︽ᠬᠤᠪᠣᠷ ᠰᠢᠷᠣᠶ + 》 ᠬᠤᠪᠢᠷᠠᠮᠠᠲᠠᠭᠠᠶ ᠷᠢᠳᠢ ᠰᠢᠳᠢ
ᠨᠡᠶᠢᠲᠡᠯᠡᠭᠰᠡᠨ ᠴᠠᠭ᠄
2022/12/31
     ᠡᠪᠦᠯ ᠤᠨ ᠠᠭᠤᠷ ᠣᠷᠣᠭᠰᠠᠨ ᠤ ᠳᠠᠷᠠᠭ᠎ᠠ᠂ ᠲᠢᠶᠠᠨᠵᠢᠨ ᠬᠤᠲᠠ ᠶᠢᠨ ᠾᠧ ᠳ᠋ᠦᠩ ᠲᠣᠭᠤᠷᠢᠭ ᠤᠨ ᠱᠠᠩ ᠬᠠᠩ ᠵᠠᠮ ᠤᠨ ᠠᠨ ᠲᠠ ᠨᠡᠷᠡᠲᠦ ᠲᠡᠮᠳᠡᠭᠲᠦ ᠪᠣᠳᠠᠲᠤ ᠳᠡᠯᠭᠡᠭᠦᠷ ᠲᠤ᠂ ᠠᠨ ᠲᠠ ᠬᠠᠯᠭᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠲᠥᠨ ᠬᠤᠪᠴᠠᠰᠤ ᠪᠣᠷᠣᠯᠠᠭᠤᠯᠭ᠎ᠠ ᠰᠠᠶᠢᠲᠠᠶ ᠪᠠᠶᠢᠵᠤ᠂ ᠬᠡᠷᠡᠭᠯᠡᠭᠴᠢᠳ ᠴᠥᠮ ᠪᠤᠭᠤᠲᠤ  ᠶᠢᠨ ᠪᠣᠯᠣᠳ ᠲᠡᠮᠦᠷ ᠤᠨ ᠺᠣᠮᠫᠠᠨᠢ ᠶᠢᠨ 《 ᠬᠤᠪᠣᠷ ᠰᠢᠷᠣᠶ + 》 ᠨᠡᠬᠡᠮᠡᠯ ᠤᠨ ᠪᠦᠲᠦᠭᠡᠭᠳᠡᠬᠦᠨ ᠤ ᠲᠡᠭ ᠠᠴᠠ ᠳᠣᠷᠣᠭᠰᠢ 36 ᠭᠷᠠᠳᠦ᠋ᠰ ᠤᠨ ᠬᠠᠬᠢᠷ ᠬᠦᠢᠲᠡᠨ ᠢ ᠡᠰᠡᠷᠭᠦᠴᠡᠬᠦ ᠷᠢᠳᠢ ᠰᠢᠳᠢ ᠶᠢ ᠮᠡᠳᠡᠷᠡᠬᠦ ᠶᠢ ᠬᠦᠰᠡᠵᠦ ᠪᠠᠶᠢᠯ᠎ᠠ  ᠃      ᠬᠤᠪᠴᠠᠰᠤᠨ ᠳᠣᠲᠣᠷ᠎ᠠ ᠨᠢᠭᠡ ᠳᠠᠪᠬᠤᠷᠭ᠎ᠠ ᠬᠤᠪᠣᠷ ᠰᠢᠷᠣᠶ ᠶᠢᠨ ᠬᠤᠸᠠᠷ ᠳᠠᠷᠤᠮᠠᠯᠯᠠᠬᠤ ᠨᠢ ᠢᠮᠦ ᠰᠣᠨᠢᠨ ᠦᠶᠯᠡᠳᠦᠯ ᠲᠠᠢ? ᠪᠤᠭᠤᠲᠤ ᠶᠢᠨ ᠪᠣᠯᠣᠳ ᠲᠡᠮᠦᠷ ᠤᠨ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ ᠤᠨ ᠲᠢᠶᠠᠨᠵᠢᠨ ᠤ ᠬᠤᠪᠢᠶᠠᠷᠢ ᠬᠦᠷᠢᠶᠡᠯᠡᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ ᠶᠢᠨ ᠬᠡᠯᠲᠡᠰ  ᠤᠨ ᠳᠠᠷᠤᠭ᠎ᠠ ᠯᠢ ᠯᠦ ᠲᠠᠨᠢᠯᠴᠠᠭᠤᠯᠬᠤ ᠳᠠᠭᠠᠨ᠂ ᠬᠤᠪᠢᠶᠠᠷᠢ ᠬᠦᠷᠢᠶᠡᠯᠡᠩ ᠤᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠬᠤᠪᠣᠷ ᠰᠢᠷᠣᠶ ᠶᠢᠨ ᠢᠯᠴᠢ ᠶᠢᠨ ᠪᠤᠴᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠨᠢ 《 ᠨᠢᠭᠡ ᠵᠦᠶᠯ  ᠤᠨ ᠬᠤᠪᠣᠷ ᠰᠢᠷᠣᠶ ᠶᠢᠨ ᠰᠠᠭᠤᠷᠢ ᠤᠯᠠᠭᠠᠨ ᠤ ᠭᠠᠳᠠᠨᠠᠬᠢ ᠳᠤᠯᠠᠭᠠᠴᠠ ᠶᠢ ᠳᠡᠭᠡᠭᠰᠢᠯᠡᠭᠦᠯᠦᠨ ᠳᠤᠯᠠᠭᠠᠨ ᠢ ᠬᠠᠮᠠᠭᠠᠯᠠᠬᠤ ᠨᠡᠬᠡᠮᠡᠯ ᠡᠳ᠋ ᠵᠢᠴᠢ ᠲᠡᠭᠦᠨ ᠢ ᠦᠶᠯᠡᠳᠬᠦ ᠠᠷᠭ᠎ᠠ ᠪᠠ ᠬᠡᠷᠡᠭᠯᠡᠯᠲᠡ 》 ᠵᠡᠷᠭᠡ 5 ᠵᠦᠶᠯ ᠤᠨ ᠤᠯᠤᠰ  ᠤᠨ ᠡᠭᠦᠳᠦᠯᠲᠡ ᠶᠢᠨ ᠲᠤᠰᠬᠠᠶ ᠠᠰᠢᠭ ᠢ ᠬᠤᠷᠠᠮᠳᠤᠭᠤᠯᠵᠠᠶ  ᠃ ᠬᠤᠸᠠᠷ ᠳᠠᠷᠤᠮᠠᠯᠯᠠᠭᠰᠠᠨ ᠪᠦᠰ ᠳᠡᠭᠡᠷᠡᠬᠢ ᠬᠤᠪᠣᠷ ᠰᠢᠷᠣᠶ ᠶᠢᠨ ᠤᠯᠠᠭᠠᠨ ᠤ ᠭᠠᠳᠠᠨᠠᠬᠢ ᠢᠯᠴᠢ ᠬᠠᠳᠠᠭᠠᠯᠠᠬᠤ ᠡᠳ᠋ ᠨᠢ ᠬᠥᠮᠦᠨ ᠤ ᠪᠡᠶ᠎ᠡ ᠶᠢᠨ ᠰᠠᠴᠤᠷᠠᠭᠤᠯᠤᠭᠰᠠᠨ ᠬᠤᠯᠠ ᠤᠯᠠᠭᠠᠨ ᠤ ᠭᠠᠳᠠᠨᠠᠬᠢ ᠲᠤᠶᠠᠭ᠎ᠠ ᠶᠢ ᠰᠢᠩᠭᠡᠭᠡᠨ ᠠᠪᠴᠤ᠂ ᠪᠦᠰ ᠪᠣᠯᠤᠨ ᠬᠥᠮᠦᠨ ᠤ ᠪᠡᠶ᠎ᠡ ᠶᠢᠨ ᠬᠤᠭᠤᠷᠣᠨᠳᠣ ᠢᠯᠴᠢ ᠶᠢᠨ ᠡᠷᠭᠢᠯᠲᠡ ᠶᠢᠨ ᠦᠢᠯᠡᠴᠢᠯᠡᠭᠡ ᠪᠤᠢ ᠪᠣᠯᠭᠠᠨ᠂ ᠢᠯᠴᠢ ᠶᠢ ᠣᠨᠢᠰᠤᠯᠠᠵᠤ᠂ ᠬᠦᠢᠳᠡᠠ ᠢ ᠡᠰᠡᠷᠭᠦᠴᠡᠬᠦ ᠪᠣᠯᠤᠨ᠎ᠠ᠂ ᠲᠡᠭᠦᠨ ᠤ ᠰᠠᠴᠤᠷᠠᠯᠲᠠ ᠶᠢᠨ ᠳᠤᠯᠠᠭᠠᠨ ᠤ ᠳᠡᠭᠡᠭᠰᠢᠯᠡᠬᠦ ᠨᠢ ᠤᠯᠤᠰ ᠤᠨ ᠪᠠᠷᠢᠮᠵᠢᠶᠠᠨ ᠤ 2 . 5 ᠲᠡᠬᠢᠠ ᠪᠠᠶᠢᠵᠤ᠂ ᠢᠯᠡᠷᠡᠯ ᠨᠢ ᠲᠤᠶᠢᠯ ᠤᠨ ᠰᠢᠯᠢᠳᠡᠭ ᠪᠠᠶᠢᠳᠠᠭ  ᠃      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠳᠡᠯᠡᠬᠡᠢ ᠶᠢᠨ ᠰᠢᠨᠵᠢᠯᠡᠬᠦ ᠤᠬᠠᠭᠠᠨ ᠮᠡᠷᠭᠡᠵᠢᠯ  ᠤᠨ ᠡᠮᠦᠨ᠎ᠡ ᠵᠠᠬ᠎ᠠ ᠳᠤ ᠬᠠᠨᠳᠤᠭᠤᠯᠬᠤ᠂ ᠠᠵᠤ ᠠᠬᠤᠢ ᠶᠢᠨ ᠭᠤᠣᠯ ᠳᠠᠶᠢᠨ ᠤ ᠲᠠᠯᠠᠪᠤᠷ ᠲᠤ ᠬᠠᠨᠳᠤᠭᠤᠯᠬᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠭᠤᠯᠬᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠭᠤᠯᠬᠤ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠯᠡᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ  ᠃ ᠡᠭᠦᠨ ᠤ ᠲᠤᠬᠠᠶ ᠯᠢ ᠯᠦ ᠢᠯᠡᠷᠬᠡᠶᠢᠯᠡᠬᠦ ᠳᠡᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠶᠢᠨ ᠣᠭ ᠰᠠᠨᠠᠭ᠎ᠠ ᠪᠣᠯ ᠳᠠᠷᠤᠶ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠬᠠᠩᠭᠠᠬᠤ  ᠶᠢᠨ ᠲᠥᠯᠥᠭᠡ ᠶᠤᠮ᠂ ᠶᠠᠭ ᠯᠠ ᠭᠠᠯ ᠬᠠᠯᠠᠭᠤᠨ ᠰᠢᠨᠵᠢᠯᠡᠬᠦ ᠤᠬᠠᠭᠠᠨ ᠮᠡᠷᠭᠡᠵᠢᠯ ᠤᠨ ᠥᠲᠥᠨ ᠬᠤᠪᠴᠠᠰᠤᠨ ᠤ ᠵᠠᠷ ᠮᠡᠳᠡᠭᠡᠨ ᠤ ᠦᠭᠡ ᠰᠢᠭ ᠶᠤᠮ᠄ ᠨᠣᠶᠠᠨ ᠣᠷᠭᠢᠯ ᠪᠣᠯᠤᠭᠰᠠᠨ ᠤ ᠳᠠᠷᠠᠭ᠎ᠠ᠂ ᠲᠡᠮᠡᠴᠡᠯ ᠤᠨ ᠵᠣᠷᠢᠭ ᠢ ᠶᠠᠭᠤᠨ  ᠳᠤ ᠲᠦᠰᠢᠭᠯᠡᠵᠦ ᠳᠠᠬᠢᠨ ᠬᠥᠭᠵᠢᠭᠡᠬᠦ ᠪᠣᠶ? 《 ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠠᠳ ᠲᠤ ᠪᠤᠶᠠᠨ ᠦᠢᠯᠡᠳᠬᠦ 》 ᠪᠣᠯ ᠪᠢᠳᠡᠨ ᠤ ᠬᠠᠷᠢᠭᠤᠯᠲᠠ ᠪᠣᠯᠤᠨ᠎ᠠ  ᠃       ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ᠂ ᠪᠤᠭᠤᠲᠤ ᠶᠢᠨ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ ᠤᠨ ᠲᠢᠶᠠᠨᠵᠢᠨ ᠬᠤᠪᠢᠶᠠᠷᠢ ᠬᠦᠷᠢᠶᠡᠯᠡᠩ ᠪᠣᠬᠢᠷᠲᠤᠯ ᠥᠬᠡᠶ ᠡᠷᠬᠢᠯᠳᠡᠳᠦ ᠳᠣᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠪᠠᠨ ᠬᠤᠪᠢᠷᠠᠭᠤᠯᠬᠤ ᠵᠠᠮ ᠢ ᠬᠠᠶᠢᠨ ᠰᠦᠪᠡᠭᠴᠢᠯᠡᠵᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠪᠣᠬᠢᠷᠲᠤᠯ ᠥᠬᠡᠶ ᠪᠦᠲᠦᠭᠡᠭᠳᠡᠬᠦᠨ ᠢ ᠭᠦᠨ ᠬᠠᠭᠠᠯᠪᠤᠷᠢᠯᠠᠵᠤ᠂ 《 ᠬᠤᠪᠣᠷ ᠰᠢᠷᠣᠶ + 》 ᠬᠤᠪᠢᠷᠠᠮᠠᠲᠠᠭᠠᠶ ᠷᠢᠳᠢ ᠰᠢᠳᠢ ᠶᠢ ᠬᠠᠶᠢᠨ ᠰᠦᠪᠡᠭᠴᠢᠯᠡᠵᠦ᠂ ᠣᠯᠠᠨ ᠵᠦᠶᠯ ᠤᠨ ᠡᠨᠧᠷᠭᠢ ᠶᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠨᠠᠷᠠᠲᠤ ᠦᠶᠯᠡᠳᠬᠦᠨ ᠢ ᠰᠤᠳᠤᠯᠤᠨ ᠦᠶᠯᠡᠳᠴᠡᠶ  ᠃ ᠨᠢᠭᠡᠨᠲᠡ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠮᠵᠢᠯᠲᠠ ᠲᠠᠢ ᠪᠡᠶᠡᠯᠡᠭᠦᠯᠦᠭᠰᠡᠨ ᠬᠤᠪᠣᠷ ᠰᠢᠷᠣᠶ ᠶᠢᠨ ᠨᠠᠨᠤᠮᠧᠲᠷ ᠤᠨ ᠲᠠᠰᠤᠯᠳᠠᠯ ᠢᠯᠴᠢ ᠶᠢ ᠲᠦᠷᠬᠢᠭᠰᠡᠨ ᠳᠠᠪᠬᠤᠷᠭ᠎ᠠ ᠶᠢ ᠰᠢᠯ ᠤᠨ ᠭᠠᠳᠠᠷᠭᠤ ᠳᠤ ᠰᠢᠭᠤᠳ ᠲᠦᠷᠬᠢᠪᠡᠯ ᠂ 95 % ᠶᠢᠨ ᠤᠯᠠᠭᠠᠨ᠂ ᠬᠦᠷᠢᠨ ᠤ ᠭᠠᠳᠠᠨᠠᠬᠢ ᠲᠤᠶᠠᠭᠠᠨ ᠤ ᠲᠠᠰᠤᠯᠳᠠᠯ ᠢᠯᠴᠢ ᠶᠢ ᠪᠡᠶᠡᠯᠡᠭᠦᠯᠵᠦ᠂ 3 