| | | 3 ᠳ᠋ᠤᠭᠠᠷ ᠰᠠᠷ᠎ᠠ ᠶᠢᠨ 25 ᠤ ᠡᠳᠦᠷ ᠤᠨ | ᠦᠳᠡ ᠶᠢᠨ ᠬᠤᠶᠢᠨ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠬᠤᠯᠪᠣᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠣᠭᠲᠠᠴᠠ ᠰᠣᠨᠢᠨ ᠮᠡᠳᠡᠭᠡ ᠨᠡᠶᠢᠲᠡᠯᠡᠬᠦ | ᠬᠤᠷᠠᠯ ᠢ ᠬᠤᠷᠠᠯᠳᠤᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠰᠢᠨᠵᠢᠯᠡᠬᠦ ᠤᠬᠠᠭᠠᠨᠴᠢ ᠨᠠᠷᠢᠯᠢᠭ | ᠣᠨᠣᠴᠠᠲᠠᠢ᠂ ᠴᠥᠬᠦᠷᠡᠰᠢ ᠦᠭᠡᠢ ᠰᠠᠶᠢᠲᠤᠷ | ᠠᠳᠬᠤᠵᠤ ᠪᠠᠶᠢᠭ᠎ᠠ ᠬᠤᠯᠪᠣᠭᠳᠠᠯ ᠪᠦᠬᠦᠢ | ᠪᠠᠶᠢᠳᠠᠯ ᠢ ᠲᠠᠨᠢᠯᠴᠠᠭᠤᠯᠪᠠ᠃ | ᠣᠯᠠᠨ ᠢᠶᠠᠷ ᠢᠶᠠᠨ ᠦᠵᠡᠵᠡᠭᠡᠶ᠎ᠡ ︱ | ᠣᠳᠣᠬᠠᠨ ᠳᠤ ᠪᠦᠬᠦ ᠤᠯᠤᠰ ᠤᠨ ᠬᠢᠵᠢᠭ ᠤᠨ | ᠪᠠᠶᠢᠳᠠᠯ ᠰᠢᠪᠲᠤᠯᠤᠯᠲᠠ ᠶᠢᠨ ᠱᠠᠲᠤᠨ ᠳᠤ | ᠣᠷᠣᠪᠠ | 3 ᠳ᠋ᠤᠭᠠᠷ ᠰᠠᠷ᠎ᠠ ᠶᠢᠨ 1 ᠤ ᠡᠳᠦᠷ ᠠᠴᠠ | 24 ᠤ ᠡᠳᠦᠷ ᠪᠣᠯᠲᠠᠯ᠎ᠠ᠂ ᠪᠥᠬᠦ ᠤᠯᠤᠰ ᠤᠨ | ᠲᠤᠬᠠᠢ ᠶᠢᠨ ᠭᠠᠵᠠᠷ ᠤᠨ | ᠬᠠᠯᠳᠠᠪᠤᠷᠢᠯᠠᠭᠳᠠᠭᠴᠢᠳ ᠤᠨ ᠲᠤᠭ᠎ᠠ ᠨᠡᠶᠢᠲᠡ | 56000 ᠶᠢ ᠳᠠᠪᠠᠵᠤ᠂ 28 ᠮᠤᠵᠢ ᠶᠢ ᠬᠠᠮᠤᠷᠪᠠ᠃ | ᠡᠭᠦᠨ ᠳᠤ ᠭᠢᠷᠢᠨ ᠮᠤᠵᠢ ᠶᠢᠨ ᠬᠢᠵᠢᠭ ᠤᠨ | ᠪᠠᠶᠢᠳᠠᠯ ᠮᠥᠨ ᠬᠦ ᠬᠦᠨᠳᠦ ᠨᠣᠴᠢᠲᠠᠢ | ᠪᠠᠶᠢᠳᠠᠯ ᠳᠤ ᠪᠠᠶᠢᠭᠰᠠᠭᠠᠷ᠂ 3 ᠳ᠋ᠤᠭᠠᠷ | ᠰᠠᠷ᠎ᠠ ᠶᠢᠨ 1 ︱ 24 ᠤ ᠡᠳᠦᠷ ᠪᠣᠯᠲᠠᠯ᠎ᠠ᠂ | ᠬᠠᠯᠳᠠᠪᠤᠷᠢᠯᠠᠭᠳᠠᠭᠴᠢᠳ ᠤᠨ ᠲᠤᠭ᠎ᠠ ᠨᠡᠶᠢᠲᠡ | 29000 ᠶᠢ ᠳᠠᠪᠠᠵᠤ᠂ ᠡᠳᠦᠷ ᠪᠦᠷᠢ ᠶᠢᠨ | ᠰᠢᠨ᠎ᠡ ᠪᠠᠷ ᠨᠡᠮᠡᠭᠳᠡᠭᠰᠡᠨ ᠬᠥᠮᠥᠨ ᠤ ᠲᠤᠭ᠎ᠠ | 1000 ᠶᠢ ᠳᠠᠪᠠᠭᠰᠠᠨ ᠪᠠᠶᠢᠳᠠᠯ ᠬᠡᠳᠦᠨ ᠡᠳᠦᠷ | ᠦᠷᠭᠦᠯᠵᠢᠯᠡᠵᠦ᠂ ᠭᠢᠷᠢᠨ ᠬᠤᠲᠠ ᠪᠣᠯᠣᠨ | ᠴᠠᠩᠴᠦ᠋ᠨ ᠬᠤᠲᠠ ᠶᠢᠨ ᠬᠢᠵᠢᠭ ᠤᠨ ᠪᠠᠶᠢᠳᠠᠯ | ᠦᠷᠭᠦᠯᠵᠢᠯᠡᠨ ᠬᠦᠨᠳᠦᠷᠡᠬᠦ ᠱᠠᠲᠤᠨ ᠳᠤ | ᠣᠷᠣᠰᠢᠵᠤ ᠪᠠᠶᠢᠨ᠎ᠠ᠃ | ᠱᠠᠩᠬᠠᠢ ᠬᠤᠲᠠ᠂ ᠾᠧᠪᠧᠢ ᠮᠤᠵᠢ᠂ ᠹᠦᠵᠢᠶᠠᠨ | ᠮᠤᠵᠢ᠂ ᠯᠢᠶᠣᠤᠨᠢᠩ ᠮᠤᠵᠢ ᠶᠢᠨ ᠬᠢᠵᠢᠭ ᠤᠨ | ᠪᠠᠶᠢᠳᠠᠯ ᠣᠷᠴᠢᠮᠬᠠᠨ ᠳᠤ ᠲᠦᠷᠭᠡᠨ ᠢᠶᠠᠷ | ᠨᠡᠮᠡᠭᠳᠡᠵᠦ᠂ ᠬᠢᠵᠢᠭ ᠤᠨ ᠪᠠᠶᠢᠳᠠᠯ | ᠡᠭᠦᠰᠦᠭᠰᠡᠨ ᠭᠠᠵᠠᠷ ᠤᠨ ᠨᠡᠶᠢᠭᠡᠮ | ᠲᠣᠭᠤᠷᠢᠭ ᠲᠤ ᠳᠡᠯᠭᠡᠷᠡᠬᠦ ᠲᠦᠭᠰᠢᠭᠦᠷᠢ | ᠦᠷᠭᠦᠯᠵᠢᠯᠡᠨ ᠣᠷᠣᠰᠢᠵᠤ ᠪᠠᠶᠢᠨ᠎ᠠ᠃ | ᠱᠠᠨᠳᠦ᠋ᠩ ᠮᠤᠵᠢ ᠶᠢᠨ ᠴᠢᠩᠳᠣᠣ᠂ ᠸᠧᠢ | ᠬᠠᠢ᠂ ᠽᠢ ᠪᠥᠸᠧ᠂ ᠭᠤᠸᠠᠩᠳᠦ᠋ᠩ ᠮᠤᠵᠢ ᠶᠢᠨ | ᠱᠧᠨᠵᠧᠨ᠂ ᠳ᠋ᠦᠩ ᠭᠤᠸᠠᠨ ᠵᠡᠷᠭᠡ ᠭᠠᠵᠠᠷ | ᠬᠢᠵᠢᠭ ᠤᠨ ᠪᠠᠶᠢᠳᠠᠯ ᠢ ᠠᠩᠬ᠎ᠠ ᠠᠯᠬᠤᠮ | ᠡᠵᠡᠮᠳᠡᠵᠡᠢ᠃ | ᠪᠡᠭᠡᠵᠢᠩ ᠬᠤᠲᠠ᠂ ᠴᠦᠩᠴᠢᠩ ᠬᠤᠲᠠ᠂ | ᠵᠧᠵᠢᠶᠠᠩ ᠮᠤᠵᠢ ᠵᠡᠷᠭᠡ ᠭᠠᠵᠠᠷ ᠤᠨ ᠬᠢᠵᠢᠭ ᠤᠨ | ᠪᠠᠶᠢᠳᠠᠯ ᠲᠣᠭᠲᠠᠭᠤᠨ ᠪᠣᠯᠵᠤ ᠪᠠᠶᠢᠨ᠎ᠠ᠃ | ᠶᠡᠷᠦᠩᠬᠡᠶᠢᠯᠡᠪᠡᠯ᠂ ᠣᠳᠣᠬᠠᠨ ᠳᠤ ᠪᠦᠬᠦ | ᠤᠯᠤᠰ ᠤᠨ ᠬᠢᠵᠢᠭ ᠤᠨ ᠪᠠᠶᠢᠳᠠᠯ | ᠰᠢᠪᠲᠤᠯᠤᠯᠲᠠ ᠶᠢᠨ ᠱᠠᠲᠤᠨ ᠳᠤ ᠣᠷᠣᠰᠢᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠳᠠᠯ ᠮᠥᠨ ᠬᠦ ᠬᠦᠨᠳᠦ | ᠬᠡᠴᠡᠭᠦᠦ ᠪᠥᠭᠡᠳ ᠨᠠᠷᠢᠨ ᠪᠤᠳᠤᠯᠢᠶᠠᠨᠲᠠᠢ | ᠪᠠᠶᠢᠨ᠎ᠠ᠃ | ᠰᠢᠨ᠎ᠡ ᠲᠢᠲᠢᠮᠯᠢᠭ ᠠᠭᠤᠰᠬᠢᠨ ᠤ | ᠦᠷᠪᠢᠰᠦᠯ ᠨᠢ ︽ᠶᠡᠭᠡ ᠲᠠᠭᠰᠢᠭᠤᠷ︾ ᠪᠢᠰᠢ | ᠬᠥᠮᠥᠰ ᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠸᠠᠺᠼᠢᠨ ᠲᠠᠷᠢᠭᠤᠯᠤᠭᠰᠠᠨ | ᠬᠠᠷᠢᠴᠠᠯ ᠤᠯᠠᠮ ᠥᠨᠳᠥᠷᠵᠢᠬᠦ ᠶᠢ ᠳᠠᠭᠠᠯᠳᠤᠨ᠂ | ᠬᠥᠮᠥᠰ ᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠸᠢᠷᠦ᠋ᠰ ᠤᠨ ᠡᠭᠡᠯᠢᠯᠡᠭᠡ ᠶᠢᠨ | ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ | ᠪᠠᠶᠢᠨ᠎ᠠ᠃ ᠡᠭᠦᠨ ᠤ ᠳᠡᠭᠡᠷ᠎ᠡ ᠣᠮᠢᠺᠷᠣᠨ | ᠣᠨᠳᠣᠣᠰᠢᠭᠰᠠᠨ ᠬᠤᠣᠷᠲᠤ ᠸᠢᠷᠦ᠋ᠰ ᠤᠨ ᠲᠣᠰ | ᠪᠡᠶ᠎ᠡ ᠶᠢᠨ ᠡᠪᠡᠳᠴᠢᠯᠡᠭᠦᠯᠬᠦ ᠴᠢᠨᠠᠷ ᠨᠢ | ᠪᠤᠰᠤᠳ ᠬᠤᠣᠷᠲᠤ ᠸᠢᠷᠦ᠋ᠰ ᠤᠨ ᠬᠢᠷᠢ ᠴᠢᠩᠭ᠎ᠠ | ᠪᠢᠰᠢ ᠪᠣᠯᠬᠤᠷ ᠬᠠᠯᠳᠠᠪᠤᠷᠢᠯᠠᠭᠳᠠᠭᠴᠢᠳ ᠤᠨ | ᠡᠮᠴᠢᠯᠡᠭᠡᠨ ᠤ ᠬᠦᠨᠳᠦ ᠨᠣᠴᠢᠲᠠᠢ ᠴᠢᠨᠠᠷ ᠢ | ᠵᠠᠭᠤᠨ ᠬᠥᠮᠥᠨ ᠪᠦᠷᠢ ᠶᠢᠨ ᠡᠪᠡᠳᠴᠢᠯᠡᠬᠦ | ᠬᠥᠮᠥᠨ ᠤ ᠲᠣᠭᠠᠨ ᠤ ᠬᠠᠷᠢᠴᠠᠯ ᠢᠶᠠᠷ | ᠪᠦᠷᠢᠳᠬᠡᠭᠰᠡᠨ ᠶᠢ ᠦᠵᠡᠪᠡᠯ᠂ ᠦᠨᠡᠬᠡᠷ | ᠵᠣᠬᠢᠬᠤ ᠬᠡᠮᠵᠢᠶ᠎ᠡ ᠪᠠᠷ ᠪᠠᠭᠤᠷᠠᠭᠰᠠᠨ | ᠪᠠᠶᠢᠨ᠎ᠠ᠃ ᠣᠮᠢᠺᠷᠣᠨ ᠬᠤᠣᠷᠲᠤ ᠸᠢᠷᠦ᠋ᠰ ᠨᠢ | ᠲᠠᠷᠬᠠᠬᠤ ᠬᠤᠷᠳᠤᠴᠠ ᠨᠢ ᠲᠦᠷᠭᠡᠨ᠂ | ᠬᠠᠯᠳᠠᠪᠤᠷᠢᠯᠠᠬᠤ ᠬᠥᠮᠥᠨ ᠤ ᠲᠤᠭ᠎ᠠ ᠨᠢ | ᠣᠯᠠᠨ᠂ ᠬᠢᠵᠢᠭ ᠤᠨ ᠪᠠᠶᠢᠳᠠᠯ ᠠᠴᠠ ᠪᠣᠯᠤᠭᠰᠠᠨ | ᠦᠬᠦᠯ ᠤᠨ ᠶᠡᠷᠦᠩᠬᠡᠢ ᠲᠤᠭ᠎ᠠ ᠵᠢᠴᠢ | ᠨᠡᠶᠢᠭᠡᠮ ᠤᠨ ᠬᠤᠣᠷ ᠬᠥᠨᠥᠭᠡᠯ ᠪᠠ ᠨᠥᠯᠥᠭᠡ ᠨᠢ | ᠡᠭᠦᠨ ᠠᠴᠠ ᠪᠣᠯᠵᠤ ᠬᠥᠩᠭᠡᠷᠡᠭᠰᠡᠨ ᠦᠭᠡᠢ ᠶᠤᠮ᠃ | ᠵᠠᠷᠢᠮ ᠰᠤᠳᠤᠯᠭᠠᠨ ᠳᠤ ᠬᠤᠯᠪᠣᠭᠳᠠᠯ | ᠪᠦᠬᠦᠢ ᠤᠯᠤᠰ ᠤᠨ 2021 ᠣᠨ ᠤ 8 ︱ 10 ᠳ᠋ᠤᠭᠠᠷ | ᠰᠠᠷ᠎ᠠ ᠪᠣᠯᠣᠨ 11 ᠳ᠋ᠦ᠋ᠭᠡᠷ ᠰᠠᠷ᠎ᠠ ᠠᠴᠠ ᠡᠨᠡ | ᠵᠢᠯ ᠤᠨ 1 ᠳ᠋ᠦ᠋ᠭᠡᠷ ᠰᠠᠷ᠎ᠠ ᠪᠣᠯᠲᠠᠯᠠᠬᠢ | ᠬᠤᠶᠠᠷ ᠬᠤᠭᠤᠴᠠᠭᠠᠨ ᠳᠠᠬᠢ ᠡᠪᠡᠳᠴᠢᠨ ᠢᠶᠠᠷ | ᠦᠬᠦᠭᠰᠡᠨ ᠨᠣᠷᠮ᠎ᠠ ᠪᠠ ᠦᠬᠦᠭᠰᠡᠨ ᠨᠣᠷᠮ᠎ᠠ ᠶᠢ | ᠬᠠᠷᠢᠴᠠᠭᠤᠯᠤᠨ ᠵᠠᠳᠠᠯᠵᠤ᠂ ᠲᠦᠷᠦᠭᠦᠸ ᠭᠤᠷᠪᠠᠨ | ᠰᠠᠷ᠎ᠠ ᠳᠤ ᠳ᠋ᠧᠯᠲᠨ ᠬᠤᠣᠷᠲᠤ ᠸᠢᠷᠦ᠋ᠰ | ᠳᠡᠯᠭᠡᠷᠡᠬᠦ ᠪᠠᠷ ᠭᠤᠣᠯᠯᠠᠵᠤ᠂ ᠰᠡᠭᠦᠯ ᠤᠨ | ᠭᠤᠷᠪᠠᠨ ᠰᠠᠷ᠎ᠠ ᠳᠤ ᠤᠮᠢᠺᠷᠤᠨ ᠬᠤᠣᠷᠲᠤ | ᠸᠢᠷᠦ᠋ᠰ ᠳᠡᠯᠭᠡᠷᠡᠬᠦ ᠪᠠᠷ ᠭᠤᠣᠯᠯᠠᠭᠰᠠᠨ | ᠶᠤᠮ᠃ ᠣᠮᠢᠺᠷᠣᠨ ᠬᠤᠣᠷᠲᠤ ᠸᠢᠷᠦ᠋ᠰ ᠳᠡᠯᠭᠡᠷᠡᠵᠦ | ᠪᠠᠶᠢᠭᠰᠠᠨ ᠬᠤᠭᠤᠴᠠᠭᠠᠨ ᠳᠠᠬᠢ | ᠡᠪᠡᠳᠴᠢᠨ ᠢᠶᠠᠷ ᠦᠬᠦᠭᠰᠡᠨ ᠨᠣᠷᠮ᠎ᠠ ᠨᠢ ᠦᠨᠡᠨ | ᠬᠦ ᠪᠠᠭᠤᠷᠠᠭᠰᠠᠨ ᠪᠣᠯᠪᠠᠴᠤ ᠠᠳᠠᠯᠢ | ᠬᠤᠭᠤᠴᠠᠭᠠᠨ ᠤ ᠬᠢᠵᠢᠭ ᠤᠨ ᠪᠠᠶᠢᠳᠠᠯ ᠠᠴᠠ | ᠪᠣᠯᠵᠤ ᠦᠬᠦᠭᠰᠡᠨ ᠪᠥᠬᠦ ᠲᠤᠭ᠎ᠠ ᠪᠤᠶᠤ | ᠦᠬᠦᠭᠰᠡᠨ ᠨᠣᠷᠮ᠎ᠠ ᠨᠢ ᠬᠠᠷᠢᠨ ᠳ᠋ᠧᠯᠲ᠋ᠠ | ᠬᠤᠣᠷᠲᠤ ᠸᠢᠷᠦ᠋ᠰ ᠳᠡᠯᠭᠡᠷᠡᠵᠦ ᠪᠠᠶᠢᠭᠰᠠᠨ | ᠠᠳᠠᠯᠢ ᠬᠤᠭᠤᠴᠠᠭᠠᠨ ᠤ ᠦᠬᠦᠭᠰᠡᠨ ᠲᠤᠭ᠎ᠠ ᠠᠴᠠ | ᠥᠨᠳᠥᠷ ᠪᠠᠶᠢᠳᠠᠭ᠃ ᠡᠨᠡ ᠨᠢ ᠣᠮᠢᠺᠷᠣᠨ ᠬᠤᠣᠷᠲᠤ | ᠸᠢᠷᠦ᠋ᠰ ᠤᠨ ᠨᠢᠭᠡ ᠤᠯᠤᠰ ᠲᠤ ᠤᠴᠠᠷᠠᠭᠤᠯᠬᠤ | ᠬᠤᠣᠷ ᠬᠥᠨᠥᠭᠡᠯ ᠨᠢ ᠶᠡᠷᠦᠩᠬᠡᠢ ᠳᠤ ᠪᠠᠨ | ᠪᠠᠭᠠᠰᠤᠭᠰᠠᠨ ᠦᠭᠡᠢ ᠭᠡᠳᠡᠭ ᠢ ᠬᠠᠷᠠᠭᠤᠯᠵᠤ | ᠪᠠᠶᠢᠨ᠎ᠠ᠃ 2 ᠳ᠋ᠤᠭᠠᠷ ᠰᠠᠷ᠎ᠠ ᠶᠢᠨ | ᠳᠤᠮᠳᠠᠴᠢ ᠠᠴᠠ ᠨᠠᠭᠠᠰᠢ᠂ ᠮᠠᠨ ᠤ ᠤᠯᠤᠰ ᠤᠨ | ᠰᠢᠶᠠᠩᠭᠠᠩ ᠳᠤ ᠢᠯᠡᠷᠡᠭᠰᠡᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠢᠶᠠᠷ | ᠦᠬᠦᠭᠰᠡᠳ ᠤᠨ ᠵᠢᠱᠢᠶ᠎ᠡ ᠬᠠᠮᠤᠭ ᠤᠨ | ᠥᠨᠳᠥᠷ ᠲᠤ ᠪᠠᠨ ᠡᠳᠦᠷ ᠪᠦᠷᠢ 300 ᠰᠢᠬᠠᠮ | ᠪᠠᠶᠢᠵᠤ᠂ ᠣᠳᠣᠬᠠᠨ ᠳᠤ ᠮᠥᠨ ᠯᠡ ᠡᠳᠦᠷ ᠪᠦᠷᠢ 200 | ᠣᠷᠴᠢᠮ ᠪᠠᠶᠢᠭᠰᠠᠭᠠᠷ᠃ ᠡᠨᠡ ᠨᠢ ᠣᠮᠢᠺᠷᠣᠨ | ᠬᠤᠣᠷᠲᠤ ᠸᠢᠷᠦ᠋ᠰ ᠲᠠᠷᠬᠠᠭᠰᠠᠨ ᠤ ᠬᠤᠣᠷ | ᠬᠥᠨᠥᠭᠡᠯ ᠨᠢ ᠮᠥᠨ ᠬᠦ ᠬᠦᠨᠳᠦ ᠨᠣᠴᠢᠲᠠᠢ | ᠪᠠᠶᠢᠵᠤ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠨᠢ ︽ᠶᠡᠭᠡ ᠲᠠᠭᠰᠢᠭᠤᠷ︾ ᠪᠢᠰᠢ | ᠭᠡᠰᠡᠨ ᠢ ᠢᠯᠡᠷᠬᠡᠶᠢᠯᠡᠵᠦ ᠪᠠᠶᠢᠨ᠎ᠠ᠃ | ᠮᠠᠨ ᠤ ᠤᠯᠤᠰ ᠪᠣᠯ ᠬᠥᠮᠥᠨ ᠠᠮᠠ ᠶᠢᠨ ᠶᠡᠭᠡ | ᠤᠯᠤᠰ ᠮᠥᠨ᠂ ᠲᠤᠶᠢᠯ ᠤᠨ ᠪᠠᠭ᠎ᠠ ᠡᠪᠡᠳᠴᠢᠯᠡᠬᠦ | ᠨᠤᠷᠮ᠎ᠠ ᠪᠤᠶᠤ ᠦᠬᠦᠬᠦ ᠨᠤᠷᠮ᠎ᠠ ᠶᠢ 14 | ᠳ᠋ᠦᠩᠰᠢᠭᠤᠷ ᠬᠥᠮᠥᠨ ᠠᠮᠠ ᠶᠢᠨ ᠸᠢᠷᠦ᠋ᠰ | ᠲᠤᠭ᠎ᠠ ᠪᠠᠷ ᠦᠷᠡᠵᠢᠭᠦᠯᠪᠡᠯ᠂ ᠬᠠᠷᠢᠴᠠᠯᠠᠰᠢ | ᠦᠭᠡᠢ ᠲᠤᠭ᠎ᠠ ᠨᠢ ᠮᠠᠰᠢ ᠶᠡᠭᠡ ᠪᠣᠯᠴᠢᠬᠠᠬᠤ | ᠶᠤᠮ᠃ ᠭᠠᠭᠴᠠ ᠬᠦ ᠬᠥᠳᠡᠯᠦᠩᠭᠦᠢ ᠪᠠᠷ ᠲᠡᠭ | ᠪᠣᠯᠭᠠᠪᠠᠯ ᠰᠠᠶ᠋ᠢ ᠬᠢᠵᠢᠭ ᠤᠨ ᠪᠠᠶᠢᠳᠠᠯ ᠤᠨ | ᠳᠠᠯᠳᠠ ᠬᠡᠮ ᠢ ᠠᠷᠢᠯᠭᠠᠵᠤ᠂ ᠶᠡᠭᠡ | ᠬᠡᠪᠴᠢᠶᠡᠨ ᠤ ᠬᠥᠮᠥᠰ ᠤᠨ | ᠬᠠᠯᠳᠠᠪᠤᠷᠢᠯᠠᠯ ᠠᠴᠠ ᠪᠣᠯᠵᠤ ᠮᠡᠳᠡᠬᠦ | ᠡᠮᠴᠢᠯᠡᠭᠡᠨ ᠤ ᠡᠬᠢ ᠪᠠᠶᠠᠯᠢᠭ ᠢ ᠰᠢᠬᠠᠨ | ᠰᠣᠯᠢᠬᠤ ᠠᠴᠠ ᠵᠠᠶᠢᠯᠠᠰᠬᠢᠵᠦ᠂ ᠶᠡᠭᠡ | ᠬᠡᠮᠵᠢᠶᠡᠨ ᠤ ᠨᠠᠰᠤᠲᠠᠶᠢᠴᠤᠳ ᠪᠤᠶᠤ ᠰᠠᠭᠤᠷᠢ | ᠡᠪᠡᠳᠴᠢᠲᠡᠨ ᠵᠡᠷᠭᠡ ᠡᠭᠦᠰᠴᠦ ᠮᠡᠳᠡᠬᠦ | ᠦᠬᠦᠯ ᠠᠴᠠ ᠰᠡᠷᠭᠡᠶᠢᠯᠡᠵᠦ ᠴᠢᠳᠠᠨ᠎ᠠ᠃ | ᠠᠨᠲ᠋ᠢᠭᠧᠡ ᠤ ᠪᠠᠶᠢᠴᠠᠭᠠᠯᠲᠠ ᠪᠠᠷ 48 | ᠴᠠᠭ ᠤᠨ ᠪᠥᠭᠡᠮ ᠬᠦᠴᠢᠯ ᠤᠨ | ᠪᠠᠶᠢᠴᠠᠭᠠᠯᠲᠠ ᠶᠢ ᠣᠷᠣᠯᠠᠭᠤᠯᠵᠤ ᠪᠣᠯᠬᠤ | ᠦᠭᠡᠢ | ᠠᠨᠲ᠋ᠢᠭᠧᠡ ᠤ ᠪᠠᠶᠢᠴᠠᠭᠠᠯᠲᠠ ᠪᠣᠯ | ᠸᠢᠷᠦ᠋ᠰ ᠤᠨ ᠪᠥᠭᠡᠮ ᠬᠦᠴᠢᠯ ᠢ | ᠪᠠᠶᠢᠴᠠᠭᠠᠬᠤ ᠶᠢᠨ ᠴᠢᠬᠤᠯᠠ ᠨᠢᠭᠡᠨ | ᠨᠥᠬᠦᠪᠦᠷᠢ ᠪᠠᠶᠢᠵᠤ᠂ ᠣᠨᠴᠠᠭᠠᠶᠢᠯᠠᠨ | ᠤᠮᠢᠺᠷᠤᠨ ᠮᠡᠲᠦ ᠶᠢᠨ ᠶᠡᠭᠡ ᠬᠡᠪᠴᠢᠶ᠎ᠡ ᠪᠠᠷ | ᠲᠦᠷᠭᠡᠨ ᠲᠠᠷᠬᠠᠭᠰᠠᠨ ᠡᠪᠡᠳᠴᠢᠨ ᠤ ᠪᠠᠶᠢᠳᠠᠯ | ᠳᠣᠣᠷ᠎ᠠ᠂ ᠪᠥᠭᠡᠮ ᠬᠦᠴᠢᠯ ᠢ ᠪᠠᠶᠢᠴᠠᠭᠠᠬᠤ | ᠴᠢᠳᠠᠪᠤᠷᠢ ᠬᠦᠷᠦᠯᠴᠡᠬᠦ ᠦᠭᠡᠢ ᠦᠶ᠎ᠡ ᠳᠤ᠂ | ᠠᠨᠲ᠋ᠢᠭᠧᠡ ᠢ ᠪᠠᠶᠢᠴᠠᠭᠠᠬᠤ ᠪᠣᠯ ᠲᠤᠶᠢᠯ ᠤᠨ | ᠴᠢᠬᠤᠯᠠ ᠨᠥᠬᠦᠪᠦᠷᠢ ᠪᠣᠯᠣᠨ᠎ᠠ᠃ ᠭᠡᠪᠡᠴᠦ | ᠠᠨᠲ᠋ᠢᠭᠧᠡ ᠤ ᠪᠠᠶᠢᠴᠠᠭᠠᠯᠲᠠ ᠶᠢ ᠪᠢᠳᠡ ᠮᠥᠨ | ᠯᠡ ᠬᠠᠮᠢᠶᠠᠷᠤᠭᠳᠠᠨ ᠡᠵᠡᠮᠳᠡᠭᠳᠡᠵᠦ ᠪᠠᠶᠢᠭ᠎ᠠ | ᠬᠥᠮᠥᠰ᠂ ᠲᠤᠰᠠᠭᠠᠷᠯᠠᠭᠳᠠᠵᠤ ᠪᠠᠶᠢᠭ᠎ᠠ | ᠬᠥᠮᠥᠰ᠂ ᠨᠢᠭᠲᠠ ᠣᠶᠢᠷᠠᠲᠤᠭᠰᠠᠳ ᠳᠡᠭᠡᠷ᠎ᠡ | ᠬᠢᠵᠠᠭᠠᠷᠯᠠᠵᠤ᠂ ᠡᠩ ᠤᠨ ᠠᠷᠠᠳ ᠲᠤ | ᠠᠨᠲ᠋ᠢᠭᠧᠡ ᠤ ᠪᠠᠶᠢᠴᠠᠭᠠᠯᠲᠠ ᠬᠢᠬᠦ ᠶᠢ | ᠰᠠᠨᠠᠭᠤᠯᠬᠤ ᠦᠭᠡᠢ᠃ | ᠠᠨᠲ᠋ᠢᠭᠧᠡ ᠤ ᠪᠠᠶᠢᠴᠠᠭᠠᠯᠲᠠ ᠪᠠᠷ | ᠡᠪᠡᠳᠴᠢᠨ ᠢ ᠠᠷᠢᠯᠭᠠᠬᠤ ᠣᠨᠣᠰᠢᠯᠠᠯᠲᠠ | ᠪᠣᠯᠭᠠᠵᠤ ᠪᠣᠯᠬᠤ ᠦᠭᠡᠢ᠂ 48 ᠴᠠᠭ ᠤᠨ ᠪᠥᠭᠡᠮ | ᠬᠦᠴᠢᠯ ᠤᠨ ᠪᠠᠶᠢᠴᠠᠭᠠᠯᠲᠠ ᠶᠢ ᠣᠷᠣᠯᠠᠭᠤᠯᠵᠤ | ᠪᠠᠰᠠ ᠪᠣᠯᠬᠤ ᠦᠭᠡᠢ᠃ ᠤᠴᠢᠷ ᠨᠢ ᠠᠨᠲ᠋ᠢᠭᠧᠡ ᠢ | ᠰᠢᠯᠭᠠᠨ ᠪᠠᠶᠢᠴᠠᠭᠠᠬᠤ ᠨᠢ ᠵᠣᠬᠢᠬᠤ | ᠬᠡᠮᠵᠢᠶᠡᠨ ᠤ ᠬᠠᠭᠤᠷᠮᠠᠭ ᠠᠷᠭ᠎ᠠ ᠴᠢᠨᠠᠷ ᠪᠠ | ᠬᠠᠭᠤᠷᠮᠠᠭ ᠪᠢᠯᠢᠭ ᠴᠢᠨᠠᠷ ᠣᠷᠣᠰᠢᠵᠤ᠂ | ᠠᠨᠲ᠋ᠢᠭᠧᠡ ᠤ ᠪᠠᠶᠢᠴᠠᠭᠠᠯᠲᠠ ᠠᠷᠭ᠎ᠠ | ᠴᠢᠨᠠᠷ ᠲᠠᠢ ᠪᠠᠶᠢᠳᠠᠯ ᠳᠣᠣᠷ᠎ᠠ᠂ | ᠡᠴᠦᠰ ᠲᠤ ᠨᠢ ᠪᠠᠰᠠ ᠪᠥᠭᠡᠮ ᠬᠦᠴᠢᠯ ᠢ ᠨᠢ | ᠪᠠᠶᠢᠴᠠᠭᠠᠬᠤ ᠴᠢᠬᠤᠯᠠᠲᠠᠢ᠃ ᠭᠡᠪᠡᠴᠦ | ᠪᠠᠶᠢᠴᠠᠭᠠᠯᠲᠠ ᠠᠷᠭ᠎ᠠ ᠴᠢᠨᠠᠷ ᠲᠠᠢ ᠪᠠᠶᠢᠳᠠᠯ | ᠳᠣᠣᠷ᠎ᠠ᠂ ᠪᠢᠳᠡ ᠴᠠᠭ ᠲᠤᠬᠠᠢ ᠳᠤ ᠨᠢ | ᠬᠠᠮᠢᠶᠠᠷᠤᠨ ᠡᠵᠡᠮᠳᠡᠵᠦ᠂ ᠤᠯᠠᠮ ᠨᠢᠭᠡ ᠠᠯᠬᠤᠮ | ᠲᠠᠷᠬᠠᠭᠠᠬᠤ ᠠᠶᠤᠯ ᠲᠦᠭᠰᠢᠭᠦᠷᠢ ᠠᠴᠠ | ᠵᠠᠶᠢᠯᠠᠰᠬᠢᠵᠦ ᠴᠢᠳᠠᠨ᠎ᠠ᠃ | ︽ᠴᠠᠭ ᠪᠠ ᠣᠷᠣᠨ ᠵᠠᠢ ᠶᠢᠨ | ᠳᠠᠭᠠᠯᠳᠤᠭᠴᠢ︾ ᠶᠢ ᠰᠢᠭᠰᠢᠨ ᠪᠠᠶᠢᠴᠠᠭᠠᠪᠠᠯ | ᠳᠠᠯᠳᠠ ᠬᠠᠯᠳᠠᠪᠤᠷᠢᠯᠠᠭᠳᠠᠭᠴᠢᠳ ᠢ | ᠬᠠᠮᠤᠭ ᠤᠨ ᠶᠡᠭᠡ ᠬᠡᠮᠵᠢᠶ᠎ᠡ ᠪᠠᠷ | ᠢᠯᠡᠷᠡᠭᠦᠯᠵᠦ ᠪᠣᠯᠣᠨ᠎ᠠ | ︽ᠴᠠᠭ ᠪᠠ ᠣᠷᠣᠨ ᠵᠠᠢ ᠶᠢᠨ | ᠳᠠᠭᠠᠯᠳᠤᠭᠴᠢᠳ︾ ᠢ ᠵᠠᠷᠢᠮ ᠳᠤ ᠪᠠᠨ ︽ᠴᠠᠭ ᠪᠠ | ᠣᠷᠣᠨ ᠵᠠᠢ ᠣᠭᠲᠠᠯᠤᠯᠴᠠᠭᠰᠠᠳ︾ ᠭᠡᠳᠡᠭ᠂ | ᠶᠡᠷᠦ ᠳᠤ ᠪᠠᠨ 14 ᠡᠳᠦᠷ ᠤᠨ ᠳᠣᠲᠣᠷ᠎ᠠ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ | ᠲᠣᠳᠣᠯᠠᠭᠳᠠᠭᠰᠠᠨ ᠡᠪᠡᠳᠴᠢᠲᠡᠨ ᠲᠠᠢ ᠠᠳᠠᠯᠢ | ᠴᠠᠭ ᠪᠠ ᠣᠷᠣᠨ ᠵᠠᠢ ᠳᠤ ᠬᠡᠰᠡᠭ ᠬᠤᠭᠤᠴᠠᠭ᠎ᠠ | ᠬᠠᠮᠲᠤ ᠪᠠᠶᠢᠭᠰᠠᠨ ᠬᠥᠮᠥᠨ ᠢ ᠵᠢᠭᠠᠨ᠎ᠠ᠃ ︽ᠴᠠᠭ | ᠪᠠ ᠣᠷᠣᠨ ᠵᠠᠢ ᠶᠢᠨ ᠳᠠᠭᠠᠯᠳᠤᠭᠴᠢ︾ ᠶᠢ | ᠰᠢᠭᠰᠢᠨ ᠪᠠᠶᠢᠴᠠᠭᠠᠪᠠᠯ ᠳᠠᠯᠳᠠ | ᠬᠠᠯᠳᠠᠪᠤᠷᠢᠯᠠᠭᠳᠠᠭᠴᠢᠳ ᠢ ᠬᠠᠮᠤᠭ ᠤᠨ ᠶᠡᠭᠡ | ᠬᠡᠮᠵᠢᠶ᠎ᠡ ᠪᠠᠷ ᠢᠯᠡᠷᠡᠭᠦᠯᠵᠦ᠂ ︽ᠴᠠᠭ ᠪᠠ | ᠣᠷᠣᠨ ᠵᠠᠢ ᠳᠠᠪᠬᠤᠴᠠᠭᠰᠠᠨ︾ ᠠᠴᠠ ᠪᠣᠯᠵᠤ | ᠬᠠᠯᠳᠠᠪᠤᠷᠢᠯᠠᠭᠳᠠᠵᠤ ᠮᠡᠳᠡᠬᠦ ᠬᠥᠮᠥᠰ ᠢ | ᠭᠤᠣᠯᠳᠠᠯᠭ᠎ᠠ ᠲᠠᠢ ᠵᠢᠭᠰᠠᠭᠠᠨ | ᠪᠠᠶᠢᠴᠠᠭᠠᠯᠲᠠ ᠳᠤ ᠣᠷᠣᠭᠤᠯᠵᠤ᠂ ᠡᠷᠲᠡᠬᠡᠨ | ᠢᠯᠡᠷᠡᠭᠦᠯᠬᠦ ᠪᠠ ᠰᠡᠷᠭᠡᠶᠢᠯᠡᠨ ᠡᠵᠡᠮᠳᠡᠬᠦ | ᠪᠣᠭᠤᠮᠲᠠ ᠶᠢ ᠤᠷᠤᠭᠰᠢ ᠰᠢᠯᠵᠢᠭᠦᠯᠬᠦ ᠶᠢ | ᠪᠡᠶᠡᠯᠡᠭᠦᠯᠵᠦ ᠳᠡᠶᠢᠯᠦᠨ᠎ᠡ᠃ ᠶᠡᠷᠦ ᠳᠤ ᠪᠠᠨ | ᠨᠢᠭᠡᠨᠲᠡ ᠲᠣᠭᠲᠠᠭᠰᠠᠨ ᠴᠠᠭ ᠪᠠ ᠣᠷᠣᠨ | ᠵᠠᠢ ᠶᠢᠨ ᠳᠠᠭᠠᠯᠳᠤᠭᠴᠢ ᠶᠢ ᠤᠯᠠᠮ ᠨᠢᠭᠡ | ᠠᠯᠬᠤᠮ ᠵᠢᠭᠰᠠᠭᠠᠨ ᠪᠠᠶᠢᠴᠠᠭᠠᠵᠤ᠂ ᠴᠠᠭ ᠪᠠ | ᠣᠷᠣᠨ ᠵᠠᠢ ᠶᠢᠨ ᠳᠠᠭᠠᠯᠳᠤᠭᠴᠢ ᠶᠢᠨ ᠠᠷᠭ᠎ᠠ | ᠮᠠᠶ᠋ᠢᠭ᠂ ᠪᠣᠳᠠᠲᠠᠢ ᠴᠠᠭ ᠪᠠ ᠪᠣᠳᠠᠲᠠᠢ | ᠵᠠᠢ ᠶᠢ ᠲᠣᠳᠣᠷᠬᠠᠶᠢᠯᠠᠵᠤ᠂ | ᠬᠠᠯᠳᠠᠪᠤᠷᠢᠯᠠᠬᠤ ᠲᠦᠭᠰᠢᠭᠦᠷᠢ ᠶᠢ ᠰᠤᠳᠤᠯᠤᠨ | ᠮᠠᠭᠠᠳᠯᠠᠳᠠᠭ᠃ ᠬᠡᠷᠪᠡ ᠵᠢᠭᠰᠠᠭᠠᠨ | ᠪᠠᠶᠢᠴᠠᠭᠠᠬᠤ ᠳᠤ ᠨᠢᠭᠡᠨᠲᠡ ᠲᠣᠳᠣᠷᠬᠠᠢ | ᠪᠣᠯᠤᠭᠰᠠᠨ ᠪᠥᠭᠡᠳ ᠨᠢᠭᠲᠠ ᠣᠶᠢᠷᠠᠲᠤᠭᠰᠠᠳ | ᠪᠢᠰᠢ ᠮᠥᠷᠲᠡᠭᠡᠨ ᠳᠠᠮ ᠨᠢᠭᠲᠠ ᠣᠶᠢᠷᠠᠲᠤᠭᠰᠠᠳ | ᠴᠦ ᠪᠢᠰᠢ ᠶᠤᠮ ᠪᠣᠯ ᠳᠠᠷᠤᠢ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠳᠤ ᠨᠡᠷᠪᠡᠭᠳᠡᠬᠦ | ᠲᠦᠭᠰᠢᠭᠦᠷᠢ ᠦᠭᠡᠢ ᠶᠤᠮ᠃ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ | ᠪᠣᠳᠠᠲᠠᠢ ᠶᠠᠪᠤᠴᠠ ᠳᠤ᠂ ᠣᠬᠤᠷᠬᠠᠨ | ᠬᠤᠭᠤᠴᠠᠭᠠᠨ ᠤ ᠳᠣᠲᠣᠷ᠎ᠠ ᠶᠡᠭᠡ ᠬᠡᠮᠵᠢᠶᠡᠨ ᠤ | ᠴᠠᠭ ᠪᠠ ᠣᠷᠣᠨ ᠵᠠᠢ ᠶᠢᠨ ᠳᠠᠭᠠᠯᠳᠤᠭᠴᠢ ᠶᠢ | ᠢᠯᠡᠷᠡᠭᠦᠯᠵᠦ᠂ ᠴᠠᠭ ᠪᠠ ᠣᠷᠣᠨ ᠵᠠᠢ ᠶᠢᠨ | ᠳᠠᠭᠠᠯᠳᠤᠭᠴᠢ ᠪᠣᠯᠭᠠᠨ ᠢ ᠴᠠᠭ ᠲᠤᠬᠠᠢ ᠳᠤ ᠨᠢ | ᠵᠢᠭᠰᠠᠭᠠᠨ ᠪᠠᠶᠢᠴᠠᠭᠠᠬᠤ ᠶᠢᠨ ᠠᠷᠭ᠎ᠠ ᠦᠭᠡᠢ | ᠪᠠᠶᠢᠳᠠᠭ᠃ ᠲᠦᠭᠰᠢᠭᠦᠷᠢ ᠶᠢ ᠵᠢᠭᠰᠠᠭᠠᠨ | ᠪᠠᠶᠢᠴᠠᠭᠠᠬᠤ ᠶᠢ ᠪᠡᠶᠡᠯᠡᠭᠦᠯᠦᠭᠰᠡᠨ ᠦᠭᠡᠢ | ᠴᠠᠭ ᠪᠠ ᠣᠷᠣᠨ ᠵᠠᠢ ᠶᠢᠨ ᠳᠠᠭᠠᠯᠳᠤᠭᠴᠢ ᠶᠢ | ᠰᠡᠷᠭᠡᠶᠢᠯᠡᠨ ᠡᠵᠡᠮᠳᠡᠬᠦ ᠱᠠᠭᠠᠷᠳᠠᠯᠭ᠎ᠠ | ᠶᠣᠰᠣᠭᠠᠷ᠂ ᠭᠡᠷ ᠲᠤ ᠨᠢ ᠲᠤᠰᠠᠭᠠᠷᠯᠠᠭᠤᠯᠬᠤ | ᠪᠤᠶᠤ ᠲᠣᠭᠲᠠᠭᠠᠭᠰᠠᠨ ᠭᠠᠵᠠᠷ ᠲᠤ | ᠲᠤᠰᠠᠭᠠᠷᠯᠠᠭᠤᠯᠵᠤ᠂ ᠵᠢᠭᠰᠠᠭᠠᠨ | ᠪᠠᠶᠢᠴᠠᠭᠠᠬᠤ ᠶᠢ ᠳᠠᠭᠤᠰᠲᠠᠯ᠎ᠠ᠂ ᠡᠰᠡᠬᠦᠯ᠎ᠡ | ᠴᠠᠭ ᠪᠠ ᠣᠷᠣᠨ ᠵᠠᠢ ᠶᠢᠨ ᠳᠠᠭᠠᠯᠳᠤᠭᠰᠠᠨ | ᠪᠠᠶᠢᠳᠠᠯ ᠢ ᠬᠦᠴᠦᠨ ᠦᠭᠡᠢ ᠪᠣᠯᠭᠠᠲᠠᠯ᠎ᠠ | ᠲᠤᠰᠠᠭᠠᠷᠯᠠᠭᠤᠯᠤᠨᠠ᠃ | 60 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠤᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠸᠠᠺᠼᠢᠨ ᠲᠠᠷᠢᠬᠤ | ᠡᠷᠡᠭᠦᠯ ᠪᠤᠰᠤ ᠲᠤᠰᠬᠠᠯ ᠡᠭᠦᠰᠬᠦ ᠨᠣᠷᠮ᠎ᠠ ᠨᠢ | ᠪᠤᠰᠤᠳ ᠨᠠᠰᠤᠨ ᠤ ᠬᠢ ᠠᠴᠠ ᠳᠣᠣᠷ᠎ᠠ | ᠨᠠᠰᠤᠲᠠᠶᠢᠴᠤᠳ ᠪᠣᠯ ᠰᠢᠨ᠎ᠡ ᠲᠢᠲᠢᠮᠯᠢᠭ | ᠸᠢᠷᠦ᠋ᠰ ᠤᠨ ᠸᠠᠺᠼᠢᠨ ᠤ ᠲᠠᠷᠢᠯᠭ᠎ᠠ ᠶᠢ | ᠤᠷᠢᠳ ᠢᠶᠠᠷ ᠲᠠᠷᠢᠬᠤ ᠬᠥᠮᠥᠰ ᠤᠨ ᠨᠢᠭᠡ | ᠪᠣᠯᠣᠨ᠎ᠠ᠃ ᠣᠳᠣᠬᠠᠨ ᠳᠤ ᠰᠢᠨ᠎ᠡ ᠲᠢᠲᠢᠮᠯᠢᠭ | ᠸᠢᠷᠦ᠋ᠰ ᠤᠨ ᠸᠠᠺᠼᠢᠨ ᠤ ᠨᠠᠰᠤᠨ ᠤ ᠳᠣᠣᠷᠠᠳᠤ | ᠬᠢᠵᠠᠭᠠᠷ ᠤᠨ ᠲᠤᠬᠠᠢ ᠱᠠᠭᠠᠷᠳᠠᠯᠭ᠎ᠠ ᠲᠠᠢ᠂ | ᠨᠠᠰᠤᠨ ᠤ ᠳᠡᠭᠡᠳᠦ ᠬᠢᠵᠠᠭᠠᠷ ᠤᠨ ᠲᠤᠬᠠᠢ | ᠲᠣᠭᠲᠠᠭᠠᠯ ᠦᠭᠡᠢ᠂ 3 ᠨᠠᠰᠤᠨ ᠠᠴᠠ ᠳᠡᠭᠡᠭᠰᠢᠬᠢ | ᠬᠥᠮᠥᠰ ᠪᠦᠷ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠢ ᠴᠥᠮ ᠲᠠᠷᠢᠭᠤᠯᠵᠤ ᠪᠣᠯᠣᠨ᠎ᠠ᠃ | ᠣᠳᠣᠬᠠᠨ ᠳᠤ ᠮᠠᠨ ᠤ ᠤᠯᠤᠰ ᠤᠨ 60 ᠨᠠᠰᠤ | ᠵᠢᠴᠢ 60 ᠨᠠᠰᠤᠨ ᠠᠴᠠ ᠳᠡᠭᠡᠭᠰᠢᠬᠢ | ᠨᠠᠰᠤᠲᠠᠶᠢᠴᠤᠳ 2.64 ᠳ᠋ᠦᠩᠰᠢᠭᠤᠷ ᠢ ᠳᠠᠪᠠᠵᠤ᠂ | ᠡᠭᠦᠨ ᠤ ᠳᠣᠲᠣᠷ᠎ᠠ 2.12 ᠳ᠋ᠦᠩᠰᠢᠭᠤᠷ ᠭᠠᠷᠤᠢ | ᠨᠠᠰᠤᠲᠠᠶᠢᠴᠤᠳ ᠨᠢᠭᠡᠨᠲᠡ ᠰᠢᠨ᠎ᠡ ᠲᠢᠲᠢᠮᠯᠢᠭ | ᠸᠢᠷᠦ᠋ᠰ ᠤᠨ ᠸᠠᠺᠼᠢᠨ ᠢ ᠪᠥᠬᠦᠨ ᠢ | ᠲᠠᠷᠢᠭᠤᠯᠪᠠ᠃ ᠣᠳᠣᠬᠠᠨ ᠤ ᠮᠠᠨ ᠤ ᠬᠢᠨᠠᠨ | ᠰᠢᠨᠵᠢᠯᠡᠭᠰᠡᠨ ᠳ᠋ᠦᠩ ᠠᠴᠠ ᠦᠵᠡᠪᠡᠯ᠂ 60 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ | ᠡᠷᠡᠭᠦᠯ ᠪᠤᠰᠤ ᠲᠤᠰᠬᠠᠯ ᠭᠠᠷᠬᠤ ᠨᠣᠷᠮ᠎ᠠ ᠨᠢ | ᠪᠤᠰᠤᠳ ᠨᠠᠰᠤᠨ ᠤ ᠱᠠᠲᠤᠨ ᠍ ᠤ ᠡᠷᠡᠭᠦᠯ ᠪᠤᠰᠤ | ᠲᠤᠰᠬᠠᠯ ᠭᠠᠷᠬᠤ ᠨᠣᠷᠮ᠎ᠠ ᠠᠴᠠ ᠳᠣᠣᠷ᠎ᠠ | ᠪᠠᠶᠢᠨ᠎ᠠ᠃ | ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠢ ᠪᠥᠬᠦᠨ ᠢ ᠲᠠᠷᠢᠭᠤᠯᠤᠭᠰᠠᠨ | ᠬᠥᠮᠥᠨ ᠤ ᠲᠤᠭ᠎ᠠ ᠤᠯᠤᠰ ᠤᠨ ᠪᠥᠬᠦ ᠬᠥᠮᠥᠨ | ᠠᠮᠠ ᠶᠢᠨ 88.01% ᠶᠢ ᠡᠵᠡᠯᠡᠪᠡ | 3 ᠳ᠋ᠤᠭᠠᠷ ᠰᠠᠷ᠎ᠠ ᠶᠢᠨ 24 ᠤ ᠡᠳᠦᠷ | ᠪᠣᠯᠲᠠᠯ᠎ᠠ᠂ ᠪᠥᠬᠦ ᠤᠯᠤᠰ ᠲᠤ ᠨᠡᠶᠢᠲᠡ 32 | ᠳ᠋ᠦᠩᠰᠢᠭᠤᠷ 4359.9 ᠲᠦᠮᠡᠨ ᠤᠳᠠᠭᠠᠨ ᠤ | ᠲᠠᠷᠢᠯᠭ᠎ᠠ ᠬᠢᠵᠦ᠂ ᠸᠠᠺᠼᠢᠨ ᠲᠠᠷᠢᠭᠤᠯᠤᠭᠰᠠᠨ | ᠪᠥᠬᠦ ᠬᠥᠮᠥᠨ ᠤ ᠲᠤᠭ᠎ᠠ 12 ᠳ᠋ᠦᠩᠰᠢᠭᠤᠷ 7554.1 | ᠲᠦᠮᠡ ᠳᠤ ᠬᠦᠷᠴᠦ᠂ ᠬᠠᠮᠤᠷᠤᠭᠰᠠᠨ ᠬᠥᠮᠥᠨ ᠤ | ᠲᠤᠭ᠎ᠠ ᠨᠢ ᠤᠯᠤᠰ ᠤᠨ ᠪᠥᠬᠦ ᠬᠥᠮᠥᠨ ᠠᠮᠠ ᠶᠢᠨ | 90.47% ᠶᠢ ᠡᠵᠡᠯᠡᠵᠦ᠂ ᠨᠢᠭᠡᠨᠲᠡ 12 ᠳ᠋ᠦᠩᠰᠢᠭᠤᠷ | 4077.7 ᠲᠦᠮᠡᠨ ᠬᠥᠮᠥᠨ ᠪᠥᠬᠦ ᠲᠠᠷᠢᠯᠭ᠎ᠠ ᠶᠢ | ᠲᠠᠷᠢᠭᠤᠯᠵᠤ᠂ ᠪᠥᠬᠦ ᠲᠠᠷᠢᠯᠭ᠎ᠠ ᠶᠢ | ᠲᠠᠷᠢᠭᠤᠯᠤᠭᠰᠠᠨ ᠬᠥᠮᠥᠨ ᠤ ᠲᠤᠭ᠎ᠠ ᠨᠢ | ᠤᠯᠤᠰ ᠤᠨ ᠪᠥᠬᠦ ᠬᠥᠮᠥᠨ ᠠᠮᠠ ᠶᠢᠨ 88.01% ᠶᠢ | ᠡᠵᠡᠯᠡᠪᠡ᠃ 6 ᠳ᠋ᠦᠩᠰᠢᠭᠤᠷ 7127 ᠲᠦᠮᠡᠨ ᠬᠥᠮᠥᠨ | ᠡᠭᠡᠯᠢᠯᠡᠭᠡ ᠴᠢᠩᠭᠠᠳᠬᠠᠬᠤ ᠲᠠᠷᠢᠯᠭ᠎ᠠ | ᠲᠠᠷᠢᠭᠤᠯᠵᠤ᠂ ᠡᠭᠦᠨ ᠳᠤ 1219.1 ᠲᠦᠮᠡᠨ ᠬᠥᠮᠥᠨ | ᠬᠡᠯᠬᠢᠶᠡᠮᠡᠯ ᠡᠭᠡᠯᠢᠯᠡᠭᠡ ᠴᠢᠩᠭᠠᠳᠬᠠᠬᠤ | ᠲᠠᠷᠢᠯᠭ᠎ᠠ ᠲᠠᠷᠢᠭᠤᠯᠪᠠ᠃ | 60 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠤᠨ ᠰᠢᠨ᠎ᠡ ᠲᠢᠲᠢᠮᠯᠢᠭ | ᠸᠢᠷᠦ᠋ᠰ ᠤᠨ ᠸᠠᠺᠼᠢᠨ ᠲᠠᠷᠢᠭᠤᠯᠤᠭᠰᠠᠨ | ᠬᠥᠮᠥᠨ ᠤ ᠲᠤᠭ᠎ᠠ 2 ᠳ᠋ᠦᠩᠰᠢᠭᠤᠷ 2271.9 ᠲᠦᠮᠡ ᠳᠤ | ᠬᠦᠷᠴᠦ᠂ 2 ᠳ᠋ᠦᠩᠰᠢᠭᠤᠷ 1215.3 ᠲᠦᠮᠡᠨ ᠬᠥᠮᠥᠨ ᠳᠤ | ᠲᠠᠷᠢᠯᠭ᠎ᠠ ᠲᠠᠷᠢᠵᠤ᠂ 1 ᠳ᠋ᠦᠩᠰᠢᠭᠤᠷ 3823.7 | ᠲᠦᠮᠡᠨ ᠬᠥᠮᠥᠨ ᠳᠤ ᠡᠭᠡᠯᠢᠯᠡᠭᠡ ᠴᠢᠩᠭᠠᠳᠬᠠᠬᠤ | ᠲᠠᠷᠢᠯᠭ᠎ᠠ ᠲᠠᠷᠢᠭᠤᠯᠪᠠ᠃ ᠣᠲᠣ ᠪᠣᠯᠲᠠᠯ᠎ᠠ᠂ | ᠵᠢᠶᠠᠩᠰᠢ᠂ ᠠᠨᠾᠦ᠋ᠢ᠂ ᠱᠠᠨᠳᠦ᠋ᠩ 3 ᠮᠤᠵᠢ ᠶᠢᠨ 60 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ | ᠲᠠᠷᠢᠭᠤᠯᠤᠭᠰᠠᠨ ᠨᠣᠷᠮ᠎ᠠ ᠨᠢᠭᠡᠨᠲᠡ 90% ᠶᠢ | ᠳᠠᠪᠠᠪᠠ᠃ ᠴᠦᠩᠴᠢᠩ᠂ ᠾᠧᠨᠠᠨ᠂ ᠬᠤᠪᠧᠢ᠂ | ᠭᠦᠢᠵᠧᠦ᠂ ᠾᠧᠪᠧᠢ᠂ ᠰᠧᠴᠤᠸᠠᠨ᠂ ᠶᠦᠨᠨᠠᠨ ᠵᠡᠷᠭᠡ | 7 ᠮᠤᠵᠢ ᠬᠤᠲᠠ ᠳᠤ 85% ᠶᠢ ᠳᠠᠪᠠᠵᠠᠢ᠃ | | | | | | | | | | | | |