᠲᠥᠭᠡᠨ ᠪᠠᠶᠢᠭᠤᠯᠤᠯᠲᠠ ᠶᠢᠨ ᠬᠤᠭᠤᠴᠠᠭᠠᠨ ᠳᠤ᠂ ᠦᠬᠠᠶ ᠬᠤᠲᠠ᠂ ᠤᠳᠠ | ᠲᠣᠭᠤᠷᠢᠭ ᠤᠨ ᠬᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠠᠵᠢᠯᠴᠢᠨ | ᠬᠡᠷᠡᠭᠯᠡᠬᠦ ᠵᠢᠴᠢ ᠲᠥᠬᠦᠭᠡᠷᠦᠮᠵᠢ ᠶᠢ ᠦᠶᠯᠡᠳᠪᠦᠷᠢ ᠳᠤ ᠬᠦᠷᠭᠡᠬᠦ ᠵᠡᠷᠭᠡ ᠬᠦᠴᠢᠷᠳᠡᠯ ᠪᠠ ᠠᠰᠠᠭᠤᠳᠠᠯ ᠢ ᠪᠥᠬᠦ | ᠬᠦᠴᠦᠨ ᠢᠶᠠᠷ ᠢᠶᠠᠨ ᠰᠢᠶᠳᠪᠦᠷᠢᠯᠡᠵᠦ᠂ ᠲᠥᠷᠥᠯ ᠵᠦᠶᠯ ᠳᠤ ᠠᠳᠠᠯᠢ ᠠᠵᠢᠯ ᠲᠥᠷᠥᠯ ᠤᠨ 《 ᠪᠥᠲᠥᠭᠡᠨ | ᠪᠠᠶᠢᠭᠤᠯᠬᠤ ᠴᠠᠭ ᠨᠢ ᠬᠠᠮᠤᠭ ᠤᠨ ᠣᠬᠤᠷ᠂ ᠮᠠᠲ᠋ᠧᠷᠢᠶᠠᠯ ᠣᠷᠣᠭᠤᠯᠬᠤ ᠴᠠᠭ ᠨᠢ ᠬᠠᠮᠤᠭ ᠤᠨ ᠣᠬᠤᠷ᠂ ᠰᠢᠯᠢᠳᠡᠭ | ᠦᠶᠯᠡᠳᠬᠦᠨ ᠳᠤ ᠬᠥᠷᠬᠦ ᠴᠠᠭ ᠨᠢ ᠬᠠᠮᠤᠭ ᠤᠨ ᠣᠬᠤᠷ 》 ᠲᠡᠮᠳᠡᠭᠯᠡᠯ ᠢ ᠡᠭᠦᠳᠬᠦ ᠳᠤ ᠬᠦᠴᠦᠲᠡᠶ ᠪᠠᠲᠤᠯᠠᠭ᠎ᠠ | ᠬᠠᠩᠭᠠᠪᠠ ᠃ | 《 ᠵᠢᠯ ᠳᠤ 38 ᠲᠦᠮᠡᠨ ᠲᠣᠨ BDO ᠶᠢ ᠨᠢᠭᠡ ᠴᠤᠭᠴᠠᠵᠢᠭᠤᠯᠤᠭᠰᠠᠨ ᠲᠥᠷᠥᠯ ᠵᠦᠶᠯ ᠠᠰᠢᠭᠯᠠᠯᠲᠠ | ᠳᠤ ᠣᠷᠣᠵᠤ᠂ ᠮᠠᠨ ᠤ ᠠᠵᠤ ᠠᠬᠤᠶᠢᠯᠠᠯ ᠤᠨ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠪᠠᠷ ᠬᠥᠭᠵᠢᠬᠦ ᠠᠵᠤ | ᠦᠶᠯᠡᠰ ᠤᠨ ᠪᠠᠶᠢᠷᠢᠰᠢᠯ ᠢ ᠤᠯᠠᠮ ᠴᠢᠨᠠᠭᠰᠢᠳᠠ ᠪᠠᠲᠤᠳᠬᠠᠪᠠ ᠃ ᠥᠪᠥᠷ ᠮᠣᠩᠭᠤᠯ ᠤᠨ ᠳ᠋ᠦᠩ ᠶᠤᠸᠠᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠦ ᠴᠢᠩ ᠾᠧ ᠢᠯᠡᠷᠬᠡᠶᠢᠯᠡᠬᠦ | ᠳᠡᠭᠡᠨ᠂ ᠺᠣᠮᠫᠠᠨᠢ ᠦᠷᠭᠦᠯᠵᠢᠯᠡᠨ 《 ᠪᠣᠬᠢᠷᠲᠤᠯ ᠥᠬᠡᠶ᠂ ᠳᠣᠤᠷ᠎ᠠ ᠨᠡᠭᠦᠷᠡᠰᠦᠲᠥ᠋ᠷᠥᠭᠴᠢᠲᠦ᠂ ᠣᠷᠴᠢᠯ 》 | ᠦᠷᠭᠦᠯᠵᠢᠯᠡᠬᠦ ᠬᠥᠭᠵᠢᠯᠲᠡ ᠶᠢᠨ ᠣᠨᠣᠯᠵᠢᠬᠤᠨ ᠢ ᠦᠶᠯᠡᠳᠦᠯᠭᠡᠵᠢᠭᠦᠯᠵᠦ᠂ ᠵᠠᠳᠠᠷᠠᠭᠤᠯᠵᠤ ᠪᠣᠯᠬᠤ ᠰᠦᠯᠢᠶᠣᠣ ᠶᠢᠨ | ᠠᠵᠤ ᠦᠶᠯᠡᠰ ᠤᠨ ᠥᠪᠡᠷ ᠤᠨ ᠥᠷᠲᠡᠭ ᠢᠶᠠᠷ ᠳᠣᠤᠷ᠎ᠠ᠂ ᠶᠡᠭᠡ ᠬᠡᠪᠴᠢᠶᠡᠨ ᠤ ᠠᠵᠤ ᠦᠶᠯᠡᠳᠪᠦᠷᠢᠵᠢᠭᠰᠡᠨ | ᠦᠶᠯᠡᠳᠪᠦᠷᠢᠯᠡᠯ ᠤᠨ ᠴᠢᠭᠯᠡᠯ ᠳᠠᠰᠢ ᠬᠥᠭᠵᠢᠬᠦ ᠶᠢ ᠠᠬᠢᠭᠤᠯᠵᠤ᠂ ᠦᠬᠠᠶ ᠬᠤᠲᠠ ᠶᠢ ᠪᠥᠬᠦ ᠤᠯᠤᠰ ᠤᠨ | ᠵᠠᠳᠠᠷᠠᠭᠤᠯᠵᠤ ᠪᠣᠯᠬᠤ ᠰᠦᠯᠢᠶᠣᠣ ᠶᠢᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠴᠢᠬᠤᠯᠠ ᠰᠠᠭᠤᠷᠢᠨ ᠪᠣᠯᠭᠠᠨ | ᠪᠥᠲᠥᠭᠡᠨ ᠪᠠᠶᠢᠭᠤᠯᠬᠤ ᠬᠠᠷᠠᠯᠲᠠ ᠳᠤ ᠬᠥᠲᠥᠯᠥᠨ ᠳᠠᠭᠠᠭᠤᠯᠬᠤ ᠦᠶᠯᠡᠳᠦᠯ ᠦᠵᠡᠭᠦᠯᠵᠦ᠂ ᠨᠡᠭᠦᠷᠡᠰᠦᠲᠥ᠋ᠷᠥᠭᠴᠢ | ᠶᠢᠨ ᠳᠠᠪᠬᠤᠷ ᠢᠰᠦᠯ ᠤᠨ ᠣᠷᠭᠢᠯ ᠢ ᠰᠠᠭᠠᠷᠮᠠᠭᠵᠢᠭᠤᠯᠬᠤ ᠳᠤ ᠬᠦᠴᠦᠨ ᠨᠡᠮᠡᠷᠢᠯᠡᠨ᠎ᠡ ᠭᠡᠵᠡᠶ ᠃ |