ᠴᠠᠭ  ᠤᠨ ᠳᠣᠲᠣᠷ᠎ᠠ ᠲᠦᠷᠭᠡᠨ ᠳᠤᠯᠠᠭᠠᠨ ᠢ ᠪᠠᠭᠤᠷᠠᠭᠤᠯᠵᠤ᠂ ᠠᠭᠠᠷ ᠲᠣᠬᠢᠷᠠᠭᠤᠯᠤᠭᠴᠢ ᠶᠢᠨ ᠡᠨᠧᠷᠭᠢ ᠶᠢᠨ ᠬᠤᠷᠣᠭᠳᠠᠯ  ᠢ ᠶᠡᠭᠡ ᠪᠠᠷ ᠪᠠᠭᠤᠷᠠᠭᠤᠯᠤᠨ᠎ᠠ  ᠃ ᠰᠣᠯᠢᠵᠤ ᠪᠤᠳᠤᠭᠰᠠᠨ ᠢᠶᠠᠷ᠂ 1 ᠲᠡᠭᠰᠢ ᠳᠥᠷᠪᠡᠯᠵᠢᠨ ᠮᠧᠲᠷ ᠤᠨ ᠲᠦᠷᠬᠢᠮᠡᠯ ᠳᠠᠪᠬᠤᠷᠭ᠎ᠠ ᠶᠢᠨ ᠵᠢᠯ ᠤᠨ ᠴᠠᠬᠢᠯᠭᠠᠨ ᠠᠷᠪᠢᠯᠠᠬᠤ ᠬᠡᠮᠵᠢᠶ᠎ᠡ ᠨᠢ 18 ᠺᠢᠯᠣᠭ᠍ᠷᠠᠮ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠭᠰᠠᠨ ᠲᠠᠢ ᠲᠡᠩᠴᠡᠵᠦ᠂ ᠣᠯᠠᠨ ᠵᠦᠶᠯ ᠤᠨ ᠬᠤᠶᠠᠷ ᠰᠠᠭᠤᠷᠢ ᠮᠣᠳᠣ ᠲᠠᠢ ᠲᠡᠩᠴᠡᠨ᠎ᠡ᠂ ᠡᠶᠢᠮᠦᠷᠬᠦᠦ ᠰᠢᠨ᠎ᠡ ᠬᠡᠯᠪᠡᠷᠢ ᠶᠢᠨ ᠬᠤᠪᠣᠷ ᠰᠢᠷᠣᠶ ᠶᠢᠨ ᠮᠠᠲ᠋ᠧᠷᠢᠶᠠᠯ ᠢ ᠨᠢᠭᠡᠨᠲᠡ ᠳᠡᠭᠡᠳᠦ ᠬᠤᠷᠳᠤᠴᠠᠲᠤ ᠲᠡᠮᠦᠷ ᠵᠠᠮ ᠤᠨ ᠥᠷᠲᠡᠭᠡ᠂ ᠨᠢᠰᠬᠡᠯ ᠤᠨ ᠪᠠᠭᠤᠳᠠᠯ᠂ ᠬᠤᠳᠠᠯᠳᠤᠭᠠᠨ ᠤ ᠲᠥᠪ᠂ ᠠᠯᠪᠠᠨ ᠠᠰᠠᠷ ᠵᠡᠷᠭᠡ ᠲᠥᠬᠦᠭᠡᠷᠦᠮᠵᠢ ᠪᠠ ᠲᠠᠯᠠᠪᠤᠷ ᠲᠤ ᠥᠷᠭᠡᠨ ᠢᠶᠠᠷ ᠬᠡᠷᠡᠭᠯᠡᠵᠦ ᠪᠠᠶᠢᠨ᠎ᠠ  ᠃ ᠨᠥᠭᠦᠭᠡ ᠨᠢᠭᠡ ᠵᠦᠶᠯ ᠤᠨ ᠬᠤᠪᠣᠷ ᠰᠢᠷᠣᠶ ᠶᠢᠨ ᠣᠯᠠᠨ ᠥᠩᠭᠡᠲᠦ ᠣᠶᠢᠯᠲᠠ ᠶᠢᠨ ᠢᠯᠴᠢ ᠬᠥᠨᠳᠡᠶᠢᠷᠡᠭᠦᠯᠬᠦ ᠰᠢᠷ ᠨᠢ ᠨᠡᠷᠡᠨ ᠤ ᠬᠡᠷᠡᠯ ᠢ ᠪᠦᠲᠦᠮᠵᠢᠲᠡᠶ ᠣᠶᠢᠯᠤᠭᠤᠯᠵᠤ᠂ ᠪᠡᠶ᠎ᠡ ᠶᠢᠨ ᠭᠠᠳᠠᠷᠭᠤ ᠶᠢᠨ ᠳᠤᠯᠠᠭᠠᠨ ᠤ ᠬᠡᠮᠵᠢᠶ᠎ᠡ ᠶᠢ 10 ᠠᠴᠠ 20 ᠭᠷᠠᠳᠦ᠋ᠰ ᠪᠠᠭᠤᠷᠠᠭᠤᠯᠵᠤ᠂ ᠬᠤᠲᠠ ᠶᠢᠨ ᠬᠠᠯᠠᠭᠤᠨ ᠠᠷᠠᠯ ᠤᠨ ᠦᠶᠯᠡᠳᠦᠯ ᠢ ᠢᠯᠡᠳᠲᠡ ᠨᠠᠮᠳᠠᠭᠤᠯᠵᠤ᠂ ᠨᠢᠭᠡᠨᠲᠡ ᠠᠮᠤ ᠪᠤᠳᠠᠭᠠᠨ ᠤ ᠬᠥᠮᠥᠷᠭᠡ ᠂ ᠴᠢᠩᠭᠡᠯᠢᠭ᠂ ᠥᠩᠭᠡᠲᠦ ᠪᠣᠯᠣᠳ ᠸᠠᠭᠠᠷ ᠵᠡᠷᠭᠡ ᠣᠯᠠᠨ ᠬᠡᠷᠡᠭ ᠤᠨ ᠵᠢᠱᠢᠶ᠎ᠡ ᠳᠤ ᠳᠡᠯᠭᠡᠷᠡᠭᠦᠯᠦᠭᠰᠡᠨ ᠪᠠᠶᠢᠨ᠎ᠠ  ᠃      ᠤᠢᠢᠷ᠎ᠠ ᠶᠢᠨ ᠵᠢᠯ ᠠᠴᠠ᠂ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠤᠨ ᠬᠢᠨ 《 ᠬᠤᠪᠣᠷ ᠰᠢᠷᠣᠢ + 》 ᠪᠠᠶᠢᠯᠳᠤᠬᠤ ᠪᠤᠳᠤᠯᠭ᠎ᠠ ᠶᠢ ᠶᠡᠭᠡ ᠪᠠᠷ ᠬᠡᠷᠡᠭᠵᠢᠭᠦᠯᠵᠦ᠂ ᠬᠤᠪᠣᠷ ᠰᠢᠷᠣᠢ ᠶᠢᠨ ᠴᠢᠳᠠᠮᠵᠢᠳᠦ ᠮᠠᠲ᠋ᠧᠷᠢᠶᠠᠯ ᠢ ᠡᠯ᠎ᠡ ᠠᠵᠢᠯ ᠲᠦᠷᠦᠯ ᠳᠤ ᠥᠷᠭᠡᠨ ᠢᠶᠠᠷ ᠬᠡᠷᠡᠭᠯᠡᠵᠦ᠂ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ᠂ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ᠂ ᠡᠮ ᠡᠮᠨᠡᠯᠭᠡ ᠵᠡᠷᠭᠡ ᠤᠯᠠᠮᠵᠢᠯᠠᠯᠲᠤ ᠬᠦᠷᠢᠶ᠎ᠡ᠂ ᠢᠯᠠᠩᠭᠤᠶ᠎ᠠ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠰᠢᠨ᠎ᠡ ᠪᠠᠷ ᠮᠠᠨᠳᠤᠭᠰᠠᠨ ᠮᠡᠳᠡᠭᠡ ᠵᠠᠩᠭᠢ᠂ ᠠᠮᠢᠳᠤ ᠪᠣᠳᠠᠰ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠳᠡᠭᠡᠳᠦ ᠲᠡᠰ ᠤᠨ ᠲᠣᠨᠣᠭᠯᠠᠯ ᠦᠢᠯᠡᠳᠬᠦ ᠪᠠ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠲᠤ ᠴᠥᠮ ᠬᠤᠪᠣᠷ ᠰᠢᠷᠣᠢ ᠶᠢᠨ ᠪᠠᠷ᠎ᠠ ᠰᠡᠭᠦᠳᠡᠷ ᠬᠠᠷᠠᠭᠳᠠᠵᠤ ᠪᠠᠶᠢᠨ᠎ᠠ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号