ᠪᠥᠬᠦ ᠪᠥᠮᠪᠥᠷᠴᠡᠭ ᠤᠨ ᠲᠠᠩ ᠦᠶᠯᠡᠳᠪᠦᠷᠢ ᠶᠢᠨ ᠬᠡᠪᠴᠢᠶ᠎ᠡ ᠪᠠᠷ ᠬᠠᠮᠤᠭ ᠤᠨ ᠶᠡᠭᠡ 《 ᠨᠣᠭᠤᠭᠠᠨ ᠤᠰᠤᠲᠥ᠋ᠷᠥᠭᠴᠢ + 》 ᠨᠡᠭᠦᠷᠡᠰᠦ ᠪᠠᠷ ᠠᠯᠺᠧᠨ ᠦᠶᠯᠡᠳᠬᠦ ᠠᠵᠤ ᠦᠶᠯᠡᠰ ᠤᠨ ᠰᠠᠭᠤᠷᠢᠨ ᠭᠠᠵᠠᠷ ᠣᠷᠳᠣᠰ  ᠲᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2022/12/31
     ᠲᠦᠷᠦᠭᠦᠬᠡᠨ᠂ ᠥᠪᠥᠷ ᠮᠣᠩᠭᠤᠯ ᠤᠨ ᠪᠦ᠋ᠦ ᠹᠧᠩ ᠨᠡᠭᠦᠷᠡᠰᠦ ᠪᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠨᠢᠭᠡᠳᠦᠭᠡᠷ ᠬᠤᠭᠤᠴᠠᠭᠠᠨ ᠤ 300 ᠲᠦᠮᠡᠨ ᠲᠣᠨ / ᠵᠢᠯ ᠤᠨ ᠠᠯᠺᠧᠨ ᠤ ᠲᠥᠷᠥᠯ ᠵᠦᠶᠯ ᠨᠢ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠣᠷᠴᠢᠨ ᠲᠣᠭᠤᠷᠢᠨ ᠤ ᠦᠨᠡᠯᠡᠯᠲᠡ ᠴᠣᠬᠤᠯᠠᠪᠤᠷᠢ ᠪᠠᠷ ᠳᠡᠮᠵᠢᠨ᠂ ᠣᠷᠳᠣᠰ ᠬᠤᠲᠠ ᠶᠢᠨ ᠲᠤᠭ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠣᠯᠤᠨ᠎ᠠ  ᠃       ᠳᠤᠮᠳᠠᠳᠤ ᠤᠯᠤᠰ ᠠᠴᠠ ᠴᠢᠯᠠᠭᠤᠨ ᠲᠣᠰᠣ ᠪᠠ ᠬᠢᠮᠢ ᠶᠢᠨ ᠠᠵᠤ ᠦᠶᠯᠡᠳᠪᠦᠷᠢ ᠶᠢᠨ ᠬᠤᠯᠪᠣᠭᠠᠲᠤ ᠬᠤᠷᠠᠯ  ᠤᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠲᠤᠰᠬᠠᠶ ᠮᠡᠷᠭᠡᠵᠢᠯ ᠤᠨ ᠵᠥᠪᠯᠡᠯ ᠤᠨ ᠠᠯᠪᠠᠨ ᠲᠠᠯ᠎ᠠ ᠶᠢᠨ ᠵᠠᠬᠢᠶᠠᠯᠠᠭᠰᠠᠨ ᠳ᠋ᠤᠭᠠᠷ 《 ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ 》 ᠶᠢᠨ ᠮᠡᠳᠡᠭᠡ ᠵᠠᠩᠭᠢ  ᠶᠢᠨ ᠮᠡᠳᠡᠭᠡᠯᠡᠯ ᠢ ᠦᠨᠳᠦᠰᠦᠯᠡᠪᠡᠯ᠂ ᠲᠣᠰ ᠲᠥᠷᠥᠯ ᠵᠦᠶᠯ ᠨᠢ ᠪᠣᠬᠢᠷᠲᠤᠯ ᠥᠬᠡᠶ ᠤᠰᠤᠲᠥ᠋ᠷᠥᠭᠴᠢ ᠶᠢ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠲᠠᠢ ᠠᠭᠤᠰᠤᠯᠴᠠᠭᠤᠯᠬᠤ ᠬᠠᠮᠵᠢᠯᠴᠠᠨ ᠦᠶᠯᠡᠳᠪᠦᠷᠢᠯᠡᠬᠦ ᠤᠷ᠎ᠠ ᠮᠡᠷᠭᠡᠵᠢᠯ ᠢ ᠰᠢᠨ᠎ᠡ ᠶᠢ ᠡᠭᠦᠳᠦᠨ ᠬᠡᠷᠡᠭᠯᠡᠪᠡ᠂ ᠵᠢᠯ ᠳᠤ 260 ᠲᠦᠮᠡᠨ ᠲᠣᠨ ᠨᠡᠭᠦᠷᠡᠰᠦ ᠪᠠᠷ ᠠᠯᠺᠧᠨ ᠦᠶᠯᠡᠳᠪᠦᠷᠢᠯᠡᠬᠦ ᠪᠦᠲᠦᠭᠡᠨ ᠪᠠᠶᠢᠭᠤᠯᠤᠯᠲᠠ ᠶᠢᠨ ᠰᠠᠭᠤᠷᠢᠨ ᠳᠡᠭᠡᠷ᠎ᠡ᠂ ᠪᠠᠰᠠ ᠰᠠᠯᠬᠢᠨ ᠤ ᠡᠨᠧᠷᠭᠢ ᠨᠡᠷᠡᠨ ᠤ ᠡᠨᠧᠷᠭᠢ ᠵᠡᠷᠭᠡ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠠᠴᠠ ᠭᠠᠷᠭᠠᠭᠰᠠᠨ ᠨᠣᠭᠤᠭᠠᠨ ᠴᠠᠬᠢᠯᠭᠠᠨ ᠢᠶᠠᠷ ᠨᠣᠭᠤᠭᠠᠨ ᠤᠰᠤᠲᠥ᠋ᠷᠥᠭᠴᠢ ᠠᠪᠴᠤ ᠨᠡᠭᠦᠷᠡᠰᠦᠨ ᠤ ᠦᠶᠯᠡᠳᠪᠦᠷᠢᠯᠡᠯ ᠢ ᠣᠷᠣᠯᠠᠭᠤᠯᠬᠤ ᠪᠣᠯᠤᠨ᠎ᠠ᠂ 40 ᠲᠦᠮᠡᠨ ᠲᠣᠨ / ᠵᠢᠯ ᠤᠨ ᠨᠣᠭᠤᠭᠠᠨ ᠤᠰᠤᠲᠥ᠋ᠷᠥᠭᠴᠢ ᠶᠢᠨ ᠬᠤᠤᠰᠮᠠᠭ ᠠᠯᠺᠧᠨ ᠦᠶᠯᠡᠳᠪᠦᠷᠢᠯᠡᠬᠦ ᠴᠢᠳᠠᠪᠤᠷᠢ ᠶᠢ ᠲᠥᠬᠦᠷᠵᠢᠭᠦᠯᠦᠨ ᠪᠦᠷᠢᠯᠳᠦᠭᠦᠯᠦᠨ᠎ᠡ᠂ ᠤᠰᠤᠲᠥ᠋ᠷᠥᠭᠴᠢ ᠪᠠᠷ ᠨᠡᠭᠦᠷᠡᠰᠦ ᠰᠣᠯᠢᠬᠤ ᠶᠢ ᠪᠡᠶᠡᠯᠡᠭᠦᠯᠦᠨ᠎ᠡ᠂ ᠨᠡᠭᠦᠷᠡᠰᠦᠲᠥ᠋ᠷᠥᠭᠴᠢ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ᠂ ᠪᠥᠬᠦ ᠪᠥᠮᠪᠥᠷᠴᠡᠭ ᠤᠨ ᠲᠠᠩ ᠦᠶᠯᠡᠳᠪᠦᠷᠢ  ᠶᠢᠨ ᠬᠡᠪᠴᠢᠶ᠎ᠡ ᠪᠠᠷ ᠬᠠᠮᠤᠭ ᠤᠨ ᠶᠡᠭᠡ 《 ᠨᠣᠭᠤᠭᠠᠨ ᠤᠰᠤᠲᠥ᠋ᠷᠥᠭᠴᠢ + 》 ᠨᠡᠭᠦᠷᠡᠰᠦ ᠪᠠᠷ ᠠᠯᠺᠧᠨ ᠦᠶᠯᠡᠳᠬᠦ ᠠᠵᠤ ᠦᠶᠯᠡᠰ ᠤᠨ ᠰᠠᠭᠤᠷᠢᠨ ᠭᠠᠵᠠᠷ ᠪᠣᠯᠤᠨ᠎ᠠ᠂ ᠪᠠᠰᠠ ᠳᠡᠯᠡᠬᠡᠶ ᠳᠡᠭᠡᠷᠡᠬᠢ ᠣᠳᠣᠬᠠᠨ ᠤ ᠴᠣᠷ ᠤᠨ ᠭᠠᠭᠴᠠ ᠬᠡᠪᠴᠢᠶᠡᠵᠢᠭᠰᠡᠨ ᠨᠣᠭᠤᠭᠠᠨ ᠤᠰᠤᠲᠥ᠋ᠷᠥᠭᠴᠢ ᠪᠠᠷ ᠴᠢᠯᠠᠭᠤᠵᠢᠮᠠᠯ ᠡᠨᠧᠷᠭᠢ ᠶᠢ ᠣᠷᠣᠯᠠᠭᠤᠯᠵᠤ ᠳᠡᠭᠡᠳᠦ ᠲᠡᠰ ᠤᠨ ᠬᠢᠮᠢ ᠶᠢᠨ ᠠᠵᠤ ᠦᠶᠯᠡᠳᠪᠦᠷᠢ ᠶᠢᠨ ᠪᠦᠲᠦᠭᠡᠭᠳᠡᠬᠦᠨ ᠦᠶᠯᠡᠳᠪᠦᠷᠢᠯᠡᠬᠦ ᠲᠥᠰᠦᠯ ᠪᠣᠯᠤᠨ᠎ᠠ  ᠃      ᠡᠭᠦᠨ ᠠᠴᠠ ᠭᠠᠳᠠᠨ᠎ᠠ᠂ ᠤᠯᠤᠰ ᠲᠠᠭᠠᠨ ᠦᠶᠯᠡᠳᠪᠦᠷᠢᠯᠡᠭᠰᠡᠨ ᠲᠣᠮᠣ ᠬᠡᠯᠪᠡᠷᠢ ᠶᠢᠨ ᠲᠣᠨᠤᠭ ᠲᠥᠬᠦᠭᠡᠷᠦᠮᠵᠢ  ᠶᠢᠨ ᠮᠡᠷᠭᠡᠵᠢᠯ ᠤᠨ ᠲᠠᠰ ᠳᠡᠪᠰᠢᠬᠦ ᠶᠢ ᠠᠬᠢᠭᠤᠯᠵᠤ᠂ 《 ᠤᠯᠤᠰ ᠤᠨ ᠴᠢᠬᠤᠯᠠ ᠲᠣᠨᠣᠭᠯᠠᠯ 》 ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠳᠤ ᠬᠠᠮᠵᠢᠯᠴᠠᠨ ᠬᠦᠴᠦᠨ ᠨᠡᠮᠡᠷᠢᠯᠡᠵᠦ᠂ ᠮᠠᠨ ᠤ ᠤᠯᠤᠰ ᠤᠨ ᠡᠨᠧᠷᠭᠢ ᠶᠢᠨ ᠠᠵᠤ ᠦᠶᠯᠡᠰ ᠤᠨ ᠬᠡᠯᠬᠢᠶ᠎ᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠲᠣᠰ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠠᠯᠢ ᠴᠢᠳᠠᠬᠤ ᠪᠠᠷ ᠤᠯᠤᠰ ᠲᠠᠭᠠᠨ ᠦᠶᠯᠡᠳᠪᠦᠷᠢᠯᠡᠭᠰᠡᠨ ᠲᠣᠮᠣ ᠬᠡᠯᠪᠡᠷᠢ ᠶᠢᠨ ᠲᠣᠨᠤᠭ ᠲᠥᠬᠦᠭᠡᠷᠦᠮᠵᠢ ᠶᠢ ᠰᠣᠩᠭᠤᠨ ᠬᠡᠷᠡᠭᠯᠡᠵᠦ᠂ ᠲᠣᠨᠤᠭ ᠲᠥᠬᠦᠭᠡᠷᠦᠮᠵᠢ ᠶᠢ ᠤᠯᠤᠰ ᠲᠠᠭᠠᠨ ᠦᠶᠯᠡᠳᠪᠦᠷᠢᠯᠡᠭᠰᠡᠨ ᠨᠣᠷᠮ᠎ᠠ ᠶᠢ 98 % ᠳᠤ ᠬᠦᠷᠭᠡᠨ᠎ᠡ  ᠃ ᠡᠭᠦᠨ ᠳᠤ᠂ ᠲᠥᠷᠥᠯ ᠵᠦᠶᠯ ᠨᠢ ᠠᠩᠬ᠎ᠠ ᠤᠳᠠᠭ᠎ᠠ ᠤᠯᠤᠰ ᠤᠨ ᠳᠣᠲᠣᠭᠠᠳᠤ ᠶᠢᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ 11000 Nm 3 / h ᠬᠦᠴᠢᠯᠲᠥ᠋ᠷᠥᠭᠴᠢ ᠦᠶᠯᠡᠳᠬᠦ ᠴᠢᠳᠠᠪᠤᠷᠢ ᠲᠠᠢ ᠲᠣᠮᠣ ᠬᠡᠯᠪᠡᠷᠢ ᠶᠢᠨ ᠬᠤᠭᠤᠰᠣᠨ ᠬᠤᠪᠢᠶᠠᠷᠢ ᠶᠢᠨ ᠲᠣᠨᠣᠭᠯᠠᠯ ᠢ ᠰᠣᠩᠭᠤᠨ ᠬᠡᠷᠡᠭᠯᠡᠵᠦ᠂ ᠠᠩᠬ᠎ᠠ ᠤᠳᠠᠭ᠎ᠠ ᠤᠯᠤᠰ ᠤᠨ ᠳᠣᠲᠣᠭᠠᠳᠤ ᠶᠢᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳ᠋ᠠᠯᠢᠶᠠᠨ ᠤ ᠬᠢᠮᠢ ᠶᠢᠨ ᠪᠣᠳᠠᠰ ᠤᠨ ᠭᠠᠵᠠᠷ ᠤᠨ DMTO ᠭᠤᠷᠪᠠᠳᠤᠭᠠᠷ ᠦᠶ᠎ᠡ  ᠶᠢᠨ ᠮᠡᠷᠭᠡᠵᠢᠯ ᠢ ᠬᠡᠷᠡᠭᠯᠡᠵᠦ᠂ ᠲᠠᠩ ᠢᠵᠢ ᠲᠣᠨᠤᠭ ᠲᠥᠬᠦᠭᠡᠷᠦᠮᠵᠢ ᠶᠢᠨ ᠮᠧᠲ᠋ᠢᠯ ᠠᠯᠺᠣᠣᠯ ᠢ ᠰᠢᠶᠳᠪᠦᠷᠢᠯᠡᠬᠦ ᠴᠢᠳᠠᠪᠤᠷᠢ ᠶᠢ ᠵᠢᠯ ᠳᠤ 180 ᠲᠦᠮᠡᠨ ᠲᠣᠨ ᠠᠴᠠ ᠵᠢᠯ ᠳᠤ 300 ᠲᠦᠮᠡᠨ ᠲᠣᠨ ᠪᠣᠯᠭᠠᠨ ᠳᠡᠭᠡᠭᠰᠢᠯᠡᠭᠦᠯᠵᠦ᠂ ᠡᠲ᠋ᠢᠯᠧᠡ ᠪᠠ ᠫᠷᠦᠫᠧᠨ ᠤ ᠪᠣᠶ ᠪᠣᠯᠬᠤ ᠴᠢᠳᠠᠪᠤᠷᠢ ᠶᠢ ᠵᠢᠯ ᠳᠤ 60 ᠲᠦᠮᠡᠨ ᠲᠣᠨ ᠠᠴᠠ ᠵᠢᠯ ᠳᠤ ᠪᠠᠷᠤᠭ 110 ᠲᠦᠮᠡᠨ ᠲᠣᠨ ᠪᠣᠯᠭᠠᠨ ᠳᠡᠭᠡᠭᠰᠢᠯᠡᠭᠦᠯᠪᠡ  ᠃ ᠲᠦᠭᠦᠬᠡᠶ ᠮᠠᠲ᠋ᠧᠷᠢᠶᠠᠯ ᠢ ᠬᠤᠪᠢᠷᠠᠭᠤᠯᠬᠤ ᠨᠣᠷᠮ᠎ᠠ ᠨᠢ ᠨᠠᠩ ᠥᠨᠳᠥᠷ ᠪᠠᠶᠢᠵᠤ᠂ ᠠᠯᠺᠧᠨ ᠨᠢ 2 . 88 ᠲᠣᠨ / ᠲᠣᠨ ᠠᠴᠠ ᠪᠠᠭᠤᠷᠠᠭᠠᠳ 2 . 66 ᠲᠣᠨ / ᠲᠣᠨ ᠪᠣᠯᠵᠣ᠂ ᠨᠢᠭᠡᠴᠢ ᠦᠶᠯᠡᠳᠬᠦᠨ ᠤ ᠦᠶᠯᠡᠳᠪᠦᠷᠢᠯᠡᠯ ᠤᠨ ᠥᠪᠡᠷ ᠤᠨ ᠥᠷᠲᠡᠭ ᠨᠢ ᠨᠠᠩ ᠳᠣᠤᠷ᠎ᠠ ᠪᠣᠯᠵᠣ᠂ ᠥᠷᠢᠰᠥᠯᠳᠦᠭᠡᠨ ᠤ ᠳᠠᠪᠠᠭᠤᠯᠢᠭ ᠨᠢ ᠨᠠᠩ ᠲᠣᠪᠣᠶᠢᠮ᠎ᠠ ᠪᠣᠯᠪᠠ  ᠃      ᠲᠥᠷᠥᠯ ᠵᠦᠶᠯ ᠪᠦᠬᠦᠨ ᠢᠶᠠᠷ ᠢᠶᠠᠨ ᠪᠠᠶᠢᠭᠤᠯᠤᠭᠳᠠᠭᠰᠠᠨ ᠤ ᠳᠠᠷᠠᠭ᠎ᠠ᠂ ᠵᠢᠱᠢᠯᠲᠡ ᠪᠠᠷ ᠡᠨᠧᠷᠭᠢ ᠶᠢ ᠬᠤᠪᠢᠷᠠᠭᠤᠯᠬᠤ ᠦᠷ᠎ᠡ ᠪᠦᠲᠦᠮᠵᠢ ᠨᠢ 47 . 54 % ᠳᠤ ᠬᠦᠷᠴᠦ᠂ ᠨᠢᠭᠡᠴᠢ ᠦᠶᠯᠡᠳᠬᠦᠨ ᠤ ᠤᠰᠤᠨ ᠤ ᠬᠤᠷᠣᠭᠳᠠᠯ ᠨᠢ 9 . 16 ᠲᠣᠨ / ᠲᠣᠨ ᠠᠯᠺᠧᠨ ᠪᠠᠶᠢᠵᠤ᠂ ᠨᠢᠭᠡᠴᠢ ᠦᠶᠯᠡᠳᠬᠦᠨ ᠤ ᠡᠨᠧᠷᠭᠢ ᠶᠢᠨ ᠬᠤᠷᠣᠭᠳᠠᠯ  ᠨᠢ 1 . 71 ᠲᠣᠨ ᠪᠠᠷᠢᠮᠵᠢᠶᠠᠲᠤ ᠨᠡᠭᠦᠷᠡᠰᠦ / ᠲᠣᠨ ᠠᠯᠺᠧᠨ ᠪᠠᠶᠢᠵᠤ᠂ ᠡᠯ᠎ᠡ ᠵᠦᠶᠯ ᠤᠨ ᠡᠨᠧᠷᠭᠢ ᠶᠢᠨ ᠠᠰᠢᠭᠯᠠᠮᠵᠢ ᠶᠢᠨ ᠭᠦᠶᠴᠡᠳᠬᠡᠯ ᠲᠤᠭ᠎ᠠ ᠨᠢ ᠴᠥᠮ ᠠᠵᠢᠯ ᠲᠥᠷᠥᠯ ᠤᠨ ᠬᠠᠮᠤᠭ ᠤᠨ ᠥᠨᠳᠥᠷ ᠲᠦᠪᠰᠢᠨ ᠠᠴᠠ ᠳᠠᠪᠠᠭᠤᠯᠢᠭ ᠪᠠᠶᠢᠵᠤ᠂ ᠦᠶᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ ᠪᠠ ᠮᠡᠷᠭᠡᠵᠢᠯ ᠤᠨ ᠲᠦᠪᠰᠢᠨ ᠬᠤᠶᠠᠷ ᠲᠠᠯ᠎ᠠ  ᠪᠠᠷ ᠵᠡᠷᠭᠡ ᠪᠠᠷ ᠪᠥᠬᠦ ᠪᠥᠮᠪᠥᠷᠴᠡᠭ ᠤᠨ ᠨᠡᠭᠦᠷᠡᠰᠦ ᠪᠠᠷ ᠠᠯᠺᠧᠨ ᠦᠶᠯᠡᠳᠬᠦ ᠲᠥᠷᠥᠯ ᠵᠦᠶᠯ ᠤᠨ ᠰᠢᠨ᠎ᠡ ᠬᠡᠪ ᠳᠠᠭᠤᠷᠢᠶᠠᠯ ᠢ ᠡᠭᠦᠳᠴᠦ᠂ ᠥᠪᠥᠷ ᠮᠣᠩᠭᠤᠯ ᠤᠨ ᠡᠨᠧᠷᠭᠢ ᠶᠢᠨ ᠬᠡᠷᠡᠭᠯᠡᠭᠡ ᠶᠢ ᠴᠡᠪᠡᠷᠰᠢᠭᠦᠯᠬᠦ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠠᠷᠪᠢᠲᠠᠶ ᠪᠥᠭᠡᠳ ᠥᠨᠳᠥᠷ ᠪᠦᠲᠦᠮᠵᠢᠲᠡᠶ᠂ ᠠᠷᠢᠭᠤᠨ ᠴᠡᠪᠡᠷ ᠳᠣᠤᠷ᠎ᠠ ᠨᠡᠭᠦᠷᠡᠰᠦᠲᠥ᠋ᠷᠥᠭᠴᠢᠲᠦ ᠦᠶᠯᠡᠳᠪᠦᠷᠢᠯᠡᠯ ᠤᠨ ᠵᠠᠭᠪᠤᠷ ᠢ ᠪᠠᠶᠢᠭᠤᠯᠤᠨ᠎ᠠ  ᠃
 
ᠢᠷᠡᠯᠲᠡ᠄ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